2026-09-04 11:06:03
ᠤᠷᠳᠤᠰ ᠬᠤᠳᠠ ᠵᠢᠨ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ ᠪᠥᠬᠥ ᠤᠯᠤᠰ᠎ᠤᠨ ᠰᠢᠢᠳᠪᠦᠷᠢᠳᠤ ᠤᠷᠤᠯᠳᠤᠭᠠᠨ ᠳ᠋ᠤ ᠲᠡᠪᠰᠢᠵᠡᠢ
ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ᠎ᠢᠶᠠᠷ᠂ ᠲᠦᠷᠦᠭᠦᠬᠡᠨ ᠦᠨᠳᠦᠷᠯᠡᠭᠰᠡᠨ 2025 ︱2026 ᠯᠢ ᠨᠢᠩ ᠪᠥᠬᠥ ᠤᠯᠤᠰ᠎ᠤᠨ ᠪᠠᠭ᠎ᠠ ᠰᠤᠷᠭᠠᠭᠤᠯᠢ᠎ᠶᠢᠨ ᠰᠣᠷᠣᠭ᠍ᠴᠢᠳ᠎ᠤᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠬᠤᠸᠠᠷᠠᠨ᠎ᠤ ᠪᠠᠷᠠᠭᠤᠨ ᠬᠣᠢᠲᠤ᠎ᠶᠢᠨ ᠬᠤᠸᠠᠷᠠᠨ᠎ᠤ ᠤᠷᠤᠯᠳᠤᠭᠠᠨ᠎ᠳ᠋ᠤ ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠳᠣᠯᠣᠳᠤᠭᠠᠷ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ ᠡᠮᠡᠭᠲᠡᠢ᠎ᠶᠢᠨ ᠳᠤᠭᠤᠢᠯᠠᠩ᠎ᠳ᠋ᠤ ᠮᠠᠩᠯᠠᠢᠯᠠᠵᠤ᠂ ᠪᠥᠬᠥ ᠤᠯᠤᠰ᠎ᠤᠨ ᠶᠡᠷᠦᠩᠬᠡᠢ ᠬᠤᠸᠠᠷᠠᠨ ᠤ᠋ ᠤᠷᠤᠯᠳᠤᠭᠠᠨ ᠳ᠋ᠤ ᠤᠷᠤᠭᠰᠢᠲᠠᠢ ᠳᠡᠪᠰᠢᠪᠡ;ᠳᠠᠯᠠᠳ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠡᠷᠡᠭᠲᠡᠢ᠎ᠶᠢᠨ ᠬᠥᠯ ᠪᠥᠮᠪᠥᠭᠡ᠎ᠶᠢᠨ ᠠᠩᠭᠢ ᠪᠥᠬᠥ ᠤᠯᠤᠰ᠎ᠤᠨ ᠳᠣᠯᠣᠳᠤᠭᠠᠷ᠎ᠲᠤ ᠵᠢᠭ᠍ᠰᠠᠭᠠᠭᠳᠠᠵᠤ᠂ ᠥᠪᠥᠷ ᠮᠣᠩᠭᠣᠯ᠎ᠤᠨ ᠪᠠᠭ᠎ᠠ ᠰᠤᠷᠭᠠᠭᠤᠯᠢ᠎ᠶᠢᠨ ᠱᠠᠲᠤᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠯᠠᠪᠳᠠᠭᠤᠨ ᠪᠠᠲᠤᠲᠠᠢ ᠪᠣᠯᠪᠠᠰᠤᠷᠠᠯ ᠪᠠ ᠤᠷᠤᠯᠳᠤᠭᠠᠨ᠎ᠤ ᠬᠢᠷᠢ ᠲᠦᠪᠰᠢᠨ᠎ᠢ ᠬᠠᠷᠠᠭᠤᠯᠪᠠ᠃
ᠣᠢᠯᠠᠭᠠᠭᠰᠠᠨ᠎ᠢᠶᠠᠷ᠂ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠭᠠᠵᠠᠷ ᠣᠷᠣᠨ ᠪᠣᠯᠤᠭᠰᠠᠨ᠎ᠤ ᠬᠤᠪᠢ᠎ᠳᠤ ᠣᠷᠳᠣᠰ ᠬᠣᠲᠠ᠎ᠶᠢᠨ ᠬᠢᠨ 《631》 ᠵᠢ ᠵᠤᠯᠭᠠᠭᠤᠯᠤᠨ ᠬᠥᠮᠥᠵᠢᠭᠦᠯᠬᠦ ᠵᠠᠭᠪᠤᠷ᠎ᠢ ᠡᠬᠦᠳᠦᠨ ᠬᠡᠷᠡᠭᠵᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ 《ᠮᠠᠨ ᠲᠢᠶᠠᠨ ᠰᠢᠩ》 ᠪᠣᠯᠪᠠᠰᠤᠷᠠᠯ᠎ᠤᠨ ᠬᠤᠸᠠᠷᠠᠨ᠎ᠳᠤ ᠲᠦᠰᠢᠭᠯᠡᠨ ᠲᠦᠭᠡᠮᠡᠯᠵᠢᠭᠦᠯᠬᠦ᠂ ᠰᠢᠯᠭᠠᠷᠠᠭᠤᠯᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠪᠥᠬᠥ ᠬᠡᠯᠬᠢᠶ᠎ᠡ᠎ᠶᠢᠨ ᠬᠥᠮᠥᠵᠢᠭᠦᠯᠬᠦ ᠰᠢᠰᠲᠧᠮ᠎ᠢ ᠪᠠᠢᠭᠤᠯᠵᠤ᠂ ᠡᠮᠡᠭᠲᠡᠢ᠎ᠶᠢᠨ ᠬᠥᠯ ᠪᠥᠮᠪᠥᠭᠡ᠎ᠶᠢᠨ ᠳᠠᠪᠠᠭᠤᠯᠢᠭ᠋ ᠲᠥᠷᠥᠯ ᠵᠦᠢᠯ᠎ᠢ ᠪᠣᠶ ᠪᠤᠯᠭᠠᠨ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠪᠦᠲᠦᠮᠵᠢᠲᠡᠶ ᠵᠣᠯᠭᠠᠭᠤᠯᠤᠭᠰᠠᠨ ᠱᠠᠲᠤᠯᠢᠭ ᠡᠩᠨᠡᠭᠡ᠎ᠵᠢ ᠪᠦᠷᠢᠯᠳᠦᠬᠦᠯᠪᠡ᠃
ᠣᠳᠣᠬᠠᠨ᠎ᠳᠤ᠂ ᠥᠪᠥᠷ ᠮᠣᠩᠭᠣᠯ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠨᠢ ᠶᠡᠬᠡ ᠰᠤᠷᠭᠠᠭᠤᠯᠢ᠎ᠳ᠋ᠤ ᠤᠷᠤᠢᠯᠠᠬᠤ᠂ ᠳᠤᠮᠳᠠᠳᠤ ᠰᠤᠷᠭᠠᠭᠤᠯᠢ ᠳ᠋ᠤ ᠰᠢᠪᠲᠤᠯᠤᠯᠲᠠ ᠭᠠᠷᠭᠠᠬᠤ᠂ ᠪᠠᠭ᠎ᠠ ᠰᠤᠷᠭᠠᠭᠤᠯᠢ ᠳ᠋ᠤ ᠬᠦᠴᠦᠨ᠎ᠢ ᠬᠤᠷᠠᠮᠳᠤᠭᠤᠯᠬᠤ ᠪᠥᠬᠥ ᠰᠤᠷᠤᠯᠭ᠎ᠠ᠎ᠶᠢᠨ ᠱᠠᠲᠤᠨ᠎ᠤ ᠱᠠᠲᠤᠯᠢᠭ᠋ ᠬᠥᠭᠵᠢᠯᠲᠡ᠎ᠶᠢᠨ ᠪᠠᠢᠷᠢᠰᠢᠯ᠎ᠢ ᠠᠯᠬᠤᠮ ᠠᠯᠬᠤᠮ᠎ᠢᠶᠠᠷ ᠪᠣᠶ ᠪᠣᠯᠭᠠᠵᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠤᠷᠤᠯᠳᠤᠭᠠᠨ᠎ᠢᠶᠠᠷ ᠬᠥᠮᠥᠨ᠎ᠢ ᠬᠥᠮᠥᠵᠢᠭᠦᠯᠬᠦ᠂ ᠰᠤᠷᠭᠠᠨ ᠬᠥᠮᠦᠵᠢᠯ᠎ᠢᠶᠡᠷ ᠴᠢᠳᠠᠪᠤᠷᠢᠲᠠᠨ᠎ᠢ ᠬᠥᠮᠥᠵᠢᠭᠦᠯᠬᠦ᠎ᠶᠢ ᠪᠠᠢᠩᠭᠤᠵᠢᠭᠤᠯᠤᠨ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢ᠎ᠶᠢ ᠲᠠᠰᠤᠷᠠᠯᠲᠠ ᠦᠭᠡᠢ ᠪᠠᠲᠤᠳᠬᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