2026-10-16 10:56:10
ᠬᠢᠴᠢᠶᠡᠯ᠎ᠤᠨ ᠲᠠᠪᠴᠠᠩ ᠪᠠᠢᠬᠤ ᠦᠭᠡᠢ᠂ ᠤᠷᠳᠤ ᠡᠬᠡ ᠪᠢᠴᠢᠭᠴᠤ ᠦᠭᠡᠢ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠬᠦᠷᠢᠶᠡᠨ᠎ᠳᠤ ᠬᠡᠳᠦᠨ ᠠᠷᠪᠠᠨ ᠵᠢᠵᠢᠭ ᠰᠠᠨᠳᠠᠯᠢᠳᠡᠭᠡᠷᠡ ᠲᠣᠭᠣᠷᠢᠨ ᠰᠠᠭᠤᠵᠤ᠂ ᠨᠢᠭᠡᠨ ᠲᠠᠯᠠᠪᠤᠷ ᠤᠯᠠᠨ ᠲᠦᠮᠡᠨ᠎ᠲᠠᠢ ᠣᠢᠷᠠᠲᠤᠭᠰᠠᠨ᠂ ᠰᠡᠳᠬᠢᠯ ᠲᠤᠯᠠᠭᠠᠴᠠᠭᠤᠯᠤᠭᠰᠠᠨ ᠤᠬᠠᠭᠤᠯᠤᠨ ᠲᠠᠢᠯᠪᠤᠷᠢᠯᠠᠬᠤ ᠠᠵᠢᠯ ᠢᠩᠬᠢᠵᠦ ᠡᠬᠢᠯᠡᠯ᠎ᠡ᠃
ᠲᠦᠷᠦᠭᠦᠬᠡᠨ᠂ ᠬᠥᠯᠥᠨ ᠪᠣᠶ᠋ᠢᠷ ᠬᠣᠲᠠ᠎ᠶᠢᠨ ᠶᠠᠭ᠍ᠰᠢ ᠬᠣᠲᠠ᠎ᠶᠢᠨ ᠰᠢᠨᠬᠤᠸᠠ ᠨᠡᠢᠭᠡᠮ ᠲᠤᠭᠤᠷᠢᠭ᠎ᠤᠨ ᠨᠠᠮ᠎ᠤᠨ ᠬᠣᠷᠢᠶ᠎ᠠ᠎ᠶᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠵᠧᠦ ᠸᠸᠨ ᠵᠢᠤᠸᠠᠨ ᠲᠦᠷᠦᠭᠦᠯᠡᠨ《ᠵᠢᠵᠢᠭ ᠰᠠᠨᠳᠠᠯᠢ᠎ᠳᠦ ᠬᠢᠴᠢᠶᠡᠯ᠎ᠦᠨ ᠲᠠᠩᠬᠢᠮ》 ᠤ᠋ᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠣᠶ ᠰᠢᠭᠤᠢ᠎ᠶᠢᠨ ᠶᠡᠷᠦᠩᠬᠡᠢ ᠡᠮᠨᠡᠯᠭᠡ᠎ᠶᠢᠨ ᠬᠣᠷᠢᠶᠠᠨ᠎ᠤ ᠡᠮᠴᠢ ᠯᠢᠦ ᠭᠤᠸᠠᠩ ᠷᠠᠨᠢ ᠤᠷᠢᠵᠤ ᠭᠣᠣᠯ ᠲᠠᠢᠯᠪᠤᠷᠢᠯᠠᠭᠴᠢ ᠪᠣᠯᠭᠠᠵᠤ᠂ 《ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠪᠡᠶᠡᠯᠡᠭᠦᠯᠦᠨ ᠪᠦᠯᠬᠦᠮᠳᠡᠯ᠎ᠢ ᠠᠬᠢᠭᠤᠯᠵᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠡᠷᠡᠭᠦᠯ ᠮᠡᠨᠳᠦ᠎ᠶᠢ ᠬᠠᠮᠠᠭᠠᠯᠠᠬᠤ》 ᠭᠣᠣᠯ ᠰᠡᠳᠦᠪ᠎ᠦᠨ ᠲᠣᠭᠣᠷᠢᠨ᠎ᠳᠤ ᠤᠬᠠᠭᠤᠯᠤᠨ ᠲᠠᠢᠯᠪᠤᠷᠢᠯᠠᠵᠤ᠂ 50 ᠭᠠᠷᠤᠢ ᠰᠠᠭᠤᠭᠠᠯᠢ ᠠᠷᠠᠳ ᠬᠦᠷᠦᠯᠴᠡᠨ ᠢᠷᠡᠵᠦ ᠰᠤᠨᠤᠰᠪᠠ᠃ ᠨᠡᠷᠡᠨ᠎ᠦ ᠳᠣᠣᠷ᠎ᠠ᠂ ᠣᠯᠠᠨ᠎ᠢᠶᠠᠷ᠎ᠢᠶᠠᠨ ᠬᠦᠷᠢᠶ᠎ᠡ ᠳᠦᠭᠦᠷᠡᠳᠡᠯᠠ ᠰᠠᠭᠤᠯᠴᠠᠨ ᠤᠭ ᠰᠠᠨᠠᠭ᠎ᠠ᠎ᠪᠠᠨ ᠡᠷᠭᠢᠴᠡᠭᠦᠯᠵᠦ ᠂ ᠬᠥᠭᠵᠢᠯᠲᠡ᠎ᠶᠢ ᠶᠠᠷᠢᠵᠤ᠂ ᠰᠠᠭᠤᠭᠠᠯᠢ ᠠᠷᠠᠳ ᠦᠯᠢᠭᠡᠷ ᠰᠣᠨᠣᠰᠴᠤ᠂ ᠬᠤᠪᠢᠷᠠᠯᠲᠠ᠎ᠶᠢ ᠶᠠᠷᠢᠯᠴᠠᠵᠤ᠂ ᠠᠬᠤᠢ ᠪᠠᠢᠳᠠᠯ ᠲᠤᠢᠯ᠎ᠤᠨ ᠬᠠᠯᠠᠭᠤᠮᠰᠤᠭ ᠬᠦᠭᠵᠢᠶᠡᠨᠲᠡᠢ ᠶᠠᠪᠤᠬᠳᠠᠨ᠎ᠠ᠃
ᠬᠠᠷᠢᠶ᠎ᠠ ᠣᠷᠣᠨ᠎ᠤ ᠰᠠᠭᠤᠭᠠᠯᠢ ᠠᠷᠠᠳ ᠤᠯᠠᠨ᠂ ᠣᠷᠣᠨ ᠰᠠᠭᠤᠴᠠ ᠲᠠᠷᠠᠬᠠᠢ ᠪᠤᠲᠠᠷᠬᠠᠢ᠂ ᠲᠥᠪᠯᠡᠷᠡᠭᠦᠯᠦᠨ ᠰᠤᠷᠤᠯᠴᠠᠬᠤ᠎ᠳᠤ ᠬᠦᠴᠢᠷᠲᠡᠢ ᠵᠡᠷᠭᠡ ᠪᠣᠳᠠᠲᠤ ᠪᠠᠢᠳᠠᠯ᠎ᠳᠤ ᠴᠢᠭᠯᠡᠭᠦᠯᠦᠨ᠂ ᠵᠧᠦ ᠸᠸᠨ ᠵᠢᠤᠸᠠᠨ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ᠂ ᠳᠣᠲᠣᠭᠠᠳᠤ᠎ᠶᠢ ᠬᠠᠮᠠᠭᠠᠯᠠᠬᠤ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠡᠯ᠎ᠡ ᠠᠵᠢᠯ ᠲᠦᠷᠦᠯ᠎ᠦᠨ《ᠨᠡᠷᠡᠳᠤ ᠲᠠᠢᠯᠪᠤᠷᠢᠯᠠᠭᠴᠢ》᠎ᠪᠡᠷ ᠪᠦᠷᠢᠯᠳᠦᠭᠰᠡᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ 《ᠵᠢᠵᠢᠭ ᠰᠠᠨᠳᠠᠯᠢ᠎ᠳᠦ ᠬᠢᠴᠢᠶᠡᠯ᠎ᠦᠨ ᠲᠠᠩᠬᠢᠮ》᠂《ᠨᠡᠭᠦᠳᠡᠯ ᠬᠢᠴᠢᠶᠡᠯ᠎ᠦᠨ ᠲᠠᠩᠬᠢᠮ》᠂ 《ᠤᠯᠠᠨ ᠲᠦᠮᠡᠨ᠎ᠦ ᠬᠢᠴᠢᠶᠡᠯ᠎ᠦᠨ ᠲᠠᠩᠬᠢᠮ》 ᠵᠡᠷᠭᠡ ᠤᠬᠠᠭᠤᠯᠤᠨ ᠲᠠᠢᠯᠪᠤᠷᠢᠯᠠᠬᠤ ᠠᠴᠢᠶᠠᠯᠠᠪᠤᠷᠢ᠎ᠶᠢ ᠴᠣᠭᠴᠠᠯᠠᠵᠤ᠂ ᠴᠠᠭ ᠬᠤᠭᠤᠴᠠᠭ᠎ᠠ᠂ ᠣᠷᠣᠨ ᠵᠠᠢ᠎ᠶᠢᠨ ᠬᠢᠵᠠᠭᠠᠷᠯᠠᠯ᠎ᠢ ᠡᠪᠳᠡᠵᠦ᠂ ᠤᠬᠠᠭᠤᠯᠤᠨ ᠲᠠᠢᠯᠪᠤᠷᠢᠯᠠᠬᠤ᠎ᠶᠢ ᠬᠤᠷᠠᠯ᠎ᠤᠨ ᠭᠡᠷ᠎ᠡᠴᠡ ᠭᠠᠷᠭᠠᠵᠤ᠂ ᠤᠯᠠᠨ ᠲᠦᠮᠡᠨ᠎ᠦ ᠳᠡᠷᠭᠡᠳᠡ ᠰᠢᠭᠤᠳ ᠬᠦᠷᠭᠡᠪᠡ᠃
《 ᠬᠠᠷᠢᠶᠠᠲᠤ ᠣᠷᠣᠨ᠎ᠤ ᠠᠬᠠᠮᠠᠳ ᠨᠠᠮ᠎ᠤᠨ ᠭᠡᠰᠢᠭᠦᠨ ᠪᠣᠯ ᠮᠠᠨ᠎ᠤ ᠠᠬᠠᠮᠠᠳ ᠦᠶ᠎ᠡ᠎ᠶᠢᠨ ᠬᠥᠮᠥᠰ ᠮᠥᠨ᠂ ᠨᠠᠩ ᠴᠤ᠌ ᠡᠷᠬᠢᠮ ᠨᠠᠨᠳᠢᠨ ᠤᠬᠠᠭᠤᠯᠤᠨ ᠲᠠᠢᠯᠪᠤᠷᠢᠯᠠᠬᠤ ᠡᠬᠢ ᠪᠠᠶᠠᠯᠢᠭ᠋ ᠪᠤᠯᠬᠤ ᠶᠤᠮ》᠃ ᠵᠧᠦ ᠸᠸᠨ ᠵᠢᠤᠸᠠᠨ ᠬᠠᠷᠢᠶ᠎ᠠ ᠣᠷᠣᠨ᠎ᠤ᠎ᠪᠠᠨ ᠠᠬᠠᠮᠠᠳ ᠨᠠᠮ᠎ᠤᠨ ᠭᠡᠰᠢᠭᠦᠨ᠎ᠦ ᠬᠦᠴᠦᠨ᠎ᠢ ᠭᠦᠢᠴᠡᠳ ᠠᠭᠤᠳᠠᠯᠵᠤ᠂ 《ᠲᠠᠪᠤᠨ ᠠᠬᠠᠮᠠᠳ》ᠪᠤᠭᠤᠷᠤᠯᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠪᠠᠢᠭᠤᠯᠵᠤ᠂ ᠨᠠᠮ᠎ᠳᠤ ᠣᠷᠣᠭᠰᠠᠨ ᠬᠤᠭᠤᠴᠠᠭ᠎ᠠ ᠨᠢ ᠤᠷᠳᠤ᠂ ᠥᠩᠭᠡᠷᠡᠯᠲᠡ ᠨᠢ ᠤᠯᠠᠨ ᠠᠵᠢᠯ᠎ᠡᠴᠡ᠎ᠪᠠᠨ ᠠᠮᠠᠷᠠᠭᠰᠠᠨ ᠠᠬᠠᠮᠠᠳ ᠨᠠᠮ᠎ᠤᠨ ᠭᠡᠰᠢᠭᠦᠨ᠎ᠢ ᠤᠷᠢᠵᠤ ᠤᠯᠠᠨ᠎ᠳᠤ ᠬᠢᠴᠢᠶᠡᠯ ᠣᠷᠣᠭᠤᠯᠪᠠ᠃ ᠠᠬᠠᠮᠠᠳ ᠨᠠᠮ᠎ᠤᠨ ᠭᠡᠰᠢᠭᠦᠳ ᠨᠤᠲᠤᠭ᠎ᠤᠨ ᠠᠶᠠᠯᠭᠤ᠂ ᠥᠪᠡᠷ᠎ᠦᠨ ᠥᠩᠭᠡᠷᠡᠯᠲᠡ᠂ ᠠᠮᠢᠳᠤᠯᠢᠭ᠋ ᠦᠯᠢᠭᠡᠷ᠎ᠢᠶᠡᠷ᠎ᠢᠶᠡᠨ ᠨᠤᠲᠤᠭ᠎ᠤᠨ ᠵᠠᠮ᠂ ᠣᠷᠣᠨ ᠰᠠᠭᠤᠴᠠ᠂ ᠣᠷᠣᠰᠢᠨ ᠰᠠᠭᠤᠬᠤ ᠣᠷᠴᠢᠨ ᠲᠣᠭᠣᠷᠢᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠯᠤᠲᠤ ᠶᠡᠬᠡ ᠬᠤᠪᠢᠷᠠᠯᠲᠠ᠎ᠶᠢ ᠨᠠᠷᠢᠨ ᠲᠣᠭᠠᠴᠢᠵᠤ᠂ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠨᠤᠭᠤᠳ᠎ᠢ ᠬᠢᠯᠪᠠᠷ ᠣᠢᠯᠠᠭᠠᠮᠵᠢᠲᠠᠢ ᠲᠠᠢᠯᠪᠤᠷᠢᠯᠠᠪᠠ᠃
