ᠲᠡᠷᠢᠭᠦᠨ ᠨᠢᠭᠤᠷ>ᠰᠤᠷᠭᠠᠨ ᠬᠦᠮᠦᠵᠢᠯ >ᠳᠤᠮᠳᠠᠳᠤ ᠰᠤᠷᠭᠠᠭᠤᠯᠢ

2026-09-10 09:53:18

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

ᠥᠪᠥᠷ ᠮᠣᠩᠭᠣᠯ 5.6 ᠳ᠋ᠦᠩᠰᠢᠭᠤᠷ ᠲᠥᠭᠥᠷᠢᠭ᠎ᠲᠤᠬᠢᠷᠠᠭᠤᠯᠵᠤ ᠥᠨᠳᠥᠷ ᠵᠡᠷᠬᠡ ᠢ᠋ᠢᠨ ᠳᠤᠮᠳᠠᠳᠤ ᠰᠤᠷᠭᠠᠭᠤᠯᠢ ᠡᠷᠭᠢᠯᠡᠬᠦ᠌ ᠨᠥᠬᠥᠴᠡᠯ᠎ᠢ ᠰᠠᠢᠵᠢᠷᠠᠭᠤᠯᠬᠤ ᠢ᠋ᠢ ᠲᠡᠮᠵᠢᠵᠡᠢ

ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠎ᠤ ᠡᠳ᠋ ᠎ᠦᠨ ᠵᠠᠰᠠᠭ᠎ᠤᠨ ᠲᠢᠩᠬᠢᠮ᠎ᠡᠴᠡ ᠤᠢᠯᠠᠭᠠᠭᠰᠠᠨ ᠢ᠋ᠢᠡᠷ᠂ ᠡᠨᠡ ᠵᠢᠯ ᠮᠠᠨ᠎ᠤ ᠣᠷᠣᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ᠌ ᠨᠥᠬᠥᠴᠡᠯ ᠎ᠢ ᠰᠠᠶ᠋ᠢᠵᠢᠷᠠᠭᠤᠯᠬᠤ ᠲᠤᠰᠬᠠᠢ ᠪᠡᠯᠡ ᠮᠥᠩᠭᠥ᠎ᠶᠢ ᠨᠡᠢ᠌ᠲᠡ 5.6 ᠳ᠋ᠦᠩᠰᠢᠭᠤᠷ ᠲᠥᠭᠥᠷᠢᠭ ᠲᠤᠬᠢᠷᠠᠭᠤᠯᠪᠠ᠃

ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 《 ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ 》 ᠲᠤᠯᠤᠭᠠᠨ ᠵᠦᠢᠯ ᠎ᠦᠨ ᠭᠤᠤᠯᠳᠠᠯᠭ᠎ᠠ᠎ᠲᠠᠶ ᠠᠵᠢᠯ᠎ᠤᠨ ᠱᠠᠭᠠᠷᠳᠠᠯᠭ᠎ᠠ᠎ᠶᠢᠨ ᠲᠣᠭᠣᠷᠢᠨ᠎ᠳᠤ᠂ 《ᠠᠷᠠᠳ᠎ᠤᠨ ᠠᠮᠢᠳᠤᠷᠠᠯ ᠎ᠤᠨ ᠠᠷᠪᠠᠨ ᠲᠤᠮᠤ ᠢᠨᠵᠧᠨᠧᠷᠢᠩ 》 ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠰᠠᠢᠵᠢᠷᠠᠭᠤᠯᠬᠤ ᠡᠭᠦᠷᠭᠡ᠎ᠶᠢ ᠨᠠᠶ᠋ᠢᠳᠠᠪᠤᠷᠢᠵᠢᠭᠤᠯᠵᠤ᠂ ᠪᠠᠯᠠ ᠮᠥᠩᠭᠥ ᠎ᠶᠢ ᠨᠢᠭᠡᠳᠦᠯᠲᠡᠶ ᠲᠥᠯᠥᠪᠵᠢᠭᠦᠯᠦᠨ ᠪᠠᠲᠤᠯᠠᠬᠤ ᠎ᠶᠢ ᠦᠷᠭᠦᠯᠵᠢᠯᠡᠨ ᠴᠢᠩᠭᠠᠳᠬᠠᠵᠤ᠂ ᠡᠩ ᠎ᠦᠨ ᠥᠨᠳᠥᠷ ᠵᠡᠷᠭᠡ ᠎ᠶᠢᠨ ᠳᠤᠮᠳᠠᠳᠤ ᠰᠤᠷᠭᠠᠭᠤᠯᠢ ᠵᠢᠨ ᠰᠤᠷᠤᠭᠴᠢ ᠡᠯᠰᠡᠬᠦ ᠪᠠᠭᠲᠠᠭᠠᠮᠵᠢ᠎ᠶᠢ ᠥᠷᠭᠡᠳᠬᠡᠬᠦ᠌᠎ᠶᠢ ᠪᠥᠬᠥ᠌ ᠬᠦᠴᠦᠨ᠎ᠢᠶᠡᠷ ᠳᠡᠮᠵᠢᠵᠦ᠍᠂ ᠤᠢᠷ᠎ᠡ ᠬᠠᠪᠢ ᠳ᠋ᠠᠭᠠᠨ ᠰᠤᠷᠭᠠᠭᠤᠯᠢ ᠳ᠋ᠤ᠌ ᠤᠷᠤᠬᠤ ᠢ᠋ᠢ ᠦᠨᠡᠨ ᠬᠦ᠌ ᠪᠠᠳᠤᠯᠠᠪᠠ᠃ ᠬᠤᠰᠢᠭᠤ ᠰᠢᠶᠠᠨ ᠤ᠋ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠶᠢᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠲᠥᠪ᠎ᠦᠨ ᠲᠤᠰᠬᠠᠶ ᠪᠠᠯᠠ ᠮᠥᠩᠭᠥ᠎ᠶᠢ 3.6 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠬᠣᠰᠢᠭᠤ ᠰᠢᠶᠠᠨ᠎ᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠪᠠᠶ᠋ᠢᠷᠢ᠎ᠶᠢᠨ ᠬᠡᠷ᠎ᠢ ᠥᠭᠡᠷᠡᠴᠢᠯᠡᠵᠦ᠍ ᠰᠠᠢᠵᠢᠷᠠᠭᠤᠯᠬᠤ᠂ ᠵᠢᠭᠠᠨ ᠰᠤᠷᠭᠠᠯᠲᠠ᠎ᠶᠢᠨ ᠪᠠᠭᠠᠵᠢ ᠬᠡᠷᠡᠭᠰᠡᠯ ᠢ᠋ ᠰᠢᠨᠡᠳᠬᠡᠬᠦ᠌ ᠵᠢᠴᠢ ᠬᠣᠭᠣᠯᠠ ᠬᠣᠨᠣᠭ ᠎ᠤᠨ ᠢᠵᠢ ᠲᠦᠬᠦᠬᠡᠷᠤᠮᠵᠢ᠎ᠶᠢ ᠲᠠᠰ ᠳᠡᠪᠰᠢᠭᠦᠯᠬᠦ᠌ ᠎ᠳᠦ ᠭᠤᠤᠯᠳᠠᠯᠭ᠎ᠠ᠎ᠲᠠᠶ ᠬᠡᠷᠡᠭᠯᠡᠵᠦ᠍᠂ ᠦᠨᠳᠦᠰᠦᠨ ᠱᠠᠲᠤᠨ᠎ᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠲᠣᠨᠣᠭ᠎ᠲᠦᠬᠦᠬᠡᠷᠤᠮᠵᠢ ᠢ᠋ᠢᠨ ᠳᠤᠲᠠᠭᠤᠳᠠᠯ ᠎ᠢ ᠨᠦᠬᠦᠪᠤᠷᠢᠯᠡᠪᠡ᠃

ᠠᠷᠠᠳ ᠎ᠤᠨ ᠠᠮᠢᠳᠤᠷᠠᠯ ᠎ᠤᠨ ᠢᠨᠵᠧᠨᠧᠷᠢᠩ ᠎ᠢ ᠲᠣᠭᠲᠠᠭᠰᠠᠨ ᠬᠤᠭᠤᠴᠠᠭᠠᠨ᠎ᠳᠤ ᠨᠠᠶ᠋ᠢᠳᠠᠪᠤᠷᠢᠵᠢᠭᠤᠯᠬᠤ ᠎ᠶᠢ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠵᠦ᠍ ᠂ 2026 ᠣᠨ᠎ᠤ 8 ᠰᠠᠷ᠎ᠠ᠎ᠳᠤ 2 ᠳ᠋ᠦᠩᠰᠢᠭᠤᠷ ᠲᠥᠭᠥᠷᠢᠭ᠎ᠦᠨ ᠲᠤᠰᠬᠠᠶ ᠪᠠᠯᠠ ᠮᠥᠩᠭᠥ᠌ ᠪᠠᠭᠤᠯᠭᠠᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠭᠴᠢ ᠡᠯᠰᠡᠬᠦ ᠲᠤᠭ᠎ᠠ ᠢ᠋ᠢ 5000 ᠰᠢᠨ᠎ᠡ᠎ᠪᠡᠷ ᠨᠡᠮᠡᠭᠳᠡᠬᠦᠯᠬᠦ ᠳ᠋ᠤ᠌ ᠬᠡᠷᠡᠭᠯᠡᠵᠤ᠂ ᠪᠠᠯᠠ ᠮᠥᠩᠭᠥ᠎ᠶᠢ ᠬᠠᠮᠢᠶ᠎ᠡ ᠪᠦᠬᠦᠢ ᠭᠠᠵᠠᠷ ᠤᠷᠤᠨ ᠳ᠋ᠤ᠌ ᠣᠨᠣᠪᠴᠢᠲᠠᠶ ᠪᠠᠭᠤᠯᠭᠠᠵᠤ᠂ ᠰᠤᠷᠭᠠᠭᠤᠯᠢ ᠢ᠋ᠢᠨ ᠬᠢᠴᠢᠶᠡᠯ᠎ᠦᠨ ᠬᠡᠷ᠂ ᠲᠤᠷᠰᠢᠯᠲᠠ᠎ᠶᠢᠨ ᠲᠠᠰᠤᠭ᠂ ᠪᠠᠶ᠋ᠢᠷᠢ᠎ᠶᠢᠨ ᠬᠡᠷ ᠢ᠋ ᠦᠷᠭᠡᠳᠬᠡᠵᠤ ᠰᠠᠢᠵᠢᠷᠠᠭᠤᠯᠬᠤ ᠢ᠋ᠢ ᠲᠡᠮᠵᠢᠵᠡᠢ᠃

ᠣᠶ᠋ᠢᠯᠠᠭᠠᠭᠰᠠᠨ᠎ᠢᠶᠠᠷ᠂ ᠬᠣᠶᠠᠷ ᠵᠦᠢᠯ ᠎ᠦᠨ ᠲᠤᠰᠬᠠᠶ ᠪᠠᠯᠠ ᠮᠥᠩᠭᠥ᠎ᠶᠢ ᠪᠥᠬᠥ᠌ ᠶᠠᠪᠤᠴᠠ ᠎ᠳᠤ ᠲᠥᠰᠦᠪ ᠎ᠦᠨ ᠬᠠᠮᠢᠶᠠᠷᠤᠯᠲᠠ ᠎ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ᠎ᠦᠨ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ᠎ᠳᠤ ᠲᠦᠰᠢᠭᠯᠡᠨ᠂ ᠲᠤᠰᠬᠠᠶ ᠵᠣᠭᠣᠰ᠎ᠢ ᠲᠤᠰᠬᠠᠶ ᠬᠡᠷᠡᠭᠯᠡᠬᠦ᠌᠂ ᠬᠥᠳᠡᠯᠦᠩᠭᠦᠶ ᠎ᠪᠡᠷ ᠤᠷᠢᠳᠴᠢᠯᠠᠨ ᠰᠡᠷᠡᠮᠵᠢᠯᠡᠭᠦᠯᠬᠦ᠌ ᠲᠣᠭᠲᠡᠴᠡ ᠎ᠶᠢ ᠴᠢᠩᠭ᠎ᠠ ᠬᠡᠷᠡᠭᠵᠢᠭᠦᠯᠵᠦ᠍᠂ ᠪᠠᠯᠠ ᠮᠥᠩᠭᠥ᠌ ᠰᠠᠯᠭᠠᠨ ᠥᠭᠬᠦ᠌᠂ ᠲᠥᠷᠥᠯ ᠵᠦᠢᠯ ᠎ᠦᠨ ᠪᠠᠷᠢᠯᠭ᠎ᠠ ᠡᠬᠢᠯᠡᠬᠦ᠂ ᠠᠮᠵᠢᠯᠲᠠ ᠪᠦᠲᠦᠮᠵᠢ᠎ᠶᠢ ᠨᠠᠶ᠋ᠢᠳᠠᠪᠤᠷᠢᠵᠢᠭᠤᠯᠬᠤ ᠪᠥᠬᠥ᠌ ᠶᠠᠪᠤᠴᠠ ᠎ᠶᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠪᠠᠯᠠ ᠮᠥᠩᠭᠥ᠎ᠶᠢ ᠰᠤᠯᠠ ᠲᠠᠯᠪᠢᠬᠤ ᠪᠠ ᠳᠠᠷᠤᠭᠳᠠᠭᠤᠯᠬᠤ᠎ᠶᠢ ᠴᠢᠩᠭ᠎ᠠ ᠰᠡᠷᠭᠡᠶ᠋ᠢᠯᠡᠨ᠂ ᠡᠳ᠋᠎ᠦᠨ ᠵᠠᠰᠠᠭ᠎ᠤᠨ ᠪᠠᠯᠠ ᠮᠥᠩᠭᠥ᠎ᠶᠢᠨ ᠬᠦᠴᠦᠨ ᠴᠢᠳᠠᠪᠤᠷᠢ ᠎ᠶᠢ ᠬᠠᠮᠤᠭ᠎ᠤᠨ ᠶᠡᠬᠡ᠎ᠪᠡᠷ ᠪᠠᠳᠠᠷᠠᠭᠤᠯᠬᠤ ᠪᠤᠯᠤᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面