ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-03-16 17:12:44

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ ᠎ᠶᠢᠨ ᠬᠦᠷᠢᠶᠡᠯᠡᠩ᠎ᠡᠴᠡ ᠣᠢᠯᠠᠭᠠᠭᠰᠠᠨ᠎ᠢᠶᠠᠷ᠂ 2026 ᠣᠨ᠎ᠤ ᠥᠪᠥᠷ ᠮᠣᠩᠭᠣᠯ ᠎ᠤᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ ᠎ᠦ ᠰᠢᠯᠭᠠᠯᠲᠠ᠎ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ᠎ᠶᠢᠨ 12᠎ᠤ᠋ᠨ ᠡᠳᠦᠷ᠎ᠡᠴᠡ 3 ᠰᠠᠷ᠎ᠠ᠎ᠶᠢᠨ 26᠎ᠤ᠋ ᠡᠳᠦᠷ ᠪᠤᠯᠳᠠᠯ᠎ᠠ ᠶᠠᠪᠤᠭᠳᠠᠨ᠎ᠠ᠃ ᠥᠪᠥᠷ ᠮᠣᠩᠭᠣᠯ᠎ᠤᠨ 2026 ᠣᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠤ ᠰᠢᠯᠭᠠᠯᠲᠠ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ᠎ᠳ᠋ᠤ ᠳᠠᠪᠰᠢᠬᠤ ᠰᠢᠯᠭᠠᠯᠲᠠ)᠂ ᠲᠠᠪᠤᠨ ᠵᠢᠯ᠎ᠦᠨ ᠳᠦᠷᠢᠮᠲᠦ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ (3+2 ) ᠵᠢᠨ ᠰᠣᠷᠣᠭ᠍ᠴᠢ ᠡᠯᠰᠡᠬᠦ᠎ᠳᠦ ᠣᠷᠣᠯᠴᠠᠬᠤ ᠰᠢᠯᠭᠠᠭᠤᠯᠤᠭ᠍ᠴᠢ ᠪᠠ ᠨᠠᠢ᠍ᠮᠠᠳᠤᠭᠠᠷ ᠣᠨ (ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠣᠶᠠᠳᠤᠭᠠᠷ ) ᠤ᠋ ᠰᠢᠯᠭᠠᠭᠤᠯᠤᠭ᠍ᠴᠢ ᠪᠦᠬᠦᠨ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷ ᠬᠦᠢᠴᠡᠳᠬᠡᠯ ᠬᠢᠨ᠎ᠡ᠃