ᠠᠵᠢᠯ᠎ᠡᠴᠡ᠎ᠪᠠᠨ ᠠᠮᠠᠷᠠᠭᠰᠠᠨ ᠴᠤ᠌ ᠥᠩᠭᠡ ᠬᠤᠪᠢᠷᠠᠬᠤ ᠦᠭᠡᠢ᠂ ᠠᠵᠢᠯ᠎ᠤᠨ ᠪᠠᠢᠷᠢ᠎ᠡᠴᠡ᠎ᠪᠠᠨ ᠰᠠᠯᠤᠭᠰᠠᠨ ᠴᠤ᠌ ᠨᠠᠮ᠎ᠡᠴᠡ ᠰᠠᠯᠬᠤ ᠦᠭᠡᠢ᠃ 5 ᠵᠢᠯ᠎ᠦᠨ ᠲᠤᠷᠰᠢ᠂ ᠨᠡᠢᠭᠡᠮ ᠲᠣᠭᠣᠷᠢᠭ᠋᠎ᠤᠨ 20 ᠰᠢᠯᠢᠳᠡᠭ ᠪᠤᠭᠤᠷᠤᠯ ᠨᠠᠰᠤᠳᠠᠨ ᠨᠠᠮ᠎ᠤᠨ ᠭᠡᠰᠢᠭᠦᠨ ᠬᠢᠴᠢᠶᠡᠯ᠎ᠤᠨ ᠲᠠᠪᠴᠠᠩ᠎ᠳᠤ ᠭᠠᠷᠴᠤ᠂ ᠨᠠᠮ᠎ᠤᠨ ᠳᠠᠭᠤᠨ᠎ᠢ ᠳᠠᠮᠵᠢᠭᠤᠯᠤᠨ᠂ ᠳᠡᠷᠭᠡᠳᠡᠬᠢ ᠦᠯᠢᠭᠡᠷ᠎ᠢᠶᠡᠨ ᠶᠠᠷᠢᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠬᠤᠪᠢᠶᠠᠯᠴᠠᠪᠠ᠃
ᠤᠬᠠᠭᠤᠯᠤᠨ ᠲᠠᠢᠯᠪᠤᠷᠢᠯᠠᠬᠤ ᠬᠡᠯᠪᠡᠷᠢ᠎ᠳᠤ ᠰᠢᠨ᠎ᠡ᠎ᠶᠢ ᠡᠭᠦᠳᠬᠦ᠎ᠶᠢᠨ ᠬᠠᠮᠲᠤ᠂ ᠵᠧᠦ ᠸᠸᠨ ᠵᠢᠤᠸᠠᠨ《ᠨᠢᠭᠡ ᠭᠤᠤᠯᠳᠠᠯᠭ᠎ᠠ ᠤᠯᠠᠨ ᠡᠰᠢᠵᠢᠭᠰᠡᠨ᠂ ᠨᠢᠭᠡ ᠲᠤᠤᠷᠵᠢᠯ ᠤᠯᠠᠨ ᠴᠢᠳᠠᠪᠬᠢᠳᠦ》ᠵᠠᠰᠠᠯᠲᠠ᠎ᠶᠢᠨ ᠵᠠᠭᠪᠤᠷ᠎ᠢ ᠴᠢᠩᠭ᠎ᠠ ᠨᠠᠢᠳᠠᠪᠤᠷᠢᠵᠢᠭᠤᠯᠵᠤ᠂ ᠨᠡᠢᠭᠡᠮ ᠲᠣᠭᠣᠷᠢᠭ᠋᠎ᠤᠨ ᠲᠣᠣᠷᠵᠢᠯ᠎ᠢ ᠬᠤᠪᠢᠶᠠᠷᠢᠯᠠᠵᠤ᠂ ᠲᠣᠣᠷᠵᠢᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠰᠢᠭᠦᠨ᠎ᠦ ᠦᠢᠯᠡᠴᠢᠯᠡᠭᠡ᠎ᠶᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠪᠡ᠃ ᠣᠷᠣᠨ ᠪᠦᠰᠡᠴᠢᠯᠡᠭᠰᠡᠨ ᠨᠠᠮ᠎ᠤᠨ ᠪᠠᠢᠭᠤᠯᠤᠯᠲᠠ᠎ᠶᠢᠨ ᠲᠠᠪᠴᠠᠩ᠎ᠢ ᠪᠠᠢᠭᠤᠯᠵᠤ᠂ ᠣᠯᠠᠨ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠬᠢᠭᠡᠳ ᠨᠡᠢᠭᠡᠮ ᠲᠣᠭᠣᠷᠢᠭ᠋᠎ᠢ ᠬᠣᠯᠪᠤᠭᠠᠯᠠᠨ ᠪᠠᠢᠭᠤᠯᠵᠤ ᠬᠠᠮᠲᠤ᠎ᠪᠠᠷ ᠪᠠᠶ᠋ᠢᠭᠤᠯᠬᠤ᠎ᠶᠢ ᠠᠬᠢᠭᠤᠯᠵᠤ᠂ ᠣᠯᠠᠨ ᠲᠦᠮᠡᠨ᠎ᠦ ᠪᠠᠴᠢᠮᠳᠡᠵᠦ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠵᠦᠢᠯ᠎ᠢ ᠣᠨᠣᠪᠴᠢᠲᠠᠶ ᠰᠢᠢᠳᠪᠦᠷᠢᠯᠡᠪᠡ᠃
ᠨᠡᠢᠭᠡᠮ ᠲᠣᠭᠣᠷᠢᠭ᠎ᠲᠦ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋ ᠲᠥᠪᠯᠡᠷᠡᠭᠰᠡᠨ᠂ ᠰᠠᠭᠤᠷᠢ ᠲᠥᠬᠦᠭᠡᠷᠦᠮᠵᠢ ᠬᠠᠭᠤᠴᠢᠷᠠᠭᠰᠠᠨ᠂ ᠵᠠᠰᠠᠯᠲᠠ᠎ᠶᠢᠨ ᠬᠦᠴᠢᠷ ᠠᠰᠠᠭᠤᠳᠠᠯ ᠤᠯᠠᠨ ᠭᠠᠷᠴᠤ ᠪᠠᠢᠭ᠎ᠠ ᠪᠠᠢᠳᠠᠯ᠎ᠤᠨ ᠡᠮᠦᠨ᠎ᠡ᠂ ᠵᠧᠦ ᠸᠸᠨ ᠵᠢᠤᠸᠠᠨ《ᠤᠯᠠᠨ ᠲᠦᠮᠡᠨ᠎ᠦ〈ᠵᠥᠪᠯᠡᠬᠦ〉ᠦᠷᠳᠡᠭᠡ》ᠲᠠᠪᠴᠠᠩ᠎ᠢ ᠪᠠᠢᠭᠤᠯᠵᠤ᠂ ᠡᠯ᠎ᠡ ᠲᠠᠯ᠎ᠠ᠎ᠶᠢᠨ ᠬᠦᠴᠦᠨ᠎ᠢ ᠨᠢᠭ᠍ᠲᠠᠷᠠᠭᠤᠯᠵᠤ᠂ ᠡᠯ᠎ᠡ ᠲᠦᠷᠦᠯ᠎ᠦᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠭᠤᠤᠯᠴᠢᠯᠠᠨ ᠰᠢᠢᠳᠪᠦᠷᠢᠯᠡᠵᠡᠢ᠃
ᠰᠠᠭᠤᠭᠠᠯᠢ ᠠᠷᠠᠳ᠎ᠤᠨ ᠰᠡᠳᠬᠢᠯ᠎ᠢ ᠬᠠᠮᠤᠭ᠎ᠡᠴᠡ ᠳᠣᠭᠳᠣᠯᠤᠭᠤᠯᠤᠭᠰᠠᠨ ᠨᠢ ᠬᠠᠬᠢᠷ ᠡᠪᠦᠯ᠎ᠦᠨ ᠤᠷᠲᠤ ᠰᠥᠨᠢᠵᠢᠨ ᠪᠠᠲᠤ ᠰᠠᠬᠢᠯᠲᠠ ᠪᠣᠯᠣᠨ᠎ᠠ᠃ 2024 ᠣᠨ᠎ᠤ ᠪᠢᠲᠡᠭᠦᠨ᠎ᠡᠴᠡ ᠡᠮᠦᠨᠡᠬᠡᠨ᠂ ᠬᠠᠷᠢᠶ᠎ᠠ ᠣᠷᠣᠨ᠎ᠤ ᠨᠢᠭᠡᠨ ᠣᠷᠣᠨ ᠰᠠᠭᠤᠴᠠ᠎ᠶᠢᠨ ᠠᠰᠠᠷ᠎ᠤᠨ ᠢᠯᠴᠢ ᠬᠠᠩᠭᠠᠬᠤ ᠬᠣᠭᠣᠯᠠᠢ ᠳᠡᠯᠪᠡᠷᠡᠯᠲᠡ ᠡᠭᠦᠰᠴᠦ᠂ ᠪᠦᠬᠦᠶ᠋ᠢᠯᠡ ᠠᠰᠠᠷ ᠵᠢᠴᠢ ᠵᠠᠯᠭᠠᠯᠳᠤᠭᠰᠠᠨ ᠣᠷᠣᠨ᠎ᠳᠤ ᠳᠤᠯᠠᠭᠠᠯᠠᠭ᠎ᠠ ᠵᠣᠭᠰᠣᠪᠠ᠃ ᠶᠠᠭ᠍ᠰᠢ᠎ᠶᠢᠨ ᠡᠪᠦᠯ᠎ᠦᠨ ᠡᠳᠦᠷ᠎ᠦᠨ ᠠᠭᠠᠷ᠎ᠤᠨ ᠳᠤᠯᠠᠭᠠᠨ ᠨᠢ ᠲᠡᠭ᠎ᠡᠴᠡ ᠳᠣᠷᠣᠭ᠍ᠰᠢ 30 ᠭᠠᠷᠤᠢ ᠭᠷᠡᠳᠦ᠋ᠰ᠎ᠲᠦ ᠬᠦᠷᠴᠦ᠂ ᠳᠤᠯᠠᠭᠠᠯᠠᠭ᠎ᠠ ᠵᠣᠭᠰᠣᠭᠰᠠᠨ᠎ᠤ ᠳᠠᠷᠠᠭ᠎ᠠ ᠭᠡᠷ ᠳᠤᠲᠤᠷ᠎ᠠ ᠮᠠᠰᠢ ᠬᠦᠢᠲᠡᠨ ᠪᠤᠯᠳᠠᠭ᠃ ᠠᠶᠤᠯ ᠲᠦᠭᠰᠢᠭᠦᠷᠢᠲᠦ ᠴᠠᠭ ᠮᠥᠴᠡ᠎ᠳᠦ᠂ ᠵᠧᠦ ᠸᠸᠨ ᠵᠢᠤᠸᠠᠨ ᠬᠠᠮᠲᠤ ᠠᠵᠢᠯᠯᠠᠭᠰᠠᠳ᠎ᠲᠠᠢ᠎ᠪᠠᠨ ᠡᠮᠦᠨ᠎ᠡ ᠹᠷᠣᠨᠲ᠎ᠢ ᠪᠠᠲᠤ ᠰᠠᠬᠢᠵᠤ᠂ 3 ᠡᠳᠦᠷ ᠳᠠᠷᠠᠭᠠᠯᠠᠨ ᠲᠤᠬᠠᠢ᠎ᠶᠢᠨ ᠳᠠᠯᠠᠪᠠᠢ᠎ᠶᠢ ᠰᠠᠬᠢᠨ ᠰᠠᠭᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠠᠷᠢᠯᠭ᠎ᠠ᠎ᠶᠢᠨ ᠠᠵᠢᠯ᠎ᠢ ᠴᠢᠨᠭᠭ᠎ᠠ ᠠᠨᠭᠬᠠᠷᠴᠤ᠂ ᠱᠠᠯᠠᠪᠳᠠᠭᠤᠯᠤᠨ ᠵᠠᠰᠠᠬᠤ ᠠᠬᠢᠴᠠ᠎ᠶᠢ ᠪᠦᠬᠦ ᠬᠦᠴᠦ᠎ᠪᠡᠷ᠎ᠢᠶᠡᠨ ᠪᠠᠲᠤᠯᠠᠵᠤ᠂ ᠰᠠᠭᠤᠭᠠᠯᠢ ᠠᠷᠠᠳ᠎ᠢ ᠪᠢᠲᠡᠭᠦᠨ᠎ᠦ ᠰᠥᠨᠢ ᠵᠢ ᠬᠠᠯᠠᠭᠤᠨ ᠳᠤᠯᠠᠭᠠᠨ ᠥᠩᠭᠡᠷᠡᠭᠦᠯᠪᠡ᠃
ᠢᠯᠴᠢ ᠬᠠᠨᠭᠭᠠᠬᠤ ᠬᠣᠭᠣᠯᠠᠢ᠎ᠶᠢᠨ ᠬᠠᠭᠤᠴᠢᠷᠠᠭᠰᠠᠨ ᠠᠷᠬᠠᠭ ᠬᠡᠮ᠎ᠢ ᠦᠨᠳᠦᠰᠦᠨ᠎ᠡᠴᠡ ᠨᠢ ᠵᠠᠰᠠᠵᠤ᠂ ᠰᠠᠭᠠᠳ ᠳᠠᠬᠢᠨ ᠳᠠᠪᠲᠠᠨ ᠡᠭᠦᠰᠬᠦ᠎ᠡᠴᠡ ᠵᠠᠢᠯᠠᠰᠬᠢᠬᠦ᠎ᠶᠢᠨ ᠲᠥᠯᠥᠭᠡ᠂ ᠲᠡᠷᠡ ᠲᠦᠷᠦᠭᠦᠯᠡᠨ ᠬᠡᠷᠡᠭ ᠵᠥᠪᠳᠡᠯᠴᠡᠬᠦ ᠬᠤᠷᠠᠯ᠎ᠢ ᠵᠣᠬᠢᠶᠠᠨ ᠪᠠᠢᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠶᠢᠨ ᠥᠭᠡᠷᠡᠴᠢᠯᠡᠨ ᠰᠢᠨᠡᠳᠬᠡᠬᠦ ᠠᠯᠪᠠᠨ ᠭᠡᠷ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠤᠷᠢᠵᠤ ᠰᠠᠭᠤᠭᠠᠯᠢ ᠠᠷᠠᠳ᠎ᠲᠠᠢ ᠨᠢᠭᠤᠷᠳᠠᠨ ᠨᠡᠪᠲᠡᠷᠡᠯᠴᠡᠭᠦᠯᠵᠦ᠂ ᠣᠯᠠᠨ ᠲᠠᠯ᠎ᠠ᠎ᠪᠠᠷ ᠵᠣᠬᠢᠴᠠᠭᠤᠯᠤᠨ ᠴᠢᠷᠮᠠᠢᠵᠤ᠂ ᠲᠣᠰ ᠠᠰᠠᠷ᠎ᠤᠨ ᠢᠯᠴᠢ ᠬᠠᠩᠭᠠᠬᠤ ᠬᠣᠭᠣᠯᠠᠢ᠎ᠶᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ᠎ᠳᠦ ᠠᠮᠵᠢᠯᠲᠠ᠎ᠲᠠᠢ ᠣᠷᠣᠭᠤᠯᠵᠤ᠂ ᠢᠯᠴᠢ ᠬᠠᠩᠭᠠᠬᠤ ᠳᠠᠯᠳᠠ ᠬᠡᠮ᠎ᠢ ᠦᠨᠳᠦᠰᠦᠨ᠎ᠡᠴᠡ ᠨᠢ ᠰᠢᠢᠳᠪᠦᠷᠢᠯᠡᠪᠡ᠃
ᠡᠭᠦᠨ᠎ᠡᠴᠡ ᠭᠠᠳᠠᠨ᠎ᠠ᠂ ᠵᠧᠦ ᠸᠸᠨ ᠵᠢᠤᠸᠠᠨ 5 ᠰᠠᠯᠠᠭ᠎ᠠ ᠣᠨᠴᠠᠯᠢᠭ᠍ᠲᠤ ᠤᠳᠬ᠎ᠠ ᠤᠷᠠᠯᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠲᠦᠷᠦᠭᠦᠯᠡᠨ ᠪᠠᠢᠭᠤᠯᠵᠤ᠂ ᠴᠠᠭᠠᠨ ᠰᠠᠷ᠎ᠠ᠎ᠶᠢᠨ ᠬᠣᠣᠰ ᠤᠶᠠᠩᠭ᠎ᠠ ᠪᠢᠴᠢᠬᠦ᠂ ᠽᠦᠩᠽᠢ ᠪᠠᠷᠢᠬᠤ᠂ ᠬᠥᠷᠰᠢ ᠵᠡᠷᠭᠡᠯᠡᠳᠡᠭᠡ᠎ᠶᠢᠨ ᠪᠠᠶᠠᠷ ᠵᠡᠷᠭᠡ ᠣᠯᠠᠨ ᠲᠦᠮᠡᠨ᠎ᠦ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ᠎ᠶᠢ ᠪᠠᠢᠩᠭᠤ ᠥᠷᠨᠢᠭᠦᠯᠳᠡᠭ᠃《ᠠᠷᠠᠳ᠎ᠲᠤ ᠲᠥᠬᠥᠮ ᠦᠵᠡᠭᠦᠯᠬᠦ ᠭᠠᠷᠠᠭ᠎ᠤᠨ ᠲᠠᠪᠤᠨ》 ᠤ᠋ ᠲᠣᠭᠲᠠᠮᠠᠯ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠳᠦᠷ᠎ᠢ ᠰᠢᠨ᠎ᠡ᠎ᠪᠡᠷ ᠡᠭᠥᠳᠦᠨ ᠭᠠᠷᠭᠠᠵᠤ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠦᠰᠦ ᠵᠠᠰᠠᠬᠤ᠂ ᠰᠦᠢᠳᠬᠡᠯ ᠬᠤᠷᠢᠶᠠᠬᠤ ᠦᠭᠡᠢ᠎ᠪᠡᠷ ᠠᠯᠪᠠᠨ ᠵᠢᠷᠤᠮ᠎ᠤᠨ ᠡᠮᠴᠢᠯᠡᠭᠡ ᠬᠢᠬᠦ᠂ ᠭᠡᠷ᠎ᠦᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ ᠵᠡᠷᠭᠡ ᠲᠤᠯᠤᠭᠠᠨ ᠶᠡᠬᠡ ᠲᠤᠰᠬᠠᠢ ᠲᠣᠭᠣᠷᠢᠭ᠋ ᠭᠠᠷᠭᠠᠵᠤ᠂ ᠬᠠᠷᠢᠶ᠎ᠠ ᠣᠷᠣᠨ᠎ᠤ ᠨᠠᠰᠤᠲᠠᠢᠴᠤᠳ᠂ ᠬᠦᠴᠢᠷᠳᠡᠯᠲᠡᠢ ᠬᠥᠮᠥᠰ᠎ᠲᠦ ᠬᠠᠨᠳᠤᠭᠤᠯᠤᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠬᠠᠩᠭᠠᠵᠤ᠂ ᠭᠠᠷᠠᠭ ᠪᠦᠷᠢ᠎ᠶᠢᠨ ᠲᠠᠪᠤᠨ᠎ᠤ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠨᠡᠢᠭᠡᠮ ᠲᠣᠭᠣᠷᠢᠭ᠋ ᠪᠠ ᠰᠠᠭᠤᠭᠠᠯᠢ ᠠᠷᠠᠳ᠎ᠤᠨ ᠰᠡᠳᠬᠢᠯ᠎ᠢ ᠳᠤᠯᠠᠭᠠᠴᠡᠭᠤᠯᠬᠤ ᠬᠥᠭᠥᠷᠭᠡ ᠪᠣᠯᠭᠠᠪᠠ᠃
ᠵᠧᠦ ᠸᠧᠨ ᠵᠢᠤᠸᠠᠨ ᠰᠤᠷᠪᠤᠯᠵᠢᠯᠠᠭ᠍ᠴᠢ᠎ᠳᠤ ᠨᠡᠢᠭᠡᠮ ᠲᠣᠭᠣᠷᠢᠭ᠋ ᠤᠨ 《ᠪᠠᠭ᠎ᠠ ᠶᠠᠪᠤᠳᠠᠯ》 ᠤ᠋ᠳᠢ ᠶᠠᠷᠢᠨ᠎ᠠ᠃ ᠲᠡᠭᠦᠨ᠎ᠦ ᠦᠵᠡᠬᠦ᠎ᠪᠡᠷ᠂ ᠦᠨᠳᠦᠰᠦᠨ ᠱᠠᠲᠤᠨ᠎ᠤ ᠵᠠᠰᠠᠯᠲᠠ ᠳᠤ ᠲᠡᠭᠷᠢ ᠭᠠᠵᠠᠷ ᠢ ᠳᠣᠩᠰᠣᠯᠭᠠᠮ᠎ᠠ ᠠᠤᠭ᠎ᠠ ᠠᠵᠢᠯᠯᠠᠭ᠎ᠠ ᠭᠡᠵᠦ ᠪᠠᠢᠬᠤ ᠦᠭᠡᠢ᠂ ᠭᠡᠭᠦ ᠳᠡᠭᠡᠨ ᠤᠯᠠᠨ ᠲᠦᠮᠡᠨ᠎ᠦ ᠪᠠᠭ᠎ᠠ ᠶᠠᠪᠤᠳᠠᠯ ᠪᠦᠬᠦᠨ᠎ᠢ ᠰᠠᠢᠲᠤᠷ ᠬᠢᠵᠦ ᠪᠣᠳᠠᠲᠠᠢ ᠬᠢᠬᠦ ᠪᠣᠯ ᠳᠠᠷᠤᠢ ᠨᠡᠢᠭᠡᠮ ᠲᠣᠭᠣᠷᠢᠭ᠋᠎ᠤᠨ ᠠᠵᠢᠯ ᠤᠨ ᠬᠠᠮᠤᠭ᠎ᠤᠨ ᠶᠡᠬᠡ ᠦᠨ᠎ᠡ ᠦᠷᠳᠡᠭ ᠲᠠᠢ ᠶᠠᠪᠤᠳᠠᠯ ᠪᠣᠯᠣᠨ᠎ᠠ ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