2026-11-16 11:44:08
11 ᠰᠠᠷ᠎ᠠ᠎ᠶᠢᠨ 3᠎ᠤ᠋ ᠡᠳᠦᠷ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤ᠋ᠨ︽ᠨᠦᠩ ᠹᠦ ᠲᠢᠶᠠᠨ ᠶᠤᠸᠠᠨ ᠲᠠᠷᠢᠶᠠᠯᠠᠩ᠎ᠤ᠋ᠨ ᠲᠠᠯᠠᠪᠠᠢ︾᠎ᠳ᠋ᠤ᠌ ᠨᠢᠭᠡ ᠪᠦᠯᠦᠭ ᠪᠠᠭ᠎ᠠ ᠰᠤᠷᠭᠠᠭᠤᠯᠢ᠎ᠶ᠋ᠢᠨ ᠰᠤᠷᠤᠭᠴᠢᠳ ᠬᠣᠶᠠᠷ ᠭᠤᠷᠪᠠ᠎ᠪᠠᠷ ᠲᠤᠭᠤᠢᠯᠠᠩ ᠬᠤᠪᠢᠶᠠᠵᠤ ᠮᠠᠨᠵᠢᠨ ᠲᠡᠭᠦᠨ᠎ᠡ᠃ ᠵᠠᠷᠢᠮ ᠨᠢ ᠨᠠᠪᠴᠢᠨ ᠡᠴᠡ ᠨᠢ ᠪᠠᠷᠢᠭᠠᠳ ᠳᠡᠭᠡᠭᠰᠢ ᠲᠠᠲᠠᠬᠤ ᠳ᠋ᠦ ᠵᠠᠷᠢᠮ ᠨᠢ ᠤᠴᠤᠢᠵᠤ ᠰᠠᠭᠤᠭᠠᠳ ᠰᠢᠷᠣᠢ ᠵᠢ ᠨᠢ ᠮᠠᠯᠲᠠᠨ᠂ ᠠᠷᠭ᠎ᠠ ᠪᠦᠬᠦᠨ᠎ᠢ᠋ ᠰᠦᠪᠡᠭᠴᠢᠯᠡᠵᠦ ᠬᠦᠷᠦᠰᠦᠨᠳᠤᠤᠷᠠᠬᠢ ᠮᠠᠨᠵᠢᠨ ᠢ ᠮᠠᠯᠲᠠᠵᠤ ᠭᠠᠷᠭᠠᠬᠤ ᠪᠦᠷᠢ ᠪᠦᠭᠦᠳᠡᠭᠡᠷ ᠪᠠᠶᠠᠷᠯᠠᠨ ᠲᠡᠪᠬᠡᠴᠡᠵᠦ᠂ ᠲᠠᠷᠢᠶᠠᠨ ᠭᠠᠵᠠᠷ᠎ᠲᠤ᠌ ᠪᠠᠶᠠᠷ ᠬᠥᠷᠢ᠋ᠶ᠋ᠡᠷ ᠪᠢᠯᠬᠠᠵᠤ ᠪᠠᠢᠯ᠎ᠠ᠃

ᠪᠠᠭᠰᠢ ᠡᠴᠡ ᠢᠳᠡᠰᠢᠨ ᠨᠤᠭᠤᠭ᠎ᠠ ᠵᠢᠨ ᠲᠤᠬᠠᠢ ᠲᠠᠨᠢᠯᠴᠠᠭᠤᠯᠤᠨ᠎ᠠ
