> ᠲᠤᠰᠬᠠᠢ ᠮᠡᠳᠡᠭᠡᠯᠡᠯ

2026-10-24 17:35:04

ᠵᠣᠬᠢᠶᠠᠭ᠍ᠴᠢ᠄ ᠯᠢᠦ ᡁᠢ ᠰᠢᠶᠠᠨ ᠪᠠᠶ ᠳ᠋ᠠᠨ ᠵᠠᠩ ᠬᠤᠢ ᠯᠢᠩ ᠯᠢ ᠰᠢᠨ ᠵᠢᠶᠦ᠋ᠨ ᠣᠩᠱᠢᠭ᠍ᠰᠠᠨ ᠣᠳᠠᠭ᠎ᠠ᠄ 3


— ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠶ ᠡᠭᠦᠷᠭᠡᠯᠡᠵᠦ᠍᠂ ᠪᠠᠳᠤᠳᠠᠢ ᠦᠢᠯᠡᠳᠤᠯᠭᠡᠵᠢᠬᠦᠯᠵᠤ ᠪᠤᠳᠠᠳᠠᠢ ᠠᠵᠢᠯᠯᠠᠨ᠎ᠠ᠃ ᠤᠢ᠌ᠷ᠎ᠠ᠎ᠶᠢᠨ ᠡᠳᠦᠷ᠂ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠨᠠᠢᠳᠠᠪᠤᠷᠢᠵᠢᠭᠤᠯᠬᠤ ᠡᠭᠦᠷᠭᠡ᠎ᠶᠢ ᠡᠮᠬᠢᠯᠡᠨ᠂ ᠠᠬᠢᠭᠤᠯᠬᠤ ᠠᠷᠭ᠎ᠠ ᠬᠡᠮᠵᠢᠶ᠎ᠡ᠎ᠶᠢ ᠨᠠᠷᠢᠯᠢᠬᠵᠢᠭᠤᠯᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠤᠯᠠᠷᠢᠭᠤᠯᠵᠤ ᠪᠤᠢ᠃

10 ᠰᠠᠷ᠎ᠠ᠎ᠶᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠭᠡᠯᠳᠡᠰ ᠤ᠋ᠨ ᠶᠠᠪᠤᠳᠠᠯ᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ   ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠦᠬᠦ᠌ ᠣᠷᠣᠨ ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ ᠤ᠋ᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠲᠤᠰ ᠤᠳᠠᠭ᠎ᠠ᠎ᠶᠢᠨ ᠰᠢᠨᠵᠢᠯᠡᠨ ᠪᠠᠶ᠋ᠢᠴᠠᠭᠠᠯᠲᠠ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠤᠷᠢᠳ᠎ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠢ ᠡᠵᠡᠮᠳᠡᠵᠦ᠍᠂ ᠰᠤᠳᠤᠯᠤᠨ ᠲᠠᠶ᠋ᠢᠯᠪᠤᠷᠢᠯᠠᠬᠤ᠎ᠪᠠᠨ ᠴᠢᠩᠭᠠᠳᠬᠠᠵᠤ᠂ ᠪᠦᠬᠦ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠤᠬᠠᠭᠤᠯᠤᠨ ᠲᠠᠶ᠋ᠢᠯᠪᠤᠷᠢᠯᠠᠬᠤ ᠠᠵᠢᠯ ᠎ᠢ ᠰᠠᠶ᠋ᠢᠲᠤᠷ ᠬᠢᠵᠦ᠍᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠠᠵᠤ ᠠᠬᠤᠶ᠋ᠢᠯᠠᠯ ᠳ᠋ᠤ ᠤᠷᠤᠭᠤᠯᠬᠤ᠂ ᠮᠠᠯᠵᠢᠬᠤ ᠲᠠᠷᠢᠶᠠᠯᠠᠬᠤ ᠣᠷᠣᠨ ᠳ᠋ᠤ ᠤᠷᠤᠭᠤᠯᠬᠤ᠂ ᠪᠠᠶ᠋ᠢᠭᠤᠯᠭ᠎ᠠ ᠳ᠋ᠤ ᠤᠷᠤᠭᠤᠯᠬᠤ᠂ ᠰᠤᠷᠭᠠᠭᠤᠯᠢ᠎ᠶᠢᠨ ᠬᠦᠷᠢᠶᠠᠨ ᠳ᠋ᠤ ᠤᠷᠤᠭᠤᠯᠬᠤ᠂ ᠨᠡᠶ᠋ᠢᠭᠡᠮ ᠲᠣᠭᠣᠷᠢᠭ ᠲᠤ᠌ ᠤᠷᠤᠭᠤᠯᠬᠤ᠂ ᠰᠦᠯᠵᠢᠶ᠎ᠡ᠎ᠳᠦ ᠣᠷᠣᠭᠤᠯᠬᠤ᠎ᠶᠢ ᠠᠬᠢᠭᠤᠯᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠬᠠᠬᠤ ᠬᠠᠯᠠᠭᠤᠨ ᠰᠡᠳᠬᠢᠯᠭᠡ᠎ᠶᠢ ᠤᠯᠠᠮ ᠨᠢᠭᠡ ᠠᠯᠬᠤᠮ ᠬᠦᠭᠵᠢᠭᠡᠬᠦ ᠭᠡᠷᠡᠭᠳᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠎ᠤᠨ ᠪᠠᠶ᠋ᠢᠷᠢᠯᠠᠭᠤᠯᠤᠯᠲᠠ ᠎ᠶᠢ ᠭᠦᠨᠵᠡᠭᠡᠶ ᠲᠤᠭᠤᠰᠢᠯᠠᠭᠤᠯᠵᠤ᠂ ᠰᠣᠶᠣᠯ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ᠌ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠲᠦᠷᠢᠮ᠎ᠢ ᠴᠢᠩᠭᠠᠳᠬᠠᠨ ᠪᠣᠳᠠᠲᠠᠶ᠋ᠢᠵᠢᠭᠤᠯᠬᠤ᠎ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

10 ᠰᠠᠷ᠎ᠠ᠎ᠶᠢᠨ 19᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ(ᠥᠷᠭᠡᠳᠬᠡᠭᠰᠡᠨ)ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠠᠴᠠ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠰᠤᠷᠭᠠᠭᠤᠯᠢ ᠡᠷᠬᠢᠯᠡᠵᠤ ᠰᠤᠷᠭᠠᠭᠤᠯᠢ᠎ᠵᠢ ᠵᠠᠰᠠᠬᠤ ᠪᠦᠬᠦ ᠶᠠᠪᠤᠴᠠ᠎ᠳᠤ ᠠᠭᠤᠰᠤᠯᠴᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ᠎ᠶᠢᠨ ᠪᠣᠯᠪᠠᠰᠤᠨ᠎ᠤ ᠬᠥᠮᠦᠵᠢᠯ᠎ᠢ ᠬᠥᠮᠥᠨ ᠬᠥᠮᠥᠵᠢᠭᠦᠯᠬᠦ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂ ᠪᠣᠬᠢᠷᠲᠤᠯ ᠦᠭᠡᠢ ᠰᠤᠷᠭᠠᠭᠤᠯᠢ᠎ᠶᠢ ᠡᠭᠦᠳᠦᠨ ᠪᠠᠶ᠋ᠢᠭᠤᠯᠬᠤ ᠎ᠶᠢ ᠭᠦᠨᠵᠡᠭᠡᠢ ᠠᠬᠢᠭᠤᠯᠵᠤ᠂ ᠨᠤᠭᠤ ᠭᠠᠵᠠᠷ᠎ᠢ ᠬᠠᠮᠠᠭᠠᠯᠠᠬᠤ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ ᠎ᠶᠢ ᠵᠠᠰᠠᠬᠤ ᠵᠡᠷᠭᠡ ᠠᠮᠢᠳᠤᠯᠢᠭ᠋ ᠦᠢᠯᠡᠳᠦᠯᠭᠡ᠎ᠶᠢ ᠬᠥᠮᠥᠨ ᠬᠥᠮᠥᠵᠢᠭᠦᠯᠬᠦ ᠪᠣᠷᠣ᠌ ᠮᠠᠲᠧᠷᠢᠶᠠᠯ ᠪᠣᠯᠭᠠᠨ ᠬᠤᠪᠢᠷᠠᠭᠤᠯᠵᠤ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ᠂ ᠪᠤᠳᠤᠯᠳᠠ᠎ᠶᠢᠨ ᠬᠦᠴᠦᠨ᠎ᠤ ᠲᠤᠤᠷ ᠵᠡᠷᠭᠡ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢᠭ᠎ᠠ ᠴᠢᠭᠯᠡᠯ᠎ᠢ ᠲᠦᠷᠭᠡᠳᠬᠡᠨ ᠪᠠᠢᠷᠢᠰᠢᠭᠤᠯᠵᠤ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ᠂ ᠲᠠᠷᠢᠶᠠᠯᠠᠩ᠎ᠳᠤ ᠬᠣᠯᠪᠣᠭᠳᠠᠬᠤ ᠶᠡᠬᠡ ᠳᠡᠭᠡᠳᠦ ᠰᠤᠷᠭᠠᠭᠤᠯᠢ᠎ᠶᠢ ᠵᠢᠯᠣᠭᠣᠳᠤᠨ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ ᠠᠩᠬᠠᠷᠤᠯ ᠲᠥᠪᠯᠡᠷᠡᠭᠦᠯᠵᠦ᠂ ᠮᠠᠯᠴᠢᠨ ᠲᠠᠷᠢᠶᠠᠴᠢᠨ᠎ᠤ ᠬᠡᠷᠡᠭᠯᠡᠭᠡᠨ᠎ᠦ ᠮᠡᠷᠭᠡᠵᠢᠯ᠎ᠦᠨ ᠪᠣᠯᠪᠠᠰᠤᠷᠠᠯ᠎ᠢ ᠪᠠᠢᠩᠭᠤ ᠥᠷᠨᠢᠭᠦᠯᠬᠦ ᠬᠡᠷᠡᠭᠲᠡᠢ᠃ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠨᠠᠮ ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠎ᠦᠨ ᠤᠯᠠᠭᠠᠨᠴᠠᠪ ᠬᠣᠲᠠ ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ᠶᠢᠨ ᠵᠣᠷᠢᠭ᠋ ᠰᠠᠨᠠᠭ᠎ᠠ ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠶ ᠱᠦᠵᠢ ᠰᠢ  ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠶ ᠨᠡᠪᠲᠡᠷᠡᠭᠦᠯᠵᠦ᠍᠂ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠤᠨ ᠲᠡᠷᠡ ᠬᠡᠪ᠎ᠢᠶᠡᠷ᠎ᠨᠢ ᠰᠤᠷᠤᠯᠴᠠᠵᠤ᠂ ᠪᠣᠳᠠᠲᠠᠶ᠎ᠲᠠᠶ ᠤᠶᠠᠯᠳᠤᠭᠤᠯᠤᠨ ᠣᠶ᠋ᠢᠯᠠᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨ ᠬᠦ᠌ ᠣᠶ ᠰᠢᠭᠤᠶ ᠨᠤᠲᠤᠭ ᠪᠡᠯᠴᠢᠭᠡᠷ ᠎ᠤᠨ  ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠠ ᠰᠡᠳᠬᠢᠴᠡ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠬᠡᠷᠡᠭᠲᠡᠶ᠃ 《ᠤᠮᠠᠷᠠᠲᠤ᠌ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠪᠦᠬᠦ᠌ ᠬᠦᠴᠦ᠎ᠪᠡᠷ᠎ᠢᠶᠡᠨ ᠰᠠᠶ᠋ᠢᠲᠤᠷ ᠬᠢᠵᠦ᠍᠂  《ᠬᠦᠯᠦᠨ ᠨᠠᠭᠤᠷ᠂ ᠲᠠᠭ᠎ᠠ ᠵᠢᠨ ᠨᠠᠭᠤᠷ᠂ ᠤᠯᠠᠭᠠᠨᠰᠤᠬᠠᠢ》 ᠵᠢᠴᠢ ᠴᠠᠭᠠᠨᠨᠠᠭᠤᠷ᠂ ᠬᠢᠬᠢᠷᠢ ᠵᠢᠨ ᠨᠠᠭᠤᠷ ᠵᠡᠷᠭᠡ ᠭᠣᠣᠯᠳᠠᠯᠭ᠎ᠠ᠎ᠲᠠᠶ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠨᠤᠲᠤᠭ ᠪᠡᠯᠴᠢᠭᠡᠷ᠎ᠢ ᠵᠠᠰᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠬᠦ᠌ ᠬᠡᠷᠡᠭᠲᠡᠢ᠃ ᠪᠥᠬᠥ᠌ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠲᠠ ᠵᠢᠨ ᠬᠦᠴᠦᠨ᠎ᠦ ᠲᠤᠤᠷ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ᠍᠂ ᠣᠶ ᠰᠢᠭᠤᠶ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠌᠎ᠶᠢ ᠬᠢᠨᠠᠨ ᠵᠥᠪᠰᠢᠶᠡᠷᠡᠬᠦ᠌ ᠶᠠᠪᠤᠴᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠍᠂ ᠬᠠᠤᠯᠢ ᠲᠣᠭᠲᠠᠭᠠᠯ ᠶᠣᠰᠣᠭᠠᠷ ᠠᠮᠢ ᠠᠬᠤᠶ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠬᠤ᠎ᠶᠢ ᠪᠠᠷᠢᠮᠲᠠᠯᠠᠵᠤ᠂  ᠪᠤᠳᠤᠯᠲᠠ ᠵᠢᠨ ᠬᠦᠴᠦᠨ᠎ᠦ ᠲᠥᠷᠥᠯ ᠵᠦᠢᠯ᠎ᠢ ᠵᠢᠷᠤᠮᠵᠢᠭᠤᠯᠤᠨ ᠨᠠᠶ᠋ᠢᠳᠠᠪᠤᠷᠢᠵᠢᠭᠤᠯᠬᠤ᠎ᠶᠢ ᠪᠠᠲᠤᠯᠠᠵᠤ᠂ ᠪᠤᠳᠤᠯᠲᠠ ᠵᠢᠨ ᠬᠦᠴᠦᠨ᠎ᠦ ᠳᠠᠪᠠᠭᠤᠯᠢᠭ᠎ᠢ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠣᠶ ᠰᠢᠭᠤᠶ ᠨᠤᠲᠤᠭ ᠪᠡᠯᠴᠢᠭᠡᠷ᠎ᠦᠨ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠶ ᠭᠡᠵᠦ ᠴᠢᠬᠤᠯᠠᠴᠢᠯᠠᠪᠠ᠃

10 ᠰᠠᠷ᠎ᠠ᠎ᠶᠢᠨ 21  ᠤ᠋ ᠡᠳᠦᠷ᠂ ᠬᠥᠯᠥᠨ ᠪᠣᠶ