2026-11-11 16:28:03
ᠮᠣᠩᠭᠣᠯ ᠦᠨᠳᠦᠰᠦᠳᠡᠨ᠎ᠦ ᠠᠷᠠᠳ᠎ᠤᠨ ᠠᠮᠠᠨ ᠵᠣᠬᠢᠶᠠᠯ ᠪᠣᠯ ᠦᠪᠤᠷ ᠮᠤᠡᠭᠭᠤᠯ᠎ᠤᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠰᠢᠳᠢᠳᠤ ᠦᠯᠢᠭᠡᠷ᠂ ᠳᠣᠮᠣᠭ ᠶᠠᠷᠢᠶ᠎ᠠ᠂ ᠪᠠᠭᠠᠲᠤᠷᠯᠢᠬ ᠲᠤᠤᠯᠢ᠂ ᠬᠤᠭᠤᠷ᠎ᠤᠨ ᠦᠯᠢᠭᠡᠷ᠂ ᠠᠷᠠᠳ᠎ᠤᠨ ᠳᠠᠭᠤᠤ ᠂ ᠵᠦᠢᠷ ᠰᠡᠴᠡᠨ ᠦᠭᠡ ᠂ ᠬᠣᠯᠪᠣᠭ᠎ᠠ ᠂ ᠢᠷᠦᠭᠡᠯ ᠮᠠᠭᠲᠠᠭᠠᠯ᠂ ᠠᠷᠠᠳ᠎ᠤᠨ ᠠᠮᠠᠨ ᠦᠯᠢᠭᠡᠷ ᠵᠡᠷᠭᠡ ᠠᠮᠠᠨ ᠵᠣᠬᠢᠶᠠᠯ᠎ᠤᠨ ᠲᠥᠷᠥᠯ ᠵᠠᠨᠠᠷ᠎ᠤᠳ ᠨᠢ ᠲᠠᠯ᠎ᠠ ᠨᠤᠲᠤᠭ᠎ᠤᠨ ᠠᠷᠠᠳ ᠲᠦᠮᠡᠨ᠎ᠦ ᠲᠡᠦᠬᠡ᠎ᠶᠢᠨ ᠳᠤᠷᠠᠰᠤᠮᠵᠢ᠂ ᠥᠷᠲᠡᠭ᠎ᠦᠨ ᠬᠥᠭᠡᠭᠡᠴᠡᠯᠳᠦᠯ ᠪᠠ ᠭᠤᠸ᠎ᠠ ᠲᠠᠭᠠᠰᠢᠶᠠᠯ᠎ᠤᠨ ᠬᠦᠰᠡᠯᠡᠩ᠎ᠢ ᠠᠴᠢᠶᠠᠯᠠᠵᠤ᠂ ᠮᠥᠨ ᠴᠦ᠍ ᠳᠤᠮᠳᠠᠳᠤ᠎ᠶᠢᠨ ᠦᠨᠳᠦᠰᠦᠳᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠳ᠋ᠦ᠍ ᠬᠣᠪᠣᠷ ᠨᠠᠨᠳᠢᠨ ᠰᠣᠶᠣᠯ᠎ᠤᠨ ᠦᠪ ᠦᠯᠡᠳᠡᠭᠡᠭᠰᠡᠨ ᠶᠤᠮ᠃ ᠲᠣᠭᠠᠴᠢᠯᠠᠯᠳᠠ ᠵᠢᠨ ᠥᠷᠨᠢᠯᠲᠡ ᠭᠠᠷᠤᠭᠰᠠᠨ ᠥᠨᠥᠳᠥᠷ᠂ ᠤᠯᠠᠮᠵᠢᠯᠠᠯᠲᠤ᠌ ᠠᠮᠠᠨ ᠵᠣᠬᠢᠶᠠᠯ᠎ᠤᠨ ᠡᠭᠦᠰᠦᠨ ᠪᠤᠢ ᠪᠤᠯᠵᠦ᠂ ᠣᠷᠣᠰᠢᠨ ᠲᠤᠭᠳᠠᠨᠢᠬᠤ ᠵᠢᠨ ᠰᠠᠭᠤᠷᠢ ᠪᠤᠯᠤᠭᠰᠠᠨ ᠨᠡᠭᠦᠳᠡᠯ ᠮᠠᠯᠵᠢᠯᠠᠮᠢᠳᠤᠷᠠᠯ ᠳ᠋ᠦ᠍ ᠭᠦᠨᠵᠡᠭᠡᠢ ᠬᠤᠪᠢᠷᠠᠯᠲᠠ ᠭᠠᠷᠴᠤ᠌᠂ ᠤᠯᠠᠮᠵᠢᠯᠠᠨ ᠵᠠᠯᠭᠠᠮᠵᠢᠯᠠᠭᠴᠢ᠎ᠶᠢᠨ ᠨᠠᠰᠤᠵᠢᠬᠤ᠂ ᠠᠮᠠᠨ ᠵᠣᠬᠢᠶᠠᠯ ᠭᠡᠭᠡᠭᠳᠡᠬᠦ᠂ ᠤᠤᠭᠠᠯ ᠤᠯᠠᠮᠵᠢᠯᠠᠨ ᠵᠠᠯᠭᠠᠮᠵᠢᠯᠠᠬᠤ ᠣᠷᠣᠨ ᠪᠦᠰᠡ ᠮᠠᠭᠤᠳᠠᠬᠤ ᠵᠡᠷᠭᠡ ᠪᠤᠳᠠᠳᠤ ᠠᠰᠠᠭᠤᠳᠠᠯ ᠡᠳᠦᠷ ᠢᠷᠡᠬᠦᠶ᠎ᠡ ᠳᠤᠪᠤᠶ᠋ᠢᠮ᠎ᠠ ᠪᠣᠯᠵᠤ ᠪᠠᠶ᠋ᠢᠨ᠎ᠠ᠃ ᠬᠡᠷᠬᠢᠨ ᠲᠣᠭᠠᠴᠢᠯᠠᠭᠰᠠᠨ ᠮᠡᠷᠭᠡᠵᠢᠯ᠎ᠢ ᠰᠠᠶ᠋ᠢᠳᠤᠷ ᠬᠡᠷᠡᠭᠯᠡᠵᠦ᠍᠂ 《ᠠᠪᠤᠷᠠᠵᠤ ᠬᠠᠳᠠᠭᠠᠯᠠᠬᠤ 》 ᠡᠴᠡ 《ᠠᠮᠢᠳᠤᠯᠢᠭ ᠤᠯᠠᠮᠵᠢᠯᠠᠯ 》 ᠲᠡᠶ᠋ᠢᠰᠢ ᠰᠢᠯᠵᠢᠬᠦ᠌ᠶᠢ ᠪᠡᠶᠡᠯᠡᠭᠦᠯᠵᠦ᠍᠂ ᠠᠷᠠᠳ᠎ᠤᠨ ᠠᠮᠠᠨ ᠵᠣᠬᠢᠶᠠᠯ᠎ᠤᠨ ᠡᠯ᠎ᠡ ᠡᠭᠦᠷᠭᠡ ᠴᠢᠳᠠᠮᠵᠢᠶᠢᠰᠢᠨᠡ ᠴᠠᠭ ᠦᠶ᠎ᠡ ᠳ᠋ᠦ᠍ ᠦᠷᠬᠦᠯᠵᠢᠯᠡᠨ ᠪᠠᠳᠠᠷᠠᠭᠤᠯᠬᠤ ᠨᠢ ᠣᠳᠣᠬᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠤᠨ ᠴᠢᠬᠤᠯᠠ ᠨᠢᠭᠡᠨ ᠰᠡᠳᠦᠪ ᠪᠣᠯᠵᠠᠢ᠃
ᠤᠯᠠᠨ ᠵᠢᠯ᠎ᠤᠨ ᠲᠤᠷᠰᠢ᠂ ᠮᠣᠩᠭᠣᠯ ᠦᠨᠳᠦᠰᠦᠳᠡᠨ᠎ᠦ ᠠᠷᠠᠳ᠎ᠤᠨ ᠠᠮᠠᠨ ᠵᠣᠬᠢᠶᠠᠯ ᠨᠢ ᠠᠮᠠᠨ ᠤᠯᠠᠮᠵᠢᠯᠠᠯ ᠳ᠋ᠦ᠍ ᠲᠦᠰᠢᠭᠯᠡᠨ ᠦᠷᠬᠦᠯᠵᠢᠯᠡᠨ ᠣᠷᠣᠰᠢᠨ ᠲᠤᠭᠳᠠᠨᠢᠭᠰᠠᠭᠠᠷ ᠢᠷᠡᠵᠡᠢ ᠃ ᠮᠣᠩᠭᠣᠯ ᠭᠡᠷ᠂ ᠨᠠᠭᠠᠳᠤᠮ᠎ᠤᠨ ᠬᠤᠷᠠᠯ᠂ ᠠᠷᠠᠳ᠎ᠤᠨ ᠵᠠᠩ ᠦᠢᠯᠡ᠎ᠶᠢᠨ ᠴᠤᠭᠯᠠᠭᠠᠨ ᠵᠡᠷᠭᠡ ᠪᠣᠯ ᠦᠢᠯᠡᠳᠪᠦᠷᠢᠯᠡᠯ ᠠᠮᠢᠳᠤᠷᠠᠯ᠎ᠤᠨ ᠣᠷᠣᠨ ᠵᠠᠢ ᠪᠣᠯᠬᠤ ᠪᠥᠭᠡᠳ ᠪᠠᠰᠠ ᠤᠷᠠᠯᠢᠭᠴᠢᠳ᠎ᠤᠨ ᠦᠯᠢᠭᠡᠷ ᠬᠡᠯᠡᠬᠦ᠂ ᠲᠣᠭᠯᠠᠵᠤ ᠳᠠᠭᠤᠯᠠᠬᠤ ᠰᠣᠶᠣᠯ᠎ᠤᠨ ᠣᠷᠣᠨ ᠵᠠᠢ ᠪᠣᠯᠣᠨ᠎ᠠ᠃ ᠡᠭᠦᠨ ᠳ᠋ᠦ᠍ ᠠᠬᠠᠮᠠᠳ ᠤᠷᠠᠯᠢᠭᠴᠢᠳ ᠨᠢ 《ᠠᠮᠢᠳᠤ ᠰᠤᠳᠤᠷ》 ᠪᠣᠯᠣᠭᠰᠠᠨ᠎ᠤ ᠬᠤᠪᠢ ᠳ᠋ᠦ᠍ ᠲᠡᠦᠬᠡ᠂ ᠶᠣᠰᠣ ᠰᠤᠷᠳᠠᠬᠤᠨ᠂ ᠨᠤᠲᠤᠭ ᠤᠰᠤᠨ᠎ᠤ ᠳᠤᠷᠠᠰᠤᠮᠵᠢ᠎ᠶᠢ ᠳᠠᠭᠤᠤ ᠪᠠ ᠦᠯᠢᠭᠡᠷ ᠲᠡᠭᠡᠨ ᠠᠭᠤᠰᠬᠠᠵᠤ᠂ ᠳᠠᠬᠢᠨ ᠳᠠᠪᠲᠠᠨ ᠬᠡᠯᠡᠵᠦ᠍ ᠳᠠᠭᠤᠯᠠᠬᠤ ᠳᠤᠮᠳᠠ ᠵᠣᠬᠢᠶᠠᠯ᠎ᠤᠨ ᠠᠭᠤᠯᠭ᠎ᠠ᠎ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠥᠪᠡᠷᠮᠢᠴᠡ ᠠᠮᠢᠳᠤᠯᠢᠭ ᠤᠯᠠᠮᠵᠢᠯᠠᠯ᠎ᠤᠨ ᠲᠤᠭᠳᠠᠴᠠ᠎ᠶᠢ ᠪᠦᠷᠢᠯᠳᠦᠭᠦᠯᠳᠡᠭ᠃ ᠴᠠᠭ ᠦᠶ᠎ᠡ᠎ᠶᠢᠨ ᠬᠤᠪᠢᠰᠤᠯᠲᠠ᠎ᠶᠢ ᠳᠠᠭᠠᠯᠳᠤᠨ᠂ ᠡᠨᠡ ᠬᠥ᠌ ᠦᠶ᠎ᠡ ᠤᠯᠠᠮᠵᠢᠯᠠᠬᠤ ᠤᠯᠠᠮᠵᠢᠯᠠᠯᠳᠤ ᠵᠠᠭᠪᠤᠷ ᠨᠢ ᠶᠠᠭ ᠬᠠᠲᠠᠭᠤ ᠴᠢᠩᠭ᠎ᠠ ᠥᠷᠢᠰᠦᠯᠳᠦᠭᠡᠨ ᠳ᠋ᠦ᠍ ᠲᠤᠯᠭᠠᠷᠠᠵᠤ ᠪᠠᠶ᠋ᠢᠨ᠎ᠠ᠃ ᠲᠡᠷᠢᠭᠦᠨ ᠴᠢᠬᠤᠯᠠ ᠠᠰᠠᠭᠤᠳᠠᠯ ᠪᠣᠯ ᠤᠯᠠᠮᠵᠢᠯᠠᠨ ᠵᠠᠯᠭᠠᠮᠵᠢᠯᠠᠭᠴᠢ᠎ᠶᠢᠨ ᠨᠠᠰᠤᠵᠢᠯᠲᠠ ᠬᠦᠨᠳᠦ ᠨᠤᠴᠢᠳᠠᠢ ᠪᠣᠯᠵᠤ᠂ ᠵᠠᠯᠭᠠᠮᠵᠢᠯᠠᠭᠴᠢ᠎ᠶᠢᠨ ᠴᠢᠳᠠᠪᠤᠷᠢᠳᠠᠨ᠎ᠤ ᠡᠩᠨᠡᠭᠡ᠎ᠶᠢᠨ ᠲᠠᠰᠤᠯᠳᠠᠯ ᠬᠡᠴᠡᠭᠦᠦ ᠪᠣᠯᠣᠭᠰᠠᠨ ᠪᠠᠶ᠋ᠢᠨ᠎ᠠ᠃ ᠵᠢᠱ᠌ᠢᠶᠡᠯᠡᠬᠦ᠌ ᠳ᠋ᠦ᠂ ᠣᠳᠣ ᠪᠦᠷᠢᠨ ᠪᠦᠲᠦᠨ ᠨᠢᠭᠡᠨ ᠪᠠᠭᠠᠳᠤᠷᠯᠢᠬ ᠲᠤᠤᠯᠢ᠎ᠶᠢ ᠶᠠᠮᠠᠷᠴᠦ᠍ ᠬᠠᠷᠰᠢ ᠦᠭᠡᠢ ᠬᠠᠶ᠋ᠢᠯᠠᠵᠤ ᠳᠠᠭᠤᠯᠠᠵᠤ ᠴᠢᠳᠠᠬᠤ ᠤᠷᠠᠯᠢᠭᠴᠢᠨ ᠪᠤᠶᠤ ᠥᠪᠯᠡᠭᠴᠢ ᠮᠠᠰᠢ ᠴᠦᠬᠡᠷᠡᠵᠦ᠍᠂ ᠴᠢᠨᠠᠭᠰᠢᠯᠠᠨ ᠬᠤᠭᠤᠷ᠎ᠤᠨ ᠦᠯᠢᠭᠡᠷ᠂ ᠭᠦᠦᠷᠨᠢᠯ ᠠᠷᠠᠳ᠎ᠤᠨ ᠳᠠᠭᠤᠤ (ᠦᠯᠢᠭᠡᠷᠲᠦ᠍ ᠠᠷᠠᠳ᠎ᠤᠨ ᠳᠠᠭᠤᠤ ) ᠶ᠋ᠢ ᠬᠤᠭᠤᠷᠳᠠᠵᠤ ᠳᠠᠭᠤᠯᠠᠵᠤ ᠴᠢᠳᠠᠬᠤ ᠠᠬᠠᠮᠠᠳ ᠤᠷᠠᠯᠢᠭᠴᠢᠳ ᠪᠤᠶᠤ ᠤᠷ᠎ᠠ ᠠᠪᠢᠶᠠᠰ ᠲᠠᠢ ᠠᠯᠳᠠᠷᠲᠤ᠌ ᠬᠤᠭᠤᠷᠴᠢ ᠨᠠᠷ ᠴᠦ᠍ ᠴᠦᠬᠡᠷᠡᠵᠦ᠍ ᠪᠤᠢ᠃ ᠤᠯᠠᠮᠵᠢᠯᠠᠯᠲᠤ᠌ ᠪᠠᠭᠰᠢ ᠱᠠᠪᠢ᠎ᠶᠢᠨ ᠠᠮᠠᠨ ᠤᠯᠠᠮᠵᠢᠯᠠᠯ᠎ᠤᠨ ᠵᠠᠭᠪᠤᠷ ᠡᠳᠦᠷ ᠢᠷᠡᠬᠦᠶ᠎ᠡ ᠪᠠᠭᠠᠰᠴᠤ᠌᠂ ᠵᠠᠯᠠᠭᠤᠴᠤᠳ ᠣᠳᠣ ᠦᠶ᠎ᠡ᠎ᠶᠢᠨ ᠠᠮᠢᠳᠤᠷᠠᠯ᠎ᠤᠨ ᠠᠷᠭ᠎ᠠ ᠮᠠᠶᠢᠭ᠂ ᠵᠤᠭ᠎ᠠ ᠴᠡᠩᠬᠡᠯ᠎ᠦᠨ ᠠᠷᠭ᠎ᠠ ᠮᠠᠶᠢᠭ᠎ᠤᠨ ᠨᠥᠯᠥᠭᠡ᠎ᠶᠢ ᠬᠦᠷᠲᠡᠵᠦ᠍᠂ ᠠᠮᠠᠨ ᠵᠣᠬᠢᠶᠠᠯ᠎ᠢ ᠰᠡᠳᠬᠢᠯ ᠰᠢᠭᠤᠳᠤᠨ ᠰᠣᠷᠣᠯᠴᠠᠬᠤ ᠬᠥᠮᠥᠨ ᠶᠠᠪᠤᠬᠤ ᠲᠤᠳᠤᠮ ᠴᠦᠬᠡᠷᠡᠵᠦ᠍ ᠪᠠᠶ᠋ᠢᠨ᠎ᠠ᠃ ᠠᠮᠠᠨ ᠤᠷᠠᠯᠢᠬ ᠨᠢ ᠠᠴᠢᠶᠠᠯᠠᠬᠴᠢ ᠨᠢ ᠪᠠᠢᠬᠤ ᠦᠭᠡᠢ ᠪᠤᠯᠬᠤ ᠵᠢ ᠳᠠᠭᠠᠯᠳᠤᠨ ᠠᠷᠢᠯᠬᠤ ᠡᠴᠡ ᠪᠤᠯᠵᠦ᠂ ᠠᠮᠠᠨ ᠤᠷᠠᠯᠢᠬ᠎ᠤᠨ ᠠᠮᠢᠳᠤᠯᠢᠭ ᠤᠯᠠᠮᠵᠢᠯᠠᠯ᠎ᠤᠨ ᠰᠠᠭᠤᠷᠢ᠎ᠶᠢ ᠰᠢᠭᠤᠳ ᠭᠤᠶ᠋ᠢᠪᠢᠯᠵᠠᠭᠤᠯᠳᠠᠭ᠃ ᠳᠠᠷᠠᠭᠠᠯᠠᠪᠠᠯ᠂ ᠠᠮᠠᠨ ᠲᠣᠪᠬᠢᠮᠠᠯ ᠲᠦᠷᠭᠡᠨ ᠠᠯᠳᠠᠭᠳᠠᠵᠤ ᠂ ᠶᠡᠬᠡ ᠬᠡᠮᠵᠢᠶᠡᠨ᠎ᠦ ᠠᠮᠢᠳᠤ ᠡᠬᠢ ᠪᠠᠶᠠᠯᠢᠭ᠎ᠢ ᠲᠦᠷᠭᠡᠨ ᠠᠪᠤᠷᠠᠬᠤ ᠴᠢᠬᠤᠯᠠᠳᠠᠢ ᠪᠠᠶ᠋ᠢᠨ᠎ᠠ᠃ ᠠᠮᠠᠨ ᠵᠣᠬᠢᠶᠠᠯ ᠨᠢ ᠰᠤᠷᠪᠤᠯᠵᠢ ᠪᠢᠴᠢᠭ᠎ᠡᠴᠡ ᠢᠯᠭᠠᠭ᠎ᠠ ᠲᠠᠢ᠂ ᠲᠣᠭᠲᠠᠮᠠᠯ ᠴᠠᠭᠠᠰᠤᠨ ᠪᠢᠴᠢᠭ ᠭᠡᠵᠦ᠍ ᠪᠠᠶ᠋ᠢᠳᠠᠭ ᠦᠭᠡᠢ᠂ ᠤᠳᠠᠭ᠎ᠠ ᠪᠦᠷᠢ᠎ᠶᠢᠨ ᠬᠡᠯᠡᠵᠦ᠍ ᠳᠠᠭᠤᠯᠠᠬᠤ ᠨᠢ ᠴᠣᠷ᠎ᠤᠨ ᠭᠠᠭᠴᠠ ᠪᠠᠶ᠋ᠢᠳᠠᠭ᠃ ᠦᠩᠭᠡᠷᠡᠭᠰᠡᠨ ᠳ᠋ᠦ᠍ ᠮᠠᠰᠢ ᠣᠯᠠᠨ ᠦᠯᠢᠭᠡᠷ᠂ ᠳᠠᠭᠤᠤ ᠨᠢ ᠵᠥᠪᠬᠡᠨ ᠤᠷᠠᠯᠢᠬᠴᠢᠳ᠎ᠤᠨ ᠴᠡᠭᠡᠵᠢᠯᠡᠪᠦᠷᠢ ᠳ᠋ᠦ᠍ ᠯᠡ ᠬᠠᠳᠠᠭᠠᠯᠠᠭᠳᠠᠵᠦ ᠪᠠᠢᠪᠠ᠂ ᠲᠡᠷᠡ ᠦᠶ᠎ᠡ ᠳ᠋ᠦ᠍ ᠲᠤᠰᠬᠠᠢ ᠳᠠᠭᠤ ᠰᠢᠩᠭᠡᠭᠡᠬᠦ᠌ ᠳᠦᠷᠰᠦ ᠰᠢᠩᠭᠡᠭᠡᠯᠲᠡ ᠭᠡᠵᠦ᠍ ᠪᠠᠶ᠋ᠢᠳᠠᠭ ᠦᠭᠡᠢ᠃ ᠬᠡᠰᠡᠭ ᠲᠠᠷᠠᠬᠠᠢ ᠪᠤᠳᠠᠷᠬᠠᠢ ᠳᠠᠭᠤ ᠰᠢᠩᠭᠡᠭᠡᠯᠲᠡ᠎ᠶᠢᠨ ᠺᠠᠰᠸᠲ᠂ ᠬᠠᠭᠤᠴᠢᠨ ᠳᠦᠷᠰᠦ ᠰᠢᠩᠭᠡᠭᠡᠯᠲᠡ᠎ᠶᠢᠨ ᠺᠠᠰᠸᠲ ᠤᠨ ᠣᠨ ᠵᠢᠯ ᠨᠢ ᠤᠳᠠᠵᠤ ᠬᠠᠭᠤᠴᠢᠷᠠᠨ ᠡᠪᠳᠡᠷᠡᠵᠦ᠍᠂ ᠲᠤᠳᠤᠭᠠᠲᠤ᠌ ᠮᠠᠲᠸᠷᠢᠶᠠᠯ ᠡᠪᠳᠡᠭᠳᠡᠬᠦ᠌ ᠠᠶᠤᠯ ᠳ᠋ᠦ᠍ ᠲᠤᠯᠭᠠᠷᠠᠵᠤ ᠪᠠᠶ᠋ᠢᠨ᠎ᠠ᠃ ᠠᠳᠠᠯᠢᠬᠠᠨ ᠨᠢᠭᠡᠨ ᠪᠠᠭᠠᠳᠤᠷᠯᠢᠬ ᠲᠤᠤᠯᠢ᠂ ᠠᠳᠠᠯᠢᠬᠠᠨ ᠨᠢᠭᠡ ᠠᠷᠠᠳ᠎ᠤᠨ ᠳᠠᠭᠤᠤ ᠵᠢ ᠠᠳᠠᠯᠢ ᠪᠤᠰᠤ ᠤᠷᠠᠯᠢᠭᠴᠢᠳ ᠠᠳᠠᠯᠢ ᠪᠤᠰᠤ ᠲᠣᠭᠯᠠᠯᠲᠠ᠎ᠶᠢᠨ ᠬᠠᠨᠳᠤᠯᠭᠠᠲᠤ᠌ ᠣᠨᠴᠠᠯᠢᠭ ᠲᠠᠢ ᠲᠤᠭᠯᠠᠳᠠᠭ᠂ ᠮᠠᠰᠢ ᠣᠯᠠᠨ ᠬᠣᠪᠣᠷ ᠨᠠᠨᠳᠢᠨ ᠮᠠᠲᠸᠷᠢᠶᠠᠯ ᠢ᠋ ᠰᠢᠰᠲᠸᠮ ᠲᠠᠢ ᠴᠤᠭᠯᠠᠭᠤᠯᠵᠤ ᠳᠠᠩᠰᠠ ᠡᠪᠬᠡᠮᠡᠯ ᠳ᠋ᠦ᠍ ᠣᠷᠣᠭᠤᠯᠤᠭ᠎ᠠ ᠦᠭᠡᠢ᠂ ᠤᠷᠠᠯᠢᠭᠴᠢᠳ ᠨᠠᠰᠤ ᠪᠠᠷᠠᠮᠠᠭᠴᠠ᠂ ᠡᠳᠡᠭᠡᠷ ᠣᠨᠴᠠ ᠪᠠᠶ᠋ᠢᠳᠠᠭ ᠠᠮᠠᠨ ᠤᠷᠠᠯᠢᠬ ᠨᠢ ᠳᠠᠷᠤᠢ ᠤᠯᠠᠮᠵᠢᠯᠠᠯ ᠲᠠᠰᠤᠷᠠᠬᠤ ᠪᠣᠯᠣᠨ᠎ᠠ᠃ ᠡᠭᠦᠨ᠎ᠦ ᠬᠠᠮᠲᠤ᠌ ᠂ ᠤᠯᠠᠮᠵᠢᠯᠠᠯᠲᠤ᠌ ᠳᠠᠮᠵᠢᠭᠤᠯᠭ᠎ᠠ᠎ᠶᠢᠨ ᠣᠷᠣᠨ ᠪᠦᠰᠡ ᠲᠠᠰᠤᠷᠠᠯᠲᠠ ᠦᠭᠡᠢ ᠪᠠᠭᠠᠰᠴᠠᠢ᠃ ᠦᠩᠭᠡᠷᠡᠭᠰᠡᠨ ᠳ᠋ᠤ ᠮᠠᠯᠴᠢᠳ ᠢᠰᠡᠭᠡᠢ ᠭᠡᠷ᠎ᠢ ᠲᠣᠭᠣᠷᠢᠨ ᠰᠠᠭᠤᠵᠤ ᠬᠤᠭᠤᠷᠳᠠᠵᠤ ᠳᠠᠭᠤᠯᠠᠵᠤ ᠲᠣᠭᠯᠠᠬᠤ ᠦᠵᠡᠭᠳᠡᠯ ᠪᠠᠶ᠋ᠢᠩᠭᠤ ᠬᠠᠷᠠᠭᠳᠠᠳᠠᠭ᠂ ᠣᠳᠣ ᠤᠷᠠᠯᠢᠭᠴᠢᠳ᠎ᠤᠨ ᠶᠠᠷᠢᠵᠤ ᠳᠠᠭᠤᠯᠠᠬᠤ ᠦᠵᠡᠭᠳᠡᠯ ᠤᠯᠠᠮ᠎ᠠᠴᠠ ᠤᠯᠠᠮ ᠴᠦᠬᠡᠷᠡᠵᠦ᠍᠂ ᠣᠬᠣᠷ ᠸᠢᠳᠢᠤ᠋᠂ ᠰᠦᠯᠵᠢᠶᠡᠨ᠎ᠦ ᠵᠤᠭ᠎ᠠ ᠴᠡᠩᠬᠡᠯ ᠨᠢ ᠣᠯᠠᠨ ᠲᠦᠮᠡᠨ᠎ᠦ ᠰᠡᠯᠡᠭᠦᠦ ᠴᠠᠭ᠎ᠢ ᠭᠣᠣᠯᠯᠠᠨ ᠡᠵᠡᠯᠡᠬᠦ᠌ ᠪᠤᠯᠤᠭᠰᠠᠨ ᠡᠴᠡ᠌ ᠠᠷᠠᠳ᠎ᠤᠨ ᠠᠮᠠᠨ ᠵᠣᠬᠢᠶᠠᠯ᠎ᠤᠨ ᠤᠤᠭᠠᠯ ᠰᠣᠨᠣᠰᠤᠭᠴᠢᠳ ᠠᠭᠠᠵᠢᠮ᠎ᠢᠶᠠᠷ ᠪᠠᠭᠠᠰᠴᠤ᠌ ᠪᠠᠶ᠋ᠢᠨ᠎ᠠ᠂ ᠰᠣᠨᠣᠰᠤᠭᠴᠢᠳ ᠦᠭᠡᠢ ᠪᠣᠯ ᠠᠮᠠᠨ ᠵᠣᠬᠢᠶᠠᠯ ᠨᠢ ᠣᠷᠣᠰᠢᠨ ᠲᠤᠭᠳᠠᠨᠢᠬᠤ ᠬᠥᠷᠥᠰᠥ᠍ ᠰᠢᠷᠣᠢ᠎ᠪᠠᠨ ᠠᠯᠳᠠᠵᠤ᠂ ᠵᠥᠪᠬᠡᠨ ᠳᠠᠩᠰᠠ ᠡᠪᠬᠡᠮᠡᠯ᠎ᠳᠤ ᠣᠨᠢᠰᠤᠯᠠᠭᠳᠠᠵᠤ᠂ ᠲᠠᠶ᠋ᠢᠪᠤᠩ ᠪᠠᠶ᠋ᠢᠳᠠᠯ᠎ᠤᠨ ᠬᠦᠳᠡᠯᠦᠩᠭᠦᠢ ᠪᠤᠰᠤ ᠲᠸᠺᠰᠲ ᠪᠣᠯᠵᠤ᠂ ᠠᠷᠠᠳ᠎ᠤᠨ ᠠᠮᠠᠨ ᠵᠣᠬᠢᠶᠠᠯ᠎ᠤᠨ ᠠᠮᠢᠳᠤᠯᠢᠭ ᠪᠠᠶ᠋ᠢᠳᠠᠯᠠᠯᠳᠠᠭᠳᠠᠬᠤ ᠪᠤᠯᠤᠨ᠎ᠠ᠃ ᠲᠤᠭᠠᠴᠢᠯᠠᠯᠲᠠ ᠨᠢ ᠳᠥᠭᠥᠮᠬᠡᠨ ᠳᠠᠭᠤ ᠰᠢᠩᠭᠡᠭᠡᠯᠲᠡ᠎ᠪᠡᠷ ᠳᠠᠩᠰᠠ ᠡᠪᠬᠡᠮᠡᠯ ᠳ᠋ᠦ᠍ ᠣᠷᠣᠭᠤᠯᠬᠤ ᠭᠡᠰᠡᠨ ᠶᠠᠪᠤᠳᠠᠯ ᠪᠢᠰᠢ᠂ ᠬᠠᠮᠠᠭᠠᠯᠠᠯᠲᠠ ᠨᠢ ᠮᠠᠲᠸᠷᠢᠶᠠᠯ᠎ᠢ ᠪᠢᠳᠡᠭᠦᠮᠵᠢᠯᠡᠨ ᠬᠠᠳᠠᠭᠠᠯᠠᠬᠤ ᠭᠡᠰᠡᠨ ᠶᠠᠪᠤᠳᠠᠯ ᠪᠢᠰᠢ᠃ ᠠᠮᠢᠳᠤ ᠬᠡᠯᠪᠡᠷᠢ᠎ᠶᠢᠨ ᠬᠠᠮᠠᠭᠠᠯᠠᠯᠲᠠ ᠨᠢ ᠳᠠᠭᠤᠤ ᠵᠢᠨ ᠲᠸᠺᠰᠲᠢ ᠦᠯᠡᠳᠡᠭᠡᠬᠦ᠌᠎ᠪᠡᠷ ᠪᠠᠷᠠᠬᠤ ᠦᠭᠡᠢ ᠨᠡᠩ ᠴᠦ᠍ ᠶᠠᠷᠢᠬᠤ᠂ ᠳᠠᠭᠤᠯᠠᠬᠤ᠂ ᠤᠯᠠᠮᠵᠢᠯᠠᠯᠲᠤ᠌ ᠰᠣᠶᠣᠯ᠎ᠤᠨ ᠶᠠᠪᠤᠴᠠ ᠵᠡᠷᠭᠡ᠎ᠶᠢ ᠪᠦᠷ ᠦᠯᠡᠳᠡᠭᠡᠬᠦ᠌ ᠬᠡᠷᠡᠭᠳᠡᠢ᠃ ᠬᠦᠴᠢᠷᠳᠡᠯ᠎ᠦᠨ ᠡᠮᠦᠨ᠎ᠡ᠂ ᠲᠣᠭᠠᠴᠢᠯᠠᠭᠰᠠᠨ ᠮᠡᠷᠭᠡᠵᠢᠯ ᠨᠢ ᠮᠣᠩᠭᠣᠯ ᠦᠨᠳᠦᠰᠦᠳᠡᠨ᠎ᠦ ᠠᠷᠠᠳ᠎ᠤᠨ ᠠᠮᠠᠨ ᠵᠣᠬᠢᠶᠠᠯ᠎ᠢ ᠬᠠᠮᠠᠭᠠᠯᠠᠬᠤ ᠳ᠋ᠦ᠍ ᠴᠣ ᠰᠢᠨ᠎ᠡ ᠠᠷᠭ᠎ᠠ ᠵᠠᠮ᠎ᠢ ᠨᠡᠭᠡᠭᠡᠵᠦ᠍ ᠥᠭᠴᠡᠢ᠃ ᠭᠡᠪᠡᠴᠦ᠍ ᠲᠣᠭᠠᠴᠢᠯᠠᠭᠰᠠᠨ ᠬᠠᠮᠠᠭᠠᠯᠠᠯᠲᠠ ᠨᠢ ᠳᠥᠭᠥᠮ᠎ᠢᠶᠡᠷ ᠳᠠᠭᠤ ᠳᠦᠷᠰᠦ ᠰᠢᠩᠭᠡᠭᠡᠯᠲᠡ ᠲᠠᠢ ᠠᠳᠠᠯᠢ᠎ᠪᠠᠷ ᠲᠣᠭ᠎ᠠ ᠪᠠᠷᠢᠮᠳᠠ᠎ᠶᠢᠨ ᠬᠥᠮᠥᠷᠭᠡ ᠪᠠᠶ᠋ᠢᠭᠤᠯᠵᠤ ᠪᠣᠯᠬᠤ ᠦᠭᠡᠢ᠃ ᠲᠤᠭᠠᠴᠢᠯᠠᠯᠲᠠ ᠪᠣᠯ ᠪᠠᠭᠠᠵᠢ ᠮᠥᠨ᠂ ᠠᠮᠢᠳᠤᠯᠢᠭ ᠤᠯᠠᠮᠵᠢᠯᠠᠯ ᠪᠣᠯ ᠰᠠᠶᠢ ᠡᠴᠦᠰ᠎ᠦᠨ ᠬᠠᠷᠠᠯᠲᠠ ᠮᠥᠨ᠃ ᠰᠣᠶᠣᠯ᠎ᠤᠨ ᠪᠠᠶ᠋ᠢᠭᠤᠯᠤᠯᠲᠠ᠎ᠶᠢᠨ ᠦᠢᠯᠡᠳᠦᠯᠭᠡ ᠲᠠᠢ ᠤᠶᠠᠯᠳᠤᠭᠤᠯᠤᠨ᠂ ᠠᠷᠠᠳ᠎ᠤᠨ ᠠᠮᠠᠨ ᠵᠣᠬᠢᠶᠠᠯ᠎ᠤᠨ ᠠᠮᠢᠳᠤᠯᠢᠭ ᠬᠠᠮᠠᠭᠠᠯᠠᠯᠲᠠ᠎ᠵᠢᠨ ᠬᠤᠪᠢ ᠳ᠋ᠦ᠍ ᠪᠢᠳᠡ ᠡᠬᠢ ᠪᠠᠶᠠᠯᠢᠭ᠎ᠢ ᠠᠪᠤᠷᠠᠬᠤ᠂ ᠳ᠋ᠠᠶ᠋ᠢᠲ᠋ᠠ ᠬᠥᠮᠥᠷᠭᠡ ᠪᠠᠶ᠋ᠢᠭᠤᠯᠬᠤ᠂ ᠦᠷᠬᠦᠯᠵᠢᠯᠡᠨ ᠤᠯᠠᠮᠵᠢᠯᠠᠬᠤ᠂ ᠰᠢᠨ᠎ᠡ᠎ᠶᠢ ᠡᠭᠦᠳᠦᠨ ᠤᠯᠠᠮᠵᠢᠯᠠᠬᠤ ᠵᠡᠷᠭᠡ ᠳᠥᠷᠪᠡᠨ ᠲᠠᠯ᠎ᠠ᠎ᠠᠴᠠ ᠬᠠᠮᠵᠢᠯᠴᠠᠨ ᠠᠬᠢᠭᠤᠯᠵᠤ ᠪᠣᠯᠣᠨ᠎ᠠ ᠃
ᠨᠢᠭᠡᠳᠦᠭᠡᠷ ᠲᠦ᠍᠂ ᠴᠠᠭ ᠢ ᠠᠮᠵᠢᠨ ᠵᠠᠪᠳᠤᠨ ᠠᠪᠤᠷᠠᠬᠤ᠎ᠶᠢ ᠲᠡᠷᠢᠭᠦᠨ ᠳ᠋ᠦ᠍ ᠲᠠᠯᠪᠢᠬᠤ᠎ᠶᠢ ᠪᠠᠷᠢᠮᠳᠠᠯᠠᠵᠤ᠂ ᠰᠢᠰᠲᠸᠮᠲᠦ᠍ ᠴᠢᠨᠠᠷᠳᠠᠢ ᠬᠡᠭᠡᠷ᠎ᠡ᠎ᠶᠢᠨ ᠪᠠᠶ᠋ᠢᠴᠠᠭᠠᠯᠲᠠ᠎ᠶᠢᠨ ᠴᠤᠭᠯᠠᠭᠤᠯᠬᠤ ᠠᠵᠢᠯ᠎ᠢ ᠥᠷᠨᠢᠭᠦᠯᠵᠦ᠍᠂ ᠠᠮᠠᠨ ᠵᠣᠬᠢᠶᠠᠯ᠎ᠤᠨ ᠠᠩᠬᠠᠨ᠎ᠤ ᠰᠠᠭᠤᠷᠢ᠎ᠶᠢ ᠪᠠᠲᠤ᠌ ᠰᠠᠬᠢᠨ᠎ᠡ᠃ ᠶᠡᠬᠡ ᠳᠡᠭᠡᠳᠦ ᠰᠤᠷᠭᠠᠭᠤᠯᠢ᠂ ᠰᠣᠶᠣᠯ᠎ᠤᠨ ᠲᠢᠩᠬᠢᠮ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ ᠲᠥᠪ᠎ᠦᠨ ᠬᠦᠴᠦᠨ᠎ᠢ ᠵᠣᠬᠢᠶᠠᠨ ᠪᠠᠶ᠋ᠢᠭᠤᠯᠵᠤ ᠲᠠᠯ᠎ᠠ ᠨᠤᠲᠤᠭ᠎ᠤᠨ ᠮᠠᠯᠵᠢᠬᠤ ᠣᠷᠣᠨ ᠳ᠋ᠦ᠍ ᠭᠦᠨᠵᠡᠭᠡᠶ᠋ᠢᠷᠡᠨ᠂ ᠠᠬᠠᠮᠠᠳ ᠤᠷᠠᠯᠢᠭᠴᠢᠳ᠎ᠢ ᠰᠤᠷᠪᠤᠯᠵᠢᠯᠠᠵᠤ᠂ ᠤᠷᠲᠤ᠌ ᠤᠷᠳᠤ ᠪᠠᠭᠠᠳᠤᠷᠯᠢᠬ ᠲᠤᠤᠯᠢ᠂ ᠦᠯᠢᠭᠡᠷ᠂ ᠦᠯᠢᠭᠡᠷᠳᠤ ᠠᠷᠠᠳ᠎ᠤᠨ ᠳᠠᠭᠤᠤ ᠵᠡᠷᠭᠡ ᠵᠢ ᠰᠢᠩᠭᠡᠭᠡᠨ ᠬᠠᠳᠠᠭᠠᠯᠠᠬᠤ ᠬᠡᠭᠡᠷ᠎ᠡ᠎ᠶᠢᠨ ᠪᠠᠶ᠋ᠢᠴᠠᠭᠠᠯᠲᠠ ᠵᠢ ᠠᠷᠠᠳ᠎ᠤᠨ ᠳᠤᠮᠳᠠ ᠪᠠᠶ᠋ᠢᠩᠭᠤ᠎ᠶᠢᠨ ᠴᠢᠨᠠᠷᠳᠠᠢ ᠥᠷᠨᠢᠭᠦᠯᠬᠦ᠌ ᠬᠡᠷᠡᠭᠳᠡᠢ᠃ ᠤᠷᠠᠯᠢᠭᠴᠢᠨ᠎ᠤ ᠳᠠᠭᠤᠯᠠᠬᠤ᠂ ᠶᠠᠷᠢᠬᠤ ᠶᠠᠪᠤᠴᠠ᠎ᠶᠢ ᠪᠦᠷᠢᠨ ᠪᠦᠲᠦᠨ ᠲᠡᠮᠳᠡᠭᠯᠡᠵᠦ᠍᠂ ᠳᠠᠭᠤᠤ ᠵᠢᠨ ᠦᠭᠡ᠎ᠶᠢᠨ ᠲᠸᠺᠰᠲ ᠴᠤᠭᠯᠠᠭᠤᠯᠬᠤ᠎ᠪᠠᠷ ᠪᠠᠷᠠᠬᠤ ᠦᠭᠡᠢ᠂ ᠪᠠᠰᠠ ᠲᠣᠭᠯᠠᠯᠲᠠ᠎ᠶᠢᠨ ᠬᠡᠯᠡᠨ᠎ᠦ ᠣᠷᠴᠢᠨ᠂ ᠳᠠᠭᠤᠯᠠᠬᠤ ᠵᠠᠩᠰᠢᠯ᠂ ᠤᠷᠠᠯᠢᠭᠴᠢᠳ᠎ᠤᠨ ᠶᠠᠷᠢᠭᠰᠠᠨ ᠦᠩᠭᠡᠷᠡᠯᠲᠡ᠎ᠶᠢ ᠲᠡᠮᠳᠡᠭᠯᠡᠵᠦ᠍ ᠂ ᠳᠠᠭᠤ ᠳᠦᠷᠰᠦ ᠰᠢᠩᠭᠡᠭᠡᠯᠳᠡ᠂ ᠦᠰᠦᠭ ᠪᠢᠴᠢᠭ᠂ ᠵᠢᠷᠤᠭ ᠳᠦᠷᠰᠦ ᠵᠡᠷᠭᠡ᠎ᠶᠢ ᠳᠠᠩᠰᠠ ᠡᠪᠬᠡᠮᠡᠯ ᠳ᠋ᠦ᠍ ᠣᠷᠣᠭᠤᠯᠵᠤ᠂ 《ᠨᠢᠭᠡ ᠬᠥᠮᠥᠨ ᠨᠢᠭᠡ ᠳᠠᠩᠰᠠ ᠡᠪᠬᠡᠮᠡᠯ᠂ ᠨᠢᠭᠡ ᠠᠶ᠎ᠠ ᠨᠢᠭᠡ ᠳᠠᠩᠰᠠ》 ᠵᠢᠨ ᠠᠷᠭ᠎ᠠ ᠪᠠᠷ ᠬᠠᠭᠤᠴᠢᠨ ᠰᠣᠷᠢᠨᠵᠢᠨ ᠪᠦᠰᠡ᠂ ᠳᠦᠷᠰᠦ ᠰᠢᠩᠭᠡᠭᠡᠯᠲᠡ᠎ᠶᠢᠨ ᠪᠦᠰᠡ ᠳ᠋ᠦ᠍ ᠵᠠᠭᠤᠴᠢ᠎ᠶᠢᠨ ᠲᠡᠰ ᠲᠡᠪᠰᠢᠯᠳᠡ ᠬᠢᠵᠦ᠍᠂ ᠲᠤᠭᠠᠴᠢᠯᠠᠯᠳᠠ ᠵᠢ ᠪᠡᠶᠡᠯᠡᠬᠦᠯᠦᠨ᠂ ᠬᠣᠪᠣᠷ ᠨᠠᠨᠳᠢᠨ ᠮᠠᠲᠸᠷᠢᠶᠠᠯ᠎ᠤ᠋ᠨ ᠭᠡᠭᠡᠭᠳᠡᠵᠦ᠍ ᠣᠷᠬᠢᠭᠳᠠᠬᠤ᠎ᠠᠴᠠ ᠵᠠᠶ᠋ᠢᠯᠠᠰᠬᠢᠬᠦ᠌ ᠬᠡᠷᠡᠭᠳᠡᠢ᠃ ᠬᠡᠭᠡᠷ᠎ᠡ᠎ᠶᠢᠨ ᠪᠠᠶ᠋ᠢᠴᠠᠭᠠᠯᠲᠠ ᠳ᠋ᠦ᠍ ᠠᠷᠠᠳ᠎ᠤᠨ ᠠᠮᠠᠨ ᠵᠣᠬᠢᠶᠠᠯ᠎ᠤᠨ ᠶᠠᠷᠢᠶᠠᠨ᠎ᠤ ᠣᠨᠳᠣᠣᠰᠢᠯ ᠴᠢᠨᠠᠷ᠎ᠤᠨ ᠣᠨᠴᠠᠯᠢᠭ᠎ᠢ ᠬᠦᠨᠳᠦᠳᠬᠡᠵᠦ᠍᠂ ᠠᠳᠠᠯᠢ ᠪᠤᠰᠤ ᠤᠷᠠᠯᠢᠭᠴᠢᠳ᠎ᠤᠨ ᠠᠳᠠᠯᠢ ᠪᠤᠰᠤ ᠬᠡᠪᠯᠡᠯ᠎ᠢ ᠪᠦᠷᠢᠨ ᠪᠦᠲᠦᠨ᠎ᠢᠶᠡᠷ ᠨᠢ ᠦᠯᠡᠳᠡᠭᠡᠵᠦ᠍᠂ ᠳᠤᠷ᠎ᠠ᠎ᠪᠠᠷ᠎ᠢᠶᠠᠨ ᠵᠠᠰᠠᠵᠤ ᠨᠢᠭᠡᠳᠬᠡᠬᠦ᠌ ᠦᠭᠡᠢ ᠪᠠᠶ᠋ᠢᠵᠤ᠂ ᠠᠮᠠᠨ ᠵᠣᠬᠢᠶᠠᠯ᠎ᠤᠨ ᠣᠯᠠᠨ ᠡᠰᠢᠵᠢᠭᠰᠡᠨ ᠠᠮᠢᠳᠤ ᠰᠣᠷᠭᠣᠭ ᠳᠦᠷᠰᠦ ᠪᠠᠶ᠋ᠢᠳᠠᠯ᠎ᠢ ᠬᠠᠮᠠᠭᠠᠯᠠᠬᠤ ᠬᠡᠷᠡᠭᠳᠡᠢ᠃
ᠬᠣᠶᠠᠳᠤᠭᠠᠷ ᠲᠦ᠍᠂ ᠳᠦᠷᠢᠮᠵᠢᠭᠰᠡᠨ ᠨᠡᠭᠡᠭᠡᠯᠳᠡᠳᠡᠢ ᠬᠠᠮᠲᠤ ᠪᠠᠷ ᠡᠳ᠋ᠯᠡᠬᠦ ᠠᠷᠠᠳ᠎ᠤᠨ ᠠᠮᠠᠨ ᠵᠣᠬᠢᠶᠠᠯ᠎ᠤᠨ ᠲᠣᠭᠠᠴᠢᠯᠠᠭᠰᠠᠨ ᠡᠬᠢ ᠪᠠᠶᠠᠯᠢᠭ᠎ᠤᠨ ᠬᠥᠮᠥᠷᠭᠡᠪᠠᠶ᠋ᠢᠭᠤᠯᠵᠤ᠂ ᠲᠤᠭᠳᠠᠩᠭᠤᠢ ᠬᠠᠳᠠᠭᠠᠯᠠᠬᠤ᠎ᠶᠢ ᠬᠦᠳᠡᠯᠦᠩᠭᠦᠢ ᠠᠰᠢᠭᠯᠠᠬᠤ ᠪᠣᠯᠭᠠᠨ ᠬᠤᠪᠢᠷᠠᠭᠤᠯᠤᠨ᠎ᠠ᠃ ᠴᠤᠭᠯᠠᠭᠤᠯᠤᠭᠰᠠᠨ ᠳᠠᠭᠤ ᠳᠦᠷᠰᠦ ᠰᠢᠩᠭᠡᠭᠡᠯᠲᠡ᠂ ᠶᠠᠷᠢᠶᠠᠨ᠎ᠤ ᠲᠸᠺᠰᠲ᠂ᠭᠡᠷᠡᠯ ᠵᠢᠷᠤᠭ᠎ᠤᠨ ᠮᠠᠲᠸᠷᠢᠶᠠᠯ ᠢ ᠲᠥᠷᠥᠯ ᠬᠤᠪᠢᠶᠠᠨ ᠡᠮᠬᠢᠯᠡᠵᠦ᠍᠂ ᠬᠠᠢᠯᠳᠠ ᠵᠢᠨ ᠰᠢᠰᠲ᠋ᠸᠮ ᠲᠠᠢ ᠮᠣᠩᠭᠣᠯ ᠦᠨᠳᠦᠰᠦᠳᠡᠨ ᠦ ᠠᠷᠠᠳ᠎ᠤᠨ ᠠᠮᠠᠨ ᠵᠣᠬᠢᠶᠠᠯ᠎ᠤᠨ ᠲᠣᠭᠠᠴᠢᠯᠠᠭᠰᠠᠨ ᠮᠠᠲᠸᠷᠢᠶᠠᠯ᠎ᠤᠨ ᠬᠥᠮᠥᠷᠭᠡ᠎ᠶᠢ ᠪᠠᠶ᠋ᠢᠭᠤᠯᠵᠤ᠂ ᠠᠩᠬᠠᠨ ᠤ ᠲᠣᠭ᠎ᠠ ᠪᠠᠷᠢᠮᠳᠠ᠎ᠶᠢᠨ ᠮᠡᠳᠡᠭᠡ ᠵᠠᠩᠭᠢ᠎ᠶᠢ ᠲᠡᠭᠦᠯᠳᠡᠷᠵᠢᠭᠦᠯᠦᠨ᠎ᠠ᠃ ᠡᠭᠦᠨ᠎ᠳᠤ᠂ ᠡᠷᠳᠡᠮ ᠰᠢᠨᠵᠢᠯᠡᠭᠡᠨ ᠦ ᠰᠤᠳᠤᠯᠭᠠᠨ᠎ᠤ ᠬᠡᠪᠯᠡᠯ ᠪᠣᠯᠣᠨ ᠣᠯᠠᠨ ᠲᠦᠮᠡᠨ᠎ᠦ ᠳᠠᠮᠵᠢᠭᠤᠯᠭ᠎ᠠ᠎ᠶᠢᠨ ᠬᠡᠪᠯᠡᠯ᠎ᠢ ᠢᠯᠭᠠᠭᠤᠷᠢᠳᠠᠢ ᠪᠠᠢᠯᠭᠠᠨ᠎ᠠ᠃ ᠨᠢᠭᠡ ᠲᠠᠯ᠎ᠠ᠎ᠪᠠᠷ ᠡᠷᠳᠡᠮᠳᠡᠳ᠎ᠦᠨ ᠰᠤᠳᠤᠯᠭᠠᠨ ᠳ᠋ᠦ᠍ ᠦᠢᠯᠡᠴᠢᠯᠡᠵᠦ᠍᠂ ᠨᠥᠭᠥᠭᠡ ᠲᠠᠯ᠎ᠠ᠎ᠪᠠᠷ ᠨᠡᠶ᠋ᠢᠭᠡᠮ ᠳ᠋ᠦ᠍ ᠬᠠᠨᠳᠤᠭᠤᠯᠤᠨ ᠵᠣᠬᠢᠬᠤ ᠬᠡᠮᠵᠢᠶ᠎ᠡ᠎ᠪᠡᠷ ᠨᠡᠭᠡᠭᠡᠯᠳᠡ ᠬᠢᠵᠦ᠍᠂ ᠮᠠᠲᠸᠷᠢᠶᠠᠯ ᠤᠨ 《ᠤᠨᠳᠠᠵᠤ ᠪᠠᠶ᠋ᠢᠭ᠎ᠠ ᠬᠥᠮᠥᠷᠭᠡ 》 ᠶ᠋ᠢᠨ ᠣᠳᠣᠬᠢ ᠪᠠᠶ᠋ᠢᠳᠠᠯ ᠢ ᠬᠤᠪᠢᠷᠠᠭᠤᠯᠤᠨ᠎ᠠ᠃ ᠪᠦᠳᠦᠭᠡᠨ ᠪᠠᠶ᠋ᠢᠭᠤᠯᠤᠯᠲᠠ᠎ᠶᠢ ᠴᠢᠬᠤᠯᠠᠴᠢᠯᠠᠵᠤ ᠬᠡᠷᠡᠭᠯᠡᠬᠦ᠌ ᠶᠢ ᠬᠦᠩᠭᠡᠪᠴᠢᠯᠡᠬᠦ᠌ᠡᠴᠡ ᠵᠠᠶ᠋ᠢᠯᠠᠰᠬᠢᠵᠤ᠂ ᠳ᠋ᠠᠶ᠋ᠢᠲ᠋ᠠ ᠬᠥᠮᠥᠷᠭᠡ ᠶᠢ ᠰᠠᠶ᠋ᠢᠳᠤᠷ ᠪᠠᠶ᠋ᠢᠭᠤᠯᠤᠭᠰᠠᠨ᠎ᠤ ᠳᠠᠷᠠᠭ᠎ᠠ ᠰᠤᠷᠪᠤᠯᠵᠢᠯᠠᠬᠤ ᠬᠥᠮᠥᠨ ᠦᠭᠡᠢ ᠪᠣᠯᠬᠤ᠎ᠠᠴᠠ ᠰᠡᠷᠭᠡᠶ᠋ᠢᠯᠡᠬᠦ᠌ ᠬᠡᠷᠡᠭᠳᠡᠢ᠃ ᠡᠭᠦᠨ᠎ᠦ ᠬᠠᠮᠲᠤ᠌ ᠣᠯᠠᠨ ᠳᠠᠪᠬᠤᠷ ᠪᠡᠯᠡᠳᠬᠡᠯ᠎ᠢ ᠰᠠᠶ᠋ᠢᠳᠤᠷ ᠬᠢᠵᠦ᠍᠂ ᠲᠣᠭᠠᠴᠢᠯᠠᠭᠰᠠᠨ ᠡᠬᠢ ᠪᠠᠶᠠᠯᠢᠭ᠎ᠢ ᠤᠷᠲᠤ᠌ ᠬᠤᠭᠤᠴᠠᠭ᠎ᠠ᠎ᠪᠠᠷ ᠠᠮᠤᠷ ᠲᠦᠪᠰᠢᠨ᠎ᠢᠶᠡᠷ ᠬᠠᠳᠠᠭᠠᠯᠠᠬᠤ᠎ᠶᠢ ᠪᠠᠲᠤᠯᠠᠵᠤ᠂ ᠬᠤᠶ᠋ᠢᠰᠢᠲᠠ ᠤᠯᠠᠮᠵᠢᠯᠠᠨ ᠵᠠᠯᠭᠠᠮᠵᠢᠯᠠᠬᠤ ᠳ᠋ᠦ᠍ ᠪᠠᠲᠤ᠌ ᠪᠡᠬᠢ ᠰᠠᠭᠤᠷᠢ᠎ᠶᠢ ᠬᠠᠩᠭᠠᠬᠤ ᠬᠡᠷᠡᠭᠳᠡᠢ᠃
ᠭᠤᠷᠪᠠᠳᠤᠭᠠᠷ ᠲᠦ᠍᠂ᠲᠣᠭᠠᠴᠢᠯᠠᠭᠰᠠᠨ ᠴᠢᠳᠠᠮᠵᠢ ᠨᠢ ᠨᠥᠭᠥᠭᠡ ᠲᠠᠯ᠎ᠠ᠎ᠪᠠᠷ ᠤᠯᠠᠮᠵᠢᠯᠠᠨ ᠵᠠᠯᠭᠠᠮᠵᠢᠯᠠᠭᠴᠢ᠎ᠶᠢᠨ ᠲᠠᠰᠤᠯᠳᠠᠬᠤ ᠬᠦᠴᠢᠷ ᠠᠰᠠᠭᠤᠳᠠᠯ ᠢ ᠰᠢ᠌ᠳᠪᠦᠷᠢᠯᠡᠨᠡ᠃ ᠤᠯᠠᠮᠵᠢᠯᠠᠯᠲᠤ᠌ ᠶᠠᠷᠢᠶ᠎ᠠ ᠳᠠᠮᠵᠢᠭᠤᠯᠭ᠎ᠠ᠎ᠶᠢ ᠲᠣᠭᠠᠴᠢᠯᠠᠭᠰᠠᠨ ᠮᠡᠷᠭᠡᠵᠢᠯ᠎ᠢᠶᠡᠷ ᠣᠷᠣᠯᠠᠭᠤᠯᠵᠤ ᠪᠣᠯᠬᠤ ᠦᠭᠡᠢ᠂ ᠭᠡᠪᠡᠴᠦ᠍ ᠲᠣᠭᠠᠴᠢᠯᠠᠭᠰᠠᠨ ᠮᠡᠷᠭᠡᠵᠢᠯ᠎ᠢᠶᠠᠷ ᠳᠠᠮᠵᠢᠨ ᠪᠢᠳᠡ ᠤᠯᠠᠮᠵᠢᠯᠠᠨ ᠵᠠᠯᠭᠠᠮᠵᠢᠯᠠᠬᠤ ᠠᠷᠭ᠎ᠠ ᠵᠠᠮ᠎ᠢᠶᠠᠨ ᠥᠷᠭᠡᠳᠬᠡᠵᠦ᠍ ᠪᠣᠯᠣᠨ᠎ᠠ᠃ ᠪᠢᠳᠡ ᠠᠬᠠᠮᠠᠳ ᠤᠷᠠᠯᠢᠭᠴᠢᠳ᠎ᠤᠨ ᠲᠣᠭᠯᠠᠯᠲᠠ᠎ᠶᠢᠨ ᠸᠢᠳᠢᠤ᠋᠂ ᠵᠢᠱ᠌ᠢᠶ᠎ᠡ ᠦᠵᠡᠭᠦᠯᠬᠦ᠌ ᠳᠠᠭᠤᠨ ᠳᠠᠪᠲᠠᠮᠵᠢ᠎ᠶᠢ ᠡᠮᠬᠢᠯᠡᠭᠡᠳ ᠵᠢᠭᠠᠨ ᠰᠤᠷᠭᠠᠯᠲᠠ᠎ᠶᠢᠨ ᠪᠣᠷᠣ ᠮᠠᠲᠸᠷᠢᠶᠠᠯ ᠪᠣᠯᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠥᠷᠲᠡᠭᠡ᠂ ᠤᠯᠠᠮᠵᠢᠯᠠᠨ ᠰᠤᠷᠬᠤ ᠭᠠᠵᠠᠷ᠂ ᠰᠤᠷᠭᠠᠭᠤᠯᠢ᠎ᠶᠢᠨ ᠬᠦᠷᠢᠶᠡᠨ᠎ᠦ ᠬᠢᠴᠢᠶᠡᠯ᠎ᠦᠨ ᠲᠠᠩᠬᠢᠮ ᠳ᠋ᠦ᠍ ᠬᠡᠷᠡᠭᠯᠡᠵᠦ᠍ ᠪᠣᠯᠣᠨ᠎ᠠ᠃ ᠠᠬᠠᠮᠠᠳ ᠤᠷᠠᠯᠢᠭᠴᠢᠳ ᠰᠦᠯᠵᠢᠶᠡᠨ ᠭᠠᠳᠠᠨ᠎ᠠ ᠬᠢᠴᠢᠶᠡᠯᠯᠡᠵᠦ᠍᠂ ᠲᠣᠭᠠᠴᠢᠯᠠᠭᠰᠠᠨ ᠮᠠᠲᠸᠷᠢᠶᠠᠯ᠎ᠢᠶᠠᠷ ᠬᠠᠪᠰᠤᠷᠤᠮᠵᠢ ᠵᠢᠭᠠᠬᠤ ᠮᠠᠲᠸᠷᠢᠶᠠᠯ ᠪᠣᠯᠭᠠᠵᠤ᠂ ᠭᠠᠵᠠᠷ ᠣᠷᠣᠨ᠎ᠤ ᠵᠠᠢ᠎ᠠᠴᠠ ᠪᠣᠯᠣᠭᠰᠠᠨ ᠬᠠᠷᠰᠢ ᠰᠠᠭᠠᠳ ᠢ ᠨᠥᠬᠥᠪᠦᠷᠢᠯᠡᠪᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ᠎ᠶᠢ ᠪᠠᠲᠤᠯᠠᠬᠤ ᠲᠤᠭᠳᠠᠴᠠ᠎ᠶᠢ ᠲᠡᠭᠦᠯᠳᠡᠷᠵᠢᠭᠦᠯᠵᠦ᠍᠂ ᠢᠳᠡᠷ ᠵᠠᠯᠠᠭᠤ ᠨᠠᠰᠤᠨ᠎ᠤ ᠠᠷᠠᠳ᠎ᠤᠨ ᠤᠷᠠᠯᠢᠭᠴᠢᠳ ᠢ ᠲᠡᠳᠬᠦᠨ ᠳᠡᠮᠵᠢᠵᠦ᠍᠂ ᠠᠬᠠᠮᠠᠳ ᠤᠷᠠᠯᠢᠭᠴᠢᠨ ᠤ ᠱᠠᠪᠢ ᠠᠪᠴᠤ᠌ ᠤᠷᠠᠯᠢᠭ᠎ᠢᠶᠠᠨ ᠤᠯᠠᠮᠵᠢᠯᠠᠬᠤ ᠶᠢ ᠵᠣᠷᠢᠭᠵᠢᠭᠤᠯᠤᠨ᠎ᠠ᠃ ᠠᠷᠠᠳ᠎ᠤᠨ ᠠᠮᠠᠨ ᠵᠣᠬᠢᠶᠠᠯ᠎ᠢ ᠰᠤᠷᠭᠠᠭᠤᠯᠢ᠎ᠶᠢᠨ ᠬᠦᠷᠢᠶᠡᠨ ᠳ᠋ᠦ᠍ ᠣᠷᠣᠭᠤᠯᠬᠤ᠎ᠶᠢ ᠠᠬᠢᠭᠤᠯᠵᠤ᠂ ᠲᠤᠤᠯᠢ ᠵᠢᠨ ᠰᠣᠩᠭᠤᠮᠠᠯ᠂ ᠦᠯᠢᠭᠡᠷᠳᠤ ᠠᠷᠠᠳ᠎ᠤᠨ ᠳᠠᠭᠤᠤ᠂ ᠠᠷᠠᠳ᠎ᠤᠨ ᠠᠮᠠᠨ ᠦᠯᠢᠭᠡᠷ ᠢ ᠳᠤᠮᠳᠠᠳᠤ ᠪᠠᠭ᠎ᠠ ᠰᠤᠷᠭᠠᠭᠤᠯᠢ ᠂ ᠶᠡᠬᠡ ᠳᠡᠭᠡᠳᠦ ᠰᠤᠷᠭᠠᠭᠤᠯᠢ᠎ᠶᠢᠨ ᠰᠣᠶᠣᠯ ᠢᠷᠭᠡᠨᠰᠢᠯ᠎ᠦᠨ ᠬᠢᠴᠢᠶᠡᠯ ᠦᠨ ᠲᠠᠩᠬᠢᠮ ᠳ᠋ᠦ᠍ ᠠᠭᠤᠰᠤᠯᠴᠠᠭᠤᠯᠵᠤ᠂ ᠵᠠᠯᠠᠭᠤ ᠬᠦᠯᠢᠶᠡᠨ ᠠᠪᠤᠭᠴᠢᠳ᠎ᠢ ᠬᠥᠮᠥᠵᠢᠭᠦᠯᠦᠨ᠎ᠡ᠃ ᠤᠯᠠᠮᠵᠢᠯᠠᠨ ᠵᠠᠯᠭᠠᠮᠵᠢᠯᠠᠬᠤ ᠳᠠᠯᠲᠠ ᠬᠦᠴᠦᠨ᠎ᠢ ᠢᠯᠡᠷᠡᠭᠦᠯᠵᠦ᠍᠂ ᠠᠬᠠᠮᠠᠳ ᠢᠳᠡᠷ ᠵᠠᠯᠠᠭᠤ ᠡᠩᠨᠡᠭᠡ᠎ᠶᠢ ᠪᠠᠶ᠋ᠢᠭᠤᠯᠤᠨ᠎ᠠ ᠃
ᠳᠥᠷᠪᠡᠳᠦᠭᠡᠷ ᠲᠦ᠍᠂ ᠪᠦᠳᠦᠭᠡᠯᠴᠢ ᠴᠢᠨᠠᠷᠳᠠᠢ᠎ᠪᠠᠷ ᠣᠨᠳᠣᠣᠰᠢᠭᠤᠯᠬᠤ᠎ᠶᠢ ᠠᠬᠢᠭᠤᠯᠵᠤ᠂ ᠰᠢᠨ᠎ᠡ ᠵᠠᠭᠤᠴᠢᠯᠠᠭᠤᠷ ᠲᠦ᠍ ᠲᠦᠰᠢᠭᠯᠡᠨ ᠠᠮᠢᠳᠤᠯᠢᠭ ᠳᠠᠮᠵᠢᠭᠤᠯᠬᠤ ᠣᠷᠣᠨ ᠵᠠᠢ᠎ᠶᠢ ᠥᠷᠭᠡᠳᠬᠡᠨ᠎ᠡ᠃ ᠠᠷᠠᠳ᠎ᠤᠨ ᠠᠮᠠᠨ ᠵᠣᠬᠢᠶᠠᠯ᠎ᠢ ᠣᠳᠣ ᠦᠶ᠎ᠡ᠎ᠶᠢᠨ ᠠᠮᠢᠳᠤᠷᠠᠯ ᠳ᠋ᠦ᠍ ᠣᠷᠣᠭᠤᠯᠬᠤ ᠭᠡᠪᠡᠯ ᠣᠯᠠᠨ ᠲᠦᠮᠡᠨ᠎ᠦ ᠰᠢᠨ᠎ᠡ ᠬᠦᠯᠢᠶᠡᠨ ᠠᠪᠬᠤ ᠳᠠᠳᠬᠠᠯ ᠳ᠋ᠦ᠍ ᠵᠣᠬᠢᠴᠠᠭᠤᠯᠬᠤ ᠬᠡᠷᠡᠭᠳᠡᠢ᠃ ᠠᠷᠠᠳ᠎ᠤᠨ ᠤᠷᠠᠯᠢᠭᠴᠢᠨ ᠣᠬᠣᠷ ᠸᠢᠳᠢᠤ᠋᠎ᠶᠢᠨ ᠲᠠᠪᠴᠠᠩ᠎ᠢ ᠰᠠᠶ᠋ᠢᠳᠤᠷ ᠬᠡᠷᠡᠭᠯᠡᠵᠦ᠍᠂ ᠲᠣᠪᠴᠢ ᠠᠪᠰᠠᠷᠬᠠᠨ ᠠᠮᠢᠳᠤᠯᠢᠭ ᠬᠡᠰᠡᠭ ᠪᠠᠳᠠᠭ᠎ᠢᠶᠠᠷ ᠪᠠᠭᠠᠳᠤᠷᠯᠢᠬ ᠲᠤᠤᠯᠢ᠂ ᠠᠷᠠᠳ᠎ᠤᠨ ᠳᠠᠭᠤᠤ᠂ ᠬᠣᠯᠪᠣᠭᠠᠵᠡᠷᠭᠡ ᠠᠮᠠᠨ ᠦᠪ᠎ᠢ ᠳᠡᠯᠭᠡᠨ ᠦᠵᠡᠭᠦᠯᠬᠦ᠌᠎ᠶᠢ ᠵᠣᠷᠢᠭᠵᠢᠭᠤᠯᠤᠨ᠎ᠠ᠃ ᠲᠣᠭᠠᠴᠢᠯᠠᠭᠰᠠᠨ ᠡᠬᠢ ᠪᠠᠶᠠᠯᠢᠭ ᠲᠦ᠍ ᠲᠦᠰᠢᠭᠯᠡᠨ ᠳᠠᠭᠤ ᠲᠠᠢ ᠤᠩᠰᠢᠬᠤ ᠪᠢᠴᠢᠭ᠂ ᠣᠬᠣᠷ ᠸᠢᠳᠢᠤ᠋᠎ᠶᠢᠨ ᠲᠤᠰᠬᠠᠢ ᠰᠡᠳᠦᠪ᠎ᠢ ᠨᠡᠭᠡᠭᠡᠨ ᠬᠥᠭᠵᠢᠭᠦᠯᠵᠦ᠍ ᠂ ᠰᠦᠯᠵᠢᠶᠡᠨ ᠳᠡᠭᠡᠷ᠎ᠡ ᠲᠣᠭᠯᠠᠵᠤ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠳᠠᠢ ᠬᠡᠯᠪᠡᠷᠢ᠎ᠪᠡᠷ ᠠᠮᠠᠨ ᠦᠪ᠎ᠢ ᠰᠠᠶ᠋ᠢᠳᠤᠷ ᠶᠠᠷᠢᠨ᠎ᠡ᠃ ᠭᠡᠪᠡᠴᠦ᠍ ᠤᠯᠠᠮᠵᠢᠯᠠᠨ ᠳᠡᠯᠭᠡᠷᠡᠭᠦᠯᠵᠦ᠍ ᠰᠢᠨ᠎ᠡ᠎ᠶᠢ ᠡᠭᠦᠳᠬᠦ᠌ ᠳ᠋ᠡᠭᠡᠨ ᠰᠣᠶᠣᠯ᠎ᠤᠨ ᠬᠢᠵᠠᠭᠠᠷ ᠱᠤᠭᠤᠮ᠎ᠢ ᠰᠠᠬᠢᠵᠤ᠂ ᠠᠮᠠᠨ ᠦᠪ᠎ᠤᠨ ᠲᠤᠳᠤᠭᠠᠲᠤ᠌ ᠴᠥᠮ᠎ᠡ᠎ᠶᠢ ᠬᠦᠨᠳᠦᠳᠬᠡᠬᠦ᠌ ᠬᠡᠷᠡᠭᠳᠡᠢ᠂ ᠤᠯᠠᠮᠵᠢᠯᠠᠯᠲᠤ᠌ ᠲᠸᠺᠰᠲᠢ ᠳᠤᠷ᠎ᠠ᠎ᠪᠠᠷ᠎ᠢᠶᠠᠨ ᠵᠠᠳᠠᠯᠵᠤ᠂ ᠭᠠᠵᠢᠭᠤᠳᠠᠭᠤᠯᠵᠤ ᠪᠣᠯᠬᠤ ᠦᠭᠡᠢ᠃ ᠠᠷᠠᠳ᠎ᠤᠨ ᠠᠮᠠᠨ ᠵᠣᠬᠢᠶᠠᠯ ᠳ᠋ᠡᠬᠢ ᠪᠦᠯᠬᠦᠮᠳᠡᠯ᠎ᠢ ᠡᠷᠬᠢᠮᠯᠡᠬᠦ᠂ ᠤᠯᠤᠰ ᠣᠷᠣᠨ᠎ᠢᠶᠠᠨ ᠬᠠᠶ᠋ᠢᠷᠠᠯᠠᠬᠤ ᠰᠡᠳᠬᠢᠯᠭᠡ᠂ ᠴᠠᠶ᠋ᠢᠯᠭᠠᠨ ᠴᠠᠭᠠᠪᠤᠷ ᠥᠭᠡᠳᠡᠷᠬᠡᠭ ᠣᠶᠣᠨ ᠰᠠᠨᠠᠭᠠᠨ᠎ᠤ ᠠᠭᠤᠯᠤᠭᠳᠠᠬᠤᠨ᠎ᠢ ᠠᠭᠤᠳᠠᠯᠵᠤ᠂ ᠦᠨᠳᠦᠰᠦᠳᠡᠨᠨᠦᠭᠥᠳᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠦᠯᠢᠭᠡᠷ᠎ᠢ ᠰᠠᠶ᠋ᠢᠳᠤᠷ ᠶᠠᠷᠢᠵᠤ᠂ ᠠᠷᠠᠳ᠎ᠤᠨ ᠠᠮᠠᠨ ᠵᠣᠬᠢᠶᠠᠯ᠎ᠢ ᠪᠠᠳᠠᠷᠠᠭᠤᠯᠵᠤ ᠳᠤᠮᠳᠠᠳᠤ᠎ᠶᠢᠨ ᠦᠨᠳᠦᠰᠦᠳᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠴᠠᠭ ᠦᠶ᠎ᠡ᠎ᠶᠢᠨ ᠥᠷᠲᠡᠭ ᠪᠦᠬᠦᠢ ᠰᠡᠳᠦᠪ᠎ᠢ ᠢᠯᠡᠷᠬᠡᠢ ᠬᠠᠷᠠᠭᠤᠯᠤᠨ᠎ᠠ ᠃
