ᠲᠡᠷᠢᠭᠦᠨ ᠨᠢᠭᠤᠷ>ᠰᠤᠷᠭᠠᠨ ᠬᠦᠮᠦᠵᠢᠯ >ᠪᠠᠭ᠎ᠠ ᠰᠤᠷᠭᠠᠭᠤᠯᠢ

2026-09-08 11:52:54

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠤᠯᠠᠭᠠᠨᠬᠠᠳᠠ ᠶᠡᠬᠡ ᠰᠤᠷᠭᠠᠭᠤᠯᠢ ᠡᠴᠡ ᠳᠠᠭᠠᠭᠠᠴᠢᠯᠠᠨ ᠡᠷᠭᠢᠯᠡᠭᠰᠡᠨ ᠪᠥᠬᠥ ᠣᠷᠣᠨ᠎ᠤ ᠵᠤᠵᠢᠭ ᠡᠪᠡᠳᠴᠢᠨ᠎ᠲᠠᠢ ᠬᠡᠦᠬᠡᠳ ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ ᠎ᠢ ᠳᠡᠭᠡᠭᠰᠢᠯᠡᠭᠦᠯᠬᠦ ᠲᠤᠬᠠᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯᠯᠠᠭ᠎ᠠ ᠤᠯᠠᠭᠠᠨᠬᠠᠳᠠ ᠶᠡᠬᠡ ᠰᠤᠷᠭᠠᠭᠤᠯᠢ᠎ᠳᠤ ᠶᠠᠪᠤᠭᠳᠠᠪᠠ᠃ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠣᠨᠴᠠᠭᠠᠢ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶᠢᠨ ᠺᠠᠳ᠋ᠷ᠂ ᠵᠢᠭᠠᠬᠤ ᠵᠢ ᠰᠤᠳᠤᠯᠤᠭ᠍ᠴᠢ᠂ ᠤᠨᠴᠠᠭᠠᠢ ᠰᠤᠷᠭᠠᠨ ᠬᠥᠮᠦᠵᠢᠯ ᠎ᠦᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠲᠣᠭᠣᠷᠢᠭ᠋᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠵᠠᠬᠢᠷᠤᠯ᠂ ᠭᠣᠣᠯᠯᠠᠭ᠍ᠴᠢ ᠪᠠᠭ᠍ᠰᠢ᠎ᠶᠢᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃

ᠲᠣᠰ ᠤᠳᠠᠭᠠᠨ ᠎ᠤ ᠰᠤᠳᠤᠯᠤᠨ ᠶᠠᠷᠢᠯᠴᠠᠬᠤ ᠠᠵᠢᠯᠯᠠᠭ᠎ᠠ ᠨᠢ 3 ᠡᠳᠦᠷ ᠶᠠᠪᠤᠭᠳᠠᠵᠤ᠂ ᠲᠤᠰᠬᠠᠢ ᠮᠡᠷᠭᠡᠵᠢᠯᠲᠡᠨ ᠎ᠦ ᠲᠠᠢᠯᠤᠮᠵᠢ᠂ ᠪᠣᠳᠠᠲᠠᠢ ᠠᠵᠢᠯᠯᠠᠭ᠎ᠠ ᠦᠷᠨᠢᠬᠦᠯᠬᠦ᠂ ᠬᠢᠴᠢᠶᠡᠯ᠎ᠦᠨ ᠲᠠᠨᠭᠬᠢᠮ᠎ᠤᠨ ᠦᠵᠡᠭᠦᠯᠭᠡ᠂ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ᠂ ᠦᠢᠯᠡᠳᠦᠯᠭᠡ᠎ᠶᠢᠨ ᠪᠠᠢᠴᠠᠭᠠᠯᠲᠠ ᠵᠡᠷᠭᠡ ᠲᠠᠪᠤᠨ ᠭᠣᠭᠴᠣᠭ᠎ᠠ᠎ᠶᠢ ᠲᠣᠬᠢᠷᠠᠭᠤᠯᠪᠠ᠃ ᠠᠵᠢᠯᠯᠠᠭ᠎ᠠ᠎ᠳᠤ ᠨᠠᠨᠵᠢᠩ ᠎ᠤᠨ ᠣᠨᠴᠠᠭᠠᠶ ᠰᠤᠷᠭᠠᠨ ᠬᠥᠮᠦᠵᠢᠯ ᠎ᠦᠨ ᠪᠠᠭ᠍ᠰᠢ ᠎ᠶᠢᠨ ᠳᠡᠭᠡᠳᠦ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠎ᠶᠢᠨ ᠵᠢᠷᠭᠤᠳᠤᠭᠠᠷ ᠡᠮᠨᠡᠯᠭᠡ᠎ᠶᠢᠨ ᠬᠤᠷᠢᠶ᠎ᠠ᠂ ᠯᠢᠶᠣᠤᠨᠢᠩ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠤᠯᠠᠭᠠᠨᠬᠠᠳᠠ ᠶᠡᠬᠡ ᠰᠤᠷᠭᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ ᠨᠡᠷᠡᠲᠦ ᠲᠤᠰᠬᠠᠢ ᠮᠡᠷᠭᠡᠵᠢᠯᠲᠡᠨ ᠢ᠋ ᠤᠷᠢᠵᠤ᠂ ᠵᠤᠵᠢᠭ ᠡᠪᠡᠳᠴᠢᠨ ᠲᠠᠢ ᠬᠡᠦᠬᠡᠳ᠎ᠤᠨ ᠬᠢᠴᠢᠶᠡᠯ᠎ᠦᠨ ᠲᠠᠨᠭᠬᠢᠮ᠎ᠤᠨ ᠵᠢᠭᠠᠨ ᠰᠤᠷᠭᠠᠯᠲᠠ᠎ᠶᠢᠨ ᠠᠷᠭ᠎ᠠ ᠪᠣᠳᠣᠯᠭ᠎ᠠ᠂ ᠡᠷᠲᠡ ᠰᠢᠭ᠌ᠰᠢᠨ ᠪᠠᠢᠴᠠᠭᠠᠵᠤ ᠣᠨᠣᠰᠢᠯᠠᠬᠤ᠂ ᠬᠣᠰᠢᠭᠤᠷᠠᠯ ᠰᠤᠳᠤᠯᠭᠠᠨ᠎ᠤ ᠠᠬᠢᠴᠠ᠂ ᠪᠠᠭ᠍ᠰᠢ᠎ᠶᠢᠨ ᠰᠡᠳᠬᠢᠯ᠎ᠦᠨ ᠬᠦᠴᠦᠨ ᠎ᠢ ᠳᠡᠭᠡᠭᠰᠢᠯᠡᠭᠦᠯᠬᠦ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠢᠴᠢᠶᠡᠯ ᠤᠷᠤᠵᠤ ᠪᠤᠳᠠᠳᠠᠢ ᠵᠢᠯᠤᠭᠤᠳᠴᠤ᠂ ᠵᠢᠭᠠᠨ ᠰᠤᠷᠭᠠᠯᠲᠠ ᠰᠤᠳᠤᠯᠭᠠᠨ ᠰᠣᠯᠢᠯᠴᠠᠭ᠎ᠠ ᠪᠠ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠵᠡᠷᠭᠡ᠎ᠵᠢ ᠢᠵᠢ ᠪᠦᠷᠢᠳᠦᠭᠦᠯᠵᠦ᠂ 《ᠤᠨᠤᠯ ᠎ᠤᠨ ᠰᠤᠷᠤᠯᠴᠠᠯᠭ᠎ᠠ ︱ ᠬᠢᠴᠢᠶᠡᠯ᠎ᠦᠨ ᠲᠠᠨᠭᠬᠢᠮ᠎ᠤᠨ ᠨᠠᠢᠳᠠᠪᠤᠷᠢᠵᠢᠭᠤᠯᠤᠯᠳᠠ ︱ ᠡᠷᠡᠭᠦᠯᠵᠢᠯ ᠳ᠋ᠤ ᠲᠤᠰᠠᠯᠠᠬᠤ 》 ᠵᠢ ᠬᠦᠴᠦᠯᠡᠨ ᠨᠠᠪᠲᠠᠷᠡᠭᠦᠯᠵᠦ᠂ ᠵᠢᠭᠠᠨ ᠰᠤᠷᠭᠠᠯᠲᠠ ᠵᠢᠨ ᠰᠤᠳᠤᠯᠭᠠᠨ᠎ᠢᠶᠠᠷ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠬᠥᠲᠥᠯᠥᠨ ᠳᠠᠭᠠᠭᠤᠯᠪᠠ᠃