ᠨᠡᠷ᠎ᠡ ᠮᠡᠳᠡᠭᠦᠯᠬᠦ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ ᠮᠡᠳᠡᠭᠡ ᠵᠠᠩᠭᠢ ᠶ᠋ᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠬᠡᠮ ᠢ᠋ ᠬᠢᠨᠠᠨ ᠪᠠᠢᠴᠠᠭᠠᠬᠤ ᠵᠡᠷᠭᠡ ᠭᠤᠷᠪᠠᠨ ᠠᠯᠬᠤᠮ ᠵᠢᠡᠷ ᠶᠠᠪᠤᠭᠳᠠᠨ᠎ᠠ᠃ ᠰᠢᠯᠭᠠᠭᠤᠯᠤᠭ᠍ᠴᠢ ᠲᠣᠭᠲᠠᠭᠰᠠᠨ ᠴᠠᠭ᠎ᠲᠤ 《ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ(https://www.nm.zsks.cn)ᠳ᠋ᠤ ᠭᠠᠷᠴᠤ ᠨᠡᠷ᠎ᠡ ᠮᠡᠳᠡᠭᠦᠯᠬᠦ ᠰᠢᠰᠲᠧᠮ᠎ᠵᠢᠡᠷ ᠨᠡᠷ᠎ᠡ ᠮᠡᠳᠡᠭᠦᠯᠵᠦ᠂ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠣᠨᠣᠪᠴᠢᠲᠠᠶ ᠲᠠᠭᠯᠠᠨ᠎ᠠ᠃ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠤᠷᠤᠭᠤ ᠦᠭᠡᠢ ᠪᠠᠢᠬᠤ ᠵᠢ ᠨᠤᠲᠠᠯᠠᠭᠰᠠᠨ᠎ᠤ ᠳᠠᠷᠠᠭ᠎ᠠ᠂ ᠥᠪᠡᠷ ᠵᠢᠡᠨ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》ᠪᠠᠨ ᠳᠠᠷᠤᠮᠠᠯᠯᠠᠨ᠎ᠠ᠃ ᠰᠢᠯᠭᠠᠭᠤᠯᠤᠭ᠍ᠴᠢ᠎ᠶᠢᠨ ᠪᠠᠢᠭ᠎ᠠ ᠰᠤᠷᠭᠠᠭᠤᠯᠢ (ᠰᠤᠷᠭᠠᠭᠤᠯᠢ᠎ᠳᠤ ᠪᠠᠢᠭ᠎ᠠ ᠰᠣᠷᠣᠭ᠍ᠴᠢ) ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ(ᠨᠡᠢᠭᠡᠮ᠎ᠦᠨ ᠰᠢᠯᠭᠠᠭᠤᠯᠤᠭ᠍ᠴᠢ) ᠨᠡᠷ᠎ᠡ ᠮᠡᠳᠡᠭᠦᠯᠦᠭᠰᠡᠨ ᠰᠢᠯᠭᠠᠭᠤᠯᠤᠭ᠍ᠴᠢ ᠎ᠶᠢ ᠬᠢᠨᠠᠮᠠᠭᠠᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》 ᠵᠢᠨ ᠬᠠᠷᠠᠭᠠᠯᠵᠠᠭᠰᠠᠨ ᠪᠤᠯᠤᠩ ᠎ᠳᠤ 《ᠪᠠᠢᠳᠠᠯ ᠨᠢ ᠦᠨᠡᠨ ᠪᠤᠳᠠᠳᠠᠢ ᠪᠠᠢᠵᠤ᠂ ᠨᠡᠷ᠎ᠡ ᠮᠡᠳᠡᠭᠦᠯᠬᠦ᠎ᠶᠢ ᠵᠥᠪᠰᠢᠶᠡᠷᠡᠨ᠎ᠡ》 ᠭᠡᠰᠡᠨ ᠴᠣᠬᠣᠯᠠᠪᠤᠷᠢ ᠪᠢᠴᠢᠵᠦ ᠦᠭᠬᠦ᠎ᠶᠢᠨ ᠬᠠᠮᠲᠤ ᠠᠯᠪᠠᠨ ᠲᠠᠮᠠᠭ᠎ᠠ ᠳᠠᠷᠤᠨ᠎ᠠ᠃ ᠰᠤᠷᠭᠠᠭᠤᠯᠢ᠎ᠳᠤ ᠪᠠᠢᠭ᠎ᠠ ᠰᠣᠷᠣᠭ᠍ᠴᠢᠳ ᠬᠣᠶᠠᠳᠤᠭᠠᠷ ᠦᠶ᠎ᠡ᠎ᠶᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠪᠠ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》ᠵᠢ ᠠᠩᠭᠢ᠎ᠪᠠᠷ ᠨᠢᠭᠡᠴᠢ ᠪᠣᠯᠭᠠᠨ ᠪᠠᠢᠭ᠎ᠠ ᠰᠤᠷᠭᠠᠭᠤᠯᠢ ᠎ᠳᠤ ᠲᠤᠰᠢᠶᠠᠵᠤ᠂ ᠰᠤᠷᠭᠠᠭᠤᠯᠢ ᠠ᠋ᠴᠠ ᠨᠢᠭᠡᠳᠦᠯᠲᠡᠢ᠎ᠪᠡᠷ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠲᠤᠰᠢᠶᠠᠵᠤ ᠰᠢᠯᠭᠠᠭᠤᠯᠤᠭ᠍ᠴᠢ᠎ᠶᠢᠨ ᠮᠡᠳᠡᠭᠡ ᠵᠠᠩᠭᠢ᠎ᠶᠢ ᠨᠤᠲᠠᠯᠠᠭᠤᠯᠤᠨ᠎ᠠ; ᠨᠡᠢᠭᠡᠮ᠎ᠦᠨ ᠰᠢᠯᠭᠠᠭᠤᠯᠤᠭ᠍ᠴᠢ ᠲᠣᠰ ᠬᠥᠮᠥᠨ᠎ᠦ ᠬᠣᠶᠠᠳᠤᠭᠠᠷ ᠦᠶ᠎ᠡ᠎ᠶᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠪᠠ 《ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ》 ᠪᠡᠨ ᠠᠪᠴᠤ᠂ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠬᠦᠷᠴᠦ ᠲᠤᠬᠠᠢ᠎ᠶᠢᠨ ᠲᠠᠯᠠᠪᠤᠷ᠎ᠲᠤ᠌ ᠮᠡᠳᠡᠭᠡ ᠵᠠᠩᠭᠢ᠎ᠪᠠᠨ ᠨᠤᠳᠠᠯᠠᠭᠤᠯᠤᠨ᠎ᠠ᠃ ᠰᠤᠷᠭᠠᠭᠤᠯᠢ᠎ᠳᠤ ᠪᠠᠢᠭ᠎ᠠ ᠰᠣᠷᠣᠭ᠍ᠴᠢ ᠪᠠ ᠨᠡᠢᠭᠡᠮ᠎ᠦᠨ ᠰᠢᠯᠭᠠᠭᠤᠯᠤᠭ᠍ᠴᠢ ᠴᠥᠮ ᠲᠤᠬᠠᠢ ᠎ᠶᠢᠨ ᠲᠠᠯᠠᠪᠤᠷ᠎ᠲᠤ ᠰᠢᠯᠭᠠᠭᠤᠯᠤᠭ᠍ᠴᠢ᠎ᠶᠢᠨ ᠬᠡᠷᠡᠯ ᠵᠢᠷᠤᠭ ᠵᠢᠡᠨ ᠴᠤᠭᠯᠠᠭᠤᠯᠤᠨ᠎ᠠ᠃ ᠨᠡᠷ᠎ᠡ ᠮᠡᠳᠡᠭᠦᠯᠵᠦ ᠳᠠᠭᠤᠰᠤᠭᠰᠠᠨ ᠎ᠤ ᠳᠠᠷᠠᠭ᠎ᠠ᠂ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ ᠨᠢ ᠬᠠᠷᠢᠶ᠎ᠠ ᠬᠣᠰᠢᠭᠤ ᠰᠢᠶᠠᠨ᠎ᠤ ᠰᠢᠯᠭᠠᠭᠤᠯᠤᠭ᠍ᠴᠢ᠎ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠎ᠶᠢ ᠪᠠᠭᠤᠯᠭᠠᠨ ᠠᠪᠴᠤ᠂ ᠰᠢᠯᠭᠠᠵᠤ ᠰᠣᠷᠣᠭ᠍ᠴᠢ ᠡᠯᠰᠡᠬᠦ ᠬᠠᠮᠢᠶ᠎ᠠ ᠪᠦᠬᠦᠢ ᠲᠥᠷᠥ ᠎ᠶᠢᠨ ᠪᠣᠳᠣᠯᠭ᠎ᠠ ᠎ᠶᠢᠨ ᠲᠣᠭᠲᠠᠭᠠᠯ ᠎ᠢ ᠦᠨᠳᠦᠰᠦᠯᠡᠨ᠂ ᠰᠢᠯᠭᠠᠭᠤᠯᠤᠭ᠍ᠴᠢ᠎ᠶᠢᠨ ᠨᠡᠷ᠎ᠡ ᠮᠡᠳᠡᠭᠦᠯᠬᠦ ᠬᠢᠷᠢ ᠬᠡᠮ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠤᠨ᠎ᠠ᠃

