ᠲᠡᠷᠢᠭᠦᠨ ᠨᠢᠭᠤᠷ>ᠲᠠᠯ᠎ᠠ᠎ᠶ᠋ᠢᠨ ᠲᠤᠶᠠᠭ᠎ᠠ>ᠬᠠᠢᠯᠲᠠ ᠢᠯᠡᠷᠡᠭᠦᠯᠦᠯᠲᠡ

2026-10-16 10:47:27

ᠵᠣᠬᠢᠶᠠᠭ᠍ᠴᠢ᠄ ​ᠰᠢᠤᠢ ᠵᠤᠸᠠᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠤᠢᠷ᠎ᠡ ᠵᠢᠨ ᠡᠳᠦᠷ ᠾᠧᠨᠠᠨ᠎ᠤ ᠵᠸᠩᠵᠸᠦ᠍᠎ᠳᠦ ᠶᠠᠪᠤᠭᠳᠠᠭᠰᠠᠨ ᠪᠥᠬᠥ᠌ ᠤᠯᠤᠰ᠎ᠤᠨ ᠲᠣᠮᠣ ᠪᠠᠭᠤᠷᠢ ᠵᠢᠨ ᠠᠵᠢᠯ᠎ᠤᠨ ᠬᠤᠷᠠᠯ᠎ᠡᠴᠡ ᠣᠶ᠋ᠢᠯᠠᠭᠠᠭᠰᠠᠨ᠎ᠢᠶᠠᠷ᠂ ᠮᠠᠨ᠎ᠤ ᠤᠯᠤᠰ᠎ᠤᠨ ᠲᠣᠮᠣ ᠪᠠᠭᠤᠷᠢ᠎ᠶᠢᠨ ᠬᠠᠮᠠᠭᠠᠯᠠᠯᠲᠠ᠎ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠍᠂ ᠬᠠᠭᠤᠴᠢ ᠰᠤᠳᠤᠯᠤᠯ᠎ᠤᠨ ᠰᠤᠳᠤᠯᠭᠠᠨ ᠲᠠᠰᠤᠷᠠᠯᠲᠠ ᠥᠬᠡᠶ ᠭᠦᠨᠵᠡᠭᠡᠶ᠋ᠢᠷᠡᠨ᠂ ᠳᠡᠯᠭᠡᠨ ᠦᠵᠡᠭᠦᠯᠬᠦ᠌ ᠲᠦᠪᠰᠢᠨ ᠢᠯᠡᠳᠲᠡ ᠳᠡᠭᠡᠭᠰᠢᠯᠡᠵᠦ᠍᠂ ᠬᠠᠮᠢᠶᠠᠷᠤᠯᠲᠠ᠎ᠶᠢᠨ ᠰᠢᠰᠲ᠋ᠧᠮ ᠠᠯᠬᠤᠮ ᠠᠯᠬᠤᠮ᠎ᠢᠶᠠᠷ ᠪᠦᠷᠢᠯᠳᠦᠵᠦ᠍᠂ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ᠎ᠢ ᠰᠢᠨ᠎ᠠ ᠪᠡᠷ ᠵᠠᠰᠠᠪᠤᠷᠢ ᠤᠷᠤᠭᠤᠯᠤᠬᠰᠡᠨ ᠲᠡᠦᠬᠡ᠎ᠶᠢᠨ ᠳᠤᠷᠠᠰᠬᠠᠯᠲᠤ᠌ ᠵᠦᠢᠯᠡᠰ᠎ᠢ ᠬᠠᠮᠠᠭᠠᠯᠠᠬᠤ ᠬᠠᠤᠯᠢ᠎ᠳᠤ ᠣᠷᠣᠭᠤᠯᠵᠤ᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ᠎ᠶᠢᠨ ᠭᠦᠨᠵᠡᠭᠡᠶ᠋ᠢᠷᠡᠨ ᠬᠥᠭᠵᠢᠬᠦ᠌᠎ᠶᠢ ᠵᠢᠱ᠌ᠢᠶ᠎ᠡ ᠦᠵᠡᠭᠦᠯᠦᠨ ᠳᠠᠶ᠋ᠢᠴᠢᠯᠠᠪᠠ᠃

