2026-08-28 17:23:48
《ᠥᠪᠦᠷ ᠮᠣᠩᠭᠤᠯ᠎ᠤᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠠᠵᠢᠯᠯᠠᠭ᠎ᠠ᠎ᠶ᠋ᠢ ᠵᠢᠯᠤᠭᠤᠳᠭᠤ ᠭᠠᠷ ᠠᠪᠤᠯᠭ᠎ᠠ》 ᠬᠡᠪᠯᠡᠭᠳᠡᠵᠡᠢ
ᠤᠢᠷ᠎ᠠ ᠳ᠋ᠦ᠂ 《ᠥᠪᠦᠷ ᠮᠣᠩᠭᠤᠯ᠎ᠤᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠠᠵᠢᠯᠯᠠᠭ᠎ᠠ᠎ᠶ᠋ᠢ ᠵᠢᠯᠤᠭᠤᠳᠭᠤ ᠭᠠᠷ ᠠᠪᠤᠯᠭ᠎ᠠ》 ᠬᠡᠬᠦ ᠰᠢᠨ᠎ᠡ ᠨᠣᠮ᠎ᠢ ᠨᠡᠶ᠋ᠢᠲᠡᠯᠡᠬᠦ᠌ ᠬᠤᠷᠠᠯ ᠥᠪᠦᠷ ᠮᠣᠩᠭᠤᠯ᠎ᠤᠨ ᠣᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠥᠪ᠎ᠲᠤ᠌ ᠶᠠᠪᠤᠭᠳᠠᠪᠠ᠃ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶᠠᠨ᠎ᠤ ᠬᠠᠮᠢᠶ᠎ᠠ ᠪᠦᠬᠦᠢ ᠤᠳᠤᠷᠢᠳᠤᠯᠭ᠎ᠠ᠂ ᠪᠠᠭᠠᠴᠤᠳ᠎ᠤᠨ ᠠᠵᠢᠯ᠎ᠤᠨ ᠵᠦᠪᠯᠡᠯ᠎ᠤᠨ ᠠᠵᠢᠯᠲᠠᠨ ᠵᠢᠴᠢ ᠪᠠᠭᠠᠴᠤᠳ᠎ᠤᠨ ᠬᠤᠰᠢᠭᠤᠴᠢ ᠠᠩᠬᠢ᠎ᠶ᠋ᠢᠨ ᠭᠡᠰᠢᠭᠦᠨ᠎ᠤ ᠲᠥᠯᠦᠭᠡᠯᠡᠭᠴᠢ 100 ᠭᠠᠷᠤᠢ ᠬᠥᠮᠦᠨ ᠠᠵᠢᠯᠯᠠᠭ᠎ᠠ᠎ᠳᠤ ᠣᠷᠤᠯᠴᠠᠪᠠ᠃
《ᠥᠪᠦᠷ ᠮᠣᠩᠭᠤᠯ᠎ᠤᠨ ᠪᠠᠭᠠᠴᠤᠳ᠎ᠤᠨ ᠬᠣᠰᠢᠭᠤᠴᠢ ᠠᠩᠭᠢ᠎ᠶ᠋ᠢᠨ ᠠᠵᠢᠯᠯᠠᠭ᠎ᠠ᠎ᠶ᠋ᠢ ᠵᠢᠯᠤᠭᠤᠳᠭᠤ ᠭᠠᠷ ᠠᠪᠤᠯᠭ᠎ᠠ》ᠪᠣᠯ ᠥᠪᠡᠷᠲᠡᠭᠡᠨ ᠵᠠᠰᠠᠬᠤ ᠣᠷᠤᠨ᠎ᠤ ᠪᠠᠭᠠᠴᠤᠳ᠎ᠤᠨ ᠬᠣᠰᠢᠭᠤᠴᠢ ᠠᠩᠭᠢ᠎ᠶ᠋ᠢᠨ ᠠᠵᠢᠯ᠎ᠤᠨ ᠬᠤᠷᠢᠶ᠎ᠠ ᠡᠴᠡ ᠵᠣᠬᠢᠶᠠᠨ ᠪᠠᠢᠭᠤᠯᠵᠤ ᠨᠠᠢᠷᠠᠭᠤᠯᠤᠭᠰᠠᠨ ᠪᠠᠭᠠᠴᠤᠳ᠎ᠤᠨ ᠬᠣᠰᠢᠭᠤᠴᠢ ᠠᠩᠭᠢ᠎ᠶ᠋ᠢᠨ ᠠᠵᠢᠯ᠎ᠢ ᠵᠢᠯᠤᠭᠤᠳᠭᠤ᠎ᠳᠤ ᠬᠡᠷᠡᠭᠯᠡᠬᠦ᠌ ᠨᠣᠮ ᠪᠣᠯᠤᠨ᠎ᠠ᠃ ᠭᠠᠷ ᠠᠪᠤᠯᠭ᠎ᠠ ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠰᠢᠵᠢᠮ᠎ᠤᠨ ᠲᠣᠭᠤᠷᠢᠨ᠎ᠳᠤ ᠪᠥᠬᠦ᠌ ᠣᠷᠤᠨ᠎ᠤ ᠪᠠᠭᠠᠴᠤᠳ ᠬᠡᠦᠬᠡᠳ᠎ᠤᠨ ᠦᠰᠦᠨ ᠪᠤᠶ᠋ᠢᠵᠢᠯᠳᠠ ᠵᠢᠨ ᠣᠨᠴᠠᠯᠢᠭ ᠪᠠ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠠᠵᠢᠯ᠎ᠤᠨ ᠪᠣᠳᠠᠲᠤ᠌ ᠪᠠᠶ᠋ᠢᠳᠠᠯ᠎ᠳᠤ ᠰᠠᠭᠤᠷᠢᠯᠠᠨ᠂ ᠳᠣᠣᠷ᠎ᠠ᠂ ᠳᠤᠮᠳᠠ᠂ ᠥᠨᠳᠦᠷ ᠭᠤᠷᠪᠠᠨ ᠣᠨ᠎ᠤ ᠪᠦᠯᠦᠭ ᠬᠤᠪᠢᠶᠠᠨ ᠳᠡᠪᠲᠡᠷᠯᠡᠵᠦ᠍᠂ ᠳᠡᠪᠲᠡᠷ ᠪᠦᠷᠢ᠎ᠳᠤ 5 ᠨᠢᠭᠡᠴᠢ ᠲᠤᠬᠢᠷᠠᠭᠤᠯᠤᠨ᠂ 60 ᠣᠨᠴᠠᠯᠢᠭᠲᠤ᠌ ᠵᠢᠱ᠌ᠢᠶ᠎ᠡ ᠵᠢ ᠲᠠᠨᠢᠯᠴᠠᠭᠤᠯᠵᠤ᠂ ᠲᠠᠰ ᠬᠤᠪᠢᠶᠠᠨ ᠠᠬᠢᠭᠤᠯᠬᠤ᠂ ᠱᠠᠳᠤᠯᠢᠭ ᠵᠢᠡᠷ ᠳᠡᠭᠡᠭᠰᠢᠯᠡᠭᠦᠯᠬᠦ ᠪᠠᠭᠠᠴᠤᠳ ᠬᠡᠦᠬᠡᠳ᠎ᠤᠨ ᠤᠯᠤᠰ ᠲᠥᠷᠦ᠎ᠶ᠋ᠢᠨ ᠬᠥᠲᠦᠯᠦᠨ ᠳᠠᠭᠠᠭᠤᠯᠬᠤ ᠰᠢᠰᠲᠧᠮ᠎ᠢ ᠪᠦᠷᠢᠯᠳᠦᠭᠦᠯᠪᠡ᠃ ᠲᠣᠰ ᠨᠣᠮ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠪᠠᠭᠠᠴᠤᠳ ᠬᠡᠦᠬᠡᠳ ᠪᠣᠯᠤᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ᠎ᠤ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠠᠵᠢᠯᠯᠠᠭ᠎ᠠ᠎ᠵᠢ ᠵᠢᠯᠤᠭᠤᠳᠬᠤ᠎ᠳᠤ ᠬᠡᠷᠡᠭᠯᠡᠬᠦ᠌ ᠲᠤᠰᠬᠠᠢ ᠨᠣᠮ ᠲᠡᠪᠳᠡᠷ ᠦᠭᠡᠢ ᠪᠠᠢᠭᠰᠠᠨ ᠬᠣᠭᠤᠰᠤᠨ᠎ᠢ ᠨᠥᠬᠦᠪᠦᠷᠢᠯᠡᠵᠦ᠍᠂ ᠦᠨᠳᠦᠰᠦᠨ ᠱᠠᠲᠤᠨ᠎ᠤ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠵᠣᠬᠢᠶᠠᠨ ᠪᠠᠶ᠋ᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠦᠢᠯᠡᠳᠦᠯᠭᠡ᠎ᠪᠠᠷ ᠬᠥᠮᠦᠨ᠎ᠢ ᠬᠥᠮᠦᠵᠢᠭᠦᠯᠬᠦ᠌ ᠦᠷ᠎ᠡ ᠪᠦᠲᠦᠮᠵᠢ᠎ᠶ᠋ᠢ ᠨᠡᠮᠡᠭᠳᠡᠭᠦᠯᠬᠦ᠎ᠳᠤ ᠴᠢᠬᠤᠯᠠ ᠦᠢᠯᠡᠳᠦᠯᠦᠵᠡᠬᠦᠯᠬᠦ ᠪᠤᠯᠤᠨ᠎ᠠ᠃