ᠡᠨᠡ ᠪᠣᠯ ᠪᠠᠶᠠᠨᠨᠠᠭᠤᠷ ᠬᠣᠲᠠ᠎ᠶ᠋ᠢᠨ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠲᠠᠷᠢᠶᠠᠨ ᠭᠠᠵᠠᠷ ᠲᠡᠬᠢ ᠦᠢᠯᠡᠳᠦᠯᠭᠡ᠎ᠶ᠋ᠢᠨ ᠬᠢᠴᠢᠶᠡᠯᠪᠣᠯᠤᠨᠠ᠃ ᠲᠤᠬᠠᠢ᠎ᠶᠢᠨ ᠡᠳᠦᠷ ᠲᠤᠰ ᠰᠤᠷᠭᠠᠭᠤᠯᠢ ᠬᠣᠶᠠᠳᠤᠭᠠᠷ᠂ ᠲᠠᠪᠤᠳᠤᠭᠠᠷ ᠣᠨ᠎ᠤ᠋ 100 ᠰᠤᠷᠤᠭᠴᠢ᠎ᠶ᠋ᠢ ᠵᠣᠬᠢᠶᠠᠨ ᠪᠠᠢᠭᠤᠯᠤᠭᠠᠳ᠂︽ᠮᠠᠨᠵᠢᠨ ᠬᠤᠷᠢᠶᠠᠬᠤ︾ᠭᠣᠣᠯ ᠰᠡᠳᠦᠪᠦ᠋ᠨ ᠲᠣᠭᠣᠷᠢᠨᠳ᠋ᠤ᠌ ᠲᠠᠷᠢᠮᠠᠯᠢ᠋ ᠠᠵᠢᠭᠯᠠᠬᠤ᠂ ᠲᠡᠮᠳᠡᠭᠯᠡᠯ ᠬᠢᠵᠦ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠲᠣᠭᠠᠨᠤ᠋ ᠤᠬᠠᠭᠠᠨ᠂ ᠰᠢᠨᠵᠢᠯᠡᠬᠦ ᠤᠬᠠᠭᠠᠨ᠂ ᠬᠥᠳᠡᠯᠮᠦᠷᠢ᠂ ᠬᠡᠯᠡ ᠪᠢᠴᠢᠭ᠂ ᠦᠵᠡᠯ ᠰᠠᠨᠠᠭ᠎ᠠ ᠵᠡᠷᠭᠡ ᠣᠯᠠᠨ ᠬᠢᠴᠢᠶᠡᠯ ᠲᠦᠷᠦᠯᠢ᠋ ᠠᠭᠤᠰᠤᠯᠴᠠᠭᠤᠯᠤᠭᠰᠠᠨ ᠵᠢᠭᠠᠨ ᠰᠤᠷᠭᠠᠯᠲᠠ᠎ᠪᠡᠷ ᠳᠠᠮᠵᠢᠨ᠂ ᠰᠤᠷᠤᠭᠴᠢᠳ ᠤ᠋ᠨ ᠬᠠᠷᠠᠭ᠎ᠠ᠎ᠶ᠋ᠢ ᠥᠷᠭᠡᠳᠬᠡᠵᠦ᠂︽ᠬᠢᠬᠦ ᠲᠤᠮᠳᠠ ᠰᠤᠷᠬᠤ᠂ ᠦᠢᠯᠡᠳᠦᠯᠭᠡ ᠰᠤᠷᠤᠯᠴᠠᠯᠭ᠎ᠠ᠎ᠵᠢ ᠬᠠᠮᠲᠤᠳᠬᠠᠬᠤ︾ᠬᠥᠮᠦᠨ ᠢ᠋ ᠬᠥᠮᠦᠵᠢᠭᠦᠯᠬᠦ ᠤᠢᠯᠠᠭᠠᠭᠳᠠᠬᠤᠨᠢ᠋ ᠨᠠᠢᠳᠠᠪᠤᠷᠢᠵᠢᠭᠤᠯᠵᠤ᠂ ᠰᠤᠷᠤᠭᠴᠢᠳ᠎ᠤ᠋ᠨ ᠭᠠᠷ ᠬᠥᠳᠡᠯᠬᠦ ᠦᠢᠯᠡᠳᠦᠯᠭᠡ᠎ᠶᠢᠨ ᠴᠢᠳᠠᠪᠦᠷᠢ᠂ ᠪᠡᠶ᠎ᠡ᠎ᠪᠡᠨ ᠳᠠᠭᠠᠭᠠᠵᠤ ᠰᠤᠳᠤᠯᠤᠨ ᠰᠦᠪᠡᠭᠴᠢᠯᠡᠬᠦ ᠪᠠ ᠦᠨᠡᠨ ᠪᠣᠳᠠᠲᠠᠢ ᠠᠰᠠᠭᠤᠳᠠᠯ᠎ᠢ᠋ ᠰᠢᠢᠳᠪᠦᠷᠢᠯᠡᠬᠦ ᠴᠢᠳᠠᠪᠤᠷᠢ᠎ᠶ᠋ᠢ ᠳᠡᠭᠡᠭᠰᠢᠯᠡᠭᠦᠯᠦᠭᠰᠡᠨ ᠪᠠᠢᠨ᠎ᠠ᠃
ᠰᠤᠷᠤᠭᠴᠢᠳ ᠢᠳᠡᠰᠢᠨ ᠨᠤᠭᠤᠭ᠎ᠠ ᠵᠢ ᠠᠵᠢᠭᠯᠠᠵᠤ ᠵᠢᠷᠤᠨ᠎ᠠ
ᠲᠤᠬᠠᠢ᠎ᠶ᠋ᠢᠨ ᠲᠠᠯᠠᠪᠠᠢ᠎ᠳ᠋ᠤ᠌᠂ ᠮᠠᠨᠵᠢᠨ ᠦᠭᠳᠡᠭᠡᠵᠦ ᠲᠡᠭᠦᠬᠦᠠ᠋ᠴᠠ ᠭᠠᠳᠠᠨ᠎ᠠ᠂ ᠪᠠᠰᠠ ᠲᠠᠷᠢᠶᠠᠨ ᠭᠠᠵᠠᠷ᠎ᠤ᠋ᠨ ᠲᠠᠯᠠᠪᠠᠢ᠎ᠶ᠋ᠢ ᠬᠡᠮᠵᠢᠬᠦ᠂ ᠮᠠᠨᠵᠢᠨ ᠵᠡᠷᠭᠡ ᠢᠳᠡᠰᠢᠨ ᠨᠣᠭᠣᠭ᠎ᠠ᠎ᠶ᠋ᠢᠨ ᠤᠷᠭᠤᠮᠠᠯ᠎ᠤ᠋ᠨ ᠪᠦᠲᠦᠴᠡ᠎ᠶ᠋ᠢ ᠲᠠᠨᠢᠬᠤ᠂ ᠢᠳᠡᠰᠢᠨ ᠨᠤᠭᠤᠭᠠᠨ᠎ᠤ ᠭᠣᠣᠯ ᠰᠡᠳᠦᠪᠲᠦ ᠵᠢᠷᠤᠭ ᠵᠢᠷᠤᠬᠤ᠂ ᠲᠠᠬᠢᠶ᠎ᠠ ᠭᠠᠯᠠᠭᠤ ᠲᠠᠤᠯᠠᠢ ᠮᠡᠲᠦᠰᠢ᠋ ᠲᠠᠨᠢᠬᠤ ᠵᠡᠷᠭᠡ ᠡᠯᠪᠡᠭ ᠠᠭᠤᠯᠭᠠᠳᠤᠬᠢᠷᠠᠭᠤᠯᠵᠤ᠂ ᠰᠤᠷᠤᠭᠴᠢᠳ᠎ᠤ᠋ᠨ ᠰᠣᠨᠢᠭᠤᠴᠢ ᠰᠡᠳᠬᠢᠯ ᠪᠠ ᠮᠡᠳᠡᠯᠭᠡ ᠬᠥᠭᠡᠭᠡᠴᠡᠯᠳᠦᠬᠦ ᠤᠷᠮ᠎ᠠ ᠵᠢ ᠭᠦᠢᠴᠡᠳ ᠳᠠᠢᠴᠢᠯᠠᠵᠤ᠂ ᠢᠯᠭᠠᠨ ᠲᠠᠨᠢᠵᠤ ᠵᠠᠪᠳᠤᠨ ᠬᠠᠷᠢᠭᠤᠯᠬᠤ ᠪᠠᠶᠠᠷ ᠬᠥᠷᠲᠡᠢ ᠠᠭᠤᠷ ᠠᠮᠢᠰᠬᠤᠯ ᠳᠤᠮᠳᠠ ᠰᠤᠷᠤᠭᠴᠢᠳ᠎ᠤ᠋ᠨ ᠮᠡᠳᠡᠯᠭᠡ᠎ᠶ᠋ᠢ ᠥᠷᠭᠡᠳᠬᠡᠵᠡᠢ᠃
