2026-09-21 10:17:14
ᠦᠪᠦᠷ ᠮᠤᠩᠭᠤᠯᠤᠨ ᠨᠢᠭᠡ ᠬᠡᠷᠡᠭ ᠤ᠋ᠨ ᠵᠢᠱ᠌ᠢᠶ᠎ᠡ ᠪᠦᠬᠦ ᠤᠯᠤᠰ ᠤ᠋ᠨ ᠠᠷᠪᠠᠨ ᠰᠢᠯᠢᠳᠡᠭ ᠬᠡᠷᠡᠭ ᠤ᠋ᠨ ᠵᠢᠱ᠌ᠢᠶ᠎ᠡ ᠳ᠋ᠤ ᠰᠣᠩᠭᠣᠭᠳᠠᠪᠠ
2026 ᠣᠨ ᠤ᠋ ᠳᠤᠮᠳᠠᠳᠤ ᠤᠯᠤᠰ ᠤ᠋ᠨ ᠬᠥᠳᠡᠭᠡ ᠳᠤᠰᠬᠤᠨ ᠤ᠋ ᠪᠣᠯᠪᠠᠰᠤᠨ ᠰᠤᠷᠲᠠᠯ ᠤ᠋ᠨ ᠶᠡᠬᠡ ᠬᠤᠷᠠᠯ ᠤᠢᠷᠠᠳᠤ ᠱᠠᠨᠳᠦ᠋ᠩ ᠮᠤᠵᠢ ᠶ᠋ᠢᠨ ᠯᠢᠨ ᠢ ᠬᠤᠳᠠ ᠳ᠋ᠤ ᠬᠤᠷᠠᠯᠳᠤᠨ᠂ ᠦᠪᠦᠷ ᠮᠤᠩᠭᠤᠯᠤᠨ ᠮᠡᠳᠡᠭᠦᠯᠦᠭᠰᠡᠨ ᠬᠠᠩᠭᠢᠨ ᠬᠣᠰᠢᠭᠤᠨ ᠤ᠋ ᠳᠤᠭᠤᠢᠳᠠᠯ᠎ᠠ ᠪᠠᠯᠭᠠᠰᠤᠨ ᠤ᠋ ᠳᠠᠭᠤᠳᠤ ᠭᠠᠴᠠᠭᠠᠨᠤ 《 ᠪᠤᠳᠠᠰ ᠤ᠋ᠨ ᠪᠤᠰᠤ ᠰᠤᠶᠤᠯ ᠤ᠋ᠨ ᠦᠪ ᠬᠦᠷᠦ ᠳᠠᠭᠤᠤ ᠪᠡᠷ ᠬᠥᠳᠡᠭᠡ ᠲᠣᠰᠬᠣᠨ ᠢ᠋ ᠬᠦᠭᠵᠢᠭᠦᠯᠦᠨ ᠮᠠᠨᠳᠤᠭᠤᠯᠬᠤ 》 ᠬᠡᠷᠡᠭ ᠤ᠋ᠨ ᠵᠢᠱ᠌ᠢᠶ᠎ᠡ ᠪᠦᠬᠦ ᠤᠯᠤᠰ ᠤ᠋ᠨ ᠠᠷᠪᠠᠨ ᠰᠢᠯᠢᠳᠡᠭ ᠬᠡᠷᠡᠭ ᠤ᠋ᠨ ᠵᠢᠱ᠌ᠢᠶ᠎ᠡ ᠵᠢᠨ ᠨᠢᠭᠡ ᠪᠡᠷ ᠰᠣᠩᠭᠣᠭᠳᠠᠪᠠ᠃
ᠬᠦᠷᠦ ᠬᠡᠳᠡᠭ ᠦᠭᠡ ᠪᠤᠯ 《ᠤᠯᠤᠰ ᠭᠦᠷᠦᠨ》 ᠪᠤᠶᠤ 《ᠲᠥᠷᠥ》 ᠬᠡᠰᠡᠨ ᠤᠳᠭ᠎ᠠ ᠳᠠᠢ᠂ ᠬᠦᠷᠦ ᠳᠠᠭᠤᠤ ᠪᠤᠯ ᠡᠷᠳᠡ ᠦᠶ᠎ᠡ ᠡᠴᠡ ᠪᠦᠷᠢᠨ ᠪᠦᠳᠦᠨ ᠤᠯᠠᠮᠵᠢᠯᠠᠭᠳᠠᠵᠤ ᠢᠷᠡᠭᠰᠡᠨ ᠮᠤᠩᠭᠤᠯ ᠦᠨᠳᠦᠰᠦᠳᠡᠨ ᠤ᠋ ᠤᠷᠳᠤᠨ ᠤ᠋ ᠳᠠᠭᠤᠤ ᠶ᠋ᠢᠨ ᠨᠢᠭᠡ ᠪᠠᠢᠵᠤ᠂ 《ᠮᠣᠩᠭᠣᠯ ᠦᠨᠳᠦᠰᠦᠲᠡᠨ ᠤ᠋ ᠲᠡᠦᠬᠡ ᠵᠢᠨ ᠠᠮᠢᠳᠤ ᠴᠢᠯᠠᠭᠤᠵᠢᠮᠠᠯ 》 ᠭᠡᠮᠡᠭᠳᠡᠳᠡᠭ᠃ ᠬᠦᠷᠦ ᠳᠠᠭᠤᠤ 2008 ᠣᠨ ᠳ᠋ᠤ ᠤᠯᠤᠰ ᠤ᠋ᠨ ᠳᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠡᠷᠡᠰ ᠤ᠋ᠨ ᠵᠢᠭ᠍ᠰᠠᠭᠠᠯᠲᠠ ᠳ᠋ᠤ ᠣᠷᠣᠵᠡᠢ᠃ ᠤᠳᠤᠬᠠᠨ ᠳ᠋ᠤ ᠬᠠᠩᠭᠢᠨ ᠬᠣᠰᠢᠭᠤᠨ ᠳ᠋ᠤ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 1 ᠬᠦᠮᠦᠨ᠂ ᠦᠪᠦᠷ ᠮᠤᠩᠭᠤᠯᠤᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 1 ᠬᠦᠮᠦᠨ᠂ ᠬᠣᠲᠠ ᠵᠢᠨ ᠲᠠᠰ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 10 ᠬᠦᠮᠦᠨ᠂ ᠬᠣᠰᠢᠭᠤᠨ ᠤ᠋ ᠲᠠᠰ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 11 ᠬᠦᠮᠦᠨ ᠪᠣᠢ᠃ ᠳᠠᠭᠤᠳᠤ ᠭᠠᠴᠠᠭ᠎ᠠ ᠬᠦᠷᠦ ᠳᠠᠭᠤᠤ ᠵᠢ ᠬᠦᠳᠡᠭᠡ ᠳᠤᠰᠬᠤᠨ ᠢ᠋ ᠬᠦᠭᠵᠢᠬᠦᠯᠦᠨ ᠮᠠᠨᠳᠤᠭᠤᠯᠬᠤ ᠯᠤᠭ᠎ᠠ ᠠᠭᠤᠰᠬᠠᠨ᠂ ᠬᠦᠷᠦ ᠳᠠᠭᠤᠤ ᠵᠢᠨ ᠳᠤᠭᠯᠠᠯᠳᠠ ᠰᠤᠨᠢᠷᠬᠠᠬᠤ᠂ ᠮᠠᠯᠴᠢᠨ ᠠᠢᠯ ᠤ᠋ᠨ ᠵᠢᠭᠤᠯᠴᠢᠯᠠᠯ ᠡᠷᠬᠢᠯᠡᠬᠦ᠂ ᠠᠷᠠᠳ ᠤ᠋ᠨ ᠵᠠᠩ ᠦᠢᠯᠡ ᠵᠢ ᠤᠢᠯᠠᠭᠠᠬᠤ ᠵᠡᠷᠭᠡ ᠵᠢ ᠤᠶᠠᠯᠳᠤᠭᠤᠯᠤᠭᠰᠠᠨ ᠰᠤᠶᠤᠯ ᠵᠢᠭᠤᠯᠴᠢᠯᠠᠯ ᠤ᠋ᠨ ᠦᠢᠯᠡᠰ ᠢ᠋ ᠬᠦᠭᠵᠢᠬᠦᠯᠦᠨ᠂ ᠭᠠᠴᠠᠭᠠᠨ ᠤ᠋ ᠬᠠᠮᠳᠤ ᠶ᠋ᠢᠨ ᠡᠬᠢ ᠪᠠᠶᠠᠯᠢᠭ᠋ ᠢ᠋ ᠠᠮᠢᠯᠠᠭᠤᠯᠵᠤ᠂ ᠪᠠᠷᠢᠮᠵᠢᠶᠠᠵᠢᠭᠰᠠᠨ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠯᠠᠮᠵᠢᠯᠠᠬᠤ ᠰᠠᠭᠤᠷᠢᠨ ᠪᠠᠢᠭᠤᠯᠤᠨ᠂ ᠵᠢᠯ ᠳᠤᠮᠳᠠᠴᠢ ᠪᠠᠷ 50 ᠭᠠᠷᠤᠢ ᠲᠠᠯᠠᠪᠠᠢ ᠪᠣᠯᠪᠠᠰᠤᠷᠠᠯ᠂ ᠠᠷᠠᠳ ᠲᠤ᠌ ᠠᠰᠢᠭ᠋ ᠬᠦᠷᠲᠡᠭᠡᠬᠦ ᠲᠣᠭᠯᠠᠯᠲᠠ ᠦᠷᠨᠢᠬᠦᠯᠦᠨ᠂ ᠣᠯᠠᠨ ᠲᠦᠮᠡᠨ ᠳ᠋ᠤ 2000 ᠭᠠᠷᠤᠢ ᠬᠥᠮᠥᠨ ᠤᠳᠠᠭ᠎ᠠ ᠦᠢᠯᠡᠴᠢᠯᠡᠪᠡ᠃
