ᠲᠡᠷᠢᠭᠦᠨ ᠨᠢᠭᠤᠷ>ᠲᠠᠯ᠎ᠠ᠎ᠶ᠋ᠢᠨ ᠲᠤᠶᠠᠭ᠎ᠠ>ᠠᠯᠲᠠᠨ ᠵᠤᠤᠵᠠᠢ

2026-10-26 09:57:31

ᠵᠣᠬᠢᠶᠠᠭ᠍ᠴᠢ᠄ ᠸᠠᠩ ᠰᠢᠶᠣᠣ ᠮᠢᠩ ᠣᠩᠱᠢᠭ᠍ᠰᠠᠨ ᠣᠳᠠᠭ᠎ᠠ᠄ 3

2012 ᠤᠨ ᠡᠴᠡ ᠨᠠᠭᠠᠰᠢ᠂ ᠦᠪᠦᠷ ᠮᠣᠩᠭᠣᠯ᠎ᠤᠨ 14 ᠪᠦᠲᠦᠭᠡᠯ 《 ᠠᠵᠢᠨᠠᠢ 》 ᠱᠠᠩᠨᠠᠯ ᠬᠦᠷᠲᠡᠵᠦ᠂ 2 ᠪᠦᠲᠦᠭᠡᠯ ᠯᠦ᠍ ᠰᠢᠶᠦᠢ᠍ᠨ ᠣᠳᠬ᠎ᠠ ᠵᠣᠬᠢᠶᠠᠯ᠎ᠤᠨ ᠱᠠᠩᠨᠠᠯ ᠬᠦᠷᠲᠡᠵᠦ᠂ 1 ᠪᠦᠲᠦᠭᠡᠯ ᠪᠦᠬᠦ ᠣᠯᠣᠰ᠎ᠤᠨ ᠰᠢᠯᠢᠲᠡᠭ ᠬᠡᠦᠬᠡᠳ᠎ᠤᠨ ᠣᠳᠬ᠎ᠠ ᠵᠣᠬᠢᠶᠠᠯ᠎ᠤᠨ ᠱᠠᠩᠨᠠᠯ ᠬᠦᠷᠲᠡᠵᠦ᠂ 3 ᠪᠦᠲᠦᠭᠡᠯ ᠲᠣᠮᠲᠠᠲᠣ ᠣᠯᠣᠰ᠎ᠤᠨ ᠵᠣᠬᠢᠶᠠᠯᠴᠢᠳ᠎ᠤᠨ ᠡᠪᠯᠡᠯ᠎ᠤᠨ 《 ᠬᠣᠶᠠᠷ ᠲᠦᠯᠦᠪᠯᠡᠭᠡ》 ᠳ᠋ᠦ ᠰᠣᠩᠭᠣᠬᠲᠠᠪᠠ᠃ ᠨᠢᠲᠦ ᠬᠢᠯᠠᠰᠣᠮ᠎ᠠ ᠡᠳᠡᠭᠡᠷ ᠲᠣᠭ᠎ᠠ ᠪᠠᠷᠢᠮᠲᠠ ᠪᠣᠯ ᠦᠪᠦᠷ ᠮᠣᠩᠭᠣᠯ᠎ᠤᠨ ᠣᠳᠬ᠎ᠠ ᠣᠷᠠᠯᠢᠬ᠎ᠤᠨ ᠬᠢᠨ᠎ᠤ ᠬᠣᠯᠪᠣᠭ᠎ᠠ ᠦᠷᠭᠡᠨ ᠣᠯᠠᠨ ᠵᠣᠬᠢᠶᠠᠯᠴᠢ ᠪᠠ ᠣᠷᠴᠢᠭᠣᠯᠣᠬᠴᠢᠳ᠎ᠢ ᠲᠠᠢᠴᠢᠯᠠᠨ ᠦᠵᠦᠭ ᠪᠢᠷ᠎ᠤᠨ ᠰᠢᠲᠢ ᠪᠡᠷ ᠡᠷᠢᠨ ᠴᠠᠬ᠎ᠤᠨ ᠰᠢᠨ᠎ᠡ ᠲᠦᠷᠬᠦ᠎ᠶᠢ ᠡᠷᠳᠡᠨᠢᠲᠦ ᠨᠣᠮ᠎ᠤᠨ ᠬᠠᠭᠣᠲᠠᠰᠣᠨ᠎ᠠ ᠪᠦᠲᠦᠭᠡᠨ ᠪᠣᠰᠬᠠᠵᠦ᠂ ᠣᠳᠬ᠎ᠠ ᠵᠣᠬᠢᠶᠠᠯ᠎ᠤᠨ 《ᠣᠷᠬᠢᠯ ᠳ᠋ᠦ ᠠᠪᠠᠷᠢᠵᠦ ᠦᠵᠦᠬᠦᠷ ᠲᠣᠨᠢ ᠬᠦᠷᠬᠦ》 ᠭᠡᠰᠡᠨ ᠵᠢᠳᠬᠦᠯ ᠲᠡᠮᠡᠦᠯᠦᠯ᠎ᠤᠨ ᠬᠢᠨᠢ ᠪᠠᠲᠣ ᠭᠡᠷᠡᠴᠢ ᠪᠣᠯᠬᠣ ᠬᠡᠯᠲᠡᠢ᠃

ᠣᠢᠷ᠎ᠠ᠎ᠶᠢᠨ ᠵᠢᠯ ᠡᠴᠡ ᠨᠠᠭᠠᠰᠢ᠂ ᠦᠪᠦᠷ ᠮᠣᠩᠭᠣᠯ᠎ᠤᠨ ᠦᠷᠭᠡᠨ ᠣᠯᠠᠨ ᠣᠳᠬ᠎ᠠ ᠵᠣᠬᠢᠶᠠᠯ᠎ᠤᠨ ᠠᠵᠢᠯᠲᠠᠳ ᠠᠮᠢᠲᠣᠷᠠᠯ  ᠳ᠋ᠦ ᠬᠦᠨᠵᠡᠭᠡᠢᠷᠡᠨ ᠠᠷᠠᠳ ᠲᠦᠮᠡᠨ᠎ᠤ ᠲᠣᠮᠲᠠ ᠬᠦᠨᠵᠡᠭᠡᠢᠷᠡᠬᠦ᠎ᠶᠢ ᠦᠢᠯᠡᠲᠦᠯᠭᠡᠵᠢᠬᠦᠯᠦᠨ᠂ ᠣᠬ ᠰᠠᠨᠠᠭ᠎ᠠ ᠪᠠᠨ ᠦᠯᠦ ᠮᠠᠷᠲᠠᠨ ᠣᠷᠣᠯᠲᠣᠯᠭ᠎ᠠ ᠪᠦᠲᠦᠭᠡᠯᠭᠡ ᠳ᠋ᠦ ᠰᠢᠮᠲᠠᠵᠦ᠂ ᠰᠣᠲᠣᠨ ᠰᠢᠯᠢᠲᠡᠭ ᠪᠦᠲᠦᠭᠡᠯ᠎ᠤ᠋ᠤᠨ᠎ᠢ ᠲᠣᠭᠣᠷᠪᠢᠨ᠂ ᠲᠣᠮᠲᠠᠲᠣ ᠣᠯᠣᠰ᠎ᠤᠨ ᠵᠣᠬᠢᠶᠠᠯᠴᠢᠳ᠎ᠤᠨ ᠡᠪᠯᠡᠯ᠎ᠤᠨ ᠲᠦᠷᠪᠡᠨ ᠲᠣᠮᠣ ᠪᠦᠬᠦ ᠣᠯᠣᠰ᠎ᠤᠨ ᠴᠢᠨᠠᠷᠲᠠᠢ ᠣᠳᠬ᠎ᠠ ᠵᠣᠬᠢᠶᠠᠯ᠎ᠤᠨ ᠱᠠᠩᠨᠠᠯ᠎ᠤᠨ ᠰᠢᠯᠭᠠᠷᠠᠭᠣᠯᠣᠯᠲᠠ ᠳ᠋ᠦ ᠣᠲᠠᠭ᠎ᠠ ᠲᠠᠷᠠᠭᠠᠯᠠᠨ ᠱᠠᠩᠨᠠᠯ ᠲᠣᠰᠴᠣ᠂ ᠪᠦᠬᠦ ᠣᠯᠣᠰ᠎ᠤᠨ ᠣᠳᠬ᠎ᠠ ᠣᠷᠠᠯᠢᠬ᠎ᠤᠨ ᠡᠳᠡᠭᠡᠳ᠎ᠤᠨ ᠬᠢᠨ ᠳ᠋ᠦ ᠭᠠᠢᠬᠠᠬᠲᠠᠬᠰᠠᠨ ᠪᠠᠢᠨ᠎ᠠ᠃ 《 ᠭᠠᠬᠴᠠ ᠴᠡᠴᠡᠭ ᠲᠡᠯᠭᠡᠷᠡᠭᠡᠳ ᠬᠠᠪᠣᠷ᠎ᠢ ᠲᠦᠯᠦᠭᠡᠯᠡᠵᠦ ᠴᠢᠲᠠᠬᠣ ᠦᠭᠡᠢ》 ᠭᠡᠲᠡᠭ ᠶᠣᠮ ᠪᠣᠯ ᠭᠣᠷᠪᠠᠨ ᠵᠢᠯ ᠲᠠᠷᠠᠭᠠᠯᠠᠨ ᠲᠦᠷᠪᠡᠨ ᠲᠣᠮᠣ ᠱᠠᠩᠨᠠᠯ᠎ᠢ ᠡᠭᠡᠯᠵᠢᠯᠡᠨ ᠲᠣᠰᠣᠬᠰᠠᠨ᠎ᠢ ᠴᠣᠬᠣᠮ ᠭᠠᠢᠬᠠᠮᠰᠢᠬ ᠭᠡᠵᠦ ᠬᠡᠯᠡᠬᠦ ᠳ᠋ᠦ ᠢᠯᠡᠬᠦᠲᠡᠬᠦ ᠦᠭᠡᠢ ᠪᠢᠵᠠ⁈

ᠨᠠᠮᠣᠷ᠂ ᠦᠷ᠎ᠡ ᠲᠠᠷᠢᠶᠠᠨ᠎ᠤ ᠰᠢᠮ᠎ᠡ ᠪᠦᠷᠢᠳᠴᠦ᠂ ᠦᠷᠦᠮ᠎ᠡ ᠵᠣᠵᠠᠭᠠᠷᠠᠨ ᠰᠦ ᠦᠳᠭᠡᠷᠡᠵᠦ ᠡᠯᠪᠡᠭ ᠬᠣᠷᠢᠶᠠᠯᠲᠠ᠂ ᠦᠨᠢᠷ ᠠᠮᠵᠢᠯᠲᠠ᠂ ᠦᠢᠯᠡᠰ᠎ᠤᠨ ᠵᠢᠪᠬᠣᠭ᠎ᠠ᠎ᠶᠢ ᠬᠣᠷᠣᠢᠯᠠᠨ᠎ᠠ᠃ ᠡᠬᠡ ᠪᠠᠢᠭᠠᠯᠢ᠎ᠶᠢᠨ ᠨᠠᠮᠣᠷ ᠦᠵᠡᠮᠵᠢ᠎ᠶᠢᠨ ᠣᠬᠢ᠎ᠶᠢ ᠲᠡᠯᠭᠡᠬᠦ ᠳ᠋ᠦ ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠴᠦ᠍ ᠮᠠᠬᠠᠷᠠᠬᠣ ᠵᠢᠳᠬᠦᠯ᠂ ᠮᠠᠨᠲᠣᠬᠣ ᠢᠷᠡᠭᠡᠲᠦᠢ᠎ᠶᠢ ᠲᠠᠯᠠᠯᠣᠨ ᠡᠯᠪᠡᠭ ᠬᠣᠷᠢᠶᠠᠯᠲᠠ ᠪᠠᠨ ᠣᠬᠲᠣᠵᠦ᠂ ᠣᠯᠣᠰ᠎ᠤᠨ ᠲᠡᠰ᠎ᠤᠨ ᠲᠣᠮᠣ ᠱᠠᠩᠨᠠᠯ ᠲᠣᠰᠣᠯ᠎ᠠ᠃ ᠶᠢᠰᠦᠲᠦᠭᠡᠷ ᠬᠣᠭᠣᠴᠠᠭᠠᠨ᠎ᠤ ᠯᠦ᠍ ᠰᠢᠶᠦᠢ᠍ᠨ ᠣᠳᠬ᠎ᠠ ᠵᠣᠬᠢᠶᠠᠯ᠎ᠤᠨ ᠱᠠᠩᠨᠠᠯ᠎ᠤᠨ ᠰᠢᠯᠭᠠᠷᠠᠭᠣᠯᠣᠯᠲᠠ ᠳ᠋ᠦ᠂ ᠮᠠᠨ᠎ᠤ ᠣᠷᠣᠨ᠎ᠤ ᠵᠣᠬᠢᠶᠠᠯᠴᠢ ᠠᠢ ᠫᠢᠩ᠎ᠤᠨ 《 ᠲᠡᠭᠷᠢᠯᠢᠭ ᠲᠠᠯ᠎ᠠ》 ᠭᠡᠬᠦ ᠨᠠᠢᠷᠠᠭᠣᠯᠣᠯ᠎ᠤᠨ ᠲᠡᠬᠦᠪᠦᠷᠢ ᠱᠠᠩᠨᠠᠯ ᠬᠦᠷᠲᠡᠵᠦ᠂ ᠰᠢᠨ᠎ᠡ ᠴᠠᠬ ᠦᠶ᠎ᠡ᠎ᠶᠢᠨ ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠢᠲᠡᠷᠡᠬᠦᠨ ᠬᠦᠭᠵᠢᠯᠲᠡ᠎ᠶᠢ ᠬᠠᠷᠠᠭᠣᠯᠣᠬᠰᠠᠨ ᠪᠠᠢᠨ᠎ᠠ᠃

