ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-04-24 10:51:38

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 2026 ᠣᠨ᠎ᠤ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠡᠬᠢ ᠬᠤᠪᠢᠶᠠᠷᠢ ᠰᠤᠷᠭᠠᠭᠤᠯᠢ᠎ᠳᠤ ᠶᠠᠪᠤᠬᠳᠠᠪᠠ᠃ ᠤᠷᠤᠯᠳᠤᠭᠠᠨ ᠨᠢ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ ᠎ᠢ ᠭᠦᠨᠵᠡᠭᠡᠢ ᠦᠢᠯᠡᠳᠦᠯᠭᠡᠵᠢᠭᠦᠯᠵᠦ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠵᠢ ᠵᠤᠷᠢᠪᠠ᠃

ᠲᠣᠰ ᠤᠳᠠᠭᠠᠨ ᠎ᠤ ᠤᠷᠤᠯᠳᠤᠭᠠᠨ᠎ᠳᠤ ᠨᠡᠶ᠋ᠢᠲᠡ 63 ᠪᠦᠯᠬᠦᠮ᠂ 742 ᠲᠠᠮᠢᠷᠴᠢᠨ᠎ᠤᠷᠤᠯᠴᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠵᠡᠷᠭᠡ ᠭᠤᠷᠪᠠᠨ ᠳᠤᠭᠤᠢᠯᠠᠩ ᠬᠤᠪᠢᠶᠠᠵᠠᠢ᠂ ᠡᠭᠦᠨ᠎ᠳᠦ ᠪᠠᠭ᠎ᠠ ᠰᠤᠷᠭᠠᠭᠤᠯᠢ᠎ᠶᠢᠨ ᠳᠤᠭᠤᠢᠯᠠᠩ ᠳ᠋ᠤ 30 ᠪᠦᠯᠬᠦᠮ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ ᠳ᠋ᠤ 17 ᠪᠦᠯᠬᠦᠮ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠎ᠶᠢᠨ ᠳᠤᠭᠤᠢᠯᠠᠩ ᠳ᠋ᠤ16 ᠪᠦᠯᠬᠦᠮ ᠤᠷᠤᠯᠴᠠᠵᠤ᠂ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ ᠵᠢᠨ ᠬᠢᠨ ᠢᠳᠡᠪᠬᠢᠳᠡᠢ ᠤᠷᠤᠯᠴᠠᠵᠤ᠂ ᠤᠷᠤᠯᠳᠤᠭᠠᠨ᠎ᠤ ᠬᠡᠪᠴᠢᠶ᠎ᠠ ᠵᠢᠨ ᠰᠢᠨ᠎ᠡ ᠳᠡᠮᠳᠡᠭᠯᠡᠯ᠎ᠢ ᠡᠬᠦᠳᠪᠡ᠃ ᠲᠤᠰ ᠤᠳᠠᠭ᠎ᠠ᠎ᠶᠢᠨ ᠤᠷᠤᠯᠳᠤᠭᠠᠨ ᠨᠢ ᠪᠦᠬᠦ ᠬᠤᠳᠠ᠎ᠶᠢᠨ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠠᠵᠢᠯ᠎ᠤᠨ ᠦᠷ᠎ᠡ ᠪᠦᠲᠦᠭᠡᠯ ᠎ᠢ ᠲᠥᠪᠯᠡᠷᠡᠭᠦᠯᠦᠨ ᠰᠢᠯᠭᠠᠨ ᠦᠵᠡᠬᠦ ᠵᠢᠨ ᠳᠠᠭᠠᠤ ᠵᠠᠯᠠᠭᠤᠴᠤᠳ ᠪᠠᠭᠠᠴᠤᠳ᠎ᠤᠨ ᠵᠣᠷᠢᠭ᠋ ᠰᠠᠨᠠᠭ᠎ᠠ ᠵᠠᠩ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠪᠦᠯᠬᠦᠮ ᠨᠡᠶ᠋ᠢᠲᠡ᠎ᠶᠢᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠂ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠰᠢᠯᠢᠳᠡᠭ ᠲᠠᠪᠴᠠᠩ᠎ᠢ ᠪᠠᠢᠭᠤᠯᠪᠠ᠃ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠥᠮᠥᠨ ᠪᠦᠬᠦᠨ ᠪᠡᠶ᠎ᠡ᠎ᠶᠢᠨ ᠲᠠᠮᠢᠷ᠎ᠲᠤ ᠣᠷᠣᠯᠴᠠᠵᠤ᠂ ᠬᠥᠮᠥᠨ ᠪᠦᠬᠦᠨ ᠡᠷᠡᠭᠦᠯ ᠴᠢᠭᠢᠷᠠᠭ᠎ᠢ ᠡᠳ᠋ᠯᠡᠬᠦ》 ᠬᠦᠨ ᠵᠤᠵᠠᠭᠠᠨ ᠠᠭᠤᠷ ᠠᠮᠢᠰᠬᠤᠯ᠎ᠢ ᠪᠦᠬᠦ ᠬᠦᠴᠦᠨ᠎ᠢᠶᠡᠷ᠎ᠢᠶᠡᠨ ᠪᠤᠢ ᠪᠣᠯᠭᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠳᠤᠮᠳᠠ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠵᠤ᠂ ᠢᠳᠡᠷᠡᠭᠦᠨ᠎ᠢᠶᠡᠷ ᠦᠰᠦᠨ ᠪᠣᠢᠵᠢᠬᠤ᠎ᠳᠤ ᠬᠦᠴᠦ ᠨᠡᠮᠡᠷᠢᠯᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面