ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-08-24 10:30:27

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ ᠎ᠶᠢᠨ ᠬᠥᠮᠦᠵᠢᠯ ᠎ᠦᠨ ᠬᠥᠮᠥᠨ ᠢ᠋ ᠬᠥᠮᠥᠵᠢᠭᠦᠯᠬᠦ ᠰᠠᠭᠤᠷᠢ᠎ᠶᠢ ᠪᠡᠬᠢᠵᠢᠭᠦᠯᠵᠦ᠂ ᠰᠤᠷᠤᠬᠴᠢᠳ ᠤ᠋ᠨ ᠤᠯᠤᠰ ᠎ᠤᠨ ᠪᠠᠲᠤᠯᠠᠨ ᠬᠠᠮᠠᠭᠠᠯᠠᠯᠲᠠ᠎ᠶᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ᠎ᠦᠨ ᠲᠢᠩᠬᠢᠮ ᠥᠪᠥᠷ ᠮᠣᠩᠭᠣᠯ ᠎ᠤᠨ ᠴᠡᠷᠢᠭ ᠎ᠦᠨ ᠲᠣᠭᠣᠷᠢᠭ᠋ ᠎ᠤᠨ ᠤᠯᠤᠰ ᠲᠥᠷᠥ᠎ᠶᠢᠨ ᠠᠵᠢᠯ᠎ᠤᠨ ᠲᠣᠪᠴᠢᠶ᠎ᠠ᠎ᠲᠠᠢ ᠬᠠᠮᠲᠤᠷᠠᠨ᠂ 2026 ᠣᠨ ᠎ᠤ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠤ 《ᠬᠤᠪᠢᠰᠬᠠᠯᠳᠤ ᠬᠦᠮᠦᠵᠢᠯ ᠎ᠢ ᠬᠦᠷᠲᠡᠵᠦ᠂ ᠡᠬᠡ ᠤᠯᠤᠰ᠎ᠲᠠᠭᠠᠨ ᠵᠢᠳᠬᠦᠨᠡᠮ》 ᠪᠥᠬᠥ ᠣᠷᠣᠨ᠎ᠤ ᠰᠤᠷᠤᠭ᠍ᠴᠢᠳ᠎ᠤᠨ ᠴᠡᠷᠢᠭ᠎ᠦᠨ ᠶᠠᠪᠤᠳᠠᠯ᠎ᠤᠨ ᠵᠤᠰᠠᠯᠠᠩ᠎ᠤᠨ ᠰᠢᠷᠢᠰ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠪᠡ᠃


QQ20260824-101114.png


ᠫᠤᠤ ᠫᠤᠤᠳᠠᠵᠤ ᠪᠤᠯᠪᠠᠰᠤᠷᠠᠨ᠎ᠠ


ᠲᠣᠰ ᠤᠳᠠᠭᠠᠨ᠎ᠤ ᠵᠤᠰᠠᠯᠠᠩ ᠨᠢ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠎ᠦᠨ ᠭᠤᠷᠪᠠᠨ ᠶᠡᠬᠡ ᠣᠷᠣᠨ ᠬᠤᠪᠢᠶᠠᠵᠤ᠂ ᠬᠢᠩᠭᠠᠨ ᠠᠢᠮᠠᠭ᠂ ᠪᠤᠭᠤᠲᠤ ᠬᠣᠲᠠ᠂ ᠪᠠᠶᠠᠨᠨᠠᠭᠤᠷ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠳᠠᠭᠠᠭᠠᠨ ᠡᠷᠭᠢᠯᠡᠵᠦ᠂ ᠬᠤᠭᠤᠴᠠᠭ᠎ᠠ ᠪᠦᠷᠢ᠎ᠶᠢᠨ ᠰᠤᠳᠤᠯᠤᠨ ᠰᠤᠷᠤᠯᠴᠠᠬᠤ ᠨᠢ 5 ᠡᠳᠦᠷ ᠤ᠋ᠨ ᠬᠤᠭᠤᠴᠠᠭ᠎ᠠ ᠲᠠᠢ ᠶᠠᠪᠤᠬᠳᠠᠪᠠ᠃ 8 ᠰᠠᠷ᠎ᠠ᠎ᠶᠢᠨ 1 ᠡᠴᠠ 5 ᠎ᠤ᠋ ᠡᠳᠦᠷ ᠪᠣᠯᠲᠠᠯ᠎ᠠ᠂ ᠪᠤᠭᠤᠲᠤ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠶᠡᠷᠦᠩᠬᠡᠢᠯᠡᠭᠰᠡᠨ ᠦᠢᠯᠡᠳᠦᠯᠭᠡ᠎ᠶᠢᠨ ᠰᠤᠷᠭᠠᠨ ᠬᠥᠮᠦᠵᠢᠯ᠎ᠦᠨ ᠲᠥᠪ᠎ᠡᠴᠡ ᠵᠤᠬᠢᠶᠠᠨ ᠪᠠᠢᠭᠤᠯᠵᠤ᠂ ᠰᠢᠯᠢ᠎ᠶᠢᠨ ᠭᠣᠣᠯ ᠠᠢᠮᠠᠭ᠂ ᠤᠯᠠᠭᠠᠨᠴᠠᠪ ᠬᠣᠲᠠ᠂ ᠬᠥᠬᠡᠬᠣᠲᠠ᠂ ᠪᠤᠭᠤᠲᠤ ᠬᠣᠲᠠ᠎ᠡᠴᠡ ᠢᠷᠡᠭᠰᠡᠨ ᠵᠠᠯᠠᠭᠤᠴᠤᠳ ᠪᠠᠭᠠᠴᠤᠳ ᠪᠤᠭᠤᠳᠤ ᠬᠤᠳᠠ ᠳ᠋ᠤ ᠴᠤᠭᠯᠠᠷᠠᠵᠤ᠂ ᠥᠪᠥᠷ ᠮᠣᠩᠭᠣᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠳᠤᠯᠤᠨ ᠰᠤᠷᠤᠯᠴᠠᠬᠤ ᠥᠯᠢᠭᠡᠷ ᠳᠠᠭᠤᠷᠢᠶᠠᠯ᠎ᠤᠨ ᠬᠢᠴᠢᠶᠡᠯ᠎ᠦᠨ ᠲᠠᠩᠬᠢᠮ᠎ᠢ ᠴᠣᠭᠴᠠᠯᠠᠪᠠ᠃ ᠬᠢᠴᠢᠶᠡᠯ᠎ᠦᠨ ᠰᠢᠰᠲᠧᠮ ᠨᠢ ᠴᠡᠷᠢᠭ᠎ᠦᠨ ᠪᠣᠯᠪᠠᠰᠤᠷᠠᠯ ᠵᠢᠡᠷ ᠡᠷᠴᠢ ᠵᠣᠷᠢᠭ᠋ ᠢ᠋ ᠲᠠᠪᠳᠠᠨ ᠪᠤᠯᠪᠠᠰᠤᠷᠠᠭᠤᠯᠬᠤ ᠪᠠ ᠦᠵᠡᠯ ᠰᠠᠨᠠᠭ᠎ᠠ ᠤᠯᠤᠰ ᠲᠦᠷᠦ᠎ᠪᠡᠷ ᠰᠦᠭ ᠰᠦᠨᠡᠰᠦ᠎ᠶᠢ ᠱᠤᠭᠤᠬᠤ ᠬᠣᠣᠰ ᠴᠢᠭᠯᠡᠯ᠎ᠢᠶᠡᠷ ᠬᠦᠴᠦᠯᠡᠬᠦ᠎ᠶᠢ ᠪᠠᠷᠢᠮᠲᠠᠯᠠᠵᠤ᠂ ᠫᠠᠢ ᠬᠠᠷᠪᠤᠬᠤ᠂ ᠬᠡᠭᠡᠷᠡᠯᠡᠨ ᠭᠦᠶᠦᠬᠦ᠂ ᠬᠡᠭᠡᠷ᠎ᠡ ᠪᠠᠭᠤᠳᠠᠯᠯᠠᠬᠤ ᠵᠡᠷᠭᠡ ᠤᠯᠠᠨ ᠡᠰᠢᠵᠢᠭᠰᠡᠨ ᠴᠡᠷᠢᠭ᠎ᠦᠨ ᠶᠠᠪᠤᠳᠠᠯ᠎ᠤᠨ ᠲᠦᠷᠦᠯ ᠵᠦᠢᠯ᠎ᠢ ᠥᠷᠨᠢᠭᠦᠯᠵᠦ᠂ ᠵᠠᠯᠠᠭᠤᠴᠤᠳ ᠪᠠᠭᠠᠴᠤᠳ᠎ᠤᠨ ᠬᠠᠳᠠᠨ ᠪᠠᠲᠤ ᠵᠠᠩ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠤᠯᠠᠨ ᠵᠢᠡᠷ ᠵᠢᠡᠨ ᠪᠠᠰᠠ ᠬᠤᠪᠢᠰᠬᠠᠯᠲᠤ ᠺᠢᠨᠣ᠋ ᠦᠵᠡᠵᠦ᠂ ᠪᠡᠶᠡᠴᠢᠯᠡᠨ ᠣᠢᠯᠠᠭᠠᠬᠤ ᠮᠠᠶᠢᠭ᠋᠎ᠤᠨ ᠵᠢᠭᠠᠨ ᠰᠤᠷᠭᠠᠯᠲᠠ ᠪᠡᠷ ᠤᠯᠤᠰ ᠣᠷᠣᠨ᠎ᠤ ᠡᠭᠦᠷᠭᠡᠯᠡᠯ᠎ᠢ ᠵᠠᠯᠠᠭᠤᠴᠤᠳ ᠪᠠᠭᠠᠴᠤᠳ ᠤ᠋ᠨ ᠰᠡᠳᠬᠢᠯ ᠳ᠋ᠤ ᠬᠠᠳᠠᠩᠰᠢᠭᠤᠯᠪᠠ᠃

ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠬᠡᠰᠡᠭ ᠲᠸ᠋ ᠰᠤᠷᠤᠭ᠍ᠴᠢᠳ᠎ᠢ ᠵᠣᠬᠢᠶᠠᠨ ᠪᠠᠢᠭᠤᠯᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢᠨ ᠲᠣᠭᠣᠷᠢᠭ᠋᠎ᠲᠤ ᠣᠴᠢᠭᠤᠯᠵᠤ᠂ ᠬᠦᠨᠳᠦ ᠠᠵᠤ ᠦᠢᠯᠡᠳᠪᠦᠷᠢ᠎ᠶᠢᠨ ᠰᠠᠭᠤᠷᠢᠨ ᠪᠣᠯᠣᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠨᠢᠭ᠍ᠲᠠ ᠬᠣᠯᠪᠣᠭ᠎ᠠ᠎ᠶᠢ ᠣᠢᠯᠠᠭᠠᠭᠤᠯᠪᠠ; ᠤᠮᠠᠷᠠᠲᠤ᠎ᠶᠢᠨ ᠴᠡᠷᠢᠭ᠎ᠦᠨ ᠵᠡᠪᠰᠡᠭ᠎ᠦᠨ ᠬᠣᠲᠠ᠎ᠶᠢ ᠰᠤᠷᠪᠤᠯᠵᠢᠯᠠᠵᠤ ᠂ ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠲᠡᠦᠬᠡ᠎ᠶᠢ ᠰᠢᠰᠲᠧᠮ᠎ᠲᠠᠢ ᠣᠢᠯᠠᠭᠠᠭᠤᠯᠪᠠ; ᠵᠡᠪᠰᠡᠭᠲᠦ ᠴᠠᠭᠳᠠᠭ᠎ᠠ᠎ᠶᠢᠨ ᠪᠤᠭᠤᠲᠤ᠎ᠶᠢᠨ ᠰᠠᠯᠪᠤᠷᠢ ᠠᠩᠭᠢ᠎ᠳᠤ ᠬᠦᠷᠴᠤ᠂ ᠳᠠᠷᠤᠭ᠎ᠠ ᠪᠠᠢᠯᠳᠤᠭ᠍ᠴᠢᠳ᠎ᠤᠨ ᠡᠳᠦᠷ ᠲᠤᠲᠤᠮ᠎ᠤᠨ ᠪᠣᠯᠪᠠᠰᠤᠷᠠᠯ᠂ ᠳᠣᠲᠣᠭᠠᠳᠤ ᠶᠠᠪᠤᠳᠠᠯ᠎ᠤᠨ ᠵᠢᠷᠤᠮᠵᠢᠯ᠎ᠢ ᠲᠣᠭᠣᠷᠢᠨ ᠦᠵᠡᠭᠦᠯᠵᠦ᠂ ᠴᠡᠷᠢᠭ᠎ᠠᠡᠭᠭᠢ ᠵᠢᠨ ᠰᠠᠬᠢᠯᠭ᠎ᠠ ᠪᠠᠲᠤ ᠪᠠ ᠰᠢᠯᠢᠳᠡᠭ ᠰᠤᠷᠲᠠᠯ᠎ᠢ ᠮᠡᠳᠡᠷᠡᠬᠦᠯᠪᠡ᠃

ᠲᠤᠰ ᠤᠳᠠᠭ᠎ᠠ᠎ᠶᠢᠨ ᠬᠡᠰᠡᠭ ᠤᠷᠤᠨ ᠬᠤᠪᠢᠶᠠᠬᠰᠠᠨ ᠴᠡᠷᠢᠭ᠎ᠦᠨ ᠶᠠᠪᠤᠳᠠᠯ᠎ᠤᠨ ᠵᠤᠰᠠᠯᠠᠩ ᠪᠣᠯ ᠥᠪᠡᠷᠲᠡᠭᠡᠨ ᠵᠠᠰᠠᠬᠤ ᠣᠷᠣᠨ᠎ᠠᠴᠠ ᠪᠦᠬᠦ ᠣᠷᠣᠨ ᠪᠦᠰᠡ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠨ ᠪᠦᠰᠡ᠎ᠶᠢᠨ ᠬᠠᠮᠵᠢᠯᠴᠠᠨ ᠬᠥᠮᠥᠨ ᠢ᠋ ᠬᠥᠮᠥᠵᠢᠭᠦᠯᠬᠦ᠎ᠶᠢ ᠭᠦᠨᠵᠡᠭᠡᠢᠷᠡᠭᠦᠯᠬᠦ ᠴᠢᠬᠤᠯᠠ ᠦᠢᠯᠡᠳᠦᠯᠭᠡ ᠪᠣᠯᠣᠨ᠎ᠠ᠃ ᠲᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ᠎ᠦᠨ ᠲᠢᠩᠬᠢᠮ ᠵᠠᠯᠠᠭᠤᠴᠤᠳ ᠪᠠᠭᠠᠴᠤᠳ᠎ᠤᠨ ᠤᠯᠤᠰ ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠠᠵᠢᠯ ᠎ᠤᠨ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠵᠦ᠂ ᠵᠠᠯᠠᠭᠤᠴᠤᠳ ᠪᠠᠭᠠᠴᠤᠳ ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠤ᠋ᠨ ᠡᠷᠴᠢ ᠵᠣᠷᠢᠭ᠋᠎ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠥᠨ ᠪᠣᠯᠬᠤ᠎ᠪᠠᠷ ᠴᠢᠷᠮᠠᠢᠬᠤ ᠵᠢ ᠬᠥᠲᠥᠯᠥᠨ ᠵᠢᠯᠤᠭᠣᠳᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面