ᠲᠣᠮᠣ ᠪᠠᠭᠤᠷᠢ᠎ᠳᠤ ᠭᠣᠣᠯᠳᠠᠭᠤ ᠳᠤᠮᠳᠠᠳᠤ ᠤᠯᠤᠰ᠎ᠤᠨ ᠡᠷᠲᠡᠨ᠎ᠦ ᠲᠡᠦᠬᠡ᠎ᠶᠢᠨ ᠬᠥᠭᠵᠢᠯᠲᠡ᠎ᠶᠢᠨ ᠡᠯ᠎ᠡ ᠱᠠᠲᠤ᠌ ᠦᠶ᠎ᠡ᠎ᠶᠢ ᠲᠤᠰᠬᠠᠬᠰᠡᠨ ᠤᠯᠤᠰ ᠲᠥᠷᠥ᠍᠂ ᠱᠠᠰᠢᠨ ᠰᠤᠷᠲᠠᠬᠤᠨ᠂ ᠴᠡᠷᠢᠭ᠎ᠦᠨ ᠶᠠᠪᠤᠳᠠᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠳᠪᠦᠷᠢ᠂ ᠬᠦᠳᠡᠭᠡ ᠠᠵᠤ ᠠᠬᠤᠢ᠂ ᠪᠠᠷᠢᠯᠭ᠎ᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠲᠠᠯ᠎ᠠ᠎ᠶᠢᠨ ᠲᠡᠦᠬᠡ ᠰᠣᠶᠣᠯ᠎ᠤᠨ ᠮᠡᠳᠡᠭᠡ ᠵᠠᠩᠭᠢ᠂ ᠠᠤᠭ᠎ᠠ ᠶᠡᠬᠡ ᠬᠡᠪᠴᠢᠶ᠎ᠡ᠎ᠲᠡᠶ᠂ ᠴᠢᠬᠤᠯᠠ ᠶᠡᠬᠡ ᠦᠨ᠎ᠡ ᠥᠷᠲᠡᠭ᠎ᠲᠡᠶ᠂ ᠠᠯᠤᠰ ᠬᠡᠳᠦ᠎ᠶᠢᠨ ᠨᠥᠯᠥᠭᠡ᠎ᠲᠡᠶ ᠣᠨᠴᠠᠯᠢᠭ ᠪᠦᠬᠦᠢ ᠲᠣᠮᠣ ᠬᠡᠯᠪᠡᠷᠢ᠎ᠶᠢᠨ ᠰᠠᠭᠤᠷᠢᠰᠢᠯ᠂ ᠬᠣᠲᠠ᠎ᠶᠢᠨ ᠪᠠᠭᠤᠷᠢ᠂ ᠣᠷᠳᠣᠨ᠎ᠤ ᠭᠡᠷ᠂ ᠬᠠᠭᠠᠨ ᠤ᠋ ᠣᠩᠭᠣᠨ ᠵᠡᠷᠭᠡ ᠪᠠᠭᠤᠷᠢ᠂ ᠪᠠᠭᠤᠷᠢ᠎ᠶᠢᠨ ᠰᠦᠷᠦᠭᠵᠢᠯ ᠵᠢᠴᠢ ᠰᠣᠶᠣᠯ᠎ᠤᠨ ᠦᠵᠡᠮᠵᠢ ᠪᠠᠭᠲᠠᠨ᠎ᠠ᠃

ᠲᠠᠨᠢᠯᠴᠠᠭᠤᠯᠤᠭᠰᠠᠨ ᠢ᠋ ᠦᠨᠳᠤᠰᠤᠯᠡᠪᠡᠯ᠂ ᠮᠠᠨ᠎ᠤ ᠤᠯᠤᠰ ᠲᠤᠮᠤ ᠪᠠᠭᠤᠷᠢ᠎ᠶᠢ ᠳᠤᠮᠳᠠᠳᠤ᠎ᠶᠢᠨ ᠪᠣᠯᠪᠠᠰᠤᠨ᠎ᠤ ᠡᠬᠢ ᠡᠬᠦᠰᠤᠯ ᠢ᠋ ᠬᠠᠶ᠋ᠢᠨ ᠰᠢᠨᠵᠢᠯᠡᠬᠦ᠌ ᠢᠨᠵᠧᠨᠧᠷᠢᠩ᠂ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠤ᠋ᠨ ᠴᠢᠬᠤᠯᠠ ᠶᠡᠬᠡ ᠲᠦᠷᠦᠯ ᠵᠦᠢᠯ᠎ᠳᠦ ᠣᠷᠣᠭᠤᠯᠵᠤ᠂ ᠬᠥᠮᠦᠨ ᠲᠥᠷᠥᠯᠬᠢᠲᠡᠨ᠎ᠦ ᠡᠭᠦᠰᠦᠯ᠂ ᠬᠥᠳᠡᠭᠡ ᠠᠵᠤ ᠠᠬᠤᠢ᠎ᠶᠢᠨ ᠡᠭᠦᠰᠦᠯ᠂ ᠪᠣᠯᠪᠠᠰᠤᠨ᠎ᠤ ᠡᠭᠦᠰᠦᠯ᠂ ᠨᠢᠭᠡᠳᠦᠭᠰᠡᠨ ᠤᠯᠠᠨ ᠦᠨᠳᠦᠰᠦᠲᠡᠨ᠎ᠲᠡᠶ ᠤᠯᠤᠰ᠎ᠤᠨ ᠪᠦᠷᠢᠯᠳᠦᠨ ᠬᠥᠭᠵᠢᠬᠦ᠌ ᠵᠡᠷᠭᠡ ᠴᠢᠬᠤᠯᠠ ᠶᠡᠬᠡ ᠲᠡᠦᠬᠡ᠎ᠶᠢᠨ ᠠᠰᠠᠭᠤᠳᠠᠯ᠎ᠤᠨ ᠰᠤᠳᠤᠯᠭᠠᠨ ᠰᠢᠨ᠎ᠡ ᠰᠢᠪᠲᠤᠯᠤᠯᠲᠠ᠎ᠲᠠᠶ ᠪᠣᠯᠬᠤ᠎ᠶᠢ ᠠᠬᠢᠭᠤᠯᠪᠠ᠃ ᠲᠣᠮᠣ ᠪᠠᠭᠤᠷᠢ᠎ᠨᠢ ᠰᠣᠶᠣᠯ᠎ᠤᠨ ᠢᠲᠡᠭᠡᠯ᠎ᠢᠶᠡᠨ ᠪᠠᠲᠤᠳᠬᠠᠬᠤ ᠠᠮᠢᠵᠢᠷᠠᠯ᠎ᠤᠨ ᠬᠦᠴᠦᠨ᠎ᠦ ᠡᠬᠢ ᠪᠤᠯᠠᠭ ᠪᠣᠯᠵᠣ᠂ ᠣᠶ᠋ᠢᠷ᠎ᠠ᠎ᠶᠢᠨ ᠭᠤᠷᠪᠠᠨ ᠵᠢᠯ᠎ᠳᠦ᠂ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ᠎ᠦᠨ ᠵᠢᠯ᠎ᠦᠨ ᠵᠢᠭᠤᠯᠴᠢᠯᠠᠭᠰᠡᠳ᠎ᠤᠨ ᠶᠡᠷᠦᠩᠬᠡᠶ ᠬᠡᠮᠵᠢᠶ᠎ᠡ 2.6 ᠳ᠋ᠦᠩᠰᠢᠭᠤᠷ ᠬᠥᠮᠦᠨ ᠤᠳᠠᠭ᠎ᠠ᠎ᠳᠤ ᠬᠦᠷᠴᠦ᠍᠂ ᠵᠢᠯ ᠳᠤᠮᠳᠠᠴᠢ᠎ᠪᠠᠷ ᠠᠳᠠᠯᠢ ᠬᠤᠭᠤᠴᠠᠭᠠᠨ᠎ᠤ᠎ᠬᠢ᠎ᠡᠴᠡ 10.17% ᠪᠠᠷ ᠨᠡᠮᠡᠭᠳᠡᠪᠡ᠃

ᠬᠤᠷᠠᠯ᠎ᠡᠴᠡ ᠰᠢᠨ᠎ᠡ ᠴᠠᠭ ᠦᠶ᠎ᠡ᠎ᠳᠦ ᠲᠣᠮᠣ ᠪᠠᠭᠤᠷᠢ᠎ᠶᠢ ᠬᠠᠮᠠᠭᠠᠯᠠᠵᠤ ᠠᠰᠢᠭᠯᠠᠬᠤ᠎ᠶᠢ ᠴᠢᠩᠭᠠᠳᠬᠠᠬᠤ ᠡᠭᠦᠷᠭᠡ ᠠᠷᠭ᠎ᠠ ᠬᠡᠮᠵᠢᠶ᠎ᠡ᠎ᠶᠢ ᠰᠤᠳᠤᠯᠤᠨ ᠪᠠᠶ᠋ᠢᠷᠢᠯᠠᠭᠤᠯᠵᠤ᠂ ᠥᠨᠳᠥᠷ ᠲᠦᠪᠰᠢᠨ ᠪᠦᠬᠦᠢ ᠬᠠᠭᠤᠴᠢ ᠰᠤᠳᠤᠯᠤᠯ᠎ᠢᠶᠠᠷ ᠵᠢᠯᠣᠭᠣᠳᠤᠮᠵᠢ ᠪᠣᠯᠭᠠᠵᠤ᠂ ᠲᠣᠮᠣ ᠪᠠᠭᠤᠷᠢ᠎ᠶᠢᠨ ᠪᠣᠯᠪᠠᠰᠤᠨ᠎ᠤ ᠰᠤᠳᠤᠯᠭᠠᠨ᠎ᠤ ᠴᠢᠳᠠᠪᠤᠷᠢ᠎ᠶᠢ ᠳᠡᠭᠡᠭᠰᠢᠯᠡᠭᠦᠯᠵᠦ᠍᠂ ᠲᠣᠮᠣ ᠪᠠᠭᠤᠷᠢ᠎ᠶᠢ ᠳᠤᠮᠳᠠᠳᠤ ᠤᠯᠤᠰ᠎ᠤᠨ ᠣᠨᠴᠠᠯᠢᠭ ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠶ ᠳᠤᠮᠳᠠᠳᠤ ᠤᠯᠤᠰ᠎ᠤᠨ ᠣᠮᠣᠭ ᠰᠦᠷ᠎ᠲᠡᠶ ᠬᠠᠭᠤᠴᠢ ᠰᠤᠳᠤᠯᠤᠯ᠎ᠤᠨ ᠴᠢᠬᠤᠯᠠ ᠲᠠᠪᠴᠠᠩ ᠪᠣᠯᠭᠠᠬᠤ᠎ᠶᠢ ᠠᠬᠢᠭᠤᠯᠬᠤ ᠬᠡᠷᠡᠭᠲᠡᠶ;ᠦᠷᠭᠦᠯᠵᠢᠯᠡᠬᠦ᠌ ᠬᠠᠮᠠᠭᠠᠯᠠᠯᠲᠠ᠎ᠪᠠᠷ ᠦᠨᠳᠦᠰᠦ ᠪᠣᠯᠭᠠᠵᠤ᠂ ᠬᠠᠤᠯᠢ ᠶᠣᠰᠣᠭᠠᠷ ᠰᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠬᠤ᠎ᠶᠢ ᠪᠠᠷᠢᠮᠲᠠᠯᠠᠵᠤ᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠬᠤ ᠬᠡᠷᠡᠭᠲᠡᠢ;ᠴᠢᠨᠠᠷ ᠰᠠᠶ᠋ᠢᠲᠠᠢ ᠦᠵᠡᠭᠦᠯᠭᠡ᠎ᠪᠡᠷ ᠲᠤᠯᠭᠠᠭᠤᠷᠢᠯᠠᠯ ᠪᠣᠯᠭᠠᠵᠤ᠂ ᠲᠤᠮᠤ ᠪᠠᠭᠤᠷᠢ᠎ᠶᠢᠨ ᠰᠣᠶᠣᠯ᠎ᠤᠨ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠰᠢᠯᠢᠳᠡᠭᠵᠢᠭᠦᠯᠵᠦ᠍᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠦᠷᠳᠡᠭ᠎ᠢ ᠨᠡᠩ ᠰᠠᠶ᠋ᠢᠲᠤᠷ ᠪᠡᠶᠡᠯᠡᠭᠦᠯᠵᠦ᠍᠂ ᠠᠷᠠᠳ ᠤᠯᠠᠨ᠎ᠳᠤ ᠦᠢᠯᠡᠴᠢᠯᠡᠬᠦ᠌ ᠬᠡᠷᠡᠭᠲᠡᠢ;ᠥᠨᠳᠥᠷ ᠪᠦᠲᠦᠮᠵᠢᠲᠡᠢ ᠬᠠᠮᠢᠶᠠᠷᠤᠯᠲᠠ᠎ᠪᠠᠷ ᠪᠠᠲᠤᠯᠠᠭ᠎ᠠ ᠪᠣᠯᠭᠠᠵᠤ᠂ ᠲᠤᠮᠤ ᠪᠠᠭᠤᠷᠢ᠎ᠶᠢ ᠤᠯᠠᠮᠵᠢᠯᠠᠨ ᠬᠥᠭᠵᠢᠭᠦᠯᠬᠦ᠌ ᠠᠮᠢᠵᠢᠷᠠᠯ᠎ᠤᠨ ᠬᠦᠴᠦᠨ᠎ᠢ ᠴᠢᠩᠭᠠᠳᠬᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠤᠮᠤ ᠪᠠᠭᠤᠷᠢ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢ ᠰᠢᠨ᠎ᠡ ᠳᠡᠭᠲᠡᠷ᠎ᠲᠦ᠍ ᠭᠠᠷᠭᠠᠬᠤ᠎ᠶᠢ ᠠᠬᠢᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃

                     (ᠰᠢᠨᠬᠤᠸᠠ ᠬᠣᠷᠢᠶ᠎ᠠ ᠵᠢᠨ ᠵᠸᠩᠵᠸᠦ᠍᠎ᠶᠢᠨ  ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面