2026 ᠣᠨ ᠪᠣᠯ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ ᠵᠠᠩᠭᠢᠯᠠᠭ᠎ᠠ᠎ᠶᠢᠨ ᠵᠢᠯ ᠪᠣᠯᠬᠤ ᠪᠥᠭᠡᠳ ᠪᠠᠰᠠ ᠴᠤ᠌《ᠠᠷᠪᠠᠨ ᠲᠠᠪᠤᠳᠤᠭᠠᠷ ᠲᠠᠪᠤᠨ ᠵᠢᠯ 》 ᠤ᠋ᠨ ᠣᠨᠴᠠᠭᠠᠢ ᠰᠤᠷᠭᠠᠨ ᠬᠥᠮᠦᠵᠢᠯ᠎ᠦᠨ ᠬᠥᠭᠵᠢᠯᠲᠡ ᠳ᠋ᠤ ᠰᠠᠭᠤᠷᠢ ᠲᠠᠯᠪᠢᠬᠤ ᠵᠢᠯ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠵᠢᠭᠠᠬᠤ ᠵᠢ ᠰᠤᠳᠤᠯᠬᠤ ᠠᠵᠢᠯ᠎ᠢᠶᠠᠷ ᠭᠠᠷᠳᠠᠴᠠ ᠪᠣᠯᠭᠠᠨ᠂ ᠵᠢᠭᠠᠨ ᠰᠤᠷᠭᠠᠯᠲᠠ᠎ᠶᠢᠨ ᠳᠤᠮᠳᠠᠬᠢ ᠲᠦᠭᠵᠢᠷᠡᠯ ᠪᠠ ᠬᠦᠴᠢᠷᠳᠡᠯ᠎ᠢ ᠰᠢᠢᠳᠪᠦᠷᠢᠯᠡᠵᠦ᠂ ᠪᠥᠬᠥ ᠣᠷᠣᠨ᠎ᠤ ᠵᠤᠵᠢᠭ ᠡᠪᠡᠳᠴᠢᠨ᠎ᠲᠠᠢ ᠬᠡᠦᠬᠡᠳ ᠎ᠢ 《 ᠰᠤᠷᠤᠯᠴᠠᠬᠤ ᠡᠴᠡ ᠰᠤᠷᠭᠠᠭᠤᠯᠢ ᠳᠠᠢ 》 ᠪᠠᠢᠬᠤ ᠵᠢ 《 ᠰᠠᠢᠨ ᠰᠤᠷᠭᠠᠭᠤᠯᠢ᠎ᠳᠤ ᠣᠷᠣᠬᠤ 》 ᠳᠠᠢᠰᠢ ᠬᠤᠪᠢᠷᠠᠭᠤᠯᠬᠤ᠎ᠶᠢ ᠠᠬᠢᠭᠤᠯᠵᠤ ᠪᠠᠢᠨ᠎ᠠ᠃ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠡᠯ᠎ᠡ ᠭᠠᠵᠠᠷ ᠡᠯ᠎ᠡ ᠰᠤᠷᠭᠠᠭᠤᠯᠢ ᠬᠠᠮᠵᠢᠯᠴᠠᠨ ᠬᠥᠳᠡᠯᠦᠯᠴᠡᠵᠦ᠂ ᠬᠠᠮᠲᠤ᠎ᠪᠠᠷ ᠰᠤᠳᠤᠯᠵᠤ ᠬᠠᠮᠲᠤ᠎ᠪᠠᠷ ᠡᠳ᠋ᠯᠡᠬᠦ ᠠᠵᠢᠯ᠎ᠤᠨ ᠪᠠᠢᠷᠢᠰᠢᠯ ᠢ᠋ ᠪᠣᠶ ᠪᠣᠯᠭᠠᠵᠤ᠂ ᠶᠡᠬᠡ ᠳᠡᠭᠡᠳᠦ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ ᠬᠢᠭᠡᠳ ᠡᠩ ᠎ᠦᠨ ᠰᠤᠷᠭᠠᠭᠤᠯᠢ᠎ᠶᠢᠨ ᠡᠬᠢ ᠪᠠᠶᠠᠯᠢᠭ᠎ᠢ ᠬᠠᠮᠳᠤ ᠪᠡᠷ ᠡᠳ᠋ᠯᠡᠬᠦ ᠵᠢ ᠠᠬᠢᠭᠤᠯᠵᠤ᠂ ᠵᠢᠭᠠᠨ ᠰᠤᠷᠭᠠᠯᠳᠠ ᠵᠢᠨ ᠰᠤᠳᠤᠯᠭᠠᠨ᠎ᠤ ᠦᠷ᠎ᠡ ᠪᠦᠲᠦᠭᠡᠯ ᠢ᠋ ᠬᠢᠴᠢᠶᠡᠯ᠎ᠦᠨ ᠲᠠᠩᠬᠢᠮ ᠎ᠤᠨ ᠪᠣᠳᠠᠲᠤ ᠦᠷ᠎ᠡ ᠪᠦᠲᠦᠮᠵᠢ ᠳᠠᠢᠰᠢ ᠬᠤᠪᠢᠷᠠᠭᠤᠯᠬᠤ᠎ᠶᠢ ᠲᠦᠷᠭᠡᠳᠬᠡᠬᠦ ᠬᠡᠷᠡᠭᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面