ᠲᠡᠷᠢᠭᠦᠨ ᠨᠢᠭᠤᠷ>ᠰᠤᠷᠭᠠᠨ ᠬᠦᠮᠦᠵᠢᠯ >ᠪᠠᠭ᠎ᠠ ᠰᠤᠷᠭᠠᠭᠤᠯᠢ

2026-09-16 14:30:45

ᠵᠣᠬᠢᠶᠠᠭ᠍ᠴᠢ᠄ ᠸ·ᠭᠡᠷᠡᠯᠲᠦ᠍ ᠣᠩᠱᠢᠭ᠍ᠰᠠᠨ ᠣᠳᠠᠭ᠎ᠠ᠄ 3

ᠰᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠳᠤ ᠲᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠦᠬᠡᠷᠬᠤᠳᠳᠤᠭ ᠪᠠᠯᠭᠠᠰᠤᠨ᠎ᠤ ᠦᠬᠡᠷᠬᠤᠳᠳᠤᠭ ᠪᠠᠭ᠎ᠠ ᠰᠤᠷᠭᠠᠭᠤᠯᠢ ᠣᠨᠴᠠᠭᠠᠢ ᠪᠡᠯᠡᠭ᠎ᠲᠤᠰᠪᠠ᠃ ᠡᠨᠡ ᠬᠦ᠌ ᠪᠡᠯᠡᠭ ᠪᠤᠯ ᠲᠠᠷᠤᠢ ᠲᠤᠰ ᠰᠤᠷᠭᠠᠭᠤᠯᠢ ᠵᠢᠨ ᠬᠠᠷᠢᠶ᠎ᠠ ᠬᠡᠤᠬᠡᠳ᠎ᠤᠨ ᠴᠡᠴᠡᠷᠯᠢᠭ ᠵᠦᠭᠡᠯᠡᠨ ᠲᠠᠮᠢᠷ᠎ᠤᠨ ᠲᠠᠯᠠᠪᠠᠢ ᠲᠠᠢ ᠪᠤᠯᠤᠭᠰᠠᠨ ᠪᠦᠭᠡᠳ ᠪᠠᠰᠠ ᠠᠷᠪᠢᠨ ᠪᠠᠶ᠎ᠠ ᠵᠢᠨ ᠲᠠᠮᠢᠷ ᠪᠤᠯᠤᠨ ᠨᠠᠭᠠᠳᠤᠮ ᠲᠤᠬᠯᠠᠭᠠᠮ᠎ᠤᠨ ᠪᠠᠭᠠᠵᠢ ᠬᠡᠷᠡᠭᠰᠡᠯ ᠲᠠᠢ ᠪᠤᠯᠵᠦ᠂ ᠦᠩᠬᠡᠷᠡᠭᠰᠡᠨ᠎ᠤ ᠬᠠᠳᠠᠭᠤ ᠭᠠᠵᠠᠷ ᠲᠡᠭᠡᠷ᠎ᠠ ᠲᠤᠬᠯᠠᠨ ᠨᠠᠭᠠᠳᠴᠤ ᠪᠠᠢᠬᠰᠠᠨ᠎ᠢ ᠪᠤᠳᠤᠪᠠᠯ ᠶᠤᠰᠤᠳᠠᠢ ᠬᠦᠪᠤᠩ ᠲᠡᠭᠡᠷ᠎ᠠ ᠲᠤᠬᠯᠠᠵᠦ᠂ ᠬᠦᠳᠤᠰᠤᠨ ᠲᠡᠭᠡᠷ᠎ᠠ ᠪᠦᠮᠪᠦᠷᠢᠵᠦ ᠪᠠᠢᠭ᠎ᠠ ᠰᠢᠭ᠋ ᠲᠠᠭᠠᠲᠠᠢ ᠪᠤᠯᠵᠠᠢ᠃

ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ 《ᠲᠦᠮᠡᠨ ᠠᠵᠤ ᠠᠬᠤᠶ᠋ᠢᠯᠠᠯ ᠲᠦᠮᠡᠨ ᠲᠣᠰᠬᠣᠨ᠎ᠢ ᠮᠠᠨᠳᠤᠭᠤᠯᠬᠤ》 ᠠᠵᠢᠯᠯᠠᠭ᠎ᠠ᠎ᠶᠢ ᠨᠠᠶ᠋ᠢᠳᠠᠪᠤᠷᠢᠵᠢᠭᠤᠯᠵᠤ᠂ ᠮᠧᠶ ᠲᠣᠸᠠᠨ ᠨᠡᠶ᠋ᠢᠲᠡ᠎ᠶᠢᠨ ᠠᠰᠠᠷᠠᠮᠵᠢ᠎ᠶᠢᠨ ᠰᠠᠭᠤᠷᠢ ᠮᠥᠩᠭᠥ ᠵᠢᠨ ᠨᠡᠶ᠋ᠢᠭᠡᠮᠯᠢᠭ ᠪᠣᠯᠤᠨ ᠱᠧᠨᠵᠧᠨ᠎ᠦ ᠢ ᠰᠠᠭᠤᠷᠢ ᠮᠥᠩᠭᠥ ᠵᠢᠨ ᠨᠡᠶ᠋ᠢᠲᠡ᠎ᠶᠢᠨ ᠠᠰᠠᠷᠠᠮᠵᠢ᠎ᠶᠢᠨ ᠰᠠᠭᠤᠷᠢ ᠮᠥᠩᠭᠥᠨ᠎ᠦ ᠨᠡᠶ᠋ᠢᠭᠡᠮᠯᠢᠭ᠎ᠲᠡᠶ ᠰᠠᠨᠠᠭᠠᠴᠢᠯᠠᠭ᠎ᠠ᠎ᠠᠴᠠ᠎ᠪᠠᠨ ᠬᠤᠯᠪᠤᠭ᠎ᠠ ᠠᠪᠴᠤ᠂ ᠮᠧᠶ ᠲᠣᠸᠠᠨ ᠬᠥᠳᠡᠭᠡ ᠲᠣᠰᠬᠣᠨ᠎ᠤ ᠪᠡᠶ᠎ᠡ᠎ᠶᠢᠨ ᠲᠠᠮᠢᠷ᠎ᠤᠨ ᠲᠠᠯᠠᠪᠠᠢ ᠵᠢᠨ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ᠎ᠢ ᠲᠤᠰ ᠰᠤᠷᠭᠠᠭᠤᠯᠢ ᠳ᠋ᠤ ᠨᠠᠶ᠋ᠢᠳᠠᠪᠤᠷᠢᠵᠢᠭᠤᠯᠤᠬᠰᠠᠨ ᠪᠠᠢᠨ᠎ᠠ᠃ ᠲᠤᠰ ᠲᠥᠷᠥᠯ ᠵᠦᠢᠯ ᠦᠬᠡᠷᠬᠤᠳᠳᠤᠭ ᠪᠠᠭ᠎ᠠ ᠰᠤᠷᠭᠠᠭᠤᠯᠢ᠎ᠶᠢᠨ ᠬᠠᠷᠢᠶ᠎ᠠ ᠬᠡᠦᠬᠡᠳ᠎ᠦᠨ ᠴᠡᠴᠡᠷᠯᠢᠭ᠎ᠲᠦ᠍ 1000 ᠲᠡᠭᠰᠢ ᠲᠦᠷᠪᠡᠯᠵᠢᠨ ᠮᠧᠲᠷ᠎ᠤᠨ ᠪᠠᠷᠢᠮᠵᠢᠶᠠᠳᠤ ᠲᠠᠮᠢᠷ᠎ᠤᠨ ᠲᠠᠯᠠᠪᠠᠢ ᠪᠠᠢᠭᠤᠯᠤᠨ ᠦᠭᠴᠦ᠂ 20 ᠲᠦᠮᠡᠨ ᠲᠥᠭᠥᠷᠢᠭ᠎ᠦᠨ ᠥᠷᠲᠡᠭ ᠪᠥᠬᠥᠶ ᠢᠵᠢ ᠪᠦᠷᠢᠨ ᠪᠡᠶ᠎ᠡ᠎ᠶᠢᠨ ᠲᠠᠮᠢᠷ ᠪᠣᠯᠤᠨ ᠬᠡᠷ᠎ᠦᠨ ᠭᠠᠳᠠᠨᠠᠬᠢ ᠲᠣᠭᠯᠠᠭᠠᠮ᠎ᠤᠨ ᠪᠠᠭᠠᠵᠢ ᠬᠡᠷᠡᠭᠰᠡᠯ᠎ᠢ ᠢᠵᠢ ᠪᠥᠷᠢᠳᠦᠭᠦᠯᠦᠨ ᠬᠠᠨᠳᠢᠪᠯᠠᠵᠤ᠂ ᠰᠤᠷᠭᠠᠭᠤᠯᠢ᠎ᠶᠢ ᠣᠯᠠᠨ ᠵᠢᠯ ᠭᠠᠴᠢᠭᠳᠠᠭᠤᠯᠵᠤ ᠪᠠᠶ᠋ᠢᠭᠰᠠᠨ ᠪᠡᠶ᠎ᠡ᠎ᠶᠢᠨ ᠲᠠᠮᠢᠷ᠎ᠤᠨ ᠲᠥᠬᠥᠭᠡᠷᠦᠮᠵᠢ᠎ᠶᠢᠨ ᠳᠤᠲᠠᠭᠤᠳᠠᠯ᠎ᠢ ᠪᠦᠲᠦᠮᠵᠢᠲᠡᠶ ᠨᠦᠬᠦᠪᠦᠷᠢᠯᠡᠭᠰᠡᠨ ᠪᠠᠢᠨ᠎ᠠ᠃

ᠰᠤᠷᠪᠤᠯᠵᠢᠯᠠᠬᠴᠢ ᠦᠭᠡᠷᠬᠤᠳᠳᠤᠭ ᠪᠠᠭ᠎ᠠ ᠰᠤᠷᠭᠠᠭᠤᠯᠢ ᠵᠢᠨ ᠬᠠᠷᠢᠶ᠎ᠠ ᠬᠡᠤᠬᠡᠳ᠎ᠤᠨ ᠴᠡᠴᠡᠷᠯᠢᠭ᠎ᠤᠨ ᠬᠦᠷᠢᠶᠡᠨ ᠳ᠋ᠤ ᠤᠷᠤᠬᠤ᠎ᠳᠤ᠂ ᠴᠡᠩᠬᠡᠷ ᠪᠤᠯᠤᠨ ᠬᠦᠬᠡ ᠦᠩᠬᠡ ᠵᠢ ᠠᠯᠠᠬᠯᠠᠭᠤᠯᠤᠬᠰᠠᠨ ᠵᠦᠭᠡᠯᠡᠨ ᠲᠠᠮᠢᠷ᠎ᠤᠨ ᠲᠠᠯᠠᠪᠠᠢ ᠲᠡᠭᠡᠷ᠎ᠠ ᠬᠡᠦᠬᠡᠳ᠎ᠤᠨ ᠨᠡᠭᠠᠳᠤᠮ᠎ᠤᠨ ᠪᠠᠭᠠᠵᠢ ᠬᠡᠷᠡᠭᠰᠡᠯ᠎ᠢ ᠲᠠᠯᠪᠢᠵᠦ᠂ ᠬᠡᠤᠬᠡᠳ᠎ᠤᠳ ᠬᠥᠯ ᠪᠥᠮᠪᠥᠭᠡ᠂ ᠰᠠᠭᠰᠤᠨ ᠪᠥᠮᠪᠥᠭᠡ ᠵᠡᠷᠭᠡ ᠵᠢ ᠰᠤᠨᠢᠭᠤᠴᠢᠯᠠᠨ ᠲᠤᠬᠯᠠᠵᠤ ᠪᠠᠢᠯ᠎ᠠ᠃ ᠡᠳᠡᠭᠡᠷ ᠴᠤ ᠰᠢᠨ᠎ᠡ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠬᠤ ᠪᠠᠭᠠᠵᠢ ᠬᠡᠷᠡᠭᠰᠡᠯ᠎ᠤᠳ ᠨᠠᠮ ᠰᠡᠯᠡᠭᠦᠨ ᠬᠥᠳᠡᠭᠡ ᠲᠣᠰᠬᠣᠨ᠎ᠤ ᠰᠤᠷᠭᠠᠭᠤᠯᠢ᠎ᠶᠢᠨ ᠬᠦᠷᠢᠶᠡᠨ᠎ᠳᠦ ᠰᠢᠨ᠎ᠠ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃

ᠦᠬᠡᠷᠬᠤᠳᠳᠤᠭ ᠪᠠᠭ᠎ᠠ ᠰᠤᠷᠭᠠᠭᠤᠯᠢ ᠪᠣᠯ ᠪᠤᠭᠤᠲᠤ᠌ ᠬᠣᠲᠠ᠎ᠶᠢᠨ ᠬᠡᠪᠴᠢᠶ᠎ᠡ᠎ᠪᠡᠷ ᠬᠠᠮᠤᠭ᠎ᠤᠨ ᠪᠠᠭ᠎ᠠ ᠬᠥᠳᠡᠭᠡ ᠲᠣᠰᠬᠣᠨ᠎ᠤ ᠪᠠᠭ᠎ᠠ ᠰᠤᠷᠭᠠᠭᠤᠯᠢ ᠪᠣᠯᠤᠨ᠎ᠠ᠃ ᠬᠥᠳᠡᠭᠡ ᠲᠣᠰᠬᠣᠨ᠎ᠤ ᠬᠥᠮᠦᠨ ᠠᠮᠠ᠎ᠶᠢᠨ ᠭᠠᠳᠠᠭᠰᠢ ᠶᠠᠪᠤᠭᠰᠠᠨ ᠨᠥᠯᠥᠭᠡ᠎ᠪᠡᠷ ᠲᠤᠰ ᠰᠤᠷᠭᠠᠭᠤᠯᠢ᠎ᠳᠤ ᠣᠲᠣ ᠪᠠᠭ᠎ᠠ ᠰᠤᠷᠭᠠᠭᠤᠯᠢ᠎ᠶᠢᠨ ᠰᠣᠷᠣᠭᠴᠢ 20᠂ ᠬᠡᠦᠬᠡᠳ᠎ᠦᠨ ᠴᠡᠴᠡᠷᠯᠢᠭ᠎ᠦᠨ ᠬᠡᠦᠬᠡᠳ 10 ᠭᠠᠷᠤᠶ ᠪᠠᠶ᠋ᠢᠵᠤ᠂ ᠴᠥᠭᠡᠨ ᠪᠤᠰᠤ ᠬᠡᠦᠬᠡᠳ᠎ᠨᠢ ᠡᠷᠬᠢᠨ ᠲᠣᠭᠣᠷᠢᠨ᠎ᠤ ᠠᠶ᠋ᠢᠯ ᠲᠣᠰᠬᠣᠨ᠎ᠤ ᠬᠡᠷ᠎ᠲᠡᠭᠡᠨ ᠬᠣᠴᠣᠷᠤᠭᠰᠠᠨ ᠬᠡᠦᠬᠡᠳ ᠪᠠᠶ᠋ᠢᠵᠤ᠂ ᠡᠩ᠎ᠦᠨ ᠦᠶ᠎ᠡ᠎ᠳᠦ ᠡᠪᠦᠭᠡ ᠡᠮᠡᠭᠡ᠎ᠨᠢ ᠬᠠᠷᠠᠭᠠᠯᠵᠠᠳᠠᠭ᠃

ᠤᠢᠯᠠᠭᠠᠬᠰᠠᠨ ᠵᠢᠡᠷ᠂ ᠲᠠᠮᠢᠷ᠎ᠤᠨ ᠲᠠᠯᠠᠪᠠᠢ ᠵᠢ ᠥᠭᠡᠷᠡᠴᠢᠯᠡᠨ ᠪᠠᠶ᠋ᠢᠭᠤᠯᠬᠤ᠎ᠠᠴᠠ ᠡᠮᠦᠨ᠎ᠡ᠂ ᠲᠤᠰ ᠰᠤᠷᠭᠠᠭᠤᠯᠢ ᠵᠢᠨ ᠬᠡᠤᠬᠡᠳ᠎ᠤᠳ ᠰᠤᠷᠭᠠᠭᠤᠯᠢ ᠵᠢᠨ ᠬᠦᠷᠢᠶᠡᠨ᠎ᠤ ᠪᠡᠨ ᠬᠠᠳᠠᠭᠤ ᠭᠠᠵᠠᠷ ᠲᠡᠭᠡᠷ᠎ᠠ ᠲᠠᠭᠤᠯᠴᠠᠨ ᠨᠠᠭᠠᠳᠬᠤ ᠵᠡᠷᠭᠡ ᠡᠴᠡ ᠦᠭᠡᠷ᠎ᠡ ᠲᠤᠬᠯᠠᠭᠠᠮ ᠨᠠᠭᠠᠳᠤᠮ᠎ᠤᠨ ᠪᠠᠭᠠᠵᠢ ᠬᠡᠷᠡᠭᠰᠡᠯ ᠬᠡᠵᠦ ᠪᠠᠢᠭᠰᠠᠨ ᠦᠭᠡᠢ᠃ 《ᠬᠥᠳᠡᠭᠡ ᠲᠣᠰᠬᠣᠨ᠎ᠤ ᠰᠤᠷᠭᠠᠨ ᠬᠥᠮᠦᠵᠢᠯ᠎ᠦᠨ ᠡᠬᠢ ᠪᠠᠶᠠᠯᠢᠭ ᠬᠢᠵᠠᠭᠠᠷ᠎ᠲᠠᠶ᠂ ᠮᠠᠨ᠎ᠤ ᠬᠠᠮᠤᠭ᠎ᠤᠨ ᠶᠡᠬᠡ ᠬᠦᠰᠡᠯ ᠪᠣᠯ ᠳᠠᠷᠤᠶ ᠬᠦᠳᠡᠭᠡ ᠳ᠋ᠡᠭᠡᠨ ᠬᠣᠴᠣᠷᠤᠭᠰᠠᠨ ᠬᠡᠦᠬᠡᠳ᠎ᠤᠳ᠎ᠲᠦ ᠪᠤᠰᠤᠳ ᠬᠡᠦᠬᠡᠳ᠎ᠤᠳ ᠲᠠᠢ ᠠᠳᠠᠯᠢ ᠠᠮᠤᠷ ᠲᠦᠪᠰᠢᠨ ᠬᠥᠳᠡᠯᠭᠡᠭᠡᠨ᠎ᠦ ᠣᠷᠴᠢᠨ ᠲᠣᠭᠣᠷᠢᠨ᠎ᠲᠠᠶ ᠪᠣᠯᠭᠠᠬᠤ ᠶᠠᠪᠤᠳᠠᠯ ᠪᠣᠯᠤᠨ᠎ᠠ》 ᠬᠡᠵᠦ ᠦᠭᠡᠷᠬᠤᠳᠳᠤᠭ ᠪᠠᠭ᠎ᠠ ᠰᠤᠷᠭᠠᠭᠤᠯᠢ ᠵᠢᠨ ᠰᠤᠷᠭᠠᠭᠤᠯᠢ᠎ᠶᠢᠨ ᠵᠠᠬᠢᠷᠤᠯ ᠰᠢᠤᠢ ᠬᠠᠢ ᠳ᠋ᠦᠩ ᠶᠠᠷᠢᠵᠦ ᠪᠢᠯᠡ᠃

ᠬᠥᠳᠡᠭᠡ ᠲᠣᠰᠬᠣᠨ᠎ᠤ ᠰᠤᠷᠭᠠᠭᠤᠯᠢ᠎ᠶᠢᠨ ᠬᠦᠷᠢᠶᠡᠨ᠎ᠦ ᠬᠦᠴᠢᠷ ᠠᠰᠠᠭᠤᠳᠠᠯ᠎ᠢ ᠰᠢᠢᠳᠪᠦᠷᠢᠯᠡᠬᠦ᠌᠎ᠶᠢᠨ ᠲᠥᠯᠥᠭᠡ᠂ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠣᠯᠠᠨᠲᠠ ᠰᠤᠷᠭᠠᠭᠤᠯᠢ᠎ᠳᠤ ᠭᠦᠨᠵᠡᠭᠡᠢᠷᠡᠨ ᠪᠠᠶ᠋ᠢᠴᠠᠭᠠᠨ ᠰᠤᠳᠤᠯᠤᠯᠲᠠ ᠬᠢᠵᠦ᠍᠂ ᠬᠦᠰᠡᠯ ᠬᠡᠷᠡᠭᠴᠡᠭᠡ᠎ᠶᠢ ᠨᠢ ᠨᠠᠷᠢᠨ ᠲᠣᠳᠣᠷᠬᠠᠶ ᠣᠶ᠋ᠢᠯᠠᠭᠠᠭᠠᠳ᠂ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠌᠂ ᠪᠠᠷᠢᠯᠭ᠎ᠠ ᠪᠠᠷᠢᠬᠤ᠂ ᠰᠢᠯᠭᠠᠨ ᠠᠪᠬᠤ ᠡᠯ᠎ᠡ ᠭᠣᠭᠴᠣᠭᠠᠨ᠎ᠳᠦ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠂ ᠪᠠᠷᠢᠯᠭ᠎ᠠ ᠵᠢᠨ ᠨᠢᠭᠡᠴᠢ᠂ ᠰᠤᠷᠭᠠᠭᠤᠯᠢ᠎ᠵᠡᠷᠭᠡ ᠣᠯᠠᠨ ᠲᠠᠯ᠎ᠠ᠎ᠶᠢᠨ ᠬᠦᠴᠦᠨ᠎ᠲᠠᠢ ᠬᠣᠯᠪᠣᠭᠠᠯᠠᠨ ᠬᠥᠳᠡᠯᠦᠯᠴᠡᠵᠦ᠍᠂ ᠲᠥᠷᠥᠯ ᠵᠦᠢᠯ ᠢ᠋ ᠤᠷᠤᠭᠰᠢᠲᠠᠶ ᠶᠠᠪᠤᠭᠳᠠᠭᠤᠯᠤᠨ ᠠᠰᠢᠭᠯᠠᠯᠲᠠ᠎ᠳᠤ ᠣᠷᠣᠬᠤ᠎ᠶᠢ ᠪᠠᠲᠤᠯᠠᠬᠰᠠᠨ ᠪᠠᠢᠨ᠎ᠠ᠃

ᠤᠳᠤ ᠦᠭᠡᠷᠬᠤᠳᠳᠤᠭ ᠪᠠᠭ᠎ᠠ ᠰᠤᠷᠭᠠᠭᠤᠯᠢ ᠵᠢᠨ ᠰᠤᠷᠤᠭᠴᠢᠳ ᠬᠢᠴᠢᠶᠡᠯ᠎ᠦᠨ ᠵᠠᠪᠰᠠᠷᠯᠠᠭ᠎ᠠ᠎ᠪᠤᠯᠪᠠᠯ ᠰᠢᠨ᠎ᠡ ᠵᠦᠭᠡᠯᠡᠨ ᠲᠠᠮᠢᠷ᠎ᠤᠨ ᠲᠠᠯᠠᠪᠠᠢ ᠳᠡᠭᠡᠷ᠎ᠡ ᠨᠠᠭᠠᠳᠤᠨ ᠲᠤᠬᠯᠠᠵᠦ᠂ ᠬᠤᠳᠠ ᠵᠢᠨ ᠰᠤᠷᠭᠠᠭᠤᠯᠢ ᠯᠤᠭ᠎ᠠ ᠢᠯᠭᠠᠭ᠎ᠠ ᠦᠭᠡᠢ ᠪᠤᠯᠵᠠᠢ᠃ ᠴᠡᠴᠡᠷᠯᠢᠭ᠎ᠤᠨ ᠬᠡᠦᠬᠡᠳ᠎ᠤᠳ ᠪᠠᠭᠰᠢ᠎ᠶᠢᠨ ᠳᠠᠭᠠᠭᠤᠯᠭ᠎ᠠ ᠪᠡᠷ ᠮᠣᠳᠣ ᠵᠢ ᠵᠦᠢᠵᠤ ᠲᠤᠬᠯᠠᠬᠤ᠂ ᠰᠠᠭᠠᠳ ᠳᠠᠪᠠᠬᠤ ᠵᠡᠷᠭᠡ ᠤᠯᠠᠨ ᠲᠦᠷᠤᠯ᠎ᠤᠨ ᠭᠡᠷ᠎ᠦᠨ ᠭᠠᠳᠠᠨᠠᠬᠢ ᠲᠣᠭᠯᠠᠭᠠᠮ ᠥᠷᠨᠢᠭᠦᠯᠵᠦ᠍᠂ ᠨᠠᠭᠠᠳᠴᠤ᠌ ᠲᠤᠭᠯᠠᠬᠤ ᠳᠤᠮᠳᠠ ᠵᠣᠬᠢᠴᠠᠭᠤᠯᠬᠤ ᠴᠢᠳᠠᠪᠤᠷᠢ᠎ᠪᠠᠨ ᠪᠣᠯᠪᠠᠰᠤᠷᠠᠭᠤᠯᠵᠤ᠂ ᠬᠠᠮᠵᠢᠯᠴᠠᠬᠤ ᠤᠬᠠᠮᠰᠠᠷ᠎ᠵᠢᠡᠨ ᠳᠡᠭᠡᠭᠰᠢᠯᠡᠭᠦᠯᠦᠨ᠂ ᠪᠠᠶᠠᠷ ᠬᠦᠷ ᠲᠠᠢ ᠦᠰᠦᠨ ᠪᠤᠢᠵᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面