ᠤᠳᠤᠬᠠᠨ ᠳ᠋ᠤ᠂ ᠭᠠᠴᠠᠭᠠᠨ ᠤ᠋ ᠬᠠᠮᠲᠤ ᠵᠢᠨ ᠠᠵᠤ ᠠᠬᠤᠢ ᠵᠢᠨ ᠵᠢᠯ ᠤ᠋ᠨ ᠣᠷᠣᠯᠭ᠎ᠠ ᠨᠢ 45 ᠲᠦᠮᠡᠨ ᠲᠥᠭᠥᠷᠢᠭ ᠢ᠋ ᠳᠠᠪᠠᠵᠤ᠂ ᠮᠠᠯᠴᠢᠳ ᠤ᠋ᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 12% ᠶ᠋ᠢᠡᠷ ᠨᠡᠮᠡᠭᠳᠡᠵᠡᠢ᠃ ᠡᠬᠦᠨ ᠤ᠋ ᠬᠠᠮᠳᠤ᠂ ᠳᠤᠰ ᠭᠠᠴᠠᠭ᠎ᠠ ᠬᠦᠷᠦ ᠳᠠᠭᠤᠤ ᠪᠡᠷ ᠬᠤᠯᠪᠤᠭᠠᠰᠤ ᠪᠤᠯᠭᠠᠨ᠂ ᠬᠦᠳᠡᠭᠡ ᠳᠤᠰᠬᠤᠨ ᠤ᠋ ᠪᠤᠯᠪᠠᠰᠤᠨ ᠰᠤᠷᠳᠠᠯ ᠢ᠋ ᠪᠤᠢ ᠪᠤᠯᠭᠠᠬᠤ ᠵᠢ ᠠᠬᠢᠭᠤᠯᠵᠤ᠂ ᠰᠤᠶᠤᠯ ᠤ᠋ᠨ ᠬᠦᠴᠦᠨ ᠶ᠋ᠢᠡᠷ ᠠᠷᠠᠳ ᠤ᠋ᠨ ᠰᠡᠳᠬᠢᠯ ᠢ᠋ ᠨᠢᠭᠳᠠᠷᠠᠭᠤᠯᠬᠤ᠂ ᠰᠤᠶᠤᠯ ᠵᠢᠭᠤᠯᠴᠢᠯᠠᠯ ᠶ᠋ᠢᠡᠷ ᠬᠦᠳᠡᠭᠡ ᠳᠤᠰᠬᠤᠨ ᠢ᠋ ᠬᠦᠭᠵᠢᠬᠦᠯᠦᠨ ᠮᠠᠨᠳᠤᠭᠤᠯᠬᠤ ᠵᠢ ᠠᠬᠢᠭᠤᠯᠵᠤ ᠪᠤᠢ᠃ ᠳᠤᠰ ᠤᠳᠠᠭ᠎ᠠ ᠠᠮᠵᠢᠯᠳᠠ ᠳᠠᠢ ᠰᠤᠩᠭᠤᠭᠳᠠᠭᠰᠠᠨ ᠨᠢ ᠳᠤᠰ ᠭᠠᠴᠠᠭᠠᠨ ᠤ᠋ ᠬᠢᠷᠢ ᠪᠦᠳᠦᠮᠵᠢ ᠵᠢ ᠳᠡᠭᠡᠳᠤ ᠬᠡᠮᠵᠢᠶ᠎ᠡ ᠪᠡᠷ ᠮᠡᠳᠡᠷᠡᠭᠰᠡᠨ ᠶᠠᠪᠤᠳᠠᠯ ᠪᠤᠯᠬᠤ ᠪᠦᠭᠡᠳ ᠬᠦᠳᠡᠭᠡ ᠳᠤᠰᠬᠤᠨ ᠢ᠋ ᠬᠦᠭᠵᠢᠬᠦᠯᠦᠨ ᠮᠠᠨᠳᠤᠭᠤᠯᠬᠤ᠂ ᠪᠤᠳᠠᠰ ᠤ᠋ᠨ ᠪᠤᠰᠤ ᠰᠤᠶᠤᠯ ᠤ᠋ᠨ ᠦᠪ ᠢ᠋ ᠠᠮᠢᠯᠠᠭᠤᠯᠬᠤ᠂ ᠬᠦᠳᠡᠭᠡ ᠳᠤᠰᠬᠤᠨ ᠤ᠋ ᠪᠤᠯᠪᠠᠰᠤᠨ ᠰᠤᠷᠳᠠᠯ ᠢ᠋ ᠪᠤᠢ ᠪᠤᠯᠭᠠᠬᠤ ᠳ᠋ᠤ ᠳᠠᠭᠤᠷᠢᠶᠠᠵᠤ ᠪᠤᠯᠬᠤᠢᠴᠠ ᠵᠢᠱ᠌ᠢᠶ᠎ᠡ ᠬᠠᠩᠭᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