ᠡᠨᠡ ᠤᠳᠠᠭᠠᠨ᠎ᠤ ᠦᠢᠯᠡᠳᠦᠯᠭᠡ᠎ᠶ᠋ᠢᠨ ᠬᠢᠴᠢᠶᠡᠯ ᠪᠣᠯ ᠨᠢᠭᠡ ᠪᠦᠷᠢᠨ ᠪᠦᠲᠦᠨ ᠬᠡᠯᠬᠢᠶ᠎ᠡ ᠪᠣᠯᠤᠨ᠎ᠠ᠃ ᠲᠠᠷᠢᠶᠠᠨ ᠭᠠᠵᠠᠷ᠎ᠲᠤ ᠮᠠᠨᠵᠢᠨ ᠲᠡᠭᠦᠬᠦ ᠡᠴᠡ ᠰᠢᠨᠵᠢᠯᠡᠬᠦ ᠤᠬᠠᠭᠠᠨ᠎ᠤ᠋ ᠠᠵᠢᠭᠯᠠᠯᠲᠠ ᠪᠠ ᠲᠣᠭᠠᠨᠤ᠋ ᠤᠬᠠᠭᠠᠨ᠎ᠤ᠋ ᠲᠥᠰᠦᠭᠡᠯᠡᠯ ᠬᠢᠬᠦ ᠂ ᠳᠠᠬᠢᠭᠠᠳ ᠭᠠᠷ ᠬᠦᠳᠡᠯᠦᠨ ᠲᠠᠪᠤᠰᠤᠯᠠᠬᠤ ᠬᠦᠷᠲᠡᠯ᠎ᠡ᠂ ᠡᠴᠦᠰ᠎ᠲᠦ᠍ ᠪᠤᠷᠤᠲᠤᠬᠤᠢ᠎ᠶ᠋ᠢᠨ ᠣᠨᠴᠠᠯᠢᠭᠲᠤ ᠤᠯᠠᠭᠠᠨ ᠨᠣᠭᠣᠭ᠎ᠠ ᠳᠠᠷᠤᠵᠤ ᠂ ᠬᠡᠦᠬᠡᠳᠦ᠋ᠳᠲᠦ᠍ ᠪᠣᠷᠣᠲᠣᠬᠣᠢ᠎ᠶᠢᠨ ᠣᠷᠣᠨ ᠳ᠋ᠤ ᠦᠶ᠎ᠡ ᠵᠢᠨ ᠦᠶ᠎ᠡ ᠤᠯᠠᠮᠵᠢᠯᠠᠭᠳᠠᠭᠰᠠᠨ ᠳᠠᠷᠤᠭᠰᠠᠨ ᠤᠯᠠᠭᠠᠨ ᠨᠣᠭᠣᠭ᠎ᠠ᠎ᠶᠢᠨ ᠤᠯᠠᠮᠵᠢᠯᠠᠯᠲᠤ ᠮᠡᠷᠭᠡᠵᠢᠯ᠎ᠢ᠋ ᠣᠢᠯᠠᠭᠠᠭᠤᠯᠵᠤ᠂ ᠪᠣᠷᠣᠲᠣᠬᠣᠢ ᠶ᠋ᠢᠨ ᠬᠥᠳᠡᠯᠮᠦᠷᠢᠴᠢᠨ ᠲᠦᠮᠡᠨ᠎ᠦ᠌ ᠲᠤᠬᠠᠢ᠎ᠶ᠋ᠢᠨ ᠭᠠᠵᠠᠷ᠎ᠲᠠᠭᠠᠨ ᠵᠤᠬᠢᠴᠠᠨ ᠠᠮᠢᠳᠤᠷᠠᠬᠤ ᠣᠶᠤᠨ ᠤᠬᠠᠭᠠᠨ ᠢ᠋ ᠮᠡᠳᠡᠷᠡᠭᠦᠯᠬᠦ ᠪᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