ᠲᠡᠷᠢᠭᠦᠨ ᠨᠢᠭᠤᠷ>ᠲᠠᠯ᠎ᠠ᠎ᠶ᠋ᠢᠨ ᠲᠤᠶᠠᠭ᠎ᠠ>ᠨᠣᠮ ᠪᠢᠴᠢᠭ

2026-07-07 18:12:08

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭᠰᠠᠨ 《ᠰᠢ ᠵᠢᠨ ᠫᠢᠩ ᠤ᠋ᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠤᠬᠠᠢ ᠥᠭᠦᠯᠡᠯᠲᠡ᠎ᠶᠢᠨ ᠲᠡᠭᠦᠪᠦᠷᠢ》 ᠭᠡᠬᠦ ᠨᠣᠮ᠎ᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠂ ᠪᠦᠭᠦ ᠤᠯᠤᠰ᠎ᠲᠤ ᠲᠠᠷᠬᠠᠭᠠᠪᠠ᠃

ᠦᠨᠳᠦᠰᠦᠨ ᠱᠠᠲᠤ ᠪᠣᠯ ᠨᠠᠮ ᠎ᠤᠨ ᠲᠦᠷᠦ ᠪᠠᠷᠢᠬᠤ᠎ᠶᠢᠨ ᠰᠠᠭᠤᠷᠢ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠂ ᠠᠯᠢᠪᠠ ᠠᠵᠢᠯ ᠎ᠤᠨ ᠳᠤᠰᠤᠯᠳᠠ ᠮᠥᠨ᠃ ᠣᠷᠣᠨ ᠨᠤᠲᠤᠭ᠎ᠲᠤ ᠠᠵᠢᠯᠯᠠᠵᠤ ᠪᠠᠢᠬᠤ ᠬᠤᠭᠤᠴᠠᠭᠠᠨ᠎ᠳᠤ ᠴᠤ᠌ ᠲᠡᠷᠡ᠂ ᠲᠥᠪ᠎ᠬᠤᠷᠢᠶ᠎ᠠ ᠎ᠳᠤ ᠣᠴᠢᠵᠤ ᠠᠵᠢᠯᠯᠠᠭᠰᠠᠨ᠎ᠤ ᠲᠠᠷᠠᠭ᠎ᠠ ᠴᠤ᠌ ᠲᠡᠷᠡ᠂ ᠰᠢ᠎ᠶᠢᠨ ᠫᠢᠩ ᠨᠥᠬᠥᠷ ᠢᠮᠠᠭᠲᠠ ᠦᠨᠳᠦᠰᠦᠨ ᠱᠠᠲᠤ᠎ᠶᠢ ᠴᠢᠬᠤᠯᠠᠴᠢᠯᠠᠵᠤ᠂ ᠦᠨᠳᠦᠰᠦᠨ ᠱᠠᠲᠤ᠎ᠶᠢ ᠬᠠᠯᠠᠮᠵᠢᠯᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠦᠨᠳᠦᠰᠦᠨ ᠱᠠᠲᠤ ᠵᠢ  ᠳᠡᠮᠵᠢᠵᠦ᠂ ᠦᠨᠳᠦᠰᠦᠨ ᠱᠠᠲᠤ ᠎ᠶᠢ ᠠᠳᠬᠤᠨ ᠰᠠᠭᠤᠷᠢ ᠲᠠᠯᠪᠢᠬᠤ ᠶᠠᠪᠤᠳᠠᠯ᠎ᠢ ᠠᠯᠤᠰ ᠭᠡᠳᠤ᠎ᠶᠢᠨ ᠪᠣᠳᠣᠯᠭ᠎ᠠ ᠪᠠ ᠦᠨᠳᠦᠰᠦ᠎ᠶᠢ ᠪᠡᠬᠢᠵᠢᠭᠦᠯᠬᠦ ᠪᠣᠳᠣᠯᠭ᠎ᠠ ᠪᠤᠯᠭᠠᠬᠤ᠎ᠶᠢ ᠪᠠᠷᠢᠮᠲᠠᠯᠠᠵᠤ᠂ ᠰᠢᠷᠢᠰ ᠤᠨᠤᠯ᠎ᠤᠨ ᠠᠴᠢ ᠬᠣᠯᠪᠣᠭᠳᠠᠯ ᠪᠠ ᠦᠢᠯᠡᠳᠦᠯᠭᠡ᠎ᠶᠢᠨ ᠦᠨ᠎ᠡ ᠦᠷᠳᠡᠭ᠎ᠢᠶᠡᠷ ᠪᠠᠶᠠᠯᠢᠭ᠋ ᠪᠦᠬᠦᠢ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠨᠤᠭᠤᠳ ᠎ᠢ ᠰᠦᠪᠡᠭᠴᠢᠯᠡᠨ ᠪᠦᠷᠢᠯᠳᠦᠭᠦᠯᠦᠭᠰᠡᠨ ᠪᠠᠢᠨ᠎ᠠ᠃ ᠰᠢ᠎ᠶᠢᠨ ᠫᠢᠩ ᠨᠥᠬᠥᠷ᠎ᠦᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠣᠭᠣᠷᠢᠨ᠎ᠳᠤ ᠨᠡᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠠᠯᠤᠰ ᠭᠡᠲᠦ᠎ᠶᠢᠨ ᠵᠣᠷᠢᠯᠲᠠ ᠲᠠᠢ᠂ ᠡᠯᠪᠡᠭ ᠪᠠᠶᠠᠯᠢᠭ᠋ ᠠᠭᠤᠯᠤᠭᠳᠠᠬᠤᠨ᠎ᠲᠠᠢ᠂ ᠦᠵᠡᠯ ᠰᠠᠨᠠᠭ᠎ᠠ ᠭᠦᠨ ᠭᠦᠨᠵᠡᠭᠡᠢ ᠪᠠᠢᠵᠤ᠂ ᠦᠨᠳᠦᠰᠦᠨ ᠱᠠᠲᠤ ᠭᠡᠭᠴᠢ ᠶᠠᠭᠤ ᠪᠤᠯᠬᠤ᠂ ᠦᠨᠳᠦᠰᠦᠨ ᠱᠠᠲᠤᠨ᠎ᠳᠤ ᠬᠡᠷᠬᠢᠨ ᠭᠦᠨᠵᠡᠭᠡᠢᠷᠡᠬᠦ᠂  ᠦᠨᠳᠦᠰᠦᠨ ᠱᠠᠲᠤᠨ᠎ᠳᠤ ᠬᠡᠷᠬᠢᠨ ᠦᠢᠯᠡᠴᠢᠯᠡᠬᠦ ᠵᠡᠷᠭᠡ ᠴᠢᠬᠤᠯᠠ ᠶᠡᠬᠡ ᠣᠨᠣᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠢ ᠰᠢᠨᠵᠢᠯᠡᠬᠦ ᠤᠬᠠᠭᠠᠨᠴᠢ᠎ᠪᠠᠷ ᠬᠠᠷᠢᠭᠤᠯᠵᠤ᠂ ᠦᠨᠳᠦᠰᠦᠨ ᠱᠠᠲᠤᠨ᠎ᠤ ᠠᠵᠢᠯ᠎ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢᠷᠡᠭᠦᠯᠵᠦ᠂ ᠦᠨᠳᠦᠰᠦᠨ ᠱᠠᠲᠤ᠎ᠶᠢ ᠶᠡᠬᠡ ᠪᠡᠷ ᠠᠳᠬᠤᠬᠤ ᠢᠯᠡ ᠲᠣᠳᠣ᠌ ᠤᠳᠤᠷᠢᠳᠤᠮᠵᠢ᠎ᠶᠢ ᠪᠤᠢ ᠪᠤᠯᠭᠠᠵᠤ᠂ ᠵᠠᠰᠠᠬ᠎ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠬᠠᠮᠤᠭ᠎ᠤᠨ ᠨᠠᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ᠎ᠤᠨ ᠡᠬᠢ ᠪᠤᠯᠠᠭ ᠪᠤᠯᠭᠠᠬᠤ᠎ᠳᠤ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

《ᠥᠭᠦᠯᠡᠯᠲᠡ᠎ᠶᠢᠨ ᠲᠡᠭᠦᠪᠦᠷᠢ》 ᠶ᠋ᠢ 9 ᠲᠤᠰᠬᠠᠢ ᠰᠡᠳᠦᠪ ᠬᠤᠪᠢᠶᠠᠵᠤ᠂ ᠨᠡᠢ᠍ᠢᠳᠡ 287 ᠪᠠᠳᠠᠭ ᠥᠭᠦᠯᠡᠯᠲᠡ ᠲᠠᠢ ᠪᠠᠢᠵᠥ᠂ ᠰᠢ᠎ᠶᠢᠨ ᠫᠢᠩ ᠨᠥᠬᠥᠷ᠎ᠦᠨ 1983 ᠣᠨ᠎ᠤ 4 ᠰᠠᠷ᠎ᠠ᠎ᠡᠴᠡ 2026 ᠣᠨ᠎ᠤ 4 ᠰᠠᠷ᠎ᠠ ᠪᠤᠯᠲᠠᠯᠠᠭᠢ ᠬᠤᠭᠤᠴᠠᠭᠠᠨ᠎ᠳᠠᠬᠢ ᠮᠡᠳᠡᠭᠦᠯᠦᠯᠲᠡ᠂ ᠶᠠᠷᠢᠶ᠎ᠠ᠂ ᠵᠣᠬᠢᠶᠠᠯ᠂ ᠵᠢᠭᠠᠪᠤᠷᠢ᠂ ᠴᠣᠬᠣᠯᠠᠪᠤᠷᠢ ᠵᠡᠷᠭᠡ 190 ᠭᠠᠷᠤᠢ ᠴᠢᠬᠤᠯᠠ ᠲᠤᠯᠭᠤᠷ ᠪᠢᠴᠢᠭ᠎ᠡᠴᠡ ᠰᠣᠩᠭᠣᠨ ᠠᠪᠴᠠᠢ᠃ ᠡᠭᠦᠨ᠎ᠦ ᠳᠣᠲᠣᠷᠠᠬᠢ ᠬᠡᠰᠡᠭ ᠥᠭᠦᠯᠡᠯᠲᠡ ᠶ᠋ᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ ᠪᠠᠢᠭ᠎ᠠ ᠶᠤᠮ ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 5 ᠤ᠋ ᠴᠠᠭᠢᠯᠭᠠᠨ ᠮᠡᠳᠡᠭᠡ)





  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄

ᠣᠷᠴᠢᠭᠤᠯᠤᠭ᠍ᠴᠢ᠄

ᠢᠷᠡᠯᠲᠡ᠄
兼容浏览器的HTML页面