ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2025-11-10 11:08:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠯᠠᠱᠠ ᠠᠢᠮᠠᠭ᠎ᠤᠨ ᠠᠩᠬᠠᠳᠤᠭᠠᠷ ᠬᠤᠭᠤᠴᠠᠭᠠᠨ᠎ᠤ ᠰᠤᠷᠤᠭ᠍ᠴᠢᠳ᠎ᠤᠨ ᠬᠥᠳᠡᠯᠮᠦᠷᠢ ᠮᠡᠷᠭᠡᠵᠢᠯ᠎ᠤᠨ ᠤᠷᠤᠯᠳᠤᠭᠠᠨ ᠦᠢᠷ᠎ᠠ᠎ᠳᠤ ᠠᠯᠠᠱᠠ ᠵᠡᠭᠦᠨ ᠬᠤᠱᠢᠭᠤᠨ᠎ᠤ ᠬᠤᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠪᠠ᠃ ᠤᠷᠤᠯᠳᠤᠭᠠᠨ᠎ᠳ᠋ᠤ ᠰᠤᠷᠤᠭᠴᠢᠳ᠎ᠤᠨ ᠨᠠᠰᠤᠨ᠎ᠤ ᠣᠨᠴᠠᠯᠢᠭ᠎ᠲᠤ᠎ᠳᠤᠬᠢᠷᠠᠭᠤᠯᠤᠨ᠂ ᠭᠤᠷᠪᠠᠳᠤᠭᠠᠷ ᠣᠨ᠎ᠠᠴᠠ ᠶᠢᠰᠦᠳᠦᠭᠡᠷ ᠣᠨ ᠬᠦᠷᠲᠡᠯᠡᠬᠢ ᠰᠤᠷᠤᠭ᠍ᠴᠢᠳ᠎ᠤᠨ ᠱᠠᠬᠠᠢ᠎ᠶ᠋ᠢᠨ ᠪᠣᠭᠤᠳᠠᠭ ᠤᠶᠠᠬᠤ᠂ ᠨᠤᠭᠤᠭ᠎ᠠ ᠵᠠᠭᠤᠰᠢ ᠪᠡᠯᠡᠳᠭᠡᠬᠦ᠂ ᠲᠡᠷᠭᠡᠨ᠎ᠤ ᠪᠤᠯᠤ ᠨᠥᠬᠦᠬᠦ᠌ ᠵᠡᠷᠭᠡ ᠠᠮᠢᠳᠤᠷᠠᠯ᠎ᠲᠠᠢ ᠬᠤᠯᠪᠤᠭ᠍ᠳᠠᠬᠤ ᠮᠡᠷᠭᠡᠵᠢᠯ᠎ᠤᠨ ᠵᠦᠢᠯ᠎ᠢ ᠲᠣᠬᠢᠷᠠᠭᠤᠯᠪᠠ᠃ ᠣᠢᠯᠠᠭᠠᠭ᠍ᠰᠠᠨ᠎ᠢᠶᠠᠷ᠂ ᠤᠷᠤᠯᠳᠤᠭᠠᠨ᠎ᠤ ᠲᠤᠬᠠᠢ᠎ᠶ᠋ᠢᠨ ᠲᠠᠯᠠᠪᠠᠢ᠎ᠳᠤ ᠬᠥᠳᠡᠯᠮᠦᠷᠢ᠎ᠶ᠋ᠢᠨ ᠦᠷ᠎ᠡ ᠪᠦᠲᠦᠭᠡᠯ᠎ᠤᠨ ᠦᠵᠡᠭᠦᠯᠭᠡ᠎ᠶ᠋ᠢᠨ ᠲᠣᠭᠤᠷᠢᠭ ᠲᠤᠬᠢᠷᠠᠭᠤᠯᠵᠦ᠍᠂ ᠰᠤᠷᠤᠭ᠍ᠴᠢᠳ᠎ᠤᠨ ᠤᠷᠤᠯᠳᠤᠭᠠᠨ᠎ᠳᠤ ᠤᠷᠤᠯᠴᠠᠭ᠍ᠰᠠᠨ ᠪᠦᠳᠦᠭᠡᠯ᠎ᠢ ᠳᠡᠯᠭᠡᠨ ᠦᠵᠡᠭᠦᠯᠦᠭᠰᠡᠨ ᠪᠦᠭᠡᠳ ᠱᠠᠩᠨᠠᠯ ᠣᠯᠣᠭ᠍ᠰᠠᠨ ᠰᠤᠷᠤᠭ᠍ᠴᠢᠳ ᠣᠯᠣᠯᠲᠠ ᠲᠥᠷᠥᠭ᠌ᠳᠡᠯ᠎ᠢᠶᠠᠨ ᠬᠤᠪᠢᠶᠠᠯᠴᠠᠨ᠂ ᠬᠥᠳᠡᠯᠮᠦᠷᠢ᠎ᠶ᠋ᠢᠨ ᠥᠷᠲᠡᠭ᠎ᠢ ᠤᠯᠠᠨ᠎ᠳᠤ ᠮᠡᠳᠡᠷᠡᠭᠦᠯᠵᠦ᠍᠂ ᠮᠡᠷᠭᠡᠵᠢᠯ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠬᠦᠴᠦ᠍ ᠬᠦᠯᠦᠰᠦ ᠭᠠᠷᠭᠠᠬᠤ᠂ ᠲᠠᠪᠳᠠᠨ ᠪᠤᠯᠪᠠᠰᠤᠷᠠᠬᠤ᠂ ᠡᠷᠴᠢ ᠵᠤᠷᠢᠭ᠎ᠢᠶᠠᠨ ᠬᠠᠲᠠᠭᠤᠵᠢᠭᠤᠯᠬᠤ᠎ᠵᠢᠡ ᠴᠢᠬᠤᠯᠠ ᠴᠢᠨᠠᠷ ᠢ᠋ ᠲᠠᠨᠢᠭᠤᠯᠪᠠ᠃


QQ20251110-105505.png


ᠲᠡᠮᠦᠷ ᠬᠠᠢᠷᠴᠠᠭ ᠬᠢᠨ᠎ᠡ


QQ20251110-105514.png


ᠴᠠᠭᠠᠰᠤᠨ ᠬᠠᠢᠴᠢᠯᠠᠮᠠᠯ ᠬᠠᠢᠴᠢᠯᠠᠨ᠎ᠠ


ᠴᠡᠯᠡᠭᠡᠷ ᠬᠠᠨ ᠸᠧᠢ ᠰᠡᠭᠦᠳᠡᠷᠯᠡᠨ ᠮᠡᠳᠡᠭᠡᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面