ᠡᠶ᠋ᠢᠮᠦ᠎ᠡᠴᠡ᠂ ᠳ᠋ᠠᠶ᠋ᠢᠲ᠋ᠠ ᠬᠥᠮᠥᠷᠭᠡ ᠨᠢ ᠳᠠᠭᠤ ᠪᠠ ᠦᠰᠦᠭ ᠪᠢᠴᠢᠭ᠎ᠢ ᠬᠠᠳᠠᠭᠠᠯᠠᠵᠤ ᠪᠣᠯᠣᠨ᠎ᠠ᠂ ᠭᠡᠪᠡᠴᠦ᠍ ᠪᠣᠳᠠᠳᠠᠢ ᠬᠥᠮᠥᠨ᠎ᠦ ᠳᠠᠮᠵᠢᠭᠤᠯᠤᠨ ᠳᠠᠭᠤᠯᠠᠬᠤ᠎ᠶᠢ ᠣᠷᠣᠯᠠᠵᠤ ᠳᠡᠶ᠋ᠢᠯᠬᠦ᠌ ᠦᠭᠡᠢ᠃ ᠲᠤᠭᠠᠴᠢᠯᠠᠯᠲᠠ ᠪᠣᠯ《ᠦᠨᠳᠦᠰᠦᠨ ᠵᠦᠢᠯ᠎ᠢ ᠪᠠᠲᠤᠯᠠᠬᠤ》 ᠶᠠᠪᠤᠳᠠᠯ ᠮᠥᠨ᠂ ᠮᠥᠨᠴᠦ᠍ ᠰᠣᠶᠣᠯ᠎ᠤᠨ ᠤᠰᠠᠳᠤᠯᠢ ᠰᠡᠷᠭᠡᠶ᠋ᠢᠯᠡᠬᠦ᠌᠎ᠶᠢᠨ ᠠᠮᠤᠷ ᠲᠦᠪᠰᠢᠨ᠎ᠦ ᠣᠨᠢᠰᠤ ᠮᠥᠨ᠂ ᠬᠠᠷᠢᠨ ᠠᠮᠢᠳᠤᠯᠢᠭ ᠤᠯᠠᠮᠵᠢᠯᠠᠯ ᠲᠠᠢ ᠪᠣᠯᠬᠤ ᠳ᠋ᠦ᠍ ᠤᠷᠠᠯᠢᠭᠴᠢᠨ᠂ ᠨᠡᠶ᠋ᠢᠭᠡᠮ ᠨᠡᠶ᠋ᠢᠲᠡ ᠬᠠᠮᠲᠤ᠎ᠪᠠᠷ ᠣᠷᠣᠯᠴᠠᠬᠤ ᠬᠡᠷᠡᠭᠳᠡᠢ᠃ ᠬᠡᠷᠪᠡ ᠬᠤᠶ᠋ᠢᠰᠢᠲᠠ᠎ᠶᠢᠨ ᠬᠥᠮᠥᠰ ᠤᠯᠠᠮᠵᠢᠯᠠᠨ ᠳᠠᠭᠤᠯᠠᠭᠰᠠᠨ ᠦᠭᠡᠢ᠂ ᠣᠯᠠᠨ ᠲᠦᠮᠡᠨ ᠰᠣᠨᠣᠰᠤᠭᠰᠠᠨ ᠦᠭᠡᠢ ᠪᠣᠯ᠂ ᠬᠡᠳᠦᠢ ᠪᠦᠷᠢᠨ ᠲᠡᠭᠦᠯᠳᠡᠷ ᠲᠣᠭᠠᠴᠢᠯᠠᠭᠰᠠᠨ ᠳᠠᠩᠰᠠ ᠡᠪᠬᠡᠮᠡᠯ ᠪᠠᠶ᠋ᠢᠭᠰᠠᠨ ᠴᠦ᠍ ᠵᠥᠪᠬᠡᠨ ᠦᠩᠭᠡᠷᠡᠭᠰᠡᠨ ᠰᠣᠶᠣᠯ᠎ᠤᠨ ᠵᠠᠭᠪᠤᠷ ᠪᠣᠯᠣᠨ᠎ᠠ᠃ ᠥᠷᠭᠡᠨ ᠠᠭᠤᠳᠠᠮ ᠦᠪᠦᠷ ᠮᠤᠩᠭᠤᠯ᠎ᠤᠨ ᠡᠬᠡ ᠭᠠᠵᠠᠷ ᠲᠦ᠍ ᠦᠶ᠎ᠡ ᠦᠶ᠎ᠡ᠎ᠶᠢᠨ ᠬᠦᠮᠦᠰ ᠦᠯᠢᠭᠡᠷ ᠲᠡᠦᠭᠡ᠂ ᠦᠪ ᠰᠤᠶᠤᠯ ᠵᠢᠡᠨ ᠠᠮᠠᠨ ᠤᠯᠠᠮᠵᠢᠯᠠᠯ᠎ᠤᠨ ᠬᠡᠯᠪᠡᠷᠢ ᠪᠡᠷ ᠤᠯᠠᠮᠵᠢᠯᠠᠭᠰᠠᠭᠠᠷ ᠢᠷᠡᠵᠡᠢ᠃ ᠬᠠᠷᠢᠨ ᠰᠢᠨ᠎ᠡ ᠴᠠᠭ ᠦᠶ᠎ᠡ ᠳ᠋ᠦ᠍ ᠮᠣᠩᠭᠣᠯ ᠦᠨᠳᠦᠰᠦᠳᠡᠨ᠎ᠦ ᠠᠷᠠᠳ᠎ᠤᠨ ᠠᠮᠠᠨ ᠵᠣᠬᠢᠶᠠᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠰᠠᠶ᠋ᠢᠳᠤᠷ ᠬᠢᠬᠦ᠌ ᠳ᠋ᠦ᠂ ᠲᠣᠭᠠᠴᠢᠯᠠᠭᠰᠠᠨ ᠮᠡᠷᠭᠡᠵᠢᠯ᠎ᠢ ᠰᠠᠶ᠋ᠢᠳᠤᠷ ᠠᠰᠢᠭᠯᠠᠨ ᠲᠡᠦᠬᠡ᠎ᠶᠢᠨ ᠳᠠᠭᠤᠨ ᠢ ᠦᠯᠡᠳᠡᠭᠡᠬᠦ᠌᠎ᠪᠡᠷ ᠪᠠᠷᠠᠬᠤ ᠦᠭᠡᠢ᠂ ᠨᠡᠩ ᠴᠦ᠍ ᠠᠮᠢᠳᠤ ᠳᠦᠷᠰᠦᠯᠢᠭ ᠬᠡᠯᠡᠵᠦ᠍ ᠳᠠᠭᠤᠯᠠᠬᠤ ᠤᠯᠠᠮᠵᠢᠯᠠᠯ ᠢ ᠰᠠᠶ᠋ᠢᠳᠤᠷ ᠰᠠᠬᠢᠨ ᠬᠠᠮᠠᠭᠠᠯᠠᠵᠤ᠂ ᠪᠠᠭᠠᠳᠤᠷᠯᠢᠬ ᠲᠤᠤᠯᠢ ᠵᠢ ᠲᠠᠯ᠎ᠠ ᠨᠤᠲᠤᠭ ᠲᠦ᠍ ᠦᠨᠢᠳᠡ ᠴᠤᠤᠷᠢᠶᠠᠳᠤᠭᠤᠯᠵᠤ᠂ ᠠᠷᠠᠳ᠎ᠤᠨ ᠠᠮᠠᠨ ᠦᠯᠢᠭᠡᠷ᠎ᠢ ᠦᠷᠬᠦᠯᠵᠢᠯᠡᠨ ᠦᠶ᠎ᠡ᠎ᠶᠢᠨ ᠦᠶ᠎ᠡ ᠳ᠋ᠦ᠍ ᠤᠯᠠᠮᠵᠢᠯᠠᠪᠠᠯ ᠰᠠᠶᠢ ᠡᠨᠡ ᠬᠥ᠌ ᠳᠤᠮᠳᠠᠳᠤ᠎ᠶᠢᠨ ᠦᠨᠳᠤᠰᠤᠳᠡᠨ᠎ᠤ ᠰᠢᠯᠢᠳᠡᠭ ᠤᠯᠠᠮᠵᠢᠯᠠᠯᠲᠤ᠌ ᠰᠣᠶᠣᠯ᠎ᠢ ᠳᠤᠮᠳᠠᠳᠤ᠎ᠶᠢᠨ ᠦᠨᠳᠦᠰᠦᠳᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠴᠠᠭ ᠦᠶ᠎ᠡ᠎ᠶᠢᠨ ᠠᠬᠢᠴᠠ ᠳᠤᠮᠳᠠ ᠰᠢᠨ᠎ᠡ ᠭᠡᠷᠡᠯ ᠭᠢᠯᠪᠠᠭ᠎ᠠ ᠰᠠᠴᠤᠷᠠᠭᠤᠯᠬᠤ ᠡᠷᠳᠡᠨᠢᠰ᠎ᠤᠨ ᠰᠠᠩ ᠪᠤᠯᠭᠠᠨ ᠬᠤᠪᠢᠷᠠᠭᠠᠵᠦ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