ᠨᠢᠭᠡᠨ ᠴᠠᠬ ᠦᠶ᠎ᠡ᠎ᠶᠢᠨ ᠣᠳᠬ᠎ᠠ ᠣᠷᠠᠯᠢᠬ᠎ᠤᠨ ᠠᠮᠵᠢᠯᠲᠠ᠎ᠶᠢ ᠦᠨᠡᠯᠡᠬᠦ ᠳ᠋ᠦ᠂ ᠵᠣᠬᠢᠶᠠᠯ ᠪᠦᠲᠦᠭᠡᠯ ᠶ᠋ᠢᠡᠷ ᠨᠢ ᠪᠠᠷᠢᠮᠵᠢᠶᠠᠯᠠᠲᠠᠬ ᠶᠣᠮ᠃ ᠣᠢᠷ᠎ᠠ᠎ᠶᠢᠨ ᠵᠢᠯ᠎ᠤ᠋ᠤᠨ ᠲᠦ᠍᠂ ᠣᠨᠴᠠᠭᠠᠢᠯᠠᠨ ᠨᠠᠮ᠎ᠤᠨ ᠠᠷᠪᠠᠨ ᠨᠠᠢ᠍ᠮᠠᠲᠣᠭᠠᠷ ᠶᠡᠬᠡ ᠬᠣᠷᠠᠯ ᠡᠴᠡ ᠨᠠᠭᠠᠰᠢ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭᠠᠨ᠎ᠤ ᠵᠢᠯᠣᠭᠣᠲᠣᠯᠭ᠎ᠠ ᠲᠣᠣᠷ᠎ᠠ᠂ ᠦᠪᠦᠷ ᠮᠣᠩᠭᠣᠯ᠎ᠤᠨ ᠣᠳᠬ᠎ᠠ ᠣᠷᠠᠯᠢᠬ᠎ᠤᠨ ᠬᠢᠨ᠎ᠤ ᠬᠣᠯᠪᠣᠭ᠎ᠠ ᠪᠠ ᠦᠪᠦᠷ ᠮᠣᠩᠭᠣᠯ᠎ᠤᠨ ᠵᠣᠬᠢᠶᠠᠯᠴᠢᠳ᠎ᠤᠨ ᠡᠪᠯᠡᠯ ᠨᠢ ᠵᠣᠬᠢᠶᠠᠨ ᠪᠠᠢᠭᠣᠯᠣᠯᠲᠠ᠎ᠶᠢᠨ ᠲᠠᠪᠠᠭᠣᠯᠢᠬ ᠪᠣᠯᠣᠨ ᠲᠣᠰᠬᠠᠢ ᠮᠡᠷᠭᠡᠵᠢᠯ᠎ᠤᠨ ᠲᠠᠪᠠᠭᠣᠯᠢᠬ ᠶ᠋ᠢᠡᠨ ᠬᠦᠢᠴᠡᠳ ᠪᠠᠲᠠᠷᠠᠭᠣᠯᠵᠦ᠂ ᠣᠯᠠᠨ ᠵᠦᠢᠯ᠎ᠤᠨ ᠠᠷᠭ᠎ᠠ ᠬᠡᠮᠵᠢᠶ᠎ᠡ ᠠᠪᠴᠣ ᠰᠢᠨ᠎ᠡ ᠴᠠᠬ ᠦᠶ᠎ᠡ᠎ᠶᠢᠨ ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠴᠢᠨᠠᠷ ᠰᠠᠢᠲᠠᠢ ᠬᠦᠭᠵᠢᠯᠲᠡ᠎ᠶᠢ ᠠᠬᠢᠭᠣᠯᠣᠬᠰᠠᠨ ᠶ᠋ᠢᠡᠷ ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠦᠢᠯᠡᠰ ᠦᠨᠢᠷ ᠠᠮᠵᠢᠯᠲᠠ ᠣᠯᠵᠠᠢ᠃ 2012 ᠤᠨ ᠡᠴᠡ ᠨᠠᠭᠠᠰᠢ᠂ ᠦᠪᠦᠷ ᠮᠣᠩᠭᠣᠯ᠎ᠤᠨ 14 ᠪᠦᠲᠦᠭᠡᠯ 《ᠠᠵᠢᠨᠠᠢ》 ᠱᠠᠩᠨᠠᠯ ᠬᠦᠷᠲᠡᠵᠦ᠂ 2 ᠪᠦᠲᠦᠭᠡᠯ ᠯᠦ᠍ ᠰᠢᠶᠦᠢ᠍ᠨ ᠣᠳᠬ᠎ᠠ ᠵᠣᠬᠢᠶᠠᠯ᠎ᠤᠨ ᠱᠠᠩᠨᠠᠯ ᠬᠦᠷᠲᠡᠵᠦ᠂ 1 ᠪᠦᠲᠦᠭᠡᠯ ᠪᠦᠬᠦ ᠣᠯᠣᠰ᠎ᠤᠨ ᠰᠢᠯᠢᠲᠡᠭ ᠬᠡᠦᠬᠡᠳ᠎ᠤᠨ ᠣᠳᠬ᠎ᠠ ᠵᠣᠬᠢᠶᠠᠯ᠎ᠤᠨ ᠱᠠᠩᠨᠠᠯ ᠬᠦᠷᠲᠡᠵᠦ᠂ 3 ᠪᠦᠲᠦᠭᠡᠯ ᠲᠣᠮᠲᠠᠲᠣ ᠣᠯᠣᠰ᠎ᠤᠨ ᠵᠣᠬᠢᠶᠠᠯᠴᠢᠳ᠎ᠤᠨ ᠡᠪᠯᠡᠯ᠎ᠤᠨ 《ᠬᠣᠶᠠᠷ ᠲᠦᠯᠦᠪᠯᠡᠭᠡ》 (ᠰᠢᠨ᠎ᠡ ᠴᠠᠬ ᠦᠶ᠎ᠡ᠎ᠶᠢᠨ ᠠᠭᠣᠯᠠᠨ ᠲᠤᠰᠬᠣᠨ᠎ᠤ ᠠᠣᠭ᠎ᠠ ᠬᠣᠪᠢᠷᠠᠯᠲᠠ᠎ᠶᠢᠨ ᠵᠣᠬᠢᠶᠠᠨ ᠪᠦᠲᠦᠭᠡᠬᠦ ᠲᠦᠯᠦᠪᠯᠡᠭᠡ ᠪᠣᠯᠣᠨ ᠰᠢᠨ᠎ᠡ ᠴᠠᠬ ᠦᠶ᠎ᠡ᠎ᠶᠢᠨ ᠣᠳᠬ᠎ᠠ ᠵᠣᠬᠢᠶᠠᠯ᠎ᠤᠨ ᠣᠷᠬᠢᠯ ᠳ᠋ᠦ ᠠᠪᠠᠷᠢᠬᠣ ᠲᠦᠯᠦᠪᠯᠡᠭᠡ) ᠳ᠋ᠦ ᠰᠣᠩᠭᠣᠬᠲᠠᠪᠠ᠃ 2024 ᠤᠨ ᠳ᠋ᠦ ᠠᠶᠣᠷᠵᠠᠨ᠎ᠠ ᠂ ᠨᠠᠷᠠᠩᠭᠣᠸ᠎ᠠ ᠂ ᠨᠢᠦ ᠬᠠᠢ ᠺᠦᠨ ᠪᠣᠯᠣᠨ ᠲᠣᠷᠣᠨ᠎ᠠ ᠠᠷᠪᠠᠨ ᠭᠣᠷᠪᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠴᠦᠬᠡᠨ ᠲᠣᠭᠠᠲᠣ ᠦᠨᠳᠦᠰᠦᠲᠡᠨ᠎ᠤ ᠣᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ《ᠠᠵᠢᠨᠠᠢ》 ᠱᠠᠩᠨᠠᠯ᠎ᠢ ᠬᠦᠷᠲᠡᠵᠦ᠂ ᠱᠠᠩᠨᠠᠯ ᠬᠦᠷᠲᠡᠭᠰᠡᠨ ᠲᠣᠭ᠎ᠠ ᠪᠡᠷ ᠶ᠋ᠢᠡᠨ ᠪᠦᠬᠦ ᠣᠯᠣᠰ᠎ᠤᠨ ᠲᠦᠷᠦᠬᠦᠨ ᠳ᠋ᠦ ᠵᠢᠬᠰᠠᠭᠠᠵᠠᠢ᠃ 2025 ᠤᠨ ᠳ᠋ᠦ ᠦᠪᠦᠷ ᠮᠣᠩᠭᠣᠯ᠎ᠤᠨ ᠵᠣᠬᠢᠶᠠᠯᠴᠢ ᠰᠢᠣᠢ ᠲᠢᠩ ᠸᠠᠩ᠎ᠤᠨ 《ᠡᠵᠢ᠎ᠶᠢᠨ ᠭᠣᠣᠯ》 ᠭᠡᠬᠦ ᠷᠣᠮᠠᠨ ᠠᠷᠪᠠᠨ ᠬᠣᠶᠠᠲᠣᠭᠠᠷ ᠬᠣᠭᠣᠴᠠᠭᠠᠨ᠎ᠤ ᠪᠦᠬᠦ ᠣᠯᠣᠰ᠎ᠤᠨ ᠰᠢᠯᠢᠲᠡᠭ ᠬᠡᠦᠬᠡᠳ᠎ᠤᠨ ᠣᠳᠬ᠎ᠠ ᠵᠣᠬᠢᠶᠠᠯ᠎ᠤᠨ ᠱᠠᠩᠨᠠᠯ ᠬᠦᠷᠲᠡᠪᠠ᠃ 2026 ᠤᠨ ᠳ᠋ᠦ ᠠᠢ ᠫᠢᠩ᠎ᠤᠨ《ᠲᠡᠭᠷᠢᠯᠢᠭ ᠲᠠᠯ᠎ᠠ》 ᠭᠡᠬᠦ ᠨᠠᠢᠷᠠᠭᠣᠯᠣᠯ᠎ᠤᠨ ᠲᠡᠬᠦᠪᠦᠷᠢ ᠶᠢᠰᠦᠲᠦᠭᠡᠷ ᠬᠣᠭᠣᠴᠠᠭᠠᠨ᠎ᠤ ᠯᠦ᠍ ᠰᠢᠶᠦᠢ᠍ᠨ ᠣᠳᠬ᠎ᠠ ᠵᠣᠬᠢᠶᠠᠯ᠎ᠤᠨ ᠱᠠᠩᠨᠠᠯ ᠬᠦᠷᠲᠡᠵᠦ᠂ ᠦᠪᠦᠷ ᠮᠣᠩᠭᠣᠯ᠎ᠤᠨ ᠣᠳᠬ᠎ᠠ ᠵᠣᠬᠢᠶᠠᠯ ᠭᠣᠷᠪᠠᠨ ᠵᠢᠯ ᠲᠠᠷᠠᠭᠠᠯᠠᠨ ᠣᠯᠣᠰ᠎ᠤᠨ ᠲᠡᠰ᠎ᠤᠨ ᠲᠦᠷᠢᠮᠵᠢᠯ᠎ᠤᠨ ᠴᠢᠨᠠᠷᠲᠠᠢ ᠣᠳᠬ᠎ᠠ ᠵᠣᠬᠢᠶᠠᠯ᠎ᠤᠨ ᠱᠠᠩᠨᠠᠯ᠎ᠤᠨ ᠰᠢᠯᠭᠠᠷᠠᠭᠣᠯᠣᠯᠲᠠ ᠳ᠋ᠦ ᠱᠠᠩᠨᠠᠯ ᠬᠦᠷᠲᠡᠵᠦ᠂ ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠬᠦᠭᠵᠢᠯᠲᠡ᠎ᠶᠢᠨ ᠲᠡᠦᠬᠡᠨ ᠳ᠋ᠡᠬᠢ ᠬᠡᠷᠡᠯ ᠰᠠᠴᠣᠷᠠᠩᠭᠣᠢ ᠬᠠᠭᠣᠲᠠᠰᠣ᠎ᠶᠢ ᠪᠢᠴᠢᠭᠯᠡᠵᠦ᠂ ᠪᠦᠬᠦ ᠣᠯᠣᠰ᠎ᠤᠨ ᠣᠳᠬ᠎ᠠ ᠵᠣᠬᠢᠶᠠᠯ᠎ᠤᠨ ᠡᠳᠡᠭᠡᠳ᠎ᠤᠨ ᠬᠢᠨ᠎ᠤ ᠦᠪᠡᠷᠮᠢᠴᠡ ᠣᠳᠬ᠎ᠠ ᠵᠣᠬᠢᠶᠠᠯ᠎ᠤᠨ ᠦᠵᠡᠭᠳᠡᠯ ᠪᠣᠯᠣᠬᠰᠠᠨ ᠪᠠᠢᠨ᠎ᠠ᠃

ᠠᠮᠵᠢᠯᠲᠠ ᠬᠠᠮᠢᠭ᠎ᠠ ᠡᠴᠡ ᠢᠷᠡᠵᠦ᠂ ᠰᠣᠲᠣᠨ ᠪᠦᠲᠦᠭᠡᠯ ᠬᠡᠷᠬᠢᠨ ᠲᠦᠷᠦᠭᠲᠡᠭᠰᠡᠨ ᠪᠣᠢ?ᠣᠲᠠᠭ᠎ᠠ ᠲᠠᠷᠠᠭᠠᠯᠠᠨ ᠣᠯᠣᠰ᠎ᠤᠨ ᠲᠡᠰ᠎ᠤᠨ ᠱᠠᠩᠨᠠᠯ ᠬᠦᠷᠲᠡᠭᠰᠡᠨ᠎ᠤ ᠠᠨᠢᠰᠣ ᠨᠢ ᠪᠠᠰᠠ ᠶᠠᠭᠣ ᠪᠣᠢ? ᠡᠬᠦᠨ ᠳ᠋ᠦ ᠣᠷᠠᠨ ᠪᠦᠲᠦᠭᠡᠯᠴᠢᠳ᠎ᠤᠨ ᠣᠢᠭ᠎ᠠ ᠦᠭᠡᠢ ᠬᠦᠲᠡᠯᠮᠦᠷᠢ ᠵᠢᠳᠬᠦᠯ ᠡᠴᠡ ᠭᠠᠲᠠᠨ᠎ᠠ ᠦᠪᠦᠷ ᠮᠣᠩᠭᠣᠯ᠎ᠤᠨ ᠣᠳᠬ᠎ᠠ ᠣᠷᠠᠯᠢᠬ᠎ᠤᠨ ᠬᠢᠨ᠎ᠤ ᠬᠣᠯᠪᠣᠭ᠎ᠠ᠎ᠶᠢᠨ ᠠᠰᠢᠬᠲᠠᠢ ᠣᠷᠣᠯᠲᠣᠯᠭ᠎ᠠ ᠪᠦᠲᠦᠮᠵᠢᠲᠡᠢ ᠲᠣᠷᠰᠢᠯᠭ᠎ᠠ ᠡᠴᠡ ᠰᠠᠯᠵᠦ ᠴᠢᠲᠠᠰᠢ ᠦᠭᠡᠢ ᠪᠢᠯᠡ᠃


