ᠲᠡᠷᠢᠭᠦᠨ ᠨᠢᠭᠤᠷ>ᠰᠤᠷᠭᠠᠨ ᠬᠦᠮᠦᠵᠢᠯ >ᠪᠠᠭ᠎ᠠ ᠰᠤᠷᠭᠠᠭᠤᠯᠢ

2026-10-22 12:00:57

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠬᠦᠬᠡᠡᠡᠤᠳᠠ ᠵᠢᠨ ᠡᠪᠯᠡᠯ᠎ᠤᠨ ᠬᠤᠷᠢᠶ᠎ᠠ᠂ ᠬᠦᠬᠡᠡᠡᠤᠳᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ᠂ ᠬᠦᠬᠡᠡᠡᠤᠳᠠ᠎ᠶ᠋ᠢᠨ ᠪᠠᠭᠠᠴᠤᠳ᠎ᠤᠨ ᠠᠵᠢᠯ᠎ᠤᠨ ᠬᠤᠷᠢᠶ᠎ᠠ ᠵᠢᠴᠢ ᠠᠷᠪᠠᠨ ᠨᠠᠢ᠍ᠮᠠᠨ ᠮᠤᠵᠢ ᠣᠷᠤᠨ ᠬᠤᠲᠠ᠎ᠶ᠋ᠢᠨ ᠤᠯᠠᠭᠠᠨ ᠪᠦᠴᠡᠲᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶ᠋ᠢᠨ ᠬᠥᠮᠦᠵᠢᠯ᠎ᠤᠨ ᠬᠤᠯᠪᠤᠭ᠎ᠠ᠎ᠡᠴᠡ ᠬᠠᠮᠲᠤᠷᠠᠨ ᠡᠷᠬᠢᠯᠡᠭᠰᠡᠨ 《ᠬᠤᠰᠢᠭᠤᠴᠢ ᠠᠩᠭᠢ᠎ᠶ᠋ᠢᠨ ᠲᠤᠭ᠎ᠢ ᠥᠨᠳᠦᠷ ᠮᠠᠨᠳᠤᠭᠤᠯᠵᠤ ᠨᠠᠮ᠎ᠢᠶᠠᠨ ᠲᠠᠭᠠᠨ ᠤᠷᠤᠬᠰᠢᠯᠠᠨ᠎ᠠ — ᠪᠠᠭᠠᠴᠤᠳ ᠬᠡᠤᠬᠡᠳ ᠤᠷᠲᠤ᠌ ᠵᠠᠮ᠎ᠤᠨ ᠠᠶᠠᠨ ᠳᠠᠶ᠋ᠢᠨ᠎ᠤ ᠪᠤᠤᠬᠢᠶ᠎ᠠ ᠵᠢ ᠲᠠᠮᠵᠢᠭᠤᠯᠤᠨ᠎ᠠ》 ᠭᠡᠬᠦ ᠠᠷᠪᠠᠨ ᠨᠠᠢ᠍ᠮᠠᠨ ᠮᠤᠵᠢ ᠣᠷᠤᠨ ᠬᠤᠲᠠ᠎ᠵᠢᠨ ᠪᠠᠭᠠᠴᠤᠳ᠎ᠤᠨ ᠬᠤᠰᠢᠭᠤᠴᠢ ᠠᠩᠭᠢ ᠪᠠᠢᠭᠤᠯᠤᠬᠳᠠᠬᠰᠠᠨ ᠳᠤᠷᠠᠰᠭᠠᠯ᠎ᠤᠨ ᠡᠳᠦᠷ᠎ᠤᠨ ᠭᠤᠤᠯ ᠰᠡᠳᠦᠪᠲᠦ᠍ ᠠᠵᠢᠯᠯᠠᠭ᠎ᠠ ᠴᠡᠯᠡᠭᠡᠷ ᠲᠠᠯ᠎ᠠ᠎ᠶ᠋ᠢᠨ ᠯᠢᠤᠢ ᠳᠢ ᠪᠠᠭ᠎ᠠ ᠰᠤᠷᠭᠠᠭᠤᠯᠢ᠎ᠳᠤ ᠶᠠᠪᠤᠭᠳᠠᠵᠠᠢ᠃ ᠪᠦᠬᠦ᠌ ᠤᠯᠤᠰ᠎ᠤᠨ ᠠᠷᠪᠠᠨ ᠨᠠᠢ᠍ᠮᠠᠨ ᠮᠤᠵᠢ ᠣᠷᠤᠨ᠎ᠤ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠳ ᠰᠦᠯᠵᠢᠶ᠎ᠡ ᠪᠡᠷ ᠭᠠᠷ ᠬᠤᠯᠪᠤᠯᠴᠠᠨ᠂ ᠨᠢᠭᠡ ᠳᠡᠯᠭᠡᠴᠡ ᠳ᠋ᠦ ᠴᠤᠬᠯᠠᠷᠠᠵᠤ᠂ ᠦᠨᠳᠦᠰᠦᠲᠡᠨ᠎ᠤ ᠪᠦᠯᠬᠦᠮᠳᠡᠯ ᠨᠥᠬᠦᠷᠯᠡᠯ᠎ᠢ ᠬᠠᠮᠲᠤ᠎ᠪᠠᠷ ᠶᠠᠷᠢᠯᠴᠠᠵᠤ᠂ ᠠᠭᠤᠤ ᠶᠡᠭᠡ ᠤᠷᠳᠤ ᠵᠠᠮ᠎ᠤᠨ ᠠᠶᠠᠨ ᠲᠠᠶ᠋ᠢᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠪᠠ᠃ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ᠂ ᠬᠦᠬᠡᠡᠡᠤᠳᠠ᠎ᠶ᠋ᠢᠨ ᠡᠯ᠎ᠡ ᠬᠠᠮᠢᠶ᠎ᠠ ᠪᠥᠬᠦᠢ ᠨᠢᠭᠡᠴᠢ᠎ᠶ᠋ᠢᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ᠎ᠤᠨ ᠡᠪᠯᠡᠯ᠎ᠤᠨ ᠬᠤᠷᠢᠶᠠᠨ᠎ᠤ ᠱᠦᠵᠢ᠂ ᠶᠡᠷᠦᠩᠬᠡᠢ ᠵᠢᠯᠤᠭᠤᠳᠤᠭᠴᠢ ᠵᠢᠴᠢ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠨ᠎ᠤ ᠲᠥᠯᠦᠭᠡᠯᠡᠭᠴᠢ᠂ ᠬᠠᠪᠰᠤᠷᠤᠨ ᠵᠢᠯᠤᠭᠤᠳᠤᠭᠴᠢ᠎ᠶ᠋ᠢᠨ ᠲᠥᠯᠦᠭᠡᠯᠡᠭᠴᠢ ᠵᠡᠷᠭᠡ 600 ᠭᠠᠷᠤᠢ ᠬᠥᠮᠦᠨ ᠠᠵᠢᠯᠯᠠᠭ᠎ᠠ᠎ᠳᠤ ᠣᠷᠤᠯᠴᠠᠵᠠᠢ᠃

ᠠᠵᠢᠯᠯᠠᠭ᠎ᠠ᠎ᠨᠢ 《ᠪᠢ ᠡᠬᠡ ᠤᠯᠤᠰ᠎ᠲᠠᠢ ᠪᠠᠨ ᠬᠠᠮᠳᠤ》 ᠭᠡᠬᠦ᠌ ᠨᠠᠶ᠋ᠢᠷᠠᠯ ᠳᠠᠭᠤᠤ᠎ᠶ᠋ᠢᠨ ᠳᠤᠮᠳᠠ ᠬᠥᠰᠢᠭᠡ ᠰᠡᠬᠦᠵᠦ᠂ ᠪᠠᠭᠠᠴᠤᠳ᠎ᠤᠨ ᠬᠤᠰᠢᠭᠤᠴᠢ ᠠᠩᠬᠢ᠎ᠳᠤ ᠣᠷᠤᠬᠤ ᠶᠣᠰᠤᠯᠠᠯ ᠵᠡᠷᠭᠡ᠎ᠪᠠᠷ ᠠᠷᠪᠠᠨ ᠨᠠᠢ᠍ᠮᠠᠨ ᠮᠤᠵᠢ ᠣᠷᠤᠨ ᠬᠤᠳᠠ᠎ᠳᠤ ᠶᠠᠪᠤᠭᠳᠠᠵᠤ᠂ ᠪᠠᠭᠠᠴᠤᠳ᠎ᠤᠨ ᠬᠤᠰᠢᠭᠤᠴᠢ ᠠᠩᠬᠢ ᠵᠢᠨ ᠰᠢᠨ᠎ᠡ ᠭᠡᠰᠢᠭᠦᠳ ᠬᠤᠰᠢᠭᠤᠴᠢ ᠠᠩᠬᠢ᠎ᠶ᠋ᠢᠨ ᠲᠤᠭ᠎ᠤᠨ ᠳᠣᠤᠷ᠎ᠠ ᠲᠥᠪ ᠴᠢᠩᠭ᠎ᠠ᠎ᠪᠠᠷ ᠲᠠᠩᠭᠠᠷᠢᠭᠯᠠᠪᠠ᠃ ᠵᠢᠶᠠᠩᠰᠦ ᠮᠤᠵᠢ᠂ ᠪᠡᠭᠡᠵᠢᠩ ᠬᠤᠳᠠ᠎ᠶ᠋ᠢᠨ ᠪᠠᠭᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠳ᠎ᠤᠨ ᠲᠥᠯᠦᠭᠡᠯᠡᠭᠴᠢ ᠲᠤᠰ ᠲᠤᠰ ᠦᠭᠡ ᠬᠡᠯᠡᠵᠦ᠍᠂ ᠦᠯᠢᠭᠡᠷ ᠳᠠᠭᠤᠷᠢᠶᠠᠯ᠎ᠤᠨ ᠬᠦᠴᠦᠨ᠎ᠢᠶᠠᠷ ᠬᠤᠪᠢᠰᠭᠠᠯ᠎ᠤᠨ ᠵᠤᠷᠢᠭ ᠰᠠᠨᠠᠭ᠎ᠠ᠎ᠶ᠋ᠢ ᠳᠠᠮᠵᠢᠭᠤᠯᠵᠠᠢ᠃

ᠤᠬᠠᠭᠤᠯᠤᠨ ᠲᠠᠢᠯᠪᠤᠷᠢᠯᠠᠬᠤ ᠭᠤᠭᠴᠤᠭ᠎ᠠ᠎ᠳᠤ᠂ ᠱᠠᠩᠬᠠᠢ᠂ ᠭᠤᠸᠠᠩᠵᠧᠦ᠂ ᠬᠦᠬᠡᠡᠡᠤᠳᠠ ᠭᠤᠷᠪᠠᠨ ᠭᠠᠵᠠᠷ᠎ᠤᠨ ᠤᠯᠠᠭᠠᠨ ᠪᠦᠴᠡᠲᠡᠨ ᠤ᠋ ᠲᠥᠯᠦᠭᠡᠯᠡᠭᠴᠢ ᠰᠦᠯᠵᠢᠶᠡᠨ ᠲᠡᠭᠡᠷ᠎ᠡ ᠴᠤᠭᠯᠠᠷᠠᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠭᠠᠵᠠᠷ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠠᠩᠬᠠᠳᠤᠭᠠᠷ ᠤᠳᠠᠭᠠᠨ᠎ᠤ ᠬᠤᠷᠠᠯ᠎ᠤᠨ ᠳᠤᠷᠠᠰᠭᠠᠯ᠎ᠤᠨ ᠣᠷᠳᠤᠨ᠂ ᠪᠠᠭᠠᠴᠤᠳ᠎ᠤᠨ ᠬᠣᠰᠢᠭᠤᠴᠢ ᠠᠩᠭᠢ᠎ᠶ᠋ᠢᠨ ᠲᠡᠦᠬᠡ᠎ᠶ᠋ᠢ ᠲᠤᠰ ᠲᠤᠰ ᠶᠠᠷᠢᠪᠠ᠃ ᠵᠢᠶᠠᠩᠰᠢ ᠮᠤᠵᠢ᠎ᠶ᠋ᠢᠨ ᠢᠤᠢ ᠲᠤᠤ ᠪᠠᠭᠰᠢ 《ᠤᠷᠳᠤ ᠵᠠᠮ᠎ᠤᠨ ᠠᠶᠠᠨ ᠲᠠᠶ᠋ᠢᠨ᠎ᠤ ᠤᠯᠠ ᠮᠥᠷ᠎ᠢ ᠮᠦᠷᠳᠡᠨ᠂ ᠰᠢᠨ᠎ᠡ ᠴᠠᠭ ᠦᠶ᠎ᠡ᠎ᠶ᠋ᠢᠨ ᠰᠠᠶ᠋ᠢᠨ ᠪᠠᠭᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠨ ᠪᠣᠯᠬᠤ᠎ᠪᠠᠷ ᠴᠢᠷᠮᠠᠶ᠋ᠢᠶ᠎ᠠ》 ᠭᠡᠬᠦ᠌ ᠲᠤᠰᠭᠠᠢ ᠰᠡᠳᠦᠪ᠎ᠢᠶᠠᠷ ᠤᠬᠠᠭᠤᠯᠤᠨ ᠲᠠᠶ᠋ᠢᠯᠪᠤᠷᠢᠯᠠᠪᠠ᠃ ᠬᠦᠬᠡᠡᠡᠤᠳᠠ᠎ᠶ᠋ᠢᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠳ ᠬᠡᠤᠬᠡᠳ᠎ᠤᠨ ᠵᠦᠴᠦᠭᠡ 《ᠤᠷᠲᠤ᠌ ᠵᠠᠮ᠎ᠤᠨ ᠠᠶᠠᠨ ᠳᠠᠶ᠋ᠢᠨ》᠂ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠰᠤᠳᠤᠨ ᠬᠢᠴᠢᠶᠡᠯ᠎ᠤᠨ ᠪᠢᠴᠢᠯ ᠦᠵᠡᠭᠦᠯᠭᠡ 《ᠰᠡᠳᠭᠢᠯ᠎ᠤᠨ ᠲᠣᠭᠤᠷᠢᠭ》 ᠵᠡᠷᠭᠡ ᠵᠢ ᠳᠡᠯᠭᠡᠨ ᠦᠵᠡᠭᠦᠯᠵᠦ᠍᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ᠎ᠤᠨ ᠵᠢᠷᠤᠭ᠎ᠢ ᠵᠢᠷᠤᠭᠯᠠᠪᠠ; ᠬᠠᠪᠰᠤᠷᠤᠨ ᠵᠢᠯᠤᠭᠤᠳᠤᠭᠴᠢ ᠪᠣᠯᠤᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠳ ᠬᠠᠮᠲᠤ᠎ᠪᠠᠷ 《ᠤᠯᠠᠭᠠᠨ ᠪᠦᠴᠡᠲᠡᠳ ᠬᠤᠪᠢᠰᠬᠠᠯ᠎ᠤᠨ ᠰᠤᠳᠠᠰᠤ ᠵᠢ ᠤᠯᠠᠮᠵᠢᠯᠠᠨ᠎ᠠ》 ᠬᠡᠬᠦ ᠰᠢᠯᠦᠭ ᠤᠶᠠᠩᠭᠠᠯᠠᠵᠤ᠂ ᠠᠷᠪᠠᠨ ᠨᠠᠢ᠍ᠮᠠᠨ ᠮᠤᠵᠢ ᠣᠷᠤᠨ ᠬᠤᠲᠠ᠎ᠶ᠋ᠢᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠳ ᠲᠤᠳᠤᠨᠤ ᠶᠠᠪᠤᠯᠴᠠᠵᠤ᠂ ᠳᠤᠮᠳᠠᠳᠤ᠎ᠶ᠋ᠢᠨ ᠰᠣᠶᠤᠯ᠎ᠤᠨ ᠰᠤᠳᠠᠰᠤ᠎ᠶ᠋ᠢ ᠬᠠᠮᠲᠤ᠎ᠪᠠᠷ ᠰᠠᠬᠢᠨ ᠬᠠᠮᠠᠭᠠᠯᠠᠬᠤ ᠴᠢᠩ ᠦᠨᠡᠨᠴᠢ ᠰᠡᠳᠬᠢᠯᠭᠡ᠎ᠶ᠋ᠢ ᠳᠠᠮᠵᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面