ᠰᠢᠨ᠎ᠡ ᠨᠤᠮ᠎ᠢ ᠨᠡᠶ᠋ᠢᠲᠡᠯᠡᠬᠦ᠌ ᠬᠤᠷᠠᠯ ᠡᠴᠡ᠂ ᠪᠥᠬᠦ᠌ ᠣᠷᠤᠨ᠎ᠤ ᠡᠯ᠎ᠡ ᠱᠠᠲᠤᠨ᠎ᠤ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠵᠣᠬᠢᠶᠠᠨ ᠪᠠᠶ᠋ᠢᠭᠤᠯᠤᠯᠲᠠ᠎ᠶ᠋ᠢᠨ᠎ᠬᠢᠨ ᠭᠠᠷ ᠠᠪᠤᠯᠭ᠎ᠠ ᠵᠢ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠦ᠍᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠬᠥᠮᠦᠨ᠎ᠢ ᠬᠥᠮᠦᠵᠢᠭᠦᠯᠬᠦ᠌ ᠠᠴᠢᠶᠠᠯᠠᠪᠤᠷᠢ᠎ᠶ᠋ᠢ ᠲᠠᠰᠤᠷᠠᠯᠲᠠ ᠥᠬᠡᠢ ᠪᠠᠶᠠᠯᠢᠭᠵᠢᠭᠤᠯᠤᠨ᠂ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠬᠥᠮᠦᠨ ᠢ ᠬᠥᠮᠦᠵᠢᠭᠦᠯᠬᠦ᠌ ᠭᠤᠤᠯ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠌ ᠬᠡᠷᠡᠭᠲᠡᠢ; ᠭᠠᠷ ᠠᠪᠤᠯᠭ᠎ᠠ ᠨᠢ ᠪᠠᠭᠠᠴᠤᠳ᠎ᠤᠨ ᠬᠤᠰᠢᠭᠤᠴᠢ ᠠᠩᠬᠢ᠎ᠶ᠋ᠢᠨ ᠠᠵᠢᠯ᠎ᠤᠨ ᠲᠤᠰᠭᠠᠶ᠋ᠢᠵᠢᠭᠰᠠᠨ ᠬᠥᠭᠵᠢᠯᠲᠡ᠎ᠶ᠋ᠢ ᠠᠬᠢᠭᠤᠯᠬᠤ᠂ ᠬᠠᠪᠰᠤᠷᠤᠨ ᠵᠢᠯᠤᠭᠤᠳᠤᠭᠴᠢ᠎ᠶ᠋ᠢᠨ ᠡᠩᠨᠡᠭᠡᠨ᠎ᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ᠎ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠬᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