《 ᠠᠵᠢᠨᠠᠢ 》 ᠱᠠᠩᠨᠠᠯ  ᠬᠦᠷᠳᠡᠭᠰᠡᠨ 14 ᠪᠦᠳᠤᠭᠡᠯ


2012  ᠤᠨ ᠳ᠋ᠤ᠂ ᠪᠠᠢ ᠵᠢᠨ ᠱᠸᠩ᠎ᠤᠨ 《ᠠᠰᠬᠠᠨ ᠵᠠᠩᠵᠣᠨ》 ᠭᠡᠬᠦ ᠷᠣᠮᠠᠨ᠂ ᠨ·ᠦᠯᠵᠡᠢᠪᠠᠳᠤ᠎ᠶᠢᠨ 《 ᠠᠪᠣ ᠨᠣᠲᠣᠬ ᠬᠣᠶᠠᠷ 》  ᠭᠡᠬᠦ ᠨᠠᠢᠷᠠᠭᠣᠯᠣᠯ᠂ ᠴᠠᠬᠴᠢᠨ᠎ᠤ ᠤᠷᠴᠢᠭᠤᠯᠤᠬᠰᠠᠨ 《 ᠠᠷᠳᠠᠢ ᠵᠢᠨ ᠰᠢᠯᠦᠭ᠎ᠤᠨ  ᠲᠡᠬᠦᠪᠤᠷᠢ 》   ᠪᠣᠯᠣᠨ ᠦ᠊ ·ᠭᠠᠨᠵᠤᠤᠷᠵᠠᠪ᠎ᠤᠨ ᠤᠷᠴᠢᠭᠤᠯᠤᠬᠰᠠᠨ  《ᠮᠠᠤ ᠽᠸ᠎ᠳ᠋ᠦᠡᠭ᠎ᠤᠨ ᠰᠢᠯᠦᠭ ᠲᠠᠭᠤᠯᠠᠯ》 ᠵᠡᠷᠭᠡ ᠪᠦᠲᠦᠭᠡᠯ ᠠᠷᠪᠠᠳᠤᠭᠠᠷ ᠬᠤᠭᠤᠴᠠᠭᠠᠨ᠎ᠤ ᠪᠦᠬᠦ  ᠤᠯᠤᠰ᠎ᠤᠨ ᠴᠦᠬᠡᠨ ᠲᠤᠭᠠᠳᠤ ᠦᠨᠳᠤᠰᠤᠳᠡᠨ᠎ᠤ ᠤᠳᠬ᠎ᠠ ᠵᠤᠬᠢᠶᠠᠯ᠎ᠤ᠋ᠨ ᠵᠤᠬᠢᠶᠠᠨ ᠪᠦᠳᠤᠭᠡᠯᠭᠡ ᠵᠢᠨ  《ᠠᠵᠢᠨᠠᠢ 》  ᠱᠠᠡᠭᠨᠠᠯ᠎ᠢ ᠬᠦᠷᠳᠡᠪᠡ᠃



2016 ᠤᠨ᠎ᠳ᠋ᠤ᠂ ᠤ·ᠪᠤᠶᠠᠠᠠᠦ᠋ᠯᠵᠠᠢ ᠵᠢᠨ《ᠢᠲᠡᠭᠡᠯᠲᠦ ᠮᠣᠲᠣᠨ᠎ᠤ ᠦᠷ᠎ᠠ》ᠭᠡᠬᠦ  ᠷᠣᠮᠠᠨ᠂ ᠲ·ᠭᠤᠮᠪᠤᠵᠠᠪ᠎ᠤᠨ 《ᠮᠠᠭᠠᠳ ᠮᠣᠩᠭᠣᠯ ᠲᠣᠪᠴᠢᠶᠠᠨ》 ᠂ ᠮᠠ ᠶᠢᠡᠭ᠎ᠤᠨ ᠣᠷᠴᠢᠭᠣᠯᠣᠬᠰᠠᠨ 《ᠵᠠᠰᠠᠬ᠎ᠤᠨ ᠬᠣᠲᠣᠭᠣᠷ》 ᠵᠡᠷᠭᠡ ᠪᠦᠲᠦᠭᠡᠯ ᠠᠷᠪᠠᠨ ᠨᠢᠭᠡᠳᠤᠭᠡᠷ  ᠬᠤᠭᠤᠴᠠᠭᠠᠨ ᠤ᠋ ᠪᠦᠬᠦ ᠤᠯᠤᠰ᠎ᠤᠨ ᠴᠦᠬᠡᠨ ᠲᠤᠭᠠᠳᠤ ᠦᠨᠳᠤᠰᠤᠳᠡᠨ᠎ᠤ ᠤᠳᠬ᠎ᠠ ᠵᠤᠬᠢᠶᠠᠯ᠎ᠤ᠋ᠨ ᠵᠤᠬᠢᠶᠠᠨ ᠪᠦᠳᠤᠭᠡᠯᠭᠡ ᠵᠢᠨ 《ᠠᠵᠢᠨᠠᠢ》 ᠱᠠᠡᠭᠨᠠᠯ᠎ᠢ ᠬᠦᠷᠳᠡᠪᠡ᠃



2020 ᠤᠨ᠎ᠳᠤ᠂ ᠲᠤᠷᠤᠨᠠᠲ᠋ᠡᠭᠷᠢ ᠵᠢᠨ 《ᠬᠠᠪᠣᠷ᠎ᠤᠨ ᠰᠦᠨᠢ᠂ ᠬᠡᠨ ᠨᠠᠮ᠎ᠠ᠎ᠶᠢ ᠲᠠᠭᠣᠲᠠᠨᠠᠮ》 ᠂ ᠬᠢᠯᠭᠠᠨ᠎ᠠ ᠎ᠶᠢᠨ 《ᠬᠦᠯᠦᠭ᠎ᠤᠨ ᠨᠢᠷᠣᠭᠣᠨ ᠳ᠋ᠦ ᠬᠦᠷᠦᠰᠦᠲᠦ ᠲᠡᠯᠡᠬᠡᠢ᠎ᠶᠢ ᠲᠣᠭᠣᠷᠢᠬᠰᠠᠨ ᠨᠢ》᠂ ᠬᠠᠯᠢᠭᠤᠨ᠎ᠤ 《ᠬᠦᠬᠡ ᠮᠣᠩᠭᠣᠯ》 ᠵᠡᠷᠭᠡ ᠪᠦᠲᠦᠭᠡᠯ ᠠᠷᠪᠠᠨ ᠬᠤᠶᠠᠳᠤᠭᠠᠷ ᠬᠤᠭᠤᠴᠠᠭᠠᠨ ᠎ᠤ  ᠪᠦᠬᠦ ᠤᠯᠤᠰ᠎ᠤᠨ ᠴᠦᠬᠡᠨ ᠲᠤᠭᠠᠳᠤ ᠦᠨᠳᠤᠰᠤᠳᠡᠨ᠎ᠤ ᠤᠳᠬ᠎ᠠ ᠵᠤᠬᠢᠶᠠᠯ᠎ᠤ᠋ᠨ ᠵᠤᠬᠢᠶᠠᠨ ᠪᠦᠳᠤᠭᠡᠯᠭᠡ ᠵᠢᠨ 《ᠠᠵᠢᠨᠠᠢ 》  ᠱᠠᠡᠭᠨᠠᠯ᠎ᠢ  ᠬᠦᠷᠳᠡᠪᠡ᠃



2024 ᠤᠨ ᠳ᠋ᠦ᠂ ᠠᠶᠣᠷᠵᠠᠨ᠎ᠠ ᠵᠢᠨ 《 ᠭᠤᠪᠢ ᠵᠢᠨ ᠬᠦᠭᠡ ᠲᠡᠭᠷᠢ》᠂ ᠨᠠᠷᠠᠩᠭᠣᠸ᠎ᠠ ᠵᠢᠨ 《ᠰᠦᠨᠠᠰᠤᠨ ᠠᠴᠢᠶ᠎ᠠ ᠲᠠᠢ ᠬᠦᠯᠦᠭ》 ᠂ ᠨᠢᠦ ᠬᠠᠢ ᠺᠦᠨ᠎ᠤ  《 ᠲᠡᠯᠡᠬᠡᠢ ᠵᠢᠨ ᠬᠠᠷᠠᠭᠠᠨ᠎ᠳᠤ》 ᠪᠣᠯᠣᠨ ᠲᠣᠷᠣᠨ᠎ᠠ ᠵᠢᠨ ᠤᠷᠴᠢᠭᠤᠯᠤᠬᠰᠠᠨ 《ᠮᠢᠨᠤ ᠤᠢ ᠰᠠᠨᠠᠮᠵᠢ ᠵᠢᠨ ᠨᠡᠷ᠎ᠠ》 ᠵᠡᠷᠭᠡ  ᠪᠦᠳᠤᠭᠡᠯ ᠠᠷᠪᠠᠨ ᠭᠣᠷᠪᠠᠲᠣᠭᠠᠷ ᠬᠣᠭᠣᠴᠠᠭᠠᠨ᠎ᠤ  ᠪᠦᠬᠦ ᠣᠯᠣᠰ᠎ᠤᠨ ᠴᠦᠬᠡᠨ ᠲᠣᠭᠠᠲᠣ ᠦᠨᠳᠦᠰᠦᠲᠡᠨ᠎ᠤ ᠣᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ 《ᠠᠵᠢᠨᠠᠢ》 ᠱᠠᠩᠨᠠᠯ᠎ᠢ  ᠬᠦᠷᠳᠡᠪᠡ᠃





ᠣᠲᠣᠷᠢᠲᠣᠮᠵᠢ —

ᠣᠨᠣᠯ᠎ᠤᠨ ᠪᠣᠯᠪᠠᠰᠣᠷᠠᠯ ᠪᠣᠯᠣᠨ ᠲᠦᠷᠦ᠎ᠶᠢᠨ ᠪᠣᠲᠣᠯᠭ᠎ᠠ᠎ᠶᠢᠨ

ᠲᠡᠮᠵᠢᠯᠭᠡ ᠪᠡᠷ ᠵᠣᠬᠢᠶᠠᠨ ᠪᠦᠲᠦᠭᠡᠯᠭᠡ᠎ᠶᠢ ᠲᠠᠢᠴᠢᠯᠠᠪᠠ

ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠤ ᠬᠤᠯᠪᠤᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ ᠤᠳᠬ᠎ᠠ ᠤᠷᠠᠯᠢᠭ᠋᠎ᠤᠨ ᠡᠲᠡᠭᠡᠳ᠎ᠤᠨ ᠬᠢᠨ᠎ᠤ ᠦᠵᠡᠯ ᠰᠠᠨᠠᠭ᠎ᠠ᠎ᠶᠢ ᠬᠦᠲᠦᠯᠦᠨ ᠵᠢᠯᠣᠭᠣᠳᠬᠣ 《ᠦᠨᠳᠦᠰᠦ᠎ᠶᠢ ᠪᠣᠢᠵᠢᠭᠣᠯᠵᠦ ᠰᠦᠭ ᠰᠦᠨᠡᠰᠦ᠎ᠶᠢ ᠱᠤᠭᠤᠬᠤ》 ᠢᠨᠵᠧᠨᠧᠷᠢᠩ᠎ᠢ  ᠦᠷᠭᠦᠯᠵᠢᠯᠡᠨ ᠵᠣᠬᠢᠶᠠᠨ ᠪᠠᠢᠭᠤᠯᠤᠨ ᠬᠡᠷᠡᠭᠵᠢᠭᠦᠯᠵᠦ᠂ ᠣᠨᠤᠯ᠎ᠤᠨ ᠪᠣᠯᠪᠠᠰᠤᠷᠠᠯ᠎ᠢ ᠰᠠᠢᠲᠤᠷ ᠬᠢᠵᠦ᠂ ᠭᠣᠣᠯᠯᠠᠬᠣ ᠵᠣᠬᠢᠶᠠᠯᠴᠢ᠂ ᠴᠥᠭᠡᠨ ᠲᠣᠭᠠᠲᠤ ᠦᠨᠳᠦᠰᠦᠲᠡᠨ᠎ᠤ ᠵᠣᠬᠢᠶᠠᠯᠴᠢ᠂ ᠣᠳᠬ᠎ᠠ ᠣᠷᠠᠯᠢᠬ᠎ᠤᠨ ᠬᠢᠨ᠎ᠤ ᠬᠣᠯᠪᠣᠭ᠎ᠠ᠎ᠶᠢᠨ ᠰᠢᠨ᠎ᠡ ᠭᠡᠰᠢᠭᠦᠨ ᠪᠣᠯᠣᠨ ᠰᠦᠯᠵᠢᠶᠡᠨ᠎ᠤ ᠵᠣᠬᠢᠶᠠᠯᠴᠢ᠂ ᠮᠠᠯᠴᠢᠨ ᠲᠠᠷᠢᠶᠠᠴᠢᠨ ᠵᠣᠬᠢᠶᠠᠯᠴᠢ᠂ ᠦᠨᠳᠦᠰᠦᠨ ᠱᠠᠲᠤᠨ᠎ᠤ ᠤᠳᠬ᠎ᠠ ᠵᠣᠬᠢᠶᠠᠯ᠎ᠳᠤ ᠪᠠᠬᠠᠲᠠᠢ ᠬᠥᠮᠥᠰ ᠵᠡᠷᠭᠡ ᠠᠳᠠᠯᠢ ᠪᠤᠰᠤ ᠬᠠᠮᠲᠦ ᠨᠡᠢᠲᠡ᠂ ᠠᠳᠠᠯᠢ ᠪᠤᠰᠤ ᠭᠣᠣᠯ ᠰᠡᠳᠦᠪᠲᠦ ᠣᠨᠤᠯ᠎ᠤᠨ ᠪᠣᠯᠪᠠᠰᠤᠷᠠᠯ᠎ᠤᠨ ᠠᠩᠭᠢ᠎ᠶᠢ ᠡᠷᠭᠢᠯᠡᠵᠦ᠂ ᠵᠣᠬᠢᠶᠠᠯᠴᠢᠳ᠎ᠤᠨ ᠣᠨᠤᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠵᠥᠪ ᠣᠨᠤᠪᠴᠢᠲᠠᠢ ᠵᠣᠬᠢᠶᠠᠨ ᠪᠦᠲᠦᠭᠡᠬᠦ ᠤᠳᠤᠷᠢᠳᠤᠮᠵᠢ᠎ᠶᠢ ᠪᠠᠲᠤ ᠪᠡᠬᠢ ᠪᠤᠢ ᠪᠣᠯᠭᠠᠪᠠ; ᠤᠳᠬ᠎ᠠ ᠵᠣᠬᠢᠶᠠᠯ᠎ᠤᠨ ᠱᠠᠩᠨᠠᠯ ᠰᠢᠯᠭᠠᠷᠠᠭᠣᠯᠣᠯᠲᠠ᠎ᠶᠢ ᠰᠠᠢᠲᠤᠷ ᠠᠰᠢᠬᠯᠠᠵᠦ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ《ᠰᠣᠯᠣᠩᠭ᠎ᠠ》 ᠱᠠᠩᠨᠠᠯ᠎ᠤᠨ ᠵᠢᠱᠶ᠋ᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠬᠦᠢᠴᠡᠳ ᠪᠠᠳᠠᠷᠠᠭᠤᠯᠵᠤ᠂ ᠣᠲᠤᠬᠠᠨ ᠪᠤᠯᠲᠠᠯ᠎ᠠ ᠨᠢᠭᠡᠨᠲᠡ ᠠᠷᠪᠠᠨ ᠳᠥᠷᠪᠡᠨ ᠬᠤᠭᠤᠴᠠᠭ᠎ᠠ ᠰᠢᠯᠭᠠᠷᠠᠭᠣᠯᠵᠦ᠂ 800 ᠭᠠᠷᠤᠢ ᠰᠢᠯᠢᠳᠡᠭ ᠵᠣᠬᠢᠶᠠᠯ ᠪᠦᠲᠦᠭᠡᠯ᠎ᠢ ᠰᠢᠯᠭᠠᠷᠠᠭᠣᠯᠣᠨ ᠭᠠᠷᠭᠠᠪᠠ;ᠡᠬᠦᠨ᠎ᠤ ᠬᠠᠮᠲᠣ ᠤᠳᠬ᠎ᠠ ᠵᠣᠬᠢᠶᠠᠯ᠎ᠤᠨ ᠵᠢᠭ᠍ᠰᠠᠭᠠᠯ᠎ᠤᠨ ᠭᠠᠵᠠᠷ᠎ᠢ ᠠᠮᠢᠯᠠᠭᠤᠯᠣᠨ ᠬᠦᠭᠵᠢᠭᠡᠵᠦ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ᠎ᠤ ᠤᠳᠬ᠎ᠠ ᠵᠣᠬᠢᠶᠠᠯ᠎ᠤᠨ ᠴᠢᠬᠣᠯᠠ ᠵᠢᠭ᠍ᠰᠠᠭᠠᠯ᠎ᠤᠨ ᠭᠠᠵᠠᠷ ᠪᠣᠯᠬᠣ ᠪᠠᠢᠷᠢ ᠰᠠᠭᠣᠷᠢ ᠳ᠋ᠦ ᠲᠦᠰᠢᠭᠯᠡᠵᠦ᠂ ᠤᠷᠢᠳ ᠬᠣᠵᠢᠳ ᠦᠨᠳᠦᠰᠦᠲᠡᠨ᠎ᠤ ᠪᠦᠯᠬᠦᠮᠳᠡᠯ᠂ ᠠᠮᠢ ᠠᠬᠤᠢ᠎ᠶᠢᠨ ᠤᠳᠬ᠎ᠠ ᠵᠣᠬᠢᠶᠠᠯ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ 70 ᠵᠢᠯ᠎ᠤᠨ ᠦᠵᠡᠭᠦᠯᠭᠡ ᠵᠡᠷᠭᠡ ᠰᠢᠷᠢᠰ ᠦᠵᠡᠭᠦᠯᠭᠡ᠎ᠶᠢ ᠡᠷᠭᠢᠯᠡᠵᠦ᠂ ᠡᠯ᠎ᠡ ᠲᠥᠷᠦᠯ᠎ᠤᠨ ᠭᠣᠣᠯ ᠰᠡᠳᠦᠪᠲᠦ ᠦᠵᠡᠬᠦᠯᠭᠡ ᠳ᠋ᠦ ᠥᠪᠥᠷ ᠮᠣᠩᠭᠣᠯ᠎ᠤᠨ ᠰᠢᠯᠢᠳᠡᠭ ᠪᠦᠲᠦᠭᠡᠯ᠎ᠢ ᠤᠬᠠᠭᠤᠯᠤᠨ ᠲᠠᠨᠢᠯᠴᠠᠭᠤᠯᠬᠤ ᠴᠢᠬᠤᠯᠠ ᠲᠠᠪᠴᠠᠩ ᠬᠠᠩᠭᠠᠵᠠᠢ᠃ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ ᠨᠢ ᠪᠠᠰᠠ ᠥᠪᠥᠷ ᠮᠣᠩᠭᠣᠯ᠎ᠤᠨ《ᠵᠣᠬᠢᠶᠠᠯᠴᠢᠳ᠎ᠤᠨ ᠭᠡᠷ ᠪᠦᠯᠢ》ᠪᠣᠯᠣᠬᠰᠠᠨ᠎ᠤ ᠬᠣᠪᠢ ᠳ᠋ᠦ᠂ ᠲᠣᠬ᠍ᠲᠠᠮᠠᠯ ᠬᠤᠭᠤᠴᠠᠭ᠎ᠠ᠎ᠲᠠᠢ᠎ᠪᠠᠷ 《ᠭᠡᠰᠢᠭᠦᠳ᠎ᠤᠨ ᠡᠳᠦᠷ》 ᠤ᠋ᠨ ᠠᠵᠢᠯᠯᠠᠭ᠎ᠠ ᠥᠷᠨᠢᠭᠦᠯᠵᠦ᠂《ᠣᠷᠢᠬᠰᠠᠨ》 ᠪᠠᠢᠴᠠᠭᠠᠨ ᠰᠤᠳᠤᠯᠤᠯᠲᠠ ᠪᠠ ᠦᠨᠡᠨ ᠰᠡᠳᠬᠢᠯ ᠶ᠋ᠢᠡᠨ ᠲᠡᠯᠭᠡᠭᠰᠡᠨ ᠳᠣᠲᠣᠨᠣ᠌ ᠰᠣᠯᠢᠯᠴᠠᠭ᠎ᠠ᠎ᠶᠢ ᠬᠠᠷᠢᠯᠴᠠᠨ ᠤᠶᠠᠯᠳᠤᠭᠤᠯᠵᠤ ᠂ ᠵᠣᠬᠢᠶᠠᠯᠴᠢᠳ᠎ᠢ ᠭᠦᠲᠦᠯᠦᠨ ᠵᠢᠯᠤᠭᠣᠳᠴᠤ ᠂ ᠣᠳᠣᠬᠠᠨ᠎ᠤ ᠵᠣᠬᠢᠶᠠᠨ ᠪᠦᠲᠦᠭᠡᠯᠭᠡ᠎ᠶᠢᠨ ᠭᠣᠣᠯᠳᠠᠯᠭᠠᠲᠣ ᠰᠡᠳᠦᠪ ᠲᠦ᠍ ᠠᠩᠬᠠᠷᠤᠯ ᠶ᠋ᠢᠡᠨ ᠬᠠᠨᠲᠣᠭᠣᠯᠪᠠ; ᠲᠡᠳᠬᠦᠨ ᠳᠡᠮᠵᠢᠬᠦ ᠲᠥᠷᠦ᠎ᠶᠢᠨ ᠪᠣᠳᠣᠯᠭ᠎ᠠ ᠬᠡᠷᠡᠭᠵᠢᠬᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠯᠣᠭᠡ᠎ᠶᠢᠨ ᠬᠠᠮᠲᠣᠷᠠᠯᠴᠠᠭ᠎ᠠ ᠪᠠᠨ ᠰᠠᠨᠠᠭᠠᠴᠢᠯᠠᠭ᠎ᠠ ᠲᠠᠢ ᠴᠢᠩᠭᠠᠳᠬᠠᠵᠤ᠂《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠬᠴᠠᠯᠠᠬᠣ᠎ᠪᠠᠷ ᠭᠣᠣᠯ ᠰᠢᠵᠢᠮ ᠪᠣᠯᠭᠠᠨ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢᠯᠡᠰ᠎ᠤᠨ ᠴᠢᠨᠠᠷ ᠰᠠᠶ᠋ᠢᠲᠠᠢ ᠭᠦᠭᠵᠢᠯᠲᠡ᠎ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ 》 ᠎ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠢ ᠴᠡᠴᠡᠭᠯᠡᠬᠦᠯᠦᠨ ᠭᠦᠭᠵᠢᠭᠦᠯᠭᠦ ᠪᠣᠳᠠᠲᠠᠢ ᠲᠥᠷᠦᠯ ᠵᠦᠢᠯ᠎ᠢ ᠬᠠᠮᠲᠤ᠎ᠪᠠᠷ ᠨᠠᠢᠳᠠᠪᠤᠷᠢᠵᠢᠭᠤᠯᠪᠠ᠃

ᠡᠩᠨᠡᠭᠡ —

ᠴᠢᠳᠠᠪᠤᠷᠢᠲᠠᠨ᠎ᠢ ᠬᠥᠮᠥᠵᠢᠭᠦᠯᠬᠦ᠎ᠪᠠᠷ ᠭᠣᠣᠯᠳᠠᠯᠭ᠎ᠠ ᠪᠤᠯᠭᠠᠵᠦ᠂  

ᠵᠣᠬᠢᠶᠠᠨ ᠪᠦᠲᠦᠭᠡᠯᠭᠡ᠎ᠶᠢᠨ ᠭᠣᠣᠯᠯᠠᠬᠣ ᠬᠦᠴᠦᠨ᠎ᠢ ᠬᠦᠮᠦᠵᠢᠬᠦᠯᠪᠡ

ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠤ ᠬᠣᠯᠪᠤᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ᠎ᠡᠴᠡ ᠤᠳᠬ᠎ᠠ ᠵᠣᠬᠢᠶᠠᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠢᠨᠵᠧᠨᠧᠷᠢᠩ᠎ᠢ ᠦᠷᠭᠦᠯᠵᠢᠯᠡᠨ ᠵᠣᠬᠢᠶᠠᠨ ᠪᠠᠢᠭᠤᠯᠤᠨ ᠬᠡᠷᠡᠭᠵᠢᠭᠦᠯᠵᠦ᠂ ᠡᠩ ᠲᠡᠷᠢᠬᠦᠨ ᠳ᠋ᠦ᠂ ᠣᠬᠣᠷ ᠬᠤᠭᠤᠴᠠᠭᠠᠨ᠎ᠤ ᠪᠣᠯᠪᠠᠰᠤᠷᠠᠯ ᠶ᠋ᠢᠡᠷ ᠲᠠᠮᠵᠢᠨ᠂ ᠰᠢᠨ᠎ᠡ ᠭᠡᠰᠢᠭᠦᠨ᠂ ᠰᠦᠯᠵᠢᠶᠡᠨ᠎ᠤ ᠵᠣᠬᠢᠶᠠᠯᠴᠢ ᠪᠣᠯᠣᠨ ᠢᠳᠡᠷ ᠵᠠᠯᠠᠭᠤ ᠵᠣᠬᠢᠶᠠᠯᠴᠢ᠂ ᠮᠠᠯᠴᠢᠨ ᠲᠠᠷᠢᠶᠠᠴᠢᠨ ᠵᠣᠬᠢᠶᠠᠯᠴᠢ ᠂ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠬᠦ ᠭᠣᠣᠯᠯᠠᠬᠣ ᠬᠦᠴᠦᠨ ᠵᠡᠷᠭᠡ ᠠᠳᠠᠯᠢ ᠪᠤᠰᠤ ᠬᠠᠮᠲᠤ ᠨᠡᠢᠲᠡ᠂ ᠠᠳᠠᠯᠢ ᠪᠤᠰᠤ ᠲᠠᠰ ᠳᠠᠪᠬᠤᠷᠭ᠎ᠠ᠎ᠶᠢᠨ ᠪᠣᠯᠪᠠᠰᠤᠷᠠᠯ᠎ᠤᠨ ᠠᠩᠭᠢ ᠪᠠ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠶᠡᠬᠡ ᠬᠢᠴᠢᠶᠡᠯ᠎ᠤᠨ ᠲᠠᠩᠬᠢᠮ᠎ᠤᠨ ᠠᠵᠢᠯᠯᠠᠭ᠎ᠠ᠎ᠶᠢ ᠡᠷᠭᠢᠯᠡᠭᠦ᠎ᠪᠠᠷ ᠳᠠᠮᠵᠢᠭᠤᠯᠤᠨ᠂ ᠤᠳᠬ᠎ᠠ ᠵᠣᠬᠢᠶᠠᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠵᠣᠬᠢᠶᠠᠨ ᠪᠦᠲᠦᠭᠡᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠬᠣᠶᠠᠷ᠎ᠲᠤ᠂ ᠬᠠᠮᠲᠤᠷᠠᠨ ᠬᠥᠮᠥᠵᠢᠭᠦᠯᠬᠦ᠎ᠶᠢ ᠰᠠᠢᠲᠤᠷ ᠠᠳᠬᠣᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠤᠨ ᠨᠢᠭᠡᠳᠦᠯᠲᠡᠢ ᠲᠥᠯᠦᠪᠵᠢᠭᠦᠯᠭᠡ ᠳᠣᠣᠷ᠎ᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠲᠠᠢ ᠬᠠᠮᠲᠤᠷᠠᠨ ᠠᠷᠪᠠᠨ ᠬᠣᠶᠠᠷ ᠬᠤᠭᠤᠴᠠᠭᠠᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ ᠰᠣᠲᠣᠯᠬᠣ ᠠᠩᠭᠢ ᠡᠷᠭᠢᠯᠡᠵᠦ᠂ ᠣᠳᠤ ᠪᠤᠯᠲᠠᠯ᠎ᠠ 400 ᠭᠠᠷᠤᠢ ᠵᠣᠬᠢᠶᠠᠯᠴᠢ᠎ᠶᠢ ᠬᠥᠮᠥᠵᠢᠭᠦᠯᠵᠦ᠂ ᠮᠠᠨ᠎ᠤ ᠣᠷᠣᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ ᠭᠣᠣᠯᠯᠠᠭ᠍ᠴᠢ ᠬᠦᠴᠦᠨ ᠪᠣᠯᠵᠠᠢ᠃ ᠯᠦ᠍ ᠰᠢᠶᠦᠢ᠍ᠨ ᠣᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ᠎ᠲᠠᠢ ᠬᠠᠮᠵᠢᠯᠴᠠᠨ ᠣᠯᠠᠨ ᠬᠣᠭᠣᠴᠠᠭᠠᠨ᠎ᠤ ᠥᠪᠥᠷ ᠮᠣᠩᠭᠣᠯ᠎ᠤᠨ ᠵᠣᠬᠢᠶᠠᠯᠴᠢᠳ᠎ᠤᠨ ᠲᠤᠰᠬᠠᠢ ᠲᠦᠷᠦᠯ᠎ᠤᠨ ᠪᠤᠯᠪᠠᠰᠤᠷᠠᠯ᠎ᠤᠨ ᠠᠩᠭᠢ ᠡᠷᠭᠢᠯᠡᠵᠦ᠂ ᠮᠠᠨ᠎ᠤ ᠣᠷᠣᠨ᠎ᠤ ᠵᠣᠬᠢᠶᠠᠯᠴᠢᠳ᠎ᠤᠨ ᠦᠰᠦᠨ ᠪᠣᠢᠵᠢᠵᠤ ᠴᠢᠳᠠᠪᠤᠷᠢᠲᠠᠨ ᠪᠤᠯᠣᠨ ᠬᠦᠮᠦᠵᠢᠬᠦ᠎ᠳᠤ ᠰᠢᠯᠢᠲᠡᠭ ᠲᠠᠪᠴᠠᠩ ᠬᠠᠩᠭᠠᠪᠠ᠃ ᠭᠤᠷᠪᠠ᠎ᠳᠤ᠂ ᠭᠡᠷᠡᠲᠦ ᠵᠣᠬᠢᠶᠠᠯᠴᠢ᠎ᠶᠢᠨ ᠲᠦᠷᠢᠮ᠎ᠢ ᠬᠡᠷᠡᠭᠵᠢᠬᠦᠯᠪᠠ; ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ ( ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ )ᠨᠢ ᠥᠪᠥᠷ ᠮᠣᠩᠭᠣᠯ᠎ᠤᠨ ᠭᠡᠷᠡᠲᠦ ᠵᠣᠬᠢᠶᠠᠯᠴᠢ᠎ᠶᠢᠨ ᠳᠦᠷᠢᠮ᠎ᠢ ᠬᠡᠷᠡᠭᠵᠢᠭᠦᠯᠵᠦ᠂ ᠰᠢᠨ᠎ᠡ ᠤᠳᠬ᠎ᠠ ᠵᠣᠬᠢᠶᠠᠯ᠎ᠤᠨ ᠬᠠᠮᠲᠤᠯᠢᠭ᠋᠎ᠤᠨ ᠲᠥᠯᠥᠭᠡᠯᠡᠭᠴᠢ ᠪᠣᠯᠬᠣ ᠬᠢᠯᠭᠠᠨ᠎ᠠ᠂ ᠰᠢᠶᠣᠣ ᠷᠦᠢ᠂ ᠰᠢᠶᠣᠣ ᠵᠢᠶᠣᠣ ᠠᠩᠬᠠᠳᠤᠭᠠᠷ ᠬᠤᠭᠤᠴᠠᠭᠠᠨ᠎ᠤ ᠭᠡᠷᠡᠲᠦ ᠵᠣᠬᠢᠶᠠᠯᠴᠢ ᠪᠣᠯᠵᠠᠢ᠃ ᠳᠥᠷᠪᠡ᠎ᠳᠦ᠂ ᠪᠦᠯᠦᠭᠯᠡᠯ ᠲᠥᠷᠦᠯ ᠲᠡᠮᠳᠡᠭ᠎ᠢ ᠡᠭᠦᠳᠪᠠ; ᠥᠪᠥᠷ ᠮᠣᠩᠭᠣᠯ᠎ᠤᠨ ᠤᠳᠬ᠎ᠠ ᠵᠣᠬᠢᠶᠠᠯ ᠰᠡᠳᠬᠦᠯ᠎ᠦᠨ ᠬᠣᠷᠢᠶ᠎ᠠ ᠨᠢ 《 ᠲᠠᠯ᠎ᠠ ᠨᠤᠲᠤᠭ》 ᠰᠡᠳᠬᠦᠯ ᠶ᠋ᠢᠡᠷ ᠲᠦᠰᠢᠭ ᠪᠤᠯᠭᠠᠵᠤ᠂《ᠲᠠᠯ᠎ᠠ ᠨᠤᠲᠤᠭ᠎ᠤᠨ ᠠᠷᠪᠠᠨ ᠬᠣᠶᠠᠷ ᠮᠣᠷᠢᠲᠠᠨ》 ᠎ᠤ᠋ ᠥᠪᠥᠷ ᠮᠣᠩᠭᠣᠯ᠎ᠤᠨ ᠵᠣᠬᠢᠶᠠᠯᠴᠢᠳ᠎ᠤᠨ ᠪᠦᠯᠦᠭᠯᠡᠯ᠎ᠢ ᠲᠥᠪᠯᠡᠷᠡᠭᠦᠯᠦᠨ ᠭᠠᠷᠭᠠᠵᠤ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠢᠯᠡ ᠲᠣᠳᠣ᠌ ᠲᠡᠮᠳᠡᠭ᠎ᠢ ᠪᠦᠷᠢᠯᠳᠦᠭᠦᠯᠵᠡᠢ᠃

ᠣᠷᠮᠠᠰᠢᠭᠣᠯᠣᠯ —

《 ᠰᠢᠨ᠎ᠡ ᠴᠠᠬ ᠦᠶ᠎ᠡ᠎ᠶᠢᠨ ᠦᠪᠦᠷ ᠮᠣᠩᠭᠣᠯ᠎ᠤᠨ ᠣᠳᠬ᠎ᠠ ᠵᠣᠬᠢᠶᠠᠯ

᠎ᠤᠨ ᠣᠷᠬᠢᠯ ᠳ᠋ᠦ ᠠᠪᠠᠷᠢᠬᠣ ᠢᠨᠵᠸᠨ᠋ᠸᠷᠢᠩ》 ᠶ᠋ᠢᠡᠷ ᠣᠳᠬ᠎ᠠ 

ᠵᠣᠬᠢᠶᠠᠯ   ᠎ᠤᠨ ᠵᠣᠬᠢᠶᠠᠨ ᠪᠦᠲᠦᠭᠡᠯᠭᠡ ᠎ᠶᠢ ᠴᠢᠩᠭᠠᠳᠬᠠᠪᠠ

2011 ᠣᠨ᠎ᠠᠴᠠ ᠡᠬᠢᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠤ ᠬᠣᠯᠪᠤᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ 《ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠭᠣᠣᠯᠳᠠᠯᠭᠠᠲᠣ ᠪᠦᠲᠦᠭᠡᠯ᠎ᠤᠨ ᠵᠣᠬᠢᠶᠠᠨ ᠪᠦᠲᠦᠭᠡᠯᠭᠡ᠎ᠶᠢᠨ ᠣᠷᠬᠢᠯ ᠳ᠋ᠦ ᠠᠪᠠᠷᠢᠬᠣ ᠢᠨᠵᠧᠨᠧᠷᠢᠩ 》 ᠎ᠢ᠋ ᠵᠣᠬᠢᠶᠠᠨ ᠪᠠᠢᠭᠤᠯᠤᠨ ᠬᠡᠷᠡᠭᠵᠢᠭᠦᠯᠵᠦ᠂ ᠨᠡᠢᠲᠡ 100 ᠭᠠᠷᠤᠢ ᠰᠢᠯᠢᠳᠡᠭ ᠤᠳᠬ᠎ᠠ ᠵᠣᠬᠢᠶᠠᠯ᠎ᠤᠨ ᠪᠦᠲᠦᠭᠡᠯ᠎ᠢ ᠬᠡᠪᠯᠡᠭᠦᠯᠵᠦ᠂ ᠮᠠᠨ᠎ᠤ ᠣᠷᠣᠨ᠎ᠤ ᠴᠢᠬᠤᠯᠠ ᠵᠣᠬᠢᠶᠠᠯᠴᠢ᠎ᠶᠢᠨ ᠵᠣᠬᠢᠶᠠᠯ ᠪᠦᠲᠦᠭᠡᠯ ᠨᠢ ᠪᠦᠷ ᠲᠤᠰ ᠢᠨᠵᠧᠨᠧᠷᠢᠩ᠎ᠤᠨ ᠪᠦᠲᠦᠮᠵᠢᠲᠡᠢ ᠲᠡᠮᠵᠢᠯᠭᠡ᠎ᠶᠢ ᠬᠦᠷᠲᠡᠵᠦ᠂ ᠣᠢᠷ᠎ᠠ᠎ᠶᠢᠨ ᠭᠤᠷᠪᠠᠨ ᠵᠢᠯ᠎ᠳᠦ ᠤᠯᠤᠰ᠎ᠤᠨ ᠲᠡᠰ᠎ᠦᠨ ᠤᠳᠬ᠎ᠠ ᠵᠣᠬᠢᠶᠠᠯ᠎ᠤᠨ ᠴᠢᠬᠤᠯᠠ ᠶᠡᠬᠡ ᠱᠠᠩᠨᠠᠯ᠎ᠢ ᠭᠥᠷᠳᠡᠭᠰᠡᠨ ᠮᠠᠨ᠎ᠤ ᠣᠷᠣᠨ᠎ᠤ ᠵᠣᠬᠢᠶᠠᠯᠴᠢᠳ᠎ᠤᠨ ᠪᠦᠲᠦᠭᠡᠯ ᠨᠢ ᠠᠳᠠᠯᠢ ᠪᠤᠰᠤ ᠭᠣᠭᠴᠣᠭ᠎ᠠ᠎ᠳᠤ ᠲᠤᠰ ᠢᠨᠵᠧᠨᠧᠷᠢᠩ᠎ᠦᠨ ᠬᠦᠴᠦᠲᠡᠢ ᠳᠡᠮᠵᠢᠯᠭᠡ᠎ᠶᠢ ᠬᠦᠷᠲᠡᠵᠦ᠂ 《ᠦᠪᠦᠷ ᠮᠣᠩᠭᠣᠯ᠎ᠤᠨ ᠣᠳᠬ᠎ᠠ ᠵᠣᠬᠢᠶᠠᠯ᠎ᠤᠨ ᠭᠣᠣᠯᠲᠠᠯᠭᠠᠲᠣ ᠪᠦᠲᠦᠭᠡᠯ᠎ᠤᠨ ᠵᠣᠬᠢᠶᠠᠨ ᠪᠦᠲᠦᠭᠡᠯᠭᠡ᠎ᠶᠢᠨ ᠢᠨᠵᠧᠨᠧᠷᠢᠩ》ᠨᠢ ᠤᠳᠬ᠎ᠠ ᠵᠣᠬᠢᠶᠠᠯ᠎ᠤᠨ ᠰᠣᠳᠣᠨ ᠪᠦᠲᠦᠭᠡᠯ᠎ᠢ ᠪᠣᠢᠵᠢᠭᠤᠯᠬᠤ ᠪᠦᠲᠦᠮᠵᠢᠲᠡᠢ ᠦᠢᠯᠡᠳᠦᠯ᠎ᠢ ᠦᠨᠡᠨ ᠬᠦ᠌ ᠪᠠᠳᠠᠷᠠᠭᠤᠯᠪᠠ᠃ 2026 ᠤᠨ ᠳ᠋ᠦ᠂ ᠦᠪᠦᠷ ᠮᠣᠩᠭᠣᠯ᠎ᠤᠨ ᠣᠳᠬ᠎ᠠ ᠣᠷᠠᠯᠢᠬ᠎ᠤᠨ ᠬᠢᠨ᠎ᠤ ᠬᠣᠯᠪᠣᠭ᠎ᠠ ᠨᠢ ᠢᠲᠡᠪᠬᠢᠲᠡᠢ ᠪᠡᠷ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ᠎ᠤᠨ 《ᠬᠣᠶᠠᠷ ᠲᠥᠯᠥᠪᠯᠡᠭᠡ》 ᠳ᠋ᠦ ᠠᠩᠬᠠᠷᠤᠯ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠢᠨᠵᠧᠨᠧᠷᠢᠩ᠎ᠢ ᠬᠡᠷᠡᠭᠵᠢᠭᠦᠯᠬᠦ ᠲᠣᠭᠲᠠᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂《ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠭᠣᠣᠯᠳᠠᠯᠭᠠᠲᠣ ᠪᠦᠲᠦᠭᠡᠯ᠎ᠤᠨ ᠵᠣᠬᠢᠶᠠᠨ ᠪᠦᠲᠦᠭᠡᠯᠭᠡ᠎ᠶᠢᠨ ᠢᠨᠵᠧᠨᠧᠷᠢᠩ 》 ᠎ᠢ᠋  ᠳᠡᠰ ᠳᠡᠪᠰᠢᠭᠦᠯᠦᠨ 《 ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠤᠷᠬᠢᠯ᠎ᠳᠤ ᠠᠪᠠᠷᠢᠬᠤ ᠢᠨᠵᠧᠨᠧᠷᠢᠩ 》 ᠭᠡᠮᠡᠨ ᠬᠠᠯᠠᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠡᠴᠡ 150 ᠲᠦᠮᠡᠨ ᠲᠥᠭᠥᠷᠢᠭ᠎ᠤᠨ ᠲᠤᠰᠬᠠᠢ ᠲᠦᠷᠦᠯ᠎ᠤᠨ ᠪᠡᠯᠡ ᠮᠦᠩᠬᠦ ᠲᠣᠬᠢᠷᠠᠭᠣᠯᠣᠬᠰᠠᠨ ᠪᠠᠢᠨ᠎ᠠ᠃ ᠨᠡᠷ᠎ᠡ᠎ᠶᠢ ᠨᠢ ᠬᠠᠯᠠᠵᠤ ᠲᠠᠰ ᠳᠡᠪᠰᠢᠭᠦᠯᠦᠭᠰᠡᠨ᠎ᠤ ᠳᠠᠷᠠᠭ᠎ᠠ᠂ ᠲᠣᠰ ᠢᠨᠵᠧᠨᠧᠷᠢᠩ ᠨᠢ ᠠᠬᠣᠢᠴᠢ ᠰᠡᠳᠦᠪᠲᠦ ᠵᠣᠬᠢᠶᠠᠨ ᠪᠦᠲᠦᠭᠡᠯᠭᠡ ᠪᠡᠷ ᠭᠣᠣᠯᠲᠠᠭᠣᠯᠵᠦ᠂ ᠨᠠᠮ ᠪᠠ ᠤᠯᠤᠰ᠎ᠤᠨ ᠴᠢᠬᠤᠯᠠ ᠶᠡᠬᠡ ᠪᠠᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠲᠠᠢ ᠨᠢᠭ᠍ᠲᠠ ᠤᠶᠠᠯᠳᠤᠭᠤᠯᠤᠨ᠂ ᠭᠤᠶᠤᠴᠢᠯᠠᠨ ᠮᠡᠳᠡᠭᠦᠯᠬᠦ ᠮᠡᠳᠡᠭᠳᠡᠯ ᠪᠠ ᠵᠣᠬᠢᠶᠠᠨ ᠪᠦᠲᠦᠭᠡᠵᠦ ᠰᠡᠳᠦᠪ ᠰᠣᠩᠭᠣᠬᠤ ᠵᠦᠭᠯᠡᠭᠦᠷ ᠨᠡᠢᠲᠡᠯᠡᠵᠦ᠂ ᠥᠷᠭᠡᠨ ᠣᠯᠠᠨ ᠵᠣᠬᠢᠶᠠᠯᠴᠢᠳ᠎ᠢ ᠬᠥᠲᠥᠯᠥᠨ ᠵᠢᠯᠤᠭᠣᠳᠴᠤ᠂ ᠨᠡᠩ ᠣᠯᠠᠨ ᠠᠬᠣᠢᠴᠢ ᠰᠡᠳᠦᠪᠲᠦ ᠤᠳᠬ᠎ᠠ ᠵᠣᠬᠢᠶᠠᠯ᠎ᠤᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ ᠪᠣᠯᠣᠨ᠎ᠠ᠃

《 ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠬᠢᠯ ᠳ᠋ᠦ ᠠᠪᠠᠷᠢᠬᠤ ᠢᠨᠵᠧᠨᠧᠷᠢᠩ》 ᠨᠢ ᠨᠢᠭᠡ ᠳ᠋ᠦ᠂ ᠰᠡᠳᠦᠪ ᠰᠣᠩᠭᠣᠯᠲᠠ᠎ᠪᠠᠷ ᠬᠥᠲᠥᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ᠎ᠶᠢ ᠲᠤᠭᠣᠱᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠰᠢᠨ᠎ᠡ ᠴᠠᠭ ᠦᠶ᠎ᠡ᠎ᠶᠢᠨ ᠠᠭᠤᠯᠠᠨ ᠲᠣᠰᠬᠣᠨ᠎ᠤ ᠠᠣᠭ᠎ᠠ ᠬᠤᠪᠢᠷᠠᠯᠲᠠ ᠵᠡᠷᠭᠡ ᠴᠢᠬᠤᠯᠠ ᠶᠡᠬᠡ ᠰᠡᠳᠦᠪ ᠰᠣᠩᠭᠣᠯᠲᠠ᠎ᠶᠢ ᠬᠠᠮᠣᠷᠣᠨ ᠪᠠᠬᠲᠠᠭᠠᠵᠦ᠂ ᠥᠷᠭᠡᠨ ᠤᠯᠠᠨ ᠵᠣᠬᠢᠶᠠᠯᠴᠢᠳ᠎ᠢ ᠰᠡᠳᠦᠪ ᠰᠣᠩᠭᠣᠯᠲᠠ᠂ ᠤᠬᠠᠭᠠᠯᠠᠯ ᠲᠦᠰᠦᠪᠯᠡᠯ ᠵᠣᠬᠢᠶᠠᠨ ᠪᠦᠲᠦᠭᠡᠯᠭᠡ᠎ᠳᠤ ᠣᠷᠤᠯᠴᠠᠬᠤ᠎ᠶᠢ ᠤᠷᠢᠶᠠᠯᠠᠪᠠ᠃ ᠬᠣᠶᠠᠷ᠎ᠲᠤ᠂ ᠦᠨᠳᠦᠰᠦᠨ ᠱᠠᠲᠤᠨ ᠳ᠋ᠦ ᠭᠦᠨᠵᠡᠭᠡᠶ᠋ᠢᠷᠡᠭᠦ᠎ᠶᠢ ᠲᠦᠯᠬᠢᠨ ᠠᠬᠢᠭᠤᠯᠵᠦ᠂ ᠲᠥᠷᠦᠯ ᠵᠦᠢᠯ ᠳ᠋ᠦ ᠰᠣᠩᠭᠣᠬᠲᠠᠬᠰᠠᠨ ᠵᠣᠬᠢᠶᠠᠯᠴᠢᠳ᠎ᠢ ᠵᠣᠬᠢᠶᠠᠨ ᠪᠠᠢᠭᠤᠯᠵᠤ᠂ ᠠᠮᠢᠳᠤᠷᠠᠯ᠎ᠳᠤ ᠭᠦᠨᠵᠡᠭᠡᠢᠷᠡᠨ᠂ ᠠᠷᠠᠳ ᠲᠦᠮᠡᠨ᠎ᠤ ᠲᠣᠮᠲᠠ ᠬᠦᠨᠵᠡᠭᠡᠢᠷᠡᠵᠦ ᠂ ᠦᠨᠳᠦᠰᠦᠨ ᠱᠠᠲᠤᠨ ᠳ᠋ᠦ ᠦᠨᠳᠦᠰᠦ ᠬᠦᠨ ᠬᠠᠳᠬᠣᠵᠦ ᠵᠣᠬᠢᠶᠠᠨ ᠪᠦᠲᠦᠭᠡᠯᠭᠡ᠎ᠶᠢᠨ ᠪᠣᠷᠣ᠌ ᠮᠠᠲᠧᠷᠢᠶᠠᠯ ᠬᠣᠷᠠᠮᠲᠣᠭᠣᠯᠵᠦ᠂ ᠪᠠᠷᠢᠮᠵᠢᠶ᠎ᠠ ᠶᠣᠰᠣᠭᠠᠷ ᠨᠥᠬᠥᠪᠦᠷᠢ ᠬᠠᠩᠭᠠᠨ᠎ᠠ ᠭᠡᠵᠦ ᠲᠣᠭᠲᠠᠭᠠᠪᠠ᠃ ᠭᠤᠷᠪᠠ᠎ᠳᠤ᠂ ᠡᠬᠡ ᠪᠢᠴᠢᠭ ᠵᠠᠰᠠᠵᠦ ᠰᠢᠯᠢᠲᠡᠭᠵᠢᠬᠦᠯᠬᠦ ᠠᠵᠢᠯ᠎ᠢ ᠵᠣᠬᠢᠶᠠᠨ ᠪᠠᠢᠭᠤᠯᠵᠦ᠂ ᠡᠬᠡ ᠨᠣᠣᠷᠠᠭ᠎ᠶ᠋ᠢᠡᠨ ᠪᠢᠴᠢᠵᠦ ᠲᠠᠭᠣᠰᠣᠬᠰᠠᠨ᠎ᠤ ᠬᠣᠢᠨ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ᠎ᠡᠴᠡ ᠤᠯᠤᠰ᠎ᠤᠨ ᠳᠣᠲᠣᠭᠠᠳᠤ᠎ᠶᠢᠨ ᠠᠯᠲᠠᠷᠲᠣ ᠵᠣᠬᠢᠶᠠᠯᠴᠢ᠂ ᠰᠢᠭᠦᠮᠵᠢᠯᠡᠭᠴᠢ ᠪᠣᠯᠣᠨ ᠨᠡᠷᠡᠲᠦ ᠨᠠᠢᠷᠠᠭᠤᠯᠤᠭ᠍ᠴᠢ᠎ᠶᠢ ᠤᠷᠢᠵᠤ᠂ 《ᠨᠢᠭᠣᠷᠲᠠᠵᠦ 》 ᠪᠠᠢᠭᠠᠳ ᠡᠬᠡ ᠨᠣᠣᠷᠠᠭ᠎ᠢ ᠵᠠᠰᠠᠵᠦ᠂ ᠡᠬᠡ ᠨᠣᠣᠷᠠᠭ᠎ᠲᠤ ᠵᠠᠰᠠᠪᠤᠷᠢ ᠣᠷᠤᠭᠤᠯᠬᠤ ᠰᠠᠨᠠᠯ ᠳᠤᠷᠠᠲᠣᠨ᠎ᠠ ᠃ ᠳᠥᠷᠪᠡ᠎ᠳᠤ᠂ ᠨᠣᠮ ᠪᠣᠯᠭᠠᠨ ᠬᠡᠪᠯᠡᠬᠦᠯᠬᠦ᠎ᠶᠢ ᠲᠡᠮᠵᠢᠵᠦ᠂ ᠬᠡᠪᠯᠡᠯ᠎ᠦᠨ ᠬᠣᠷᠢᠶ᠎ᠠ᠎ᠳᠤ ᠨᠠᠢᠳᠠᠵᠤ ᠪᠦᠲᠦᠭᠡᠯ ᠪᠣᠯᠭᠠᠨ᠎ᠢ ᠦᠪᠡᠷᠮᠢᠴᠡ ᠪᠡᠷ ᠵᠢᠷᠦᠵᠦ ᠲᠦᠯᠦᠪᠯᠡᠨ᠂ ᠨᠣᠮ ᠬᠡᠪᠯᠡᠯ᠎ᠦᠨ ᠵᠠᠷᠤᠳᠠᠯ᠎ᠢ ᠢᠨᠵᠧᠨᠧᠷᠢᠩ᠎ᠦᠨ ᠲᠤᠰᠬᠠᠢ ᠵᠠᠷᠤᠳᠠᠯ᠎ᠢᠶᠠᠷ ᠪᠦᠭᠦ ᠲᠣᠭ᠎ᠠ᠎ᠪᠠᠷ ᠥᠭᠴᠦ᠂ ᠬᠡᠪᠯᠡᠯ᠎ᠦᠨ ᠵᠠᠷᠤᠳᠠᠯ᠎ᠢ ᠨᠣᠮ ᠪᠢᠴᠢᠭ᠎ᠦᠨ ᠬᠡᠪᠯᠡᠯ᠎ᠦᠨ ᠪᠣᠳᠠᠲᠠᠢ ᠪᠠᠢᠳᠠᠯ᠎ᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠨ᠎ᠠ᠃ ᠲᠠᠪᠤ᠎ᠳᠤ᠂ ᠤᠬᠠᠭᠤᠯᠭ᠎ᠠ ᠲᠠᠨᠢᠯᠴᠠᠭᠤᠯᠭ᠎ᠠ᠎ᠪᠠᠨ ᠴᠢᠩᠭᠠᠳᠬᠠᠵᠦ ᠂ ᠡᠯ᠎ᠡ ᠲᠥᠷᠦᠯ᠎ᠤᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ᠎ᠶᠢ ᠤᠬᠠᠭᠠᠯᠠᠨ ᠰᠡᠳᠦᠵᠦ᠂ ᠲᠥᠪᠯᠡᠷᠡᠭᠦᠯᠬᠦ ᠪᠠ ᠰᠠᠯᠭᠠᠬᠤ᠎ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠡᠷ ᠰᠤᠳᠤᠯᠤᠨ ᠶᠠᠷᠢᠯᠴᠠᠬᠤ ᠬᠤᠷᠠᠯ᠂ ᠲᠠᠨᠢᠯᠴᠠᠭᠤᠯᠭ᠎ᠠ᠎ᠶᠢᠨ ᠬᠤᠷᠠᠯ ᠵᠡᠷᠭᠡ᠎ᠶᠢ ᠡᠷᠭᠢᠯᠡᠵᠦ᠂ ᠣᠯᠠᠷᠢᠭᠣᠯᠣᠨ ᠠᠰᠢᠬᠯᠠᠬᠣ  ᠥᠷᠲᠡᠭ  ᠪᠦᠬᠦᠢ ᠪᠦᠲᠦᠭᠡᠯ᠎ᠢ ᠰᠣᠩᠭᠣᠨ ᠺᠢᠨᠤ᠋ ᠲᠧᠯᠸᠢᠰ᠎ᠤᠨ ᠦᠢᠯᠡᠳᠦᠭᠴᠢ᠂ ᠵᠦᠴᠦᠭᠡ᠎ᠶᠢᠨ ᠨᠠᠢᠷᠠᠭᠤᠯᠣᠬᠴᠢ ᠪᠠ ᠤᠳᠤᠷᠢᠳᠤᠭᠠᠴᠢ ᠵᠡᠷᠭᠡ᠎ᠶᠢ ᠤᠷᠢᠵᠤ᠂ ᠵᠣᠬᠢᠶᠠᠯ  ᠪᠦᠲᠦᠭᠡᠯ᠎ᠤᠨ ᠰᠡᠭᠦᠯᠴᠢ᠎ᠶᠢᠨ ᠬᠤᠭᠤᠴᠠᠭᠠᠨ᠎ᠤ ᠣᠯᠠᠷᠢᠭᠣᠯᠵᠦ ᠥᠭᠡᠷᠡᠴᠢᠯᠡᠨ ᠨᠠᠢᠷᠠᠭᠤᠯᠬᠤ ᠠᠵᠢᠯ᠎ᠳᠤ  ᠣᠷᠣᠯᠴᠠᠭᠤᠯᠪᠠ᠃

ᠦᠢᠯᠡᠲᠦᠯᠭᠡ —

ᠶᠡᠬᠡ ᠲᠠᠯ᠎ᠠ᠎ᠳᠤ ᠦᠢᠯᠡᠴᠢᠯᠡᠬᠦ᠎ᠪᠠᠷ ᠰᠢᠪᠲᠤᠯᠤᠯᠲᠠ ᠪᠣᠯᠭᠠᠨ᠂

ᠤᠳᠬ᠎ᠠ ᠵᠣᠬᠢᠶᠠᠯ ᠤ᠋ᠨ ᠬᠥᠭᠵᠢᠯᠲᠡ  ᠎ᠶᠢ ᠠᠬᠢᠭᠤᠯᠪᠠ

ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ ᠡᠴᠡ ᠥᠪᠥᠷ ᠮᠣᠩᠭᠣᠯ᠎ᠤᠨ ᠤᠳᠬ᠎ᠠ ᠵᠣᠬᠢᠶᠠᠯ᠎ᠢ ᠬᠠᠪᠰᠣᠷᠣᠨ ᠲᠡᠳᠬᠦᠵᠦ ᠬᠠᠮᠲᠤᠷᠠᠯᠴᠠᠬᠣ ᠲᠥᠯᠥᠪᠯᠡᠭᠡ᠎ᠳᠤ ᠰᠠᠭᠣᠷᠢᠯᠠᠨ᠂ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ ᠳᠤᠮᠳᠠ ᠤᠳᠬ᠎ᠠ ᠵᠣᠬᠢᠶᠠᠯ᠎ᠤᠨ ᠰᠢᠷᠢᠰ ᠠᠵᠢᠯᠯᠠᠭ᠎ᠠ ᠪᠠ ᠭᠣᠣᠯ ᠰᠡᠳᠦᠪᠲᠦ ᠵᠣᠬᠢᠶᠠᠨ ᠪᠦᠲᠦᠭᠡᠯᠭᠡ᠎ᠶᠢ ᠥᠷᠨᠢᠭᠦᠯᠪᠡ᠃

ᠨᠢᠭᠡ᠎ᠳᠤ᠂ ᠲᠠᠪᠤᠨ ᠶᠡᠬᠡ ᠡᠭᠦᠷᠭᠡ ᠪᠠ 《 ᠵᠢᠱᠶ᠋ᠶᠠᠴᠢ ᠥᠪᠡᠷᠲᠡᠭᠡᠨ ᠵᠠᠰᠠᠬᠤ ᠣᠷᠣᠨ》 ᠎ᠢ᠋ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠣᠭᠣᠷᠢᠨ᠎ᠳᠤ ᠤᠳᠬ᠎ᠠ ᠵᠣᠬᠢᠶᠠᠯ᠎ᠤᠨ ᠠᠵᠢᠯᠯᠠᠭ᠎ᠠ ᠪᠠ ᠭᠣᠣᠯ ᠰᠡᠳᠦᠪᠲᠦ ᠵᠣᠬᠢᠶᠠᠨ ᠪᠦᠲᠦᠭᠡᠯᠭᠡ ᠥᠷᠨᠢᠭᠦᠯᠪᠠ᠃ ᠳᠤᠮᠳᠠᠳᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ 2023 ᠣᠨ᠎ᠤ ᠳᠤᠮᠳᠠᠳᠤ ᠤᠯᠤᠰ᠎ᠤᠨ ᠠᠮᠢ ᠠᠬᠤᠢ᠎ᠶᠢᠨ ᠤᠳᠬ᠎ᠠ ᠵᠣᠬᠢᠶᠠᠯ᠎ᠤᠨ ᠶᠠᠷᠢᠶᠠᠨ᠎ᠤ ᠲᠠᠪᠴᠠᠩ᠎ᠢ ᠳᠠᠭᠠᠭᠠᠴᠢᠯᠠᠨ ᠡᠷᠭᠢᠯᠡᠵᠦ᠂ ᠳᠥᠷᠪᠡᠨ ᠵᠢᠯ ᠳᠠᠷᠠᠭᠠᠯᠠᠨ ᠥᠪᠥᠷ ᠮᠣᠩᠭᠣᠯ᠎ᠤᠨ ᠠᠮᠢ ᠠᠬᠤᠢ᠎ᠶᠢᠨ ᠤᠳᠬ᠎ᠠ ᠵᠣᠬᠢᠶᠠᠯ᠎ᠤᠨ ᠭᠠᠷᠠᠭ᠎ᠤᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠦᠷᠨᠢᠬᠦᠯᠵᠦ᠂ ᠥᠪᠥᠷ ᠮᠣᠩᠭᠣᠯ᠎ᠤᠨ ᠠᠮᠢ ᠠᠬᠤᠢ᠎ᠶᠢᠨ ᠤᠳᠬ᠎ᠠ ᠵᠣᠬᠢᠶᠠᠯ᠎ᠤᠨ ᠨᠣᠮ᠎ᠤᠨ ᠲᠠᠨᠢᠯᠴᠠᠭᠣᠯᠭ᠎ᠠ᠎ᠶᠢ ᠨᠡᠢᠲᠡᠯᠡᠵᠦ᠂ 《ᠲᠠᠯ᠎ᠠ ᠨᠤᠲᠤᠭ》 ᠰᠡᠳᠬᠦᠯ ᠨᠢ ᠪᠠᠰᠠ 《ᠡᠬᠡ ᠪᠠᠢᠭᠠᠯᠢ᠎ᠶᠢᠨ ᠵᠣᠬᠢᠶᠠᠨ ᠪᠢᠴᠢᠯᠭᠡ》 ᠭᠡᠬᠦ ᠲᠤᠰᠬᠠᠢ ᠪᠤᠯᠤᠩ ᠭᠠᠷᠭᠠᠵᠤ ᠂ 《ᠬᠥᠪᠴᠢ ᠬᠢᠭᠡᠳ ᠳᠡᠯᠡᠬᠡᠢ》 ᠭᠡᠬᠦ ᠮᠡᠳᠡᠭᠡᠯᠡᠯ᠎ᠤᠨ ᠣᠷᠠᠨ ᠵᠣᠬᠢᠶᠠᠯ᠎ᠢ ᠨᠡᠢᠲᠡᠯᠡᠪᠡ; ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠰᠡᠳᠦᠪ᠎ᠤᠨ ᠲᠣᠭᠣᠷᠢᠨ ᠳ᠋ᠦ᠂ ᠵᠣᠬᠢᠶᠠᠯᠴᠢᠳ᠎ᠢ ᠵᠣᠬᠢᠶᠠᠨ ᠪᠠᠢᠭᠤᠯᠤᠨ 《ᠮᠢᠩᠭᠠᠨ ᠭᠠᠵᠠᠷ᠎ᠤᠨ  ᠬᠢᠯᠢ᠎ᠶᠢᠨ ᠪᠣᠭᠣᠮᠲᠠ᠎ᠪᠠᠷ ᠠᠶᠠᠯᠠᠬᠣ》 ᠪᠠ 《ᠤᠯᠤᠰ᠎ᠤᠨ ᠲᠤᠭ ᠬᠢᠯᠢ᠎ᠶᠢᠨ ᠪᠣᠭᠣᠮᠲᠠ ᠳ᠋ᠦ ᠨᠡᠮᠢᠷᠠᠨᠠᠮ》 ᠰᠤᠷᠪᠤᠯᠵᠢᠯᠠᠨ ᠵᠣᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠵᠦ᠂《ᠬᠢᠯᠢ ᠬᠠᠮᠠᠭᠠᠯᠠᠬ᠍ᠴᠢ ᠡᠵᠢ》 ᠎ᠭᠡᠬᠦ ᠮᠡᠳᠡᠭᠡᠯᠡᠯ᠎ᠤᠨ ᠣᠷᠠᠨ ᠵᠣᠬᠢᠶᠠᠯ᠎ᠢ ᠵᠣᠬᠢᠶᠠᠨ ᠪᠦᠲᠦᠭᠡᠵᠠᠢ;ᠤᠯᠤᠰ᠎ᠤᠨ ᠴᠢᠬᠤᠯᠠ ᠡᠨᠧᠷᠭᠢ᠎ᠶᠢᠨ ᠰᠤᠷᠪᠤᠯᠵᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠬᠤ᠎ᠳᠤ ᠠᠩᠬᠠᠷᠤᠯ ᠲᠥᠪᠯᠡᠷᠡᠭᠦᠯᠵᠦ ᠂ 《ᠠᠮᠢᠳᠤᠷᠠᠯ᠎ᠳᠤ ᠭᠦᠨᠵᠡᠭᠡᠢᠷᠡᠵᠦ ᠠᠷᠠᠳ ᠲᠦᠮᠡᠨ᠎ᠤ ᠲᠣᠮᠲᠠ ᠬᠦᠨᠵᠡᠭᠡᠢᠷᠡᠬᠦ》 ᠰᠢᠨ᠎ᠡ ᠴᠠᠭ ᠦᠶ᠎ᠡ᠎ᠶᠢᠨ ᠤᠳᠬ᠎ᠠ ᠵᠣᠬᠢᠶᠠᠯ᠎ᠤᠨ ᠦᠢᠯᠡᠳᠦᠯᠭᠡ᠎ᠶᠢᠨ ᠴᠡᠭ᠎ᠢ ᠰᠠᠢᠲᠤᠷ ᠠᠰᠢᠬᠯᠠᠵᠦ᠂ ᠵᠣᠬᠢᠶᠠᠯᠴᠢᠳ᠎ᠢ ᠵᠣᠬᠢᠶᠠᠨ ᠪᠠᠢᠭᠤᠯᠤᠨ 《 ᠭᠠᠯ ᠬᠠᠯᠠᠭᠤᠨ ᠦᠢᠯᠡᠳᠪᠦᠷᠢᠯᠡᠯ᠎ᠤᠨ ᠨᠢᠭᠡᠳᠦᠭᠡᠷ ᠹᠷᠤᠨᠲ᠎ᠲᠤ ᠬᠦᠨᠵᠡᠭᠡᠢᠷᠡᠬᠦ 》 ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠤᠨ ᠠᠵᠤ ᠠᠬᠤᠢᠯᠠᠯ ᠪᠠ ᠮᠠᠯᠵᠢᠬᠣ ᠲᠠᠷᠢᠶᠠᠯᠠᠬᠤ ᠣᠷᠣᠨ ᠳ᠋ᠦ ᠰᠤᠷᠪᠤᠯᠵᠢᠯᠠᠬᠤ ᠵᠣᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠵᠦ᠂ 《 ᠬᠣᠪᠣᠷ ᠰᠢᠷᠣᠢ᠎ᠶᠢᠨ ᠬᠢᠯᠪᠠᠭ᠎ᠠ 》 ᠭᠡᠬᠦ ᠮᠡᠳᠡᠭᠡᠯᠡᠯ᠎ᠤᠨ ᠣᠷᠠᠨ ᠵᠣᠬᠢᠶᠠᠯ ᠪᠠ 《 ᠴᠠᠭᠠᠨ ᠦᠬᠡᠷ 》 ᠭᠡᠬᠦ ᠷᠣᠮᠠᠨ᠎ᠢ ᠵᠣᠬᠢᠶᠠᠨ ᠪᠦᠲᠦᠭᠡᠪᠡ ;ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠳᠤ ᠠᠩᠬᠠᠷᠤᠯ ᠲᠥᠪᠯᠡᠷᠡᠭᠦᠯᠵᠦ᠂《ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠵᠤ ᠣᠳᠬ᠎ᠠ ᠵᠣᠬᠢᠶᠠᠯ᠎ᠢ ᠬᠠᠮᠲᠤ᠎ᠪᠠᠷ ᠡᠳ᠋ᠯᠡᠬᠦᠢ》 — ᠳᠤᠮᠳᠠᠳᠤ ᠤᠯᠤᠰ᠎ᠤᠨ ᠵᠣᠬᠢᠶᠠᠯᠴᠢ ᠬᠢᠭᠡᠳ ᠣᠷᠤᠰ᠂ ᠮᠣᠩᠭᠣᠯ ᠤᠯᠤᠰ᠎ᠤᠨ ᠵᠣᠬᠢᠶᠠᠯᠴᠢᠳ᠎ᠤᠨ ᠶᠠᠷᠢᠯᠴᠠᠬᠤ ᠬᠤᠷᠠᠯ᠎ᠢ ᠳᠠᠭᠠᠭᠠᠴᠢᠯᠠᠨ ᠡᠷᠭᠢᠯᠡᠵᠦ᠂ 《 ᠭᠦᠭᠡᠬᠤᠲᠠ ᠬᠢᠭᠡᠳ 〈 ᠨᠢᠭᠡ ᠪᠦᠰᠡ ᠨᠢᠭᠡ ᠵᠠᠮ 〉》  ᠵᠡᠷᠭᠡ ᠪᠠᠷᠢᠮᠲᠠᠲᠣ ᠵᠣᠬᠢᠶᠠᠯ᠎ᠢ ᠵᠣᠬᠢᠶᠠᠨ ᠪᠦᠲᠦᠭᠡᠪᠡ; 《 ᠵᠢᠱᠶ᠋ᠶᠠᠴᠢ ᠥᠪᠡᠷᠲᠡᠭᠡᠨ ᠵᠠᠰᠠᠬᠤ ᠣᠷᠣᠨ 》 ᠢ᠋ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠣᠷᠢᠨ ᠳᠣᠯᠤᠭᠠᠨ ᠬᠤᠭᠤᠴᠠᠭᠠᠨ᠎ᠤ ᠳᠠᠭᠤᠷ᠂ ᠡᠸᠡᠩᠬᠢ᠂ ᠣᠷᠴᠣᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶᠢᠨ ᠪᠢᠷ᠎ᠤᠨ ᠴᠤᠭᠯᠠᠭᠠᠨ᠎ᠢ ᠡᠷᠭᠢᠯᠡᠭᠰᠡᠨ ᠪᠦᠭᠡᠳ《 ᠦᠨᠳᠦᠰᠦᠲᠡᠨ᠎ᠤ ᠤᠳᠬ᠎ᠠ ᠵᠣᠬᠢᠶᠠᠯ》 ᠰᠡᠳᠬᠦᠯ ᠎ᠲᠠᠢ ᠬᠠᠮᠲᠤᠷᠠᠨ 《ᠳᠤᠮᠳᠠᠳᠤ᠎ᠶᠢᠨ ᠦᠨᠳᠦᠰᠦᠲᠡᠨ᠎ᠤ ᠬᠠᠮᠲᠤ ᠶ᠋ᠢᠨ ᠴᠣᠬ᠍ᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》ᠭᠣᠣᠯ ᠰᠡᠳᠦᠪᠲᠦ ᠰᠢᠷᠢᠰ ᠰᠣᠷᠪᠣᠯᠵᠢᠯᠠᠭ᠎ᠠ᠎ᠶᠢᠨ ᠠᠵᠢᠯᠯᠠᠭ᠎ᠠ ᠥᠷᠨᠢᠭᠦᠯᠵᠦ᠂ 《ᠥᠯᠥᠭᠡᠢ᠎ᠶᠢᠨ ᠳᠡᠷᠭᠡᠳᠡᠬᠢ ᠡᠵᠢ 》 ᠵᠡᠷᠭᠡ᠎ᠷᠣᠮᠠᠨ᠎ᠢ ᠵᠣᠬᠢᠶᠠᠨ ᠪᠦᠲᠦᠭᠡᠪᠡ᠃

