> ᠲᠤᠰᠬᠠᠢ ᠮᠡᠳᠡᠭᠡᠯᠡᠯ

2026-10-16 11:12:05

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

《ᠣᠯᠠᠨ᠎ᠢᠶᠠᠷ᠎ᠢᠶᠠᠨ ᠬᠡᠷᠪᠡ ᠵᠠᠷᠭᠤ᠎ᠶ᠋ᠢᠨ ᠶᠠᠪᠤᠳᠠᠯ ᠪᠠᠢᠪᠠᠯ᠂ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ᠎ᠶ᠋ᠢ ᠰᠣᠩᠭᠣᠵᠤ ᠪᠣᠯᠤᠨ᠎ᠠ᠃ ᠮᠠᠨ᠎ᠤ ᠬᠣᠷᠢᠶ᠎ᠠ ᠵᠢᠨ ᠵᠠᠷᠭᠤ᠎ᠶ᠋ᠢᠨ ᠦᠶ᠋ᠯᠡᠴᠢᠯᠡᠭᠡᠨ᠎ᠦ ᠲᠥᠪ᠎ᠲᠦ 〈ᠨᠢᠭᠡ ᠵᠢ ᠨᠢᠬᠡ᠎ᠳᠦ ᠬᠠᠷᠠᠭᠠᠯᠵᠠᠭᠤᠯᠬᠤ〉 ᠲᠤᠬᠠᠶ᠎ᠶ᠋ᠢᠨ ᠲᠠᠯᠠᠪᠤᠷ᠎ᠤᠨ ᠵᠢᠯᠣᠭᠣᠳᠣᠯᠭ᠎ᠠ ᠬᠢᠬᠦ ᠵᠢᠨ ᠬᠠᠮᠲᠤ ᠪᠡᠶᠡᠴᠢᠯᠡᠨ ᠵᠢᠭᠠᠨ ᠰᠤᠷᠭᠠᠨ᠎ᠠ ᠁ 》 ᠲᠦᠷᠦᠭᠦᠬᠡᠨ᠂ ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠵᠢᠨ ᠺᠠᠳ᠋ᠷ ᠴᠠᠭ᠍ᠳᠠᠭ᠎ᠠ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠳᠤᠮᠳᠠ᠂ ᠣᠯᠠᠨ ᠲᠦᠮᠡᠨ᠎ᠳᠦ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ ᠦᠶ᠋ᠯᠡᠴᠢᠯᠡᠭᠡ᠎ᠶ᠋ᠢ ᠢᠳᠡᠪᠬᠢᠲᠡᠶ ᠳᠡᠯᠭᠡᠷᠡᠭᠦᠯᠵᠠᠢ᠃

ᠣᠢᠷ᠎ᠠ᠎ᠶ᠋ᠢᠨ ᠵᠢᠯ᠎ᠳᠦ  ᠣᠷᠳᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠬᠠᠤᠯᠢ ᠬᠡᠷᠡᠭᠵᠢᠬᠦᠯᠬᠦ ᠪᠠᠷ ᠠᠷᠠᠳ ᠲᠦᠮᠡᠨ᠎ᠳᠦ ᠦᠶ᠋ᠯᠡᠴᠢᠯᠡᠬᠦ᠌ ᠵᠣᠷᠢᠯᠲᠠ᠎ᠶ᠋ᠢ ᠪᠠᠲᠤ ᠪᠣᠶ ᠪᠣᠯᠭᠠᠵᠤ᠂ ᠬᠡᠷᠡᠭ᠎ᠢ ᠳᠠᠩᠰᠠᠯᠠᠬᠤ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠠᠷᠳᠠᠴᠠ ᠪᠣᠯᠭᠠᠨ᠂ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ᠎ᠶ᠋ᠢ ᠵᠠᠷᠭᠤ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠪᠠ᠃ ᠪᠦᠬᠦ᠌ ᠬᠣᠲᠠ᠎ᠶ᠋ᠢᠨ ᠱᠢᠭᠦᠬᠦ᠌ ᠬᠣᠷᠢᠶ᠎ᠠ ᠬᠠᠷᠠᠯᠲᠠ᠎ᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠂ ᠣᠨᠢᠨ ᠳᠡᠭᠡᠷ᠎ᠡ᠎ᠨᠢ ᠬᠦᠴᠦᠯᠡᠬᠦ᠌᠎ᠶ᠋ᠢ ᠪᠠᠷᠢᠮᠲᠠᠯᠠᠠ᠂ 《ᠰᠦᠯᠵᠢᠶᠡᠨ ᠳᠡᠭᠡᠷ᠎ᠡ + ᠪᠤᠲᠠᠲᠤ ᠴᠤᠭᠴᠠ》 ᠶ᠋ᠢ ᠨᠢᠭᠡ ᠴᠣᠭ᠍ᠴᠠᠵᠢᠭᠤᠯᠤᠬᠰᠠᠨ ᠵᠠᠷᠭᠤ᠎ᠶ᠋ᠢᠨ ᠦᠢᠯᠡᠴᠢᠯᠡᠭᠡᠨ᠎ᠦ ᠪᠠᠢᠷᠢᠱᠢᠯ᠎ᠢ ᠨᠢᠭᠡᠳᠦᠯᠲᠡᠢ᠎ᠲᠥᠯᠥᠪᠵᠢᠭᠦᠯᠦᠨ ᠠᠬᠢᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠂ ᠤᠬᠠᠭᠤᠯᠭ᠎ᠠ ᠵᠢᠯᠣᠭᠣᠳᠤᠯᠭ᠎ᠠ᠂ ᠶᠠᠪᠤᠴᠠ ᠵᠢᠨ ᠵᠢᠷᠤᠮᠵᠢᠯ ᠵᠡᠷᠭᠡ ᠲᠠᠯ᠎ᠠ᠎ᠪᠠᠷ ᠦᠷᠭᠦᠯᠵᠢᠯᠡᠨ ᠰᠦᠪᠡᠭ᠌ᠴᠢᠯᠡᠠ ᠱᠢᠨ᠎ᠡ᠎ᠶ᠋ᠢ ᠡᠭᠦᠳᠴᠦ᠍᠂ ᠪᠦᠬᠦ᠌ ᠣᠷᠣᠨ᠎ᠢ ᠪᠦᠷᠬᠦᠭ᠌ᠰᠡᠨ᠂ ᠳᠥᠭᠥᠮ ᠳᠥᠲᠡ ᠪᠦᠬᠡᠳ ᠥᠨᠳᠥᠷ ᠪᠦᠲᠦᠮᠵᠢᠲᠡᠢ᠂ ᠣᠶᠤᠨᠴᠢ ᠪᠦᠬᠡᠳ ᠨᠠᠷᠢᠯᠢᠭ ᠣᠨᠣᠴᠠᠲᠠᠢ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ᠎ᠤᠨ ᠱᠢᠰᠲ᠋ᠧᠮ᠎ᠢ ᠪᠠᠢᠭᠤᠯᠵᠤ᠂ 《ᠲᠣᠭ᠎ᠠ ᠪᠠᠷᠢᠮᠲᠠ᠎ᠶ᠋ᠢ ᠢᠯᠡᠭᠦᠦ ᠭᠦᠶᠦᠯᠭᠡᠬᠦ᠌᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠶ᠋ᠢ ᠪᠡᠶᠡᠯᠡᠭᠦᠯᠤᠨ᠂ ᠬᠠᠷᠢᠶ᠎ᠠ ᠣᠷᠣᠨ᠎ᠤ ᠣᠯᠠᠨ ᠲᠦᠮᠡᠨ᠎ᠳᠦ ᠨᠡᠢᠳᠡᠮ ᠠᠱᠢᠭ ᠬᠦᠷᠲᠡᠭᠡᠬᠦ᠌  ᠠᠳᠠᠯᠢ  ᠲᠡᠭ᠌ᠰᠢ᠂ ᠳᠥᠭᠥᠮ ᠳᠥᠲᠡ ᠪᠦᠬᠡᠳ ᠥᠨᠳᠥᠷ ᠪᠦᠲᠦᠮᠵᠢᠲᠡᠢ᠂ ᠣᠶᠤᠨᠴᠢ  ᠪᠦᠬᠡᠳ ᠨᠠᠷᠢᠯᠢᠭ ᠣᠨᠤᠴᠠᠲᠠᠢ ᠵᠠᠷᠭᠤ᠎ᠶ᠋ᠢᠨ ᠦᠢᠯᠡᠴᠢᠯᠡᠭᠡ  ᠬᠠᠩᠭᠠᠪᠠ᠃

ᠣᠷᠳᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠬᠡᠷᠡᠭ ᠪᠣᠯᠭᠠᠨ ᠳᠠᠩᠰᠠᠯᠠᠬᠤ ᠪᠦᠯᠬᠦᠮ ᠨᠡᠢᠲᠡ᠎ᠶ᠋ᠢ ᠢᠳᠡᠪᠬᠢᠲᠡᠶ ᠵᠣᠬᠢᠶᠠᠨ ᠪᠠᠢᠭᠤᠯᠵᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠬᠦ᠌᠂ ᠦᠨᠳᠦᠰᠦᠨ ᠱᠠᠲᠤᠨ᠎ᠳᠤ ᠰᠤᠷᠪᠤᠯᠵᠢᠯᠠᠬᠤ᠂ ᠲᠤᠷᠱᠢᠯᠭ᠎ᠠ ᠰᠣᠯᠢᠯᠴᠠᠬᠤ ᠵᠡᠷᠭᠡ ᠠᠷᠭ᠎ᠠ ᠮᠠᠶᠢᠭ᠎ᠢᠶᠠᠷ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ᠎ᠳᠤ ᠣᠷᠣᠱᠢᠵᠤ ᠪᠠᠢᠭ᠎ᠠ ᠲᠦᠭ᠌ᠵᠢᠷᠡᠯ ᠬᠦᠴᠢᠷ ᠠᠰᠠᠭᠤᠳᠠᠯ᠎ᠢ ᠨᠠᠷᠢᠯᠢᠭ ᠣᠨᠤᠴᠠᠲᠠᠢ ᠲᠣᠭ᠍ᠲᠠᠭᠠᠵᠤ᠂ ᠬᠠᠪᠰᠤᠷᠤᠨ ᠭᠦᠶ᠋ᠴᠡᠳᠭᠡᠬᠦ ᠪᠤᠶᠤ ᠣᠷᠣᠯᠠᠨ ᠭᠦᠶ᠋ᠴᠡᠳᠭᠡᠬᠦ᠌᠂ ᠲᠤᠰᠭᠠᠶ ᠬᠥᠮᠦᠨ᠎ᠢᠶᠡᠷ ᠬᠠᠪᠰᠤᠷᠤᠨ ᠵᠢᠯᠣᠭᠣᠳᠣᠭᠤᠯᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ ᠲᠣᠭ᠍ᠲᠠᠭᠠᠨ᠂ ᠬᠠᠷᠢᠶ᠎ᠠ ᠣᠷᠣᠨ᠎ᠤ ᠣᠯᠠᠨ ᠲᠦᠮᠡᠨ᠎ᠦ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ ᠵᠢᠴᠢ ᠬᠣᠯᠪᠣᠭ᠍ᠳᠠᠯ ᠪᠥᠬᠥᠶ ᠵᠠᠷᠭᠤ᠎ᠶ᠋ᠢᠨ ᠦᠶ᠋ᠯᠡᠴᠢᠯᠡᠭᠡ᠎ᠶ᠋ᠢᠨ ᠲᠤᠬᠠᠶ ᠲᠠᠨᠢᠯᠲᠠ᠎ᠪᠠᠨ ᠭᠦᠨᠵᠡᠭᠡᠢᠷᠡᠭᠦᠯᠬᠦ᠌᠎ᠶ᠋ᠢ  ᠪᠦᠲᠦᠮᠵᠢᠲᠡᠶ ᠠᠬᠢᠭᠤᠯᠵᠠᠢ᠃

ᠳᠡᠯᠭᠡᠷᠡᠭᠦᠯᠬᠦ᠌ ᠠᠷᠭ᠎ᠠ ᠵᠠᠮ᠎ᠢ ᠥᠷᠭᠡᠳᠭᠡᠬᠦ᠌ ᠲᠠᠯ᠎ᠠ᠎ᠪᠠᠷ᠂ ᠣᠷᠳᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠤᠨ ᠬᠢᠨ ᠱᠢᠭᠦᠬᠦ᠌ ᠬᠣᠷᠢᠶ᠎ᠠ ᠵᠢᠨ᠎ᠵᠢᠷᠭᠢᠶ᠎ᠡ ᠵᠢᠨ ᠣᠯᠠᠨ ᠨᠡᠢᠲᠡ᠎ᠶ᠋ᠢᠨ ᠲᠠᠪᠴᠠᠩ ᠵᠡᠷᠭᠡ ᠵᠢ ᠠᠱᠢᠭ᠍ᠯᠠᠨ᠂ 《ᠠᠷᠠᠳ᠎ᠤᠨ ᠱᠢᠭᠦᠬᠦ᠌ ᠬᠣᠷᠢᠶ᠎ᠠ ᠵᠢᠨ ᠰᠦᠯᠵᠢᠶᠡᠨ ᠳᠡᠭᠡᠷᠡᠬᠢ ᠦᠶ᠋ᠯᠡᠴᠢᠯᠡᠭᠡᠨ᠎ᠦ ᠲᠠᠪᠴᠠᠩ》 ᠢ᠋ ᠢᠳᠡᠪᠬᠢᠲᠡᠶ ᠤᠬᠠᠭᠤᠯᠵᠤ᠂ ᠵᠠᠷᠭᠤ᠎ᠶ᠋ᠢᠨ ᠦᠶ᠋ᠯᠡᠴᠢᠯᠡᠭᠡᠨ᠎ᠦ ᠴᠢᠳᠠᠮᠵᠢ ᠪᠠ ᠠᠵᠢᠯᠯᠠᠭᠠᠨ᠎ᠤ ᠵᠢᠯᠣᠭᠣᠳᠣᠯᠭ᠎ᠠ᠎ᠶ᠋ᠢ ᠨᠠᠷᠢᠯᠢᠭ ᠲᠠᠨᠢᠯᠴᠠᠭᠤᠯᠤᠨ᠂ ᠵᠠᠷᠭᠤ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠣᠯᠠᠨ ᠲᠦᠮᠡᠨ᠎ᠦ ᠳᠤᠮᠳᠠᠬᠢ ᠮᠡᠳᠡᠷᠡᠴᠡ᠎ᠶ᠋ᠢ ᠥᠷᠭᠡᠳᠭᠡᠪᠡ᠃ ᠦᠨᠳᠦᠰᠦᠨ ᠱᠠᠲᠤᠨ᠎ᠤ ᠱᠢᠭᠦᠬᠦ᠌ ᠬᠣᠷᠢᠶ᠎ᠠ ᠵᠠᠷᠭᠤ᠎ᠶ᠋ᠢᠨ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ᠂ ᠲᠣᠭᠣᠷᠢᠨ ᠱᠢᠭᠦᠨ ᠲᠠᠰᠤᠯᠬᠤ ᠦᠶ᠋ᠯᠡᠴᠢᠯᠡᠭᠡᠨ᠎ᠦ ᠴᠡᠭ ᠵᠢᠴᠢ ᠬᠣᠱᠢᠭᠤ ᠪᠠᠯᠭᠠᠰᠤ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠲᠸ᠋ ᠰᠦᠯᠵᠢᠶᠡᠨ ᠳᠡᠭᠡᠷ᠎ᠡ ᠬᠡᠷᠡᠭ ᠎ᠢ ᠳᠠᠩᠰᠠᠯᠠᠬᠤ ᠤᠬᠠᠭᠤᠯᠭ᠎ᠠ᠎ᠶ᠋ᠢᠨ ᠵᠢᠷᠤᠭ᠍ᠲᠤ ᠳᠡᠪᠲᠡᠷ ᠭᠠᠷᠭᠠᠵᠤ᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠨ᠂ ᠵᠠᠭᠠᠯᠳᠤᠯᠭ᠎ᠠ ᠶ᠋ᠢ ᠬᠦᠲᠤᠯᠤᠨ ᠵᠢᠯᠤᠭᠤᠳᠬᠤ ᠲᠤᠰᠭᠠᠶ ᠬᠥᠮᠦᠨ ᠲᠣᠬᠢᠷᠠᠭᠤᠯᠤᠨ ᠬᠡᠷᠡᠭ ᠪᠣᠯᠭᠠᠨ ᠳᠠᠩᠰᠠᠯᠠᠬᠤ ᠴᠣᠩᠬᠣᠪᠴᠢ᠎ᠪᠠᠷ ᠣᠯᠠᠨ ᠲᠦᠮᠡᠨ᠎ᠳᠦ 《ᠨᠢᠭᠡ ᠵᠢ ᠨᠢᠬᠡ᠎ᠳᠦ ᠬᠠᠷᠠᠭᠠᠯᠵᠠᠭᠤᠯᠬᠤ》 ᠲᠤᠬᠠᠶ᠎ᠶ᠋ᠢᠨ ᠭᠠᠵᠠᠷ᠎ᠲᠤᠨᠢ ᠵᠢᠭᠠᠨ ᠵᠢᠯᠣᠭᠣᠳᠭᠤ᠎ᠶ᠋ᠢ ᠵᠣᠷᠢᠭ᠍ᠵᠢᠭᠤᠯᠵᠠᠢ᠃ ᠬᠠᠮᠲᠤᠷᠠᠨ ᠬᠥᠳᠡᠯᠦᠯᠴᠡᠬᠦ᠌ ᠬᠠᠤᠯᠢᠴᠢ᠎ᠶ᠋ᠢᠨ ᠨᠡᠢᠭᠡᠮᠯᠢᠭ ᠡᠴᠠ ᠰᠠᠨᠠᠭᠠᠴᠢᠯᠠᠭ᠎ᠠ ᠭᠠᠷᠭᠠᠵᠤ᠂ ᠬᠠᠤᠯᠢᠴᠢ᠎ᠶ᠋ᠢᠨ ᠠᠵᠢᠯ ᠲᠥᠷᠥᠯ᠎ᠦᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠤᠨ᠂ ᠵᠠᠷᠭᠤ᠎ᠶ᠋ᠢᠨ ᠣᠷᠣᠯᠠᠭ᠍ᠴᠢ ᠪᠠ ᠲᠤᠬᠠᠶ᠎ᠶ᠋ᠢᠨ ᠬᠥᠮᠦᠨ᠎ᠢ ᠳᠠᠢᠴᠢᠯᠠᠨ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ᠎ᠶ᠋ᠢ ᠤᠷᠢᠳ᠎ᠢᠶᠠᠷ ᠰᠣᠩᠭᠣᠵᠤ᠂ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ᠎ᠶ᠋ᠢ ᠠᠵᠢᠯ ᠡᠷᠭᠢᠯᠡᠬᠦ᠌ ᠬᠡᠪ᠎ᠦᠨ ᠪᠠᠢᠳᠠᠯ ᠪᠣᠯᠭᠠᠬᠤ᠎ᠶ᠋ᠢ ᠠᠬᠢᠭᠤᠯᠪᠠ᠃ ᠡᠭᠦᠨ᠎ᠦ ᠬᠠᠮᠲᠤ᠂ ᠪᠠᠰᠠ ᠠᠷᠠᠳ᠎ᠤᠨ ᠡᠶᠡᠳᠡᠭᠦᠯᠦᠭ᠌ᠴᠢ᠂ ᠲᠤᠰᠭᠠᠶ ᠮᠡᠷᠭᠡᠵᠢᠯ᠎ᠦᠨ ᠴᠢᠨᠠᠷᠲᠠᠶ ᠠᠵᠢᠯ ᠲᠥᠷᠥᠯ᠎ᠦᠨ ᠡᠶᠡᠳᠡᠭᠦᠯᠦᠭ᠌ᠴᠢ᠎ᠶ᠋ᠢᠨ ᠵᠣᠬᠢᠶᠠᠨ ᠪᠠᠢᠭᠤᠯᠤᠯᠲᠠ ᠵᠢᠴᠢ ᠲᠤᠰᠠᠯᠠᠭ᠍ᠴᠢ᠎ᠳᠤ ᠰᠦᠯᠵᠢᠶᠡᠨ ᠳᠡᠭᠡᠷ᠎ᠡ ᠬᠡᠷᠡᠭ᠎ᠢ ᠳᠡᠩᠰᠡᠯᠡᠵᠦ᠍ ᠠᠵᠢᠯᠯᠠᠭᠤᠯᠬᠤ ᠨᠢᠭᠡᠳᠦᠯᠲᠡᠶ ᠪᠣᠯᠪᠠᠰᠤᠷᠠᠯ ᠬᠦᠷᠳᠡᠬᠡᠵᠦ᠂ ᠡᠶᠡᠳᠡᠭᠦᠯᠦᠭ᠌ᠴᠢ ᠵᠢᠴᠢ ᠲᠤᠰᠠᠯᠠᠭ᠍ᠴᠢ᠎ᠶ᠋ᠢ ᠢᠳᠡᠪᠬᠢᠲᠡᠶ ᠬᠥᠲᠥᠯᠦᠨ ᠵᠢᠯᠣᠭᠣᠳᠴᠤ᠌ ᠪᠠᠢᠭᠠᠳ ᠲᠤᠬᠠᠶ᠎ᠶ᠋ᠢᠨ ᠬᠥᠮᠦᠨ᠎ᠦ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ᠎ᠶ᠋ᠢ ᠬᠠᠪᠰᠤᠷᠤᠨ ᠵᠢᠯᠣᠭᠣᠳᠴᠤ᠂ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠥᠬᠥ᠌ ᠬᠡᠪᠴᠢᠶᠡᠨ᠎ᠳᠦ ᠪᠦᠷᠬᠦᠭᠦᠯᠬᠦ᠎ᠶ᠋ᠢ ᠪᠡᠶᠡᠯᠡᠭᠦᠯᠪᠡ᠃

ᠣᠷᠳᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠬᠡᠷᠡᠭ᠎ᠢ ᠳᠠᠩᠰᠠᠯᠠᠬᠤ ᠲᠢᠩᠬᠢᠮ ᠵᠢᠴᠢ ᠬᠡᠷᠡᠭ᠎ᠢ ᠳᠠᠩᠰᠠᠯᠠᠬᠤ ᠡᠭᠦᠷᠭᠡ ᠴᠢᠳᠠᠪᠬᠢ᠎ᠲᠠᠶ ᠱᠢᠭᠦᠬᠦ᠌ ᠲᠢᠩᠬᠢᠮ ᠤ᠋ᠨ ᠺᠠᠳ᠋ᠷ ᠴᠠᠭ᠍ᠳᠠᠭ᠎ᠠ᠂ ᠵᠠᠷᠭᠤ᠎ᠶ᠋ᠢᠨ ᠦᠶ᠋ᠯᠡᠴᠢᠯᠡᠭᠡᠨ᠎ᠦ ᠲᠢᠩᠬᠢᠮ᠎ᠦᠨ ᠵᠢᠯᠣᠭᠣᠳᠣᠭ᠍ᠴᠢ ᠵᠢᠴᠢ ᠶᠡᠷᠦᠩᠬᠡᠢᠯᠡᠨ ᠵᠠᠰᠠᠬᠤ ᠲᠥᠪ᠎ᠦᠨ ᠱᠢᠭᠦᠬᠦ᠌ ᠬᠣᠷᠢᠶ᠎ᠠ ᠵᠢᠨ ᠺᠠᠳ᠋ᠷ ᠴᠠᠭ᠍ᠳᠠᠭ᠎ᠠ ᠵᠡᠷᠭᠡ ᠨᠢᠭᠡᠳᠦᠭᠡᠷ ᠹᠷᠣᠨᠲ᠎ᠲᠤ ᠲᠣᠮᠢᠯᠠᠨ ᠰᠠᠭᠤᠯᠭᠠᠭ᠍ᠰᠠᠨ ᠬᠡᠷᠡᠭ ᠪᠣᠯᠭᠠᠨ ᠳᠠᠩᠰᠠᠯᠠᠬᠤ ᠵᠤᠷᠪᠤᠰ ᠱᠤᠭᠤᠮ᠎ᠤᠨ ᠠᠵᠢᠯᠲᠠᠨ᠎ᠳᠤ ᠴᠢᠭ᠌ᠯᠡᠭᠦᠯᠦᠨ᠂ ᠲᠠᠪᠴᠠᠩ᠎ᠤᠨ ᠠᠵᠢᠯᠯᠠᠭ᠎ᠠ᠂ ᠭᠥᠯᠢᠶᠡᠨ ᠠᠪᠴᠤ᠌ ᠱᠢᠶ᠋ᠳᠪᠦᠷᠢᠯᠡᠬᠦ᠌ ᠶᠠᠪᠤᠴᠠ ᠪᠠ ᠪᠠᠷᠢᠮᠵᠢᠶ᠎ᠠ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠪᠣᠳᠠᠲᠠᠶ ᠪᠤᠯᠪᠠᠰᠤᠷᠠᠯ ᠶ᠋ᠢᠡᠷ ᠬᠢᠴᠢᠶᠡᠯᠯᠠᠬᠦ᠂ ᠬᠡᠷᠡᠭ᠎ᠦᠨ ᠵᠢᠱ᠌ᠢᠶ᠎ᠡ ᠪᠠᠷ ᠲᠠᠢᠯᠤᠮᠵᠢ ᠬᠢᠬᠦ ᠶ᠋ᠢ ᠦᠷᠨᠢᠬᠦᠯᠵᠤ᠂ ᠲᠠᠲᠠᠨ ᠤ᠋ ᠲᠤᠰᠭᠠᠶ ᠮᠡᠷᠬᠡᠵᠢᠯ ᠤ᠋ᠨ ᠦᠶ᠋ᠯᠡᠴᠢᠯᠡᠭᠡᠨ᠎ᠦ ᠴᠢᠳᠠᠪᠤᠷᠢ ᠪᠠ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠬᠤ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠬᠡᠷᠡᠭ᠎ᠢ ᠳᠠᠩᠰᠠᠯᠠᠵᠤ ᠲᠡᠮᠳᠡᠭ᠌ᠯᠡᠬᠦ᠌ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠬᠡᠷᠡᠭ ᠎ᠢ ᠳᠠᠩᠰᠠᠯᠠᠬᠤ ᠪᠠᠬᠳᠠᠭᠠᠮᠵᠢᠳᠠᠢ ᠬᠦᠯᠢᠶᠡᠨ ᠠᠪᠴᠤ᠌ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ᠂ ᠵᠠᠪᠠᠯ ᠪᠠᠯᠡᠳᠬᠡᠬᠦ ᠴᠢᠬᠤᠯᠠᠲᠠᠢ ᠮᠠᠲ᠋ᠧᠷᠢᠶᠠᠯ ᠪᠠ ᠵᠠᠩᠭᠢᠯᠠᠭ᠎ᠠ᠎ᠶ᠋ᠢᠨ ᠪᠤᠰᠤ ᠮᠠᠲ᠋ᠧᠷᠢᠶᠠᠯ᠎ᠢ ᠬᠠᠤᠯᠢ ᠶᠣᠰᠣᠭᠠᠷ ᠢᠯᠭᠠᠵᠤ᠂ ᠵᠠᠭᠠᠯᠳᠤᠯᠭ᠎ᠠ ᠵᠢᠨ ᠪᠢᠴᠢᠭ᠂ ᠪᠡᠶ᠎ᠡ ᠵᠢᠨ ᠭᠠᠷᠤᠯ ᠎ᠤᠨ ᠮᠡᠳᠡᠭᠡ ᠵᠠᠩᠭᠢ᠂ ᠬᠠᠤᠯᠢ ᠴᠠᠭᠠᠵᠠ᠎ᠶ᠋ᠢᠨ ᠰᠠᠭᠤᠷᠢ ᠬᠠᠷᠢᠴᠠᠭᠠᠨ᠎ᠤ ᠭᠡᠷᠡᠴᠢ ᠪᠠᠷᠢᠮᠲᠠ᠎ᠪᠠᠷ ᠭᠣᠣᠯ ᠪᠣᠯᠭᠠᠭ᠍ᠰᠠᠨ ᠵᠠᠪᠠᠯ ᠪᠠᠯᠡᠳᠬᠡᠬᠦ ᠴᠢᠬᠤᠯᠠᠲᠠᠢ ᠮᠠᠲ᠋ᠧᠷᠢᠶᠠᠯ᠎ᠢ ᠴᠢᠩᠭ᠎ᠠ ᠮᠠᠭᠠᠳᠯᠠᠨ ᠲᠣᠭ᠍ᠲᠠᠭᠠᠵᠤ᠂ ᠵᠠᠪᠠᠯ ᠪᠡᠯᠡᠳᠭᠡᠬᠦ᠌ ᠴᠢᠬᠤᠯᠠ ᠦᠭᠡᠢ ᠮᠠᠲ᠋ᠧᠷᠢᠶᠠᠯ ᠳᠤᠲᠠᠭ᠍ᠳᠠᠵᠤ ᠪᠠᠢᠪᠠᠯ᠂ ᠤᠷᠢᠳ᠎ᠢᠶᠠᠷ ᠬᠢᠨᠠᠨ ᠬᠠᠷᠭᠤᠭᠤᠯᠵᠤ ᠬᠡᠷᠡᠭ ᠎ᠢ ᠳᠠᠩᠰᠠᠯᠠᠵᠤ᠂ ᠵᠠᠯᠭᠠᠭᠠᠳ ᠰᠦᠯᠵᠢᠶᠡᠨ ᠦᠵᠦᠭᠦᠷᠯᠢᠭ᠂ ᠱᠢᠦᠳᠠᠨ ᠬᠠᠢᠷᠴᠠᠭ ᠵᠡᠷᠭᠡ ᠠᠷᠭ᠎ᠠ ᠵᠠᠮ᠎ᠢᠶᠠᠷ ᠳᠥᠭᠥᠮ ᠳᠥᠲᠡ ᠠᠷᠭ᠎ᠠ ᠵᠠᠮ ᠵᠢᠡᠷ ᠨᠥᠬᠥᠪᠥᠷᠢᠯᠠᠪᠡᠯ ᠪᠤᠯᠴᠢᠬᠠᠨ᠎ᠠ᠃ ᠵᠠᠪᠠᠯ ᠪᠡᠯᠡᠳᠭᠡᠬᠦ᠌ ᠴᠢᠬᠤᠯᠠᠲᠠᠶ ᠮᠠᠲ᠋ᠧᠷᠢᠶᠠᠯ ᠳᠤᠲᠠᠭ᠍ᠳᠠᠵᠤ ᠪᠠᠢᠭ᠎ᠠ ᠪᠠᠢᠳᠠᠯ᠎ᠳᠤ᠂ ᠨᠢᠭᠡ ᠯᠡ ᠤᠳᠠᠭ᠎ᠠ᠎ᠶ᠋ᠢᠨ ᠴᠢᠨᠠᠷᠲᠠᠶ᠎ᠪᠠᠷ ᠪᠥᠬᠥ᠌ ᠲᠠᠯ᠎ᠠ᠎ᠪᠠᠷ ᠮᠡᠳᠡᠭ᠌ᠳᠡᠬᠦ᠌ ᠡᠭᠦᠷᠭᠡ ᠬᠠᠷᠢᠭᠤᠴᠠᠯᠭ᠎ᠠ᠎ᠪᠠᠨ ᠡᠷᠡᠰ ᠭᠦᠶ᠋ᠴᠡᠳᠭᠡᠵᠦ᠍᠂ ᠨᠢᠭᠡ ᠯᠡ ᠤᠳᠠᠭ᠎ᠠ᠎ᠶ᠋ᠢᠨ ᠴᠢᠨᠠᠷᠲᠠᠶ᠎ᠪᠠᠷ ᠨᠥᠬᠥᠪᠥᠷᠢᠯᠡᠨ ᠵᠠᠯᠠᠷᠠᠭᠤᠯᠬᠤ ᠮᠡᠳᠡᠭ᠌ᠳᠡᠯ᠎ᠦᠨ ᠪᠢᠴᠢᠭ᠎ᠢ ᠢᠵᠢ ᠪᠥᠷᠢᠳᠦᠭᠦᠯᠦᠨ᠂ ᠮᠥᠷᠳᠡᠯᠲᠡ᠎ᠶ᠋ᠢᠨ ᠡᠬᠡ ᠲᠠᠩᠰᠠ᠎ᠶ᠋ᠢ ᠪᠠᠢᠭᠤᠯᠵᠤ᠂ ᠣᠬᠣᠷ ᠴᠢᠮᠡᠭᠡ᠎ᠪᠡᠷ ᠰᠠᠨᠠᠭᠤᠯᠬᠤ ᠦᠶ᠋ᠯᠡᠴᠢᠯᠡᠭᠡ ᠳᠣᠭᠢᠷᠠᠭᠤᠯᠤᠨ᠂ 《ᠭᠥᠯᠢᠶᠡᠨ ᠠᠪᠴᠤ᠌ ᠱᠢᠶ᠋ᠳᠪᠦᠷᠢᠯᠡᠬᠦ᠌ — ᠬᠢᠨᠠᠨ ᠬᠠᠷᠭᠤᠭᠤᠯᠬᠤ  — ᠨᠥᠬᠥᠪᠥᠷᠢᠯᠡᠨ ᠵᠠᠯᠠᠷᠠᠭᠤᠯᠬᠤ — ᠭᠦᠶ᠋ᠴᠡᠳᠭᠡᠵᠦ᠍ ᠳᠠᠭᠤᠰᠭᠠᠬᠤ》 ᠪᠥᠬᠥ᠌ ᠶᠠᠪᠤᠴᠠ᠎ᠳᠤ ᠪᠢᠲᠡᠭᠦᠮᠵᠢᠳᠦ ᠬᠠᠮᠢᠶᠠᠷᠤᠯᠳᠠ ᠡᠵᠡᠮᠳᠡᠯ᠂ ᠪᠥᠬᠥ᠌ ᠶᠠᠪᠤᠴᠠ᠎ᠳᠤ ᠮᠥᠷᠳᠡᠵᠦ᠍ ᠪᠣᠯᠬᠤ᠎ᠶ᠋ᠢ ᠪᠡᠶᠡᠯᠡᠭᠦᠯᠵᠦ᠍᠂ ᠲᠤᠬᠠᠶ᠎ᠶ᠋ᠢᠨ ᠲᠠᠯᠠᠪᠤᠷ᠎ᠲᠤ ᠭᠥᠯᠢᠶᠡᠨ ᠠᠪᠴᠤ᠌ ᠱᠢᠶ᠋ᠳᠪᠦᠷᠢᠯᠡᠬᠦ᠌ ᠨᠣᠷᠮ᠎ᠠ᠎ᠶ᠋ᠢ ᠶᠡᠬᠡ᠎ᠪᠡᠷ ᠳᠡᠭᠡᠭ᠌ᠰᠢᠯᠡᠭᠦᠯᠵᠠᠢ᠃

《ᠰᠦᠯᠵᠢᠶᠡᠨ ᠳᠡᠭᠡᠷ᠎ᠡ ᠬᠡᠷᠡᠭ ᠎ᠢ ᠳᠠᠩᠰᠠᠯᠠᠬᠤ᠎ᠶ᠋ᠢ ᠶᠡᠬᠡ᠎ᠪᠡᠷ ᠳᠡᠯᠭᠡᠷᠡᠭᠦᠯᠬᠦ᠌᠎ᠪᠡᠷ ᠳᠠᠮᠵᠢᠨ᠂ ᠡᠨᠡ ᠵᠢᠯ ᠎ᠦᠨ4 ᠰᠠᠷ᠎ᠠ᠎ᠶ᠋ᠢᠨ 20 ᠤ᠋ ᠡᠳᠦᠷ ᠪᠣᠯᠲᠠᠯ᠎ᠠ᠂ ᠪᠦᠬᠦ᠌ ᠬᠤᠳᠠ᠎ᠶ᠋ᠢᠨ ᠱᠢᠭᠦᠬᠦ᠌ ᠬᠣᠷᠢᠶ᠎ᠠ᠎ᠶ᠋ᠢᠨ ᠰᠦᠯᠵᠢᠶᠡᠨ ᠳᠡᠭᠡᠷ᠎ᠡ ᠬᠡᠷᠡᠭ᠎ᠢ ᠳᠠᠩᠰᠠᠯᠠᠭ᠍ᠰᠠᠨ ᠨᠤᠷᠮ᠎ᠠ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠢᠶᠠᠷ 13.89 ᠬᠤᠪᠢ ᠳᠡᠭᠡᠭ᠌ᠰᠢᠯᠡᠵᠦ᠍᠂ ᠤᠯᠠᠨ ᠲᠦᠮᠡᠨ᠎ᠦ ᠬᠡᠷᠡᠭ᠎ᠢ ᠳᠠᠩᠰᠠᠯᠠᠬᠤ ᠭᠣᠭ᠍ᠴᠣᠭ᠎ᠠ᠎ᠳᠠᠬᠢ ᠬᠠᠨᠤᠮᠵᠢ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠢᠶᠠᠷ 18.03 ᠬᠤᠪᠢ ᠳᠡᠭᠡᠭ᠌ᠰᠢᠯᠡᠪᠡ》 ᠬᠡᠵᠤ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠬᠡᠷᠡᠭ ᠎ᠢ ᠳᠠᠩᠰᠠᠯᠠᠬᠤ ᠲᠢᠩᠬᠢᠮ᠎ᠦᠨ ᠳᠠᠷᠤᠭ᠎ᠠ ᠰᠸ᠋ ᠴᠧᠨ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面