ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-08-11 10:10:51

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠶᠠᠪᠤᠭᠳᠠᠭᠰᠠᠨ ᠬᠤᠷᠢᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ ᠎ᠤᠨ ᠳᠤᠮᠳᠠᠳᠤ ᠰᠤᠷᠭᠠᠭᠤᠯᠢ ᠎ᠶᠢᠨ ᠰᠤᠷᠤᠭ᠍ᠴᠢᠳ ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ (ᠥᠨᠳᠥᠷ ᠵᠡᠷᠭᠡ ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ)ᠳ᠋ᠤ ᠦᠪᠤᠷ ᠮᠤᠩᠭᠤᠯ ᠎ᠤᠨ ᠬᠥᠬᠡᠡᠡᠣᠲᠠ ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ ᠎ᠶᠢᠨ ᠡᠮᠡᠭᠲᠡᠢ ᠎ᠶᠢᠨ ᠠᠯᠠᠭᠠᠳᠠᠬᠤ ᠪᠥᠮᠪᠥᠭᠡ ᠎ᠶᠢᠨ ᠠᠩᠭᠢ ᠭᠤᠷᠪᠠᠳᠤᠭᠠᠷ᠎ᠲᠤ ᠤᠷᠤᠵᠤ᠂ ᠪᠤᠭᠤᠲᠤ ᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ ᠲᠠᠪᠤᠳᠤᠭᠠᠷ᠎ᠲᠤ ᠣᠷᠣᠵᠠᠢ᠃

ᠤᠢᠯᠠᠭᠠᠭᠰᠠᠨ ᠵᠢᠡᠷ᠂ ᠲᠤᠰ ᠤᠳᠠᠭ᠎ᠠ᠎ᠶᠢᠨ ᠤᠷᠤᠯᠳᠤᠭᠠᠨ᠎ᠳᠤ ᠪᠦᠬᠦ ᠤᠯᠤᠰ᠎ᠤᠨ 71 ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠵᠢᠨ ᠠᠯᠠᠭᠠᠳᠠᠬᠤ ᠪᠥᠮᠪᠥᠭᠡ᠎ᠶᠢᠨ ᠲᠥᠯᠥᠭᠡᠯᠡᠭᠴᠢᠳ᠎ᠦᠨ ᠪᠦᠯᠬᠦᠮ᠂ 1200 ᠭᠠᠷᠤᠢ ᠲᠠᠮᠢᠷᠴᠢᠨ ᠣᠷᠣᠯᠴᠠᠵᠠᠢ᠃ ᠤᠷᠤᠯᠳᠤᠭᠠᠨ᠎ᠤ ᠲᠠᠯᠠᠪᠤᠷ ᠲᠸ᠋ ᠦᠪᠤᠷ ᠮᠤᠩᠭᠤᠯ ᠎ᠤᠨ ᠳᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ᠂ ᠯᠠᠪᠳᠠᠭᠤᠨ ᠪᠠᠲᠤᠲᠠᠢ ᠦᠨᠳᠦᠰᠦᠨ ᠪᠣᠯᠪᠠᠰᠤᠷᠠᠯ ᠎ᠪᠠ ᠬᠠᠮᠵᠢᠯᠴᠠᠭ᠎ᠠ ᠪᠡᠷ ᠰᠢᠯᠢᠳᠡᠭ ᠬᠢᠷᠢ ᠪᠦᠳᠦᠮᠵᠢ ᠵᠢ ᠡᠬᠦᠳᠦᠭᠰᠡᠨ ᠪᠠᠢᠨ᠎ᠠ᠃

ᠲᠦᠷᠦᠭᠦᠬᠡᠨ ᠥᠨᠳᠥᠷᠯᠡᠭᠰᠡᠨ 2026 ᠣᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ ᠎ᠤᠨ U17 ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠎ᠳᠤ ᠪᠤᠭᠤᠲᠤ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠬᠢ ᠭᠤᠷᠪᠠᠳᠤᠭᠠᠷ ᠲᠤ᠌ ᠣᠷᠣᠵᠤ᠂ ᠬᠥᠬᠡᠡᠡᠣᠲᠠ᠎ᠶᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠷᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ ᠲᠠᠪᠤᠳᠤᠭᠠᠷ᠎ᠲᠤ ᠣᠷᠣᠪᠠ᠃ ᠣᠷᠳᠣ᠌ ᠬᠤᠭᠤᠴᠠᠭᠠᠨ ᠎ᠤ ᠲᠤᠷᠰᠢ ᠦᠪᠤᠷ ᠮᠤᠩᠭᠤᠯ ᠎ᠤᠨ ᠳᠤᠮᠳᠠᠳᠤ ᠰᠤᠷᠭᠠᠭᠤᠯᠢ᠎ᠶᠢᠨ ᠠᠯᠠᠭᠠᠳᠠᠬᠤ ᠪᠥᠮᠪᠥᠭᠡ ᠵᠢᠨ ᠬᠦᠳᠡᠯᠬᠡᠬᠡᠨ ᠬᠦᠭᠵᠢᠶᠡᠨᠳᠡᠢ ᠶᠠᠪᠤᠭᠳᠠᠵᠤ᠂ ᠣᠯᠠᠨ ᠲᠠᠯ᠎ᠠ ᠡᠴᠡ ᠬᠦᠮᠦᠵᠢᠬᠦᠯᠬᠦ᠂ ᠱᠠᠲᠤ ᠱᠠᠲᠤ᠎ᠪᠠᠷ ᠬᠦᠮᠦᠵᠢᠬᠦᠯᠬᠦ ᠰᠠᠢᠨ ᠰᠠᠢᠬᠠᠨ ᠪᠠᠢᠷᠢᠰᠢᠯ᠎ᠢ ᠪᠣᠶ ᠪᠣᠯᠭᠠᠪᠠ᠃ ᠲᠠᠷᠠᠭᠠᠴᠢ᠎ᠪᠡᠷ᠂ ᠮᠠᠨ᠎ᠤ ᠣᠷᠣᠨ ᠡᠯ᠎ᠡ ᠭᠠᠵᠠᠷ᠎ᠤᠨ ᠰᠤᠷᠭᠠᠭᠤᠯᠢ᠎ᠶᠢᠨ ᠬᠦᠷᠢᠶᠡᠨ᠎ᠤ ᠠᠯᠠᠭᠠᠳᠠᠬᠤ ᠪᠥᠮᠪᠥᠭᠡ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠬᠥᠮᠥᠨ ᠢ᠋ ᠬᠥᠮᠥᠵᠢᠭᠦᠯᠬᠦ ᠠᠴᠢᠶᠠᠯᠠᠪᠤᠷᠢ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠪᠡᠶ᠎ᠡ ᠎ᠶᠢᠨ ᠲᠠᠮᠢᠷ ᠎ᠤᠨ ᠦᠢᠯᠡᠰ ᠎ᠤᠨ ᠳᠡᠩᠴᠡᠬᠦᠷᠢᠳᠡᠢ ᠴᠢᠨᠠᠷ ᠰᠠᠢᠳᠠᠢ ᠬᠦᠭᠵᠢᠯᠳᠡ ᠵᠢ ᠦᠷᠬᠦᠯᠵᠢᠯᠡᠨ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面