ᠬᠣᠶᠠᠷ᠎ᠲᠤ᠂ ᠨᠠᠮ ᠪᠣᠯᠣᠨ ᠤᠯᠤᠰ᠎ᠤᠨ ᠴᠢᠬᠤᠯᠠ ᠶᠡᠬᠡ ᠴᠠᠬ ᠲᠦᠷᠦ ᠪᠣᠯᠣᠨ ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠲᠣᠭᠤᠷᠢᠨ᠎ᠳᠤ ᠤᠳᠬ᠎ᠠ ᠵᠣᠬᠢᠶᠠᠯ᠎ᠤᠨ ᠠᠵᠢᠯᠯᠠᠭ᠎ᠠ ᠥᠷᠨᠢᠭᠦᠯᠵᠦ᠂ ᠵᠡᠭᠦᠨ ᠬᠣᠢᠲᠤ ᠣᠷᠣᠨ᠎ᠢ ᠪᠥᠬᠥ ᠲᠡᠯ᠎ᠡ᠎ᠪᠠᠷ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠪᠣᠯᠣᠨ ᠭᠤᠸᠠᠩᠳᠦ᠋ᠩ ᠰᠢᠶᠠᠩᠭᠠᠩ ᠣᠣᠮᠧᠨ ᠣᠷᠣᠨ᠎ᠤ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠡᠭᠦᠨ ᠬᠣᠢᠲᠤ ᠣᠷᠣᠨ᠎ᠤ ᠤᠳᠬ᠎ᠠ ᠵᠣᠭᠢᠶᠠᠯ᠎ᠤᠨ ᠬᠥᠭᠵᠢᠯᠲᠡ᠎ᠶᠢᠨ ᠬᠤᠯᠪᠤᠭ᠎ᠠ᠎ᠶᠢ ᠪᠠᠢᠭᠤᠯᠵᠤ᠂ ᠥᠪᠥᠷ ᠮᠣᠩᠭᠣᠯ ᠬᠢᠭᠡᠳ ᠵᠡᠭᠦᠨ ᠬᠣᠢᠲᠣ᠎ᠶᠢᠨ ᠭᠤᠷᠪᠠᠨ ᠮᠤᠵᠢ᠎ᠶᠢᠨ ᠵᠣᠬᠢᠶᠠᠯᠴᠢᠳ᠎ᠢ ᠵᠣᠬᠢᠶᠠᠨ ᠪᠠᠢᠭᠤᠯᠵᠤ ᠬᠠᠮᠲᠤᠪᠠᠷ ᠰᠤᠷᠪᠤᠯᠵᠢᠯᠠᠨ ᠵᠣᠭᠢᠶᠠᠨ ᠪᠦᠲᠦᠭᠡᠬᠦ ᠠᠵᠢᠯᠯᠠᠭ᠎ᠠ ᠦᠷᠨᠢᠬᠦᠯᠪᠠ᠃ ᠭᠤᠸᠠᠩᠳᠦ᠋ᠩ ᠮᠣᠵᠢ᠎ᠶᠢᠨ ᠵᠣᠬᠢᠶᠠᠯᠴᠢᠳ᠎ᠤᠨ ᠡᠪᠯᠡᠯ ᠯᠣᠭᠡ 《ᠬᠠᠪᠰᠣᠷᠣᠯᠴᠠᠬᠣ》  ᠠᠵᠢᠯ᠎ᠤᠨ ᠬᠠᠷᠢᠴᠠᠭ᠎ᠠ ᠪᠠᠢᠭᠤᠯᠵᠤ᠂ ᠵᠢᠯ ᠪᠦᠷᠢ ᠬᠠᠷᠢᠯᠴᠠᠨ ᠵᠣᠬᠢᠶᠠᠯᠴᠢ ᠲᠣᠮᠢᠯᠠᠵᠤ ᠰᠣᠯᠢᠯᠴᠠᠨ ᠰᠤᠷᠤᠯᠴᠠᠭᠤᠯᠪᠠ; ᠭᠣᠣᠯ ᠰᠡᠳᠦᠪᠲᠦ ᠬᠥᠮᠦᠵᠢᠯ᠎ᠤᠨ ᠰᠤᠷᠤᠯᠴᠠᠯᠭ᠎ᠠ᠎ᠳᠤ ᠠᠩᠬᠠᠷᠤᠯ ᠲᠥᠪᠯᠡᠷᠡᠭᠦᠯᠵᠦ᠂ ᠵᠢᠷᠭᠤᠭᠠᠨ ᠵᠢᠯ ᠳᠠᠷᠠᠭᠠᠯᠠᠨ ᠴᠠᠭᠠᠨ ᠰᠠᠷ᠎ᠠ᠎ᠶᠢᠨ ᠰᠢᠯᠦᠭ᠎ᠦᠨ ᠴᠤᠭᠯᠠᠭᠠᠨ᠎ᠤ ᠠᠵᠢᠯᠯᠠᠭ᠎ᠠ ᠡᠷᠭᠢᠯᠡᠵᠦ᠂ ᠪᠦᠭᠦ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠪᠣᠯᠣᠨ ᠺᠠᠳ᠋ᠷ ᠠᠵᠢᠯᠲᠠᠨ᠎ᠤ ᠠᠳᠠᠯ ᠦᠢᠯᠡᠰ ᠪᠣᠰᠬᠠᠵᠦ ᠴᠤᠭ ᠰᠦᠯᠳᠡ᠎ᠶᠢ ᠬᠥᠭᠵᠢᠭᠡᠬᠦ᠎ᠳᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠪᠠ; ᠡᠷᠡᠭᠦᠯ ᠡᠩᠬᠡ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠠᠩᠬᠠᠷᠤᠯ ᠲᠥᠪᠯᠡᠷᠡᠭᠦᠯᠵᠦ᠂ ᠥᠪᠥᠷ ᠮᠣᠩᠭᠣᠯ᠎ᠤᠨ ᠡᠮᠨᠡᠯᠭᠡ᠎ᠶᠢᠨ ᠬᠣᠷᠢᠶ᠎ᠠ᠎ᠶᠢᠨ ᠨᠡᠢᠭᠡᠮᠯᠢᠭ ᠯᠦ᠍ᠭᠡ ᠬᠠᠮᠲᠤᠷᠠᠨ《 ᠵᠠᠭᠤᠨ ᠵᠣᠬᠢᠶᠠᠯᠴᠢ ᠵᠠᠭᠣᠨ ᠠᠨᠠᠭᠠᠬᠤ ᠤᠬᠠᠭᠠᠨ᠎ᠤ ᠳ᠋ᠣᠺᠲ᠋ᠣᠷ ᠤ᠋ᠨ ᠥᠯᠢᠭᠡᠷ᠎ᠢ ᠶᠠᠷᠢᠬᠣᠢ》᠎ᠠᠵᠢᠯᠯᠠᠭ᠎ᠠ᠎ᠶᠢ ᠡᠬᠢᠯᠡᠭᠦᠯᠦᠨ ᠬᠡᠷᠡᠭᠵᠢᠭᠦᠯᠵᠦ᠂ ᠮᠡᠳᠡᠭᠡᠯᠡᠯ᠎ᠤᠨ ᠣᠷᠠᠨ ᠵᠣᠬᠢᠶᠠᠯ᠎ᠤᠨ ᠲᠡᠬᠦᠪᠦᠷᠢ ᠬᠡᠪᠯᠡᠬᠦᠯᠪᠡ ; ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ 《 ᠴᠢᠨᠡᠭᠡᠯᠢᠭ ᠨᠡᠢᠭᠡᠮ᠎ᠤᠨ ᠮᠦᠷ 》 ᠭᠡᠬᠦ  ᠵᠣᠬᠢᠶᠠᠨ ᠪᠢᠴᠢᠬᠦ ᠲᠥᠯᠥᠪᠯᠡᠭᠡ᠎ᠶᠢ ᠡᠬᠢᠯᠡᠨ ᠬᠡᠷᠡᠭᠵᠢᠭᠦᠯᠵᠦ ᠂ ᠵᠣᠬᠢᠶᠠᠯ᠎ᠤᠨ ᠡᠮᠬᠢᠳᠭᠡᠯ ᠬᠡᠪᠯᠡᠬᠦᠯᠪᠡ᠃

ᠭᠤᠷᠪᠠ᠎ᠳᠤ᠂ ᠤᠯᠤᠰ᠎ᠤᠨ ᠲᠠᠰ᠎ᠤᠨ ᠤᠳᠬ᠎ᠠ ᠵᠣᠬᠢᠶᠠᠯ᠎ᠤᠨ ᠠᠵᠢᠯᠯᠠᠭ᠎ᠠ᠎ᠶᠢ ᠲᠠᠭᠠᠭᠠᠴᠢᠯᠠᠨ ᠡᠬᠦᠷᠭᠡᠯᠡᠵᠦ᠂ ᠲᠣᠰ ᠭᠠᠵᠠᠷ ᠣᠷᠣᠨ᠎ᠤ ᠤᠳᠬ᠎ᠠ ᠵᠣᠬᠢᠶᠠᠯ᠎ᠤᠨ ᠬᠥᠭᠵᠢᠯᠲᠡ ᠶ᠋ᠢ ᠳᠠᠶ᠋ᠢᠴᠢᠯᠠᠪᠠ᠃ 2024 ᠣᠨ᠎ᠳᠤ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ᠎ᠤᠨ ᠪᠦᠭᠦ ᠤᠯᠤᠰ᠎ᠤᠨ ᠨᠡᠢᠭᠡᠮ᠎ᠤᠨ ᠬᠤᠯᠪᠤᠭᠠᠨ᠎ᠤ ᠠᠵᠢᠯ᠎ᠤᠨ ᠬᠤᠷᠠᠯᠳᠤᠭᠠᠨ᠎ᠢ ᠲᠠᠭᠠᠭᠠᠴᠢᠯᠠᠨ ᠡᠷᠬᠢᠯᠡᠵᠦ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ 《 ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠭᠠᠷᠠᠭ》 ᠤ᠋ᠨ ᠠᠵᠢᠯᠯᠠᠭ᠎ᠠ ᠵᠡᠷᠭᠡ᠎ᠶᠢ ᠡᠷᠭᠢᠯᠡᠭᠰᠡᠨ ᠪᠠᠢᠨ᠎ᠠ᠃

( ᠲᠤᠰ ᠨᠢᠭᠤᠷ᠎ᠤᠨ ᠬᠡᠷᠡᠯ ᠵᠢᠷᠤᠭ᠎ᠢ ᠦᠪᠤᠷ  ᠮᠤᠡᠭᠭᠤᠯ᠎ᠤᠨ  ᠵᠤᠬᠢᠶᠠᠯᠴᠢᠳ᠎ᠤᠨ ᠡᠪᠯᠡᠯ ᠡᠴᠡ  ᠬᠠᠡᠭᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面