ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-04-22 15:49:07

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠯᠤᠰ᠎ᠤᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠣᠷᠣᠨ ᠎ᠤ ᠲᠥᠪ ᠎ᠦᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠴᠢᠳᠠᠪᠤᠷᠢᠲᠠᠨ᠎ᠤ ᠲᠤᠯᠭᠠᠭᠤᠷᠢᠯᠠᠯ ᠎ᠢ ᠪᠠᠳᠤᠳᠬᠠᠵᠤ ᠂ ᠰᠤᠷᠭᠠᠨ ᠬᠥᠮᠦᠵᠢᠯ᠎ᠦᠨ ᠠᠵᠢᠯᠲᠠᠳ᠎ᠤᠨ ᠲᠣᠭᠠᠴᠢᠯᠠᠭᠰᠠᠨ ᠬᠡᠪ ᠪᠣᠯᠪᠠᠰᠤᠷᠠᠯ ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠥᠯᠥᠭᠡ ᠬᠥᠬᠡᠬᠣᠲᠠ᠎ᠶᠢᠨ ᠰᠤᠷᠭᠠᠨ ᠬᠥᠮᠦᠵᠢᠯ ᠎ᠦᠨ ᠦᠢᠯᠡᠰ ᠎ᠦᠨ ᠬᠥᠭᠵᠢᠯᠲᠡ᠎ᠶᠢᠨ ᠲᠥᠪ ᠎ᠤᠨ ᠬᠢᠨ 《ᠲᠣᠭᠠᠴᠢᠯᠠᠭᠰᠠᠨ ᠤᠶᠤᠨᠴᠢ ᠰᠤᠷᠭᠠᠨ ᠬᠥᠮᠦᠵᠢᠯ ᠎ᠦᠨ ᠬᠢᠴᠢᠶᠡᠯ᠎ᠦᠨ ᠲᠠᠩᠬᠢᠮ 》 ᠤ᠋ᠨ ᠠᠩᠬᠠᠳᠠᠭᠴᠢ ᠬᠤᠭᠤᠴᠠᠭᠠᠨ᠎ᠤ ᠠᠵᠢᠯᠯᠠᠭ᠎ᠠ᠎ᠶᠢ ᠬᠦᠬᠡᠬᠤᠳᠠ ᠵᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠷᠦ ᠢ ᠰᠤᠷᠭᠠᠭᠤᠯᠢ᠎ᠶᠢᠨ ᠲᠣᠭᠣᠷᠢᠭ᠋ ᠎ᠲᠤ ᠠᠮᠵᠢᠯᠲᠠ᠎ᠲᠠᠢ ᠡᠷᠬᠢᠯᠡᠵᠡᠢ᠃

《ᠳᠤᠭᠠᠴᠢᠯᠠᠭᠰᠠᠨ ᠤᠶᠤᠨᠴᠢ ᠰᠤᠷᠭᠠᠨ ᠬᠥᠮᠦᠵᠢᠯ ᠎ᠤᠨ ᠬᠢᠴᠢᠶᠡᠯ᠎ᠦᠨ ᠲᠠᠩᠬᠢᠮ》 ᠪᠣᠯ ᠬᠦᠬᠡᠬᠤᠳᠠ᠎ᠶᠢᠨ ᠰᠤᠷᠭᠠᠨ ᠬᠥᠮᠦᠵᠢᠯ ᠎ᠦᠨ ᠦᠢᠯᠡᠰ ᠎ᠦᠨ ᠬᠥᠭᠵᠢᠯᠲᠡ᠎ᠶᠢᠨ ᠲᠥᠪ᠎ᠦᠨ ᠡᠭᠦᠳᠦᠭᠰᠡᠨ ᠳᠤᠭᠠᠴᠢᠯᠠᠭᠰᠠᠨ ᠰᠤᠷᠭᠠᠨ ᠬᠥᠮᠦᠵᠢᠯ ᠎ᠦᠨ ᠨᠠᠷᠠᠲᠤ ᠲᠦᠷᠦᠯ ᠲᠡᠮᠳᠡᠭ ᠪᠣᠯᠣᠨ᠎ᠠ᠃ ᠪᠥᠬᠥ ᠬᠣᠲᠠ ᠎ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠎ᠦᠨ ᠴᠡᠴᠡᠷᠯᠢᠭ᠎ᠦᠨ ᠪᠠᠭ᠍ᠰᠢ᠂ ᠰᠤᠷᠭᠠᠨ ᠬᠥᠮᠦᠵᠢᠯ᠎ᠦᠨ ᠬᠠᠮᠢᠶᠠᠷᠤᠭ᠍ᠴᠢ ᠬᠢᠭᠡᠳ ᠵᠢᠭᠠᠨ ᠰᠤᠳᠤᠯᠬᠤ ᠠᠵᠢᠯᠲᠠᠨ᠎ᠳᠤ ᠬᠠᠨᠳᠤᠭᠤᠯᠤᠨ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠂ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ᠂ ᠦᠢᠯᠡᠳᠦᠯᠭᠡ᠎ᠶᠢᠨ ᠴᠢᠳᠠᠪᠤᠷᠢ᠎ᠶᠢ ᠨᠢᠭᠡ ᠴᠣᠭᠴᠠᠵᠢᠭᠤᠯᠤᠭᠰᠠᠨ ᠣᠷᠣᠨ ᠪᠦᠰᠡ᠎ᠶᠢᠨ ᠴᠢᠨᠠᠷᠲᠠᠢ ᠶᠡᠷᠦᠩᠬᠡᠢᠯᠡᠭᠰᠡᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠣᠷᠣᠨ ᠎ᠤ ᠲᠥᠪ᠎ᠦᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠳᠡᠢᠰᠢ ᠬᠡᠯᠪᠡᠷᠢ ᠎ᠪᠠᠨ ᠬᠤᠪᠢᠷᠠᠭᠤᠯᠬᠤ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠂ ᠦᠢᠯᠡᠳᠦᠯᠭᠡ᠎ᠶᠢᠨ ᠣᠶᠤᠨ ᠎ᠤ ᠬᠥᠮᠥᠷᠭᠡ ᠬᠢᠭᠡᠳ ᠰᠣᠯᠢᠯᠴᠠᠭᠠᠨ᠎ᠤ ᠬᠥᠭᠥᠷᠭᠡ ᠬᠤᠯᠪᠤᠭᠠᠰᠤ ᠪᠤᠯᠵᠤ ᠪᠠᠢᠨ᠎ᠠ᠃

ᠲᠣᠰ ᠤᠳᠠᠭᠠᠨ᠎ᠤ ᠬᠢᠴᠢᠶᠡᠯ ᠎ᠦᠨ ᠲᠠᠩᠬᠢᠮ ᠎ᠳᠤ ᠪᠡᠭᠡᠵᠢᠩ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠮᠡᠷᠭᠡᠵᠢᠯ᠎ᠦᠨ ᠰᠠᠯᠪᠤᠷᠢ᠎ᠶᠢᠨ ᠡᠷᠬᠢᠯᠡᠭᠴᠢ᠂ ᠳ᠋ᠣᠺᠲ᠋ᠣᠷᠠᠨᠲ ᠎ᠤᠨ ᠵᠢᠯᠣᠭᠣᠳᠤᠭ᠍ᠴᠢ ᠪᠠᠭ᠍ᠰᠢ ᠵᠢᠶᠠ ᠵᠢᠢ ᠶᠢᠦ ᠫᠷᠤᠹᠸᠰᠰᠤᠷ ᠢ᠋ ᠲᠤᠰᠬᠠᠢᠯᠠᠨ ᠤᠷᠢᠵᠤ᠂ 《ᠵᠣᠬᠢᠶᠠᠮᠠᠯ ᠤᠶᠤᠨ ᠴᠢᠳᠠᠪᠤᠷᠢ ᠪᠡᠷ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ ᠳ᠋ᠤ ᠴᠢᠳᠠᠪᠤᠷᠢ ᠤᠯᠭᠤᠬᠤ》 ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠵᠡᠢ᠃ ᠪᠦᠬᠦ ᠬᠤᠳᠠ᠎ᠶᠢᠨ 260 ᠭᠠᠷᠤᠢ ᠰᠤᠷᠭᠠᠨ ᠬᠥᠮᠦᠵᠢᠯ᠎ᠦᠨ ᠬᠠᠮᠢᠶᠠᠷᠤᠭ᠍ᠴᠢ᠂ ᠭᠣᠣᠯᠯᠠᠭ᠍ᠴᠢ ᠪᠠᠭ᠍ᠰᠢ ᠨᠠᠷ ᠲᠤᠬᠠᠢ᠎ᠶᠢᠨ ᠲᠠᠯᠠᠪᠠᠢ᠎ᠳᠤ ᠪᠣᠯᠪᠠᠰᠤᠷᠠᠯ᠎ᠳᠤ ᠣᠷᠣᠯᠴᠠᠪᠠ᠃ ᠲᠠᠢᠯᠤᠮᠵᠢ ᠨᠢ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ᠎ᠶᠢᠨ ᠪᠠᠢᠳᠠᠯ᠂ ᠰᠤᠷᠭᠠᠨ ᠬᠥᠮᠦᠵᠢᠯ᠎ᠦᠨ ᠪᠥᠬᠥ ᠲᠠᠯᠠᠪᠤᠷ᠎ᠤᠨ ᠭᠦᠨᠵᠡᠭᠡᠢ ᠬᠡᠷᠡᠭᠯᠡᠯᠲᠡ᠂ ᠢᠷᠡᠭᠡᠳᠦᠢ᠎ᠶᠢᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠬᠠᠨᠳᠤᠰᠢ ᠵᠡᠷᠭᠡ ᠭᠤᠷᠪᠠᠨ ᠶᠡᠬᠡ ᠭᠣᠣᠯᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠣᠶᠤᠨᠴᠢ ᠮᠡᠷᠭᠡᠵᠢᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠭᠤᠰᠤᠯᠴᠠᠯ᠎ᠤᠨ ᠠᠷᠭ᠎ᠠ ᠵᠠᠮ᠎ᠢ ᠰᠢᠰᠲᠧᠮ᠎ᠲᠠᠢ ᠲᠣᠳᠣᠷᠬᠠᠢᠯᠠᠨ ᠲᠠᠢᠯᠪᠤᠷᠢᠯᠠᠵᠤ᠂ ᠪᠥᠬᠥ ᠬᠣᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠯᠲᠠ᠎ᠳᠡᠢᠰᠢ ᠬᠡᠯᠪᠡᠷᠢ᠎ᠪᠠᠨ ᠬᠤᠪᠢᠷᠠᠭᠤᠯᠬᠤ ᠬᠢᠭᠡᠳ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠣᠨᠣᠯ᠎ᠤᠨ ᠵᠢᠯᠣᠭᠣᠳᠤᠯᠭ᠎ᠠ ᠪᠠ ᠦᠢᠯᠡᠳᠦᠯᠭᠡ᠎ᠶᠢᠨ ᠲᠥᠰᠥᠯ ᠬᠠᠩᠭᠠᠭᠰᠠᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面