ᠲᠡᠷᠢᠭᠦᠨ ᠨᠢᠭᠤᠷ>ᠲᠠᠯ᠎ᠠ᠎ᠶ᠋ᠢᠨ ᠲᠤᠶᠠᠭ᠎ᠠ>ᠠᠯᠲᠠᠨ ᠵᠤᠤᠵᠠᠢ

2026-11-11 10:36:49

ᠵᠣᠬᠢᠶᠠᠭ᠍ᠴᠢ᠄ ᠮᠠ ᠹᠠᠩ ᠣᠩᠱᠢᠭ᠍ᠰᠠᠨ ᠣᠳᠠᠭ᠎ᠠ᠄ 3

  11 ᠰᠠᠷ᠎ᠠ᠎ᠶᠢᠨ 8᠎ᠤ ᠡᠳᠦᠷ᠂ ᠥᠪᠥᠷ ᠮᠣᠩᠭᠣᠯ᠎ᠤᠨ ᠤᠳᠬ᠎ᠠ ᠤᠷᠠᠯᠢᠭ᠋ ᠎ᠤᠨ ᠬᠢᠨ ᠎ᠦ  ᠬᠣᠯᠪᠣᠭ᠎ᠠ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ ᠎ᠤᠨ ᠤᠳᠬ᠎ᠠ ᠤᠷᠠᠯᠢᠭ᠋ ᠎ᠤᠨ ᠰᠢᠭᠦᠮᠵᠢᠯᠡᠭᠴᠢᠳ᠎ᠤᠨ ᠨᠡᠢᠭᠡᠮᠯᠢᠭ᠎ᠡᠴᠡ ᠳᠠᠭᠠᠭᠠᠴᠢᠯᠠᠨ ᠡᠷᠬᠢᠯᠡᠭᠰᠡᠨ 2026 ᠥᠪᠥᠷ ᠮᠣᠩᠭᠣᠯ·ᠤᠳᠬ᠎ᠠ ᠤᠷᠠᠯᠢᠭ᠋᠎ᠤᠨ ᠶᠠᠷᠢᠶᠠᠨ᠎ᠤ ᠲᠠᠪᠴᠠᠩ ᠬᠥᠬᠡᠬᠣᠲᠠ ᠎ᠳᠤ ᠶᠠᠪᠤᠭᠳᠠᠵᠤ᠂ ᠣᠷᠣᠨ ᠎ᠤ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠤᠳᠬ᠎ᠠ ᠤᠷᠠᠯᠢᠭ᠍ᠴᠢᠳ ᠎ᠤᠨ ᠲᠥᠯᠥᠭᠡᠯᠡᠭᠴᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠠᠢᠮᠠᠭ ᠬᠤᠳᠠ᠎ᠶᠢᠨ ᠤᠳᠬ᠎ᠠ ᠤᠷᠠᠯᠢᠭ᠋᠎ᠤᠨ ᠠᠵᠢᠯᠲᠠᠨ ᠵᠡᠷᠭᠡ 130 ᠭᠠᠷᠤᠢ ᠬᠥᠮᠥᠨ ᠣᠷᠣᠯᠴᠠᠪᠠ᠃

  ᠶᠠᠷᠢᠶᠠᠨ᠎ᠤ ᠲᠠᠪᠴᠠᠩ᠎ᠤᠨ ᠵᠣᠷᠢᠯᠭ᠎ᠠ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠰᠢ᠎ᠶᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ《1571》ᠠᠵᠢᠯ᠎ᠤᠨ ᠪᠠᠢᠷᠢᠯᠠᠭᠤᠯᠤᠯᠲᠠ ᠪᠣᠯᠣᠨ《ᠳᠤᠮᠳᠠᠳᠤ ᠤᠯᠤᠰ ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠎ᠶᠢᠨ ᠶᠡᠷᠦᠩᠬᠡᠢ ᠱᠦᠵᠢ ᠰᠢ᠎ᠶᠢᠨ ᠫᠢᠩ ᠎ᠦᠨ ᠤᠳᠬ᠎ᠠ ᠤᠷᠠᠯᠢᠭ᠋᠎ᠤᠨ ᠠᠵᠢᠯ᠎ᠤᠨ ᠴᠢᠬᠤᠯᠠ ᠥᠭᠦᠯᠡᠯᠲᠡ᠎ᠶᠢ ᠰᠤᠷᠤᠯᠴᠠᠨ ᠰᠤᠳᠤᠯᠵᠤ ᠤᠬᠠᠭᠤᠯᠤᠨ ᠲᠠᠢᠯᠪᠤᠷᠢᠯᠠᠵᠤ ᠲᠤᠭᠤᠰᠢᠯᠠᠭᠤᠯᠬᠤ ᠲᠠᠪᠤᠨ ᠵᠢᠯ᠎ᠦᠨ ᠠᠵᠢᠯ᠎ᠤᠨ ᠲᠥᠯᠦᠪᠵᠢᠭᠦᠯᠭᠡ ( 2022-2026 )》ᠵᠢᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠋ ᠎ᠤᠨ ᠰᠢᠭᠦᠮᠵᠢ᠎ᠶᠢᠨ ᠠᠵᠢᠯ᠎ᠤᠨ ᠰᠢᠨ᠎ᠡ᠎ᠶᠢ ᠡᠭᠦᠳᠴᠦ ᠶᠠᠰᠤ ᠴᠢᠨᠠᠷ ᠎ᠢ ᠳᠡᠭᠡᠭᠰᠢᠯᠡᠭᠦᠯᠬᠦ᠎ᠶᠢ ᠴᠢᠨᠠᠭᠰᠢᠳᠠ ᠠᠬᠢᠭᠤᠯᠵᠤ᠂ ᠤᠳᠬ᠎ᠠ ᠤᠷᠠᠯᠢᠭ᠋᠎ᠤᠨ ᠤᠨᠤᠯ ᠪᠣᠯᠣᠨ ᠰᠢᠭᠦᠮᠵᠢ᠎ᠶᠢᠨ ᠠᠵᠢᠯ᠎ᠤᠨ ᠲᠦᠷᠦᠯ ᠲᠡᠮᠳᠡᠭ᠎ᠢ ᠪᠠᠢᠭᠤᠯᠤᠨ ᠬᠦᠴᠦᠷᠬᠡᠭᠵᠢᠭᠦᠯᠵᠦ᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢ ᠨᠢᠭ᠍ᠲᠠᠷᠠᠭᠤᠯᠬᠤ᠎ᠶᠢᠨ ᠲᠥᠯᠥᠭᠡ ᠶᠤᠮ᠃

  ᠭᠣᠣᠯ ᠵᠤᠷᠢᠯᠳᠠᠳᠤ ᠶᠠᠷᠢᠶᠠᠨ᠎ᠳᠠᠭᠠᠨ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠤᠷᠠᠯᠢᠭ᠋᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠸᠠᠩ ᠲᠢᠩ ᠰᠢᠨ ᠵᠡᠷᠭᠡ 5 ᠲᠤᠰᠬᠠᠢ ᠮᠡᠷᠭᠡᠵᠢᠯᠲᠡᠨ ᠡᠷᠳᠡᠮᠲᠡᠨ ᠲᠤᠰ ᠲᠤᠰ ᠤᠷᠠᠯᠢᠭ᠋᠎ᠢ ᠤᠯᠠᠮᠵᠢᠯᠠᠬᠤ᠂ ᠤᠳᠬ᠎ᠠ ᠤᠷᠠᠯᠢᠭ᠋᠎ᠤᠨ ᠬᠡᠯᠪᠡᠷᠢ᠂ ᠰᠢᠭᠦᠮᠵᠢ ᠵᠣᠭᠰᠣᠯᠲᠠ᠂ ᠰᠢ ᠵᠦᠴᠦᠭᠡ ᠰᠣᠶᠣᠯ ᠵᠢᠭᠤᠯᠴᠢᠯᠠᠯ ᠪᠣᠯᠣᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠰᠣᠩᠭᠣᠳᠠᠭ ᠪᠦᠲᠦᠭᠡᠯ ᠵᠡᠷᠭᠡ ᠲᠠᠯ᠎ᠠ᠎ᠠᠴᠠ  ᠮᠡᠳᠡᠯᠭᠡ ᠪᠡᠨ ᠬᠤᠪᠢᠶᠠᠯᠴᠡᠵᠦ ᠦᠵᠡᠯᠲᠡ᠎ᠪᠡᠨ ᠢᠯᠡᠳᠬᠡᠵᠡᠢ᠃ ᠡᠨᠡ ᠬᠤᠭᠤᠴᠠᠭᠠᠨ᠎ᠳᠤ᠂ ᠲᠤᠰᠬᠠᠢ ᠮᠡᠷᠭᠡᠵᠢᠯᠲᠡᠨ ᠡᠷᠳᠡᠮᠲᠡᠳ ᠪᠠᠰᠠ《ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠂ ᠭᠥᠯᠢᠶᠡᠨ ᠠᠪᠬᠤ ᠪᠠ ᠤᠯᠠᠮᠵᠢᠯᠠᠨ ᠳᠡᠯᠭᠡᠷᠡᠭᠦᠯᠬᠦ》᠂ 《ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠤᠳᠬ᠎ᠠ ᠤᠷᠠᠯᠢᠭ᠋ ᠬᠢᠭᠡᠳ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋ ᠎ᠤᠨ ᠬᠠᠷᠢᠴᠠᠭ᠎ᠠ》 ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠭᠣᠣᠯ ᠰᠡᠳᠦᠪᠲᠦ ᠶᠠᠷᠢᠯᠴᠠᠭ᠎ᠠ ᠥᠷᠨᠢᠭᠦᠯᠵᠦ᠂《ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋᠎ᠤᠨ ᠬᠠᠷᠠᠭᠠᠨ ᠳᠣᠣᠷᠠᠬᠢ ᠤᠳᠬ᠎ᠠ ᠤᠷᠠᠯᠢᠭ᠋᠎ᠤᠨ ᠠᠮᠢ ᠠᠬᠤᠢ᠎ᠶᠢᠨ ᠪᠠᠢᠭᠤᠯᠤᠯᠲᠠ》᠂《ᠲᠤᠭᠠᠴᠢᠯᠠᠭᠰᠠᠨ ᠣᠶᠤᠨᠲᠤ ᠴᠠᠭ ᠦᠶ᠎ᠡ ᠬᠢᠭᠡᠳ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋᠎ᠤᠨ ᠰᠢᠭᠦᠮᠵᠢ᠎ᠶᠢᠨ ᠳᠠᠮᠵᠢᠭᠤᠯᠭ᠎ᠠ》 ᠵᠡᠷᠭᠡ᠎ᠶᠢᠨ ᠲᠣᠭᠣᠷᠢᠨ᠎ᠳᠤ ᠬᠤᠪᠢᠶᠠᠷᠢ ᠶᠠᠷᠢᠶᠠᠨ᠎ᠤ ᠲᠠᠪᠴᠠᠩ ᠬᠤᠷᠠᠯᠳᠤᠭᠤᠯᠪᠠ᠃

  ᠥᠪᠥᠷ ᠮᠣᠩᠭᠣᠯ·ᠤᠳᠬ᠎ᠠ ᠤᠷᠠᠯᠢᠭ᠋᠎ᠤᠨ ᠶᠠᠷᠢᠶᠠᠨ᠎ᠤ ᠲᠠᠪᠴᠠᠩ 2021 ᠣᠨ᠎ᠳᠤ ᠪᠠᠢᠭᠤᠯᠤᠭᠳᠠᠪᠠ᠃ ᠶᠠᠷᠢᠶᠠᠨ᠎ᠤ ᠲᠠᠪᠴᠠᠩ ᠨᠢ ᠢᠮᠠᠬᠳᠠ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠂ ᠤᠳᠬ᠎ᠠ ᠤᠷᠠᠯᠢᠭ᠋᠎ᠤᠨ ᠤᠨᠤᠯ᠎ᠤᠨ ᠪᠠᠢᠭᠤᠯᠤᠯᠲᠠ ᠪᠣᠯᠣᠨ ᠤᠳᠬ᠎ᠠ ᠤᠷᠠᠯᠢᠭ᠋᠎ᠤᠨ ᠰᠢᠭᠦᠮᠵᠢ ᠰᠤᠳᠤᠯᠭᠠᠨ ᠵᠡᠷᠭᠡ ᠣᠨ᠎ᠤ ᠭᠣᠣᠯᠳᠠᠯᠭ᠎ᠠ᠎ᠲᠠᠢ ᠬᠠᠯᠠᠮᠰᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠤᠯᠤᠰ᠎ᠤᠨ ᠨᠡᠷᠡᠳᠤ ᠤᠳᠬ᠎ᠠ ᠤᠷᠠᠯᠢᠭ᠋᠎ᠤᠨ ᠣᠨᠣᠯᠴᠢᠳ ᠪᠣᠯᠣᠨ ᠬᠠᠮᠢᠶ᠎ᠠ ᠪᠦᠬᠦᠢ ᠬᠦᠷᠢᠶᠡᠨ᠎ᠦ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠭᠦᠨᠵᠡᠭᠡᠢ ᠰᠤᠳᠤᠯᠤᠨ ᠶᠠᠷᠢᠯᠴᠠᠵᠤ᠂ ᠰᠣᠶᠣᠯ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠦᠢᠯᠡᠰ᠎ᠢ ᠴᠡᠴᠡᠭᠯᠡᠭᠦᠯᠦᠨ ᠬᠥᠭᠵᠢᠭᠦᠯᠬᠦ᠎ᠳᠦ ᠳᠠᠰᠤᠷᠠᠯᠳᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠬᠡᠷ ᠢᠷᠠᠵᠠᠢ᠃



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面