ᠰᠢᠯᠭᠠᠯᠳᠠ ᠵᠢᠨ ᠬᠢᠴᠢᠶᠡᠯ ᠲᠦᠷᠦᠯ᠎ᠢ ᠰᠤᠩᠭᠤᠬᠤ ᠳᠠᠯ᠎ᠠ ᠪᠡᠷ᠂ ᠨᠠᠢ᠍ᠮᠠᠳᠤᠭᠠᠷ ᠣᠨ ᠎ᠤ᠋ ᠰᠢᠯᠭᠠᠭᠤᠯᠤᠭ᠍ᠴᠢ ᠰᠢᠯᠭᠠᠯᠲᠠ᠎ᠶᠢᠨ ᠬᠢᠴᠢᠶᠡᠯ ᠲᠥᠷᠥᠯ᠎ᠢ ᠰᠣᠩᠭᠣᠬᠤ ᠴᠢᠬᠤᠯᠠ ᠦᠭᠡᠢ᠂ ᠰᠢᠯᠭᠠᠬᠤ ᠭᠠᠵᠠᠷ ᠵᠦᠢ᠂ ᠠᠮᠢᠳᠤ ᠪᠣᠳᠠᠰ᠎ᠤᠨ ᠤᠬᠠᠭᠠᠨ ᠭᠡᠬᠦ 2 ᠬᠢᠴᠢᠶᠡᠯ ᠲᠥᠷᠥᠯ᠎ᠢ ᠰᠢᠰᠲᠧᠮ᠎ᠠᠶᠠᠨᠳᠠᠭᠠᠨ ᠰᠤᠩᠭᠤᠴᠢᠬᠠᠨ᠎ᠠ᠃ ᠶᠢᠰᠦᠳᠦᠬᠡᠷ ᠤᠨ ᠤ᠋ ᠰᠢᠯᠭᠠᠭᠤᠯᠤᠭ᠍ᠴᠢ ᠬᠡᠯᠡ ᠪᠢᠴᠢᠭ ᠂ ᠲᠣᠭᠠᠨ᠎ᠤ ᠤᠬᠠᠭᠠᠨ᠂ ᠭᠠᠳᠠᠭᠠᠳᠤ ᠬᠡᠯᠡ᠂ ᠶᠣᠰᠣ᠌ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠲᠡᠦᠬᠡ᠂ ᠹᠢᠽᠢᠺ ᠂ ᠬᠢᠮᠢ ᠵᠡᠷᠭᠡ 7 ᠬᠢᠴᠢᠶᠡᠯ ᠲᠥᠷᠥᠯ᠎ᠢ ᠰᠢᠰᠲᠧᠮ ᠎ᠠᠶᠠᠨᠳᠠᠭᠠᠨ ᠰᠤᠩᠭᠤᠴᠢᠬᠠᠨ᠎ᠠ᠃ ᠶᠢᠰᠦᠳᠦᠭᠡᠷ ᠣᠨ᠎ᠤ ᠰᠢᠯᠭᠠᠭᠤᠯᠤᠭ᠍ᠴᠢ ᠭᠠᠵᠠᠷ ᠵᠦᠢ᠂ ᠠᠮᠢᠳᠤ ᠪᠣᠳᠠᠰ᠎ᠤᠨ ᠤᠬᠠᠭᠠᠨ ( ᠪᠡᠶ᠎ᠡ᠎ᠶᠢᠨ ᠲᠠᠮᠢᠷ ᠬᠢᠭᠡᠳ ᠡᠷᠡᠭᠦᠯ ᠮᠡᠨᠳᠦ᠎ᠶᠢᠨ ᠮᠡᠳᠡᠯᠭᠡ ᠪᠠᠭᠲᠠᠨ᠎ᠠ) ᠵᠡᠷᠭᠡ 3 ᠬᠢᠴᠢᠶᠡᠯ ᠲᠥᠷᠥᠯ᠎ᠢ ᠨᠥᠬᠥᠵᠦ ᠰᠢᠯᠭᠠᠬᠤ ᠴᠢᠬᠤᠯᠠᠲᠠᠢ ᠪᠤᠯ ᠬᠠᠷᠠᠭᠠᠯᠵᠠᠭᠰᠠᠨ ᠰᠣᠩᠭᠣᠯᠲᠠ᠎ᠶᠢ ᠰᠣᠩᠭᠣᠨ᠎ᠠ᠃ ᠶᠢᠰᠦᠳᠦᠭᠡᠷ ᠣᠨ ᠤ᠋ ᠠᠢᠮᠠᠭ ᠬᠣᠲᠠ᠎ᠶᠢᠨ ᠵᠣᠬᠢᠶᠠᠨ ᠪᠠᠢᠭᠤᠯᠤᠭᠰᠠᠨ ᠴᠥᠭᠡᠨ ᠲᠣᠭᠠᠲᠤ ᠦᠨᠳᠦᠰᠦᠲᠡᠨ᠎ᠦ ᠬᠡᠯᠡ ᠪᠢᠴᠢᠭ᠎ᠦᠨ ᠬᠢᠴᠢᠶᠡᠯ ᠲᠥᠷᠥᠯ ᠎ᠦᠨ ᠰᠢᠯᠭᠠᠯᠲᠠ᠎ᠳᠤ ᠰᠣᠩᠭᠣᠨ ᠰᠢᠯᠭᠠᠭᠤᠯᠬᠤ ᠰᠢᠯᠭᠠᠭᠤᠯᠤᠭ᠍ᠴᠢ ᠬᠠᠷᠠᠭᠠᠯᠵᠠᠭᠰᠠᠨ ᠰᠣᠩᠭᠣᠯᠲᠠ ᠎ᠶᠢᠨ ᠵᠦᠢᠯ᠎ᠢ ᠰᠣᠩᠭᠣᠬᠤ ᠬᠡᠷᠡᠭᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面