ᠲᠡᠷᠢᠭᠦᠨ ᠨᠢᠭᠤᠷ>ᠲᠠᠯ᠎ᠠ᠎ᠶ᠋ᠢᠨ ᠲᠤᠶᠠᠭ᠎ᠠ>ᠬᠠᠢᠯᠲᠠ ᠢᠯᠡᠷᠡᠭᠦᠯᠦᠯᠲᠡ

2025-07-07 11:06:47

ᠵᠣᠬᠢᠶᠠᠭ᠍ᠴᠢ᠄ ​ ᠬᠦᠭᠵᠢᠯᠳᠦ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠤᠷᠴᠢᠮᠬᠠᠨ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠲᠣᠪᠴᠢᠶ᠎ᠠ ᠡᠴᠡ ᠨᠡᠢᠳᠡᠯᠡᠭᠰᠡᠨ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠶ᠋ᠢᠨ 10 ᠴᠡᠴᠡᠷᠯᠢᠭ ᠲᠦ᠍ ᠮᠠᠨ ᠤ᠋ ᠤᠷᠤᠨ ᠤ᠋ ᠰᠢᠷᠠᠠᠤᠰᠤᠨ ᠤ᠋ ᠪᠠᠭᠤᠷᠢ ᠶ᠋ᠢᠨ ᠴᠡᠴᠡᠷᠯᠢᠭ ᠪᠤᠯᠤᠨ ᠬᠣᠷᠢᠨᠭᠡᠷ ᠤ᠋ᠨ ᠲᠦ ᠴᠸᠩ᠎ᠰᠧ ᠵᠢᠨ ᠪᠠᠭᠤᠷᠢ ᠶ᠋ᠢᠨ ᠴᠡᠴᠡᠷᠯᠢᠭ ᠰᠣᠩᠭᠣᠭ᠍ᠳᠠᠪᠠ᠃ ᠡᠬᠦᠨ ᠡᠴᠡ ᠡᠮᠤᠨ᠎ᠠ 2022 ᠣᠨ ᠳ᠋ᠦ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠪᠠᠭᠤᠷᠢ ᠶ᠋ᠢᠨ ᠴᠡᠴᠡᠷᠯᠢᠭ ᠨᠢ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠶ᠋ᠢᠨ ᠴᠡᠴᠡᠷᠯᠢᠭ ᠢ᠋ᠶ᠋ᠡᠷ ᠦᠨᠡᠯᠡᠭ᠌ᠳᠡᠵᠦ᠍᠂ ᠤᠳᠤ ᠮᠠᠨ ᠤ᠋ ᠤᠷᠤᠨ ᠤ᠋ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠶ᠋ᠢᠨ ᠴᠡᠴᠡᠷᠯᠢᠭ 3 ᠪᠤᠯᠪᠠ᠃

ᠰᠢᠷᠠᠠᠤᠰᠤᠨ ᠤ᠋ ᠪᠠᠭᠤᠷᠢ ᠣᠷᠳᠣᠰ ᠬᠣᠲᠠ ᠶ᠋ᠢᠨ ᠦᠦᠱᠢᠨ ᠬᠣᠱᠢᠭᠤᠨ ᠳ᠋ᠦ ᠪᠠᠢᠷᠢᠯᠠᠵᠦ᠂ ᠲᠤᠮᠳᠠᠳᠦ ᠤᠯᠤᠰ ᠤ᠋ᠨ ᠬᠠᠮᠤᠭ ᠤ᠋ᠨ ᠠᠩᠬ᠎ᠠ ᠢᠯᠡᠷᠡᠭᠦᠯᠦᠭ᠌ᠰᠡᠨ ᠬᠠᠭᠤᠴᠢᠨ ᠴᠢᠯᠠᠭᠤᠨ ᠵᠡᠪᠰᠡᠭ ᠤ᠋ᠨ ᠦᠶ᠎ᠡ ᠶ᠋ᠢᠨ ᠪᠠᠭᠤᠷᠢ ᠵᠢᠨ ᠨᠢᠭᠡ ᠪᠣᠯᠤᠨ᠎ᠠ᠃ ᠴᠡᠴᠡᠷᠯᠢᠭ ᠤ᠋ᠨ ᠶᠡᠷᠦᠩᠬᠡᠶ ᠲᠠᠯᠠᠪᠠᠶ ᠨᠢ 1577.76 ᠾᠧᠺᠲ᠋ᠠᠷ ᠪᠠᠢᠵᠦ᠂ ᠲᠤᠰ ᠪᠠᠭᠤᠷᠢ ᠡᠴᠡ ᠣᠲᠣ ᠡᠴᠡ 10 ᠲᠦᠮᠡ — 5 ᠲᠦᠮᠡᠨ ᠵᠢᠯ ᠤ᠋ᠨ ᠡᠮᠦᠨᠡᠬᠢ 《ᠪᠣᠷᠣᠲᠣᠬᠣᠶ ᠶ᠋ᠢᠨ ᠬᠥᠮᠦᠨ》 ᠤ᠋ ᠴᠢᠯᠠᠭᠤᠵᠢᠮᠠᠯ ᠪᠠ ᠵᠢᠵᠢᠭ ᠴᠢᠯᠠᠭᠤᠨ ᠵᠡᠪᠰᠡᠭ ᠡᠳ᠋ᠯᠡᠯ ᠵᠢᠴᠢ ᠡᠯᠪᠡᠭ ᠪᠠᠶᠠᠯᠢᠭ ᠬᠥᠬᠥᠲᠡᠨ ᠠᠮᠢᠲᠠᠨ ᠤ᠋ ᠴᠢᠯᠠᠭᠤᠵᠢᠮᠠᠯ ᠢ᠋ ᠢᠯᠡᠷᠡᠭᠦᠯᠵᠦ᠍᠂ ᠲᠡᠷᠡ ᠨᠢ ᠬᠠᠭᠤᠴᠢᠨ ᠴᠢᠯᠠᠭᠤᠨ ᠵᠡᠪᠰᠡᠭ ᠤ᠋ᠨ ᠳᠤᠮᠳᠠ ᠰᠡᠭᠦᠯᠴᠢ ᠶ᠋ᠢᠨ ᠦᠶ᠎ᠡ ᠶ᠋ᠢᠨ ᠵᠡᠭᠦᠨ ᠠᠽᠢᠶ᠎ᠠ ᠶ᠋ᠢᠨ ᠡᠷᠲᠡᠨ ᠤ᠋ ᠬᠥᠮᠦᠨ ᠲᠥᠷᠥᠯᠬᠢᠲᠡᠨ ᠤ᠋ ᠬᠤᠪᠢᠰᠤᠯᠲᠠ᠂ ᠣᠷᠣᠱᠢᠨ ᠲᠣᠭ᠍ᠲᠠᠨᠢᠬᠤ ᠣᠷᠴᠢᠨ ᠲᠣᠭᠣᠷᠢᠨ ᠪᠠ ᠤᠮᠠᠷᠠᠲᠤ ᠣᠷᠣᠨ ᠤ᠋ ᠬᠠᠭᠤᠴᠢᠨ ᠴᠢᠯᠠᠭᠤᠨ ᠵᠡᠪᠰᠡᠭ ᠤ᠋ᠨ ᠦᠶ᠎ᠡ ᠶ᠋ᠢᠨ ᠰᠣᠶᠣᠯ ᠤ᠋ᠨ ᠣᠯᠠᠨ ᠶᠠᠩᠵᠤᠲᠤ ᠴᠢᠨᠠᠷ ᠵᠢᠴᠢ ᠬᠥᠭ᠌ᠵᠢᠯᠲᠡ ᠶ᠋ᠢᠨ ᠴᠢᠬᠤᠯᠠ ᠭᠡᠷᠡᠴᠢ ᠪᠠᠷᠢᠮᠲᠠ ᠪᠤᠯᠵᠠᠢ᠃ ᠬᠣᠷᠢᠨᠭᠡᠷ ᠤ᠋ᠨ ᠲᠦ ᠴᠸᠩ᠎ᠰᠧ ᠶ᠋ᠢᠨ ᠪᠠᠭᠤᠷᠢ (ᠪᠠᠰᠠ ᠱᠧᠩ ᠯᠸ ᠡᠷᠲᠡᠨ ᠤ᠋ ᠬᠣᠲᠠ ᠭᠡᠳᠡᠭ) ᠪᠤᠯ ᠥᠪᠥᠷ ᠮᠣᠩᠭᠣᠯ ᠣᠷᠣᠨ ᠤ᠋ ᠬᠠᠮᠤᠭ ᠤ᠋ᠨ ᠪᠦᠷᠢᠨ ᠪᠦᠲᠦᠨ ᠬᠠᠳᠠᠭᠠᠯᠠᠭ᠍ᠳᠠᠵᠤ ᠪᠠᠢᠭ᠎ᠠ᠂ ᠬᠡᠷᠡᠭ᠌ᠯᠡᠭᠰᠡᠨ ᠴᠠᠭ ᠢ᠋ᠶ᠋ᠠᠷ ᠬᠠᠮᠤᠭ ᠤ᠋ᠨ ᠣᠷᠳᠣ ᠡᠷᠲᠡᠨ ᠤ᠋ ᠬᠣᠲᠠ ᠶ᠋ᠢᠨ ᠪᠠᠭᠤᠷᠢ ᠶ᠋ᠢᠨ ᠨᠢᠭᠡ ᠪᠠᠢᠵᠦ᠂ ᠴᠦᠨ ᠴᠢᠦ ᠡᠴᠡ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠬᠦᠷᠲᠡᠯᠡᠬᠢ ᠬᠤᠭᠤᠴᠠᠭ᠎ᠠ ᠵᠢ ᠥᠩᠭᠡᠷᠡᠭᠡᠵᠦ᠍᠂ 2000 ᠭᠠᠷᠤᠶ ᠵᠢᠯ ᠤ᠋ᠨ ᠲᠡᠦᠬᠡ ᠲᠠᠢ ᠪᠠᠢᠵᠦ᠂ ᠳᠤᠮᠳᠠᠳᠤ ᠣᠷᠣᠨ ᠤ᠋ ᠲᠠᠷᠢᠶᠠᠯᠠᠬᠤ ᠪᠣᠯᠪᠠᠰᠤᠨ ᠬᠢᠭᠡᠳ ᠤᠮᠠᠷᠠᠲᠤ ᠶ᠋ᠢᠨ ᠨᠡᠭᠦᠳᠡᠯ ᠮᠠᠯᠵᠢᠯ ᠤ᠋ᠨ ᠦᠨᠳᠦᠰᠦᠲᠡᠨ ᠤ᠋ ᠠᠭᠤᠰᠤᠯᠴᠠᠯ ᠤ᠋ᠨ ᠲᠡᠦᠬᠡᠨ ᠶᠠᠪᠤᠴᠠ ᠵᠢ ᠭᠡᠷᠡᠴᠢᠯᠡᠵᠠᠢ᠃

ᠰᠢᠷᠠᠠᠤᠰᠤᠨ ᠤ᠋ ᠪᠠᠭᠤᠷᠢ ᠶ᠋ᠢᠨ ᠴᠡᠴᠡᠷᠯᠢᠭ ᠪᠤᠯᠤᠨ ᠬᠣᠷᠢᠨᠭᠡᠷ ᠤ᠋ᠨ ᠲᠦ ᠴᠸᠩ᠎ᠰᠧ ᠵᠢᠨ ᠪᠠᠭᠤᠷᠢ ᠶ᠋ᠢᠨ ᠴᠡᠴᠡᠷᠯᠢᠭ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠶ᠋ᠢᠨ ᠴᠡᠴᠡᠷᠯᠢᠭ ᠲᠦ᠍ ᠰᠣᠩᠭᠣᠭ᠍ᠳᠠᠨ ᠤᠷᠤᠭ᠍ᠰᠠᠨ ᠨᠢ ᠮᠠᠨ ᠤ᠋ ᠣᠷᠣᠨ ᠤ᠋ ᠰᠣᠶᠣᠯ ᠤ᠋ᠨ ᠥᠪ ᠢ᠋ ᠬᠠᠮᠠᠭᠠᠯᠠᠬᠤ ᠬᠦᠷᠢᠶᠡᠨ ᠳ᠋ᠡᠬᠢ ᠨᠢᠭᠡᠨ ᠶᠡᠬᠡ ᠶᠠᠪᠤᠳᠠᠯ᠂ ᠪᠠᠶᠠᠷᠲᠤ ᠶᠠᠪᠤᠳᠠᠯ ᠪᠣᠯᠬᠤ ᠪᠥᠭᠡᠳ ᠲᠣᠮᠣ ᠪᠠᠭᠤᠷᠢ ᠵᠢ ᠬᠠᠮᠠᠭᠠᠯᠠᠨ ᠠᠱᠢᠭ᠍ᠯᠠᠬᠤ ᠠᠵᠢᠯ ᠳᠡᠰ ᠳᠡᠪᠰᠢᠵᠦ᠂ ᠱᠢᠨ᠎ᠡ ᠱᠢᠪᠲᠤᠯᠤᠯᠲᠠ ᠲᠠᠶ ᠪᠣᠯᠤᠭ᠍ᠰᠠᠨ ᠢ᠋ ᠬᠠᠷᠠᠭᠤᠯᠵᠤ ᠪᠠᠢᠨ᠎ᠠ᠃ ᠲᠡᠷᠡ ᠨᠢ ᠮᠠᠨ ᠤ᠋ ᠤᠷᠤᠨ ᠤ᠋ ᠬᠠᠭᠤᠴᠢ ᠰᠤᠳᠤᠯᠤᠯ ᠤ᠋ᠨ ᠪᠠᠭᠤᠷᠢ ᠶ᠋ᠢᠨ ᠴᠡᠴᠡᠷᠯᠢᠭ ᠪᠠ ᠲᠣᠮᠣ ᠪᠠᠭᠤᠷᠢ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ᠂ ᠬᠠᠭᠤᠴᠢ ᠰᠤᠳᠤᠯᠤᠯ ᠤ᠋ᠨ ᠢᠯᠡᠷᠡᠭᠦᠯᠦᠯᠲᠡ᠂ ᠪᠠᠭᠤᠷᠢ ᠶ᠋ᠢᠨ ᠦᠵᠡᠭᠦᠯᠭᠡ᠂ ᠨᠡᠭᠡᠭᠡᠨ ᠬᠥᠭ᠌ᠵᠢᠭᠦᠯᠦᠯᠲᠡ ᠶ᠋ᠢᠨ ᠦᠶ᠋ᠯᠡᠴᠢᠯᠡᠭᠡ ᠵᠡᠷᠭᠡ ᠲᠠᠯ᠎ᠠ ᠵᠢ ᠠᠬᠢᠭᠤᠯᠵᠤ᠂ ᠤᠮᠠᠷᠠᠲᠤ ᠬᠢᠯᠢ ᠶ᠋ᠢᠨ ᠰᠣᠶᠣᠯ ᠪᠠ ᠨᠡᠢᠭᠡᠮ ᠠᠵᠤ ᠠᠬᠤᠶ ᠶ᠋ᠢᠨ ᠬᠥᠭ᠌ᠵᠢᠯᠲᠡ ᠵᠢ ᠭᠦᠨᠵᠡᠭᠡᠶ ᠰᠤᠳᠤᠯᠬᠤ ᠳ᠋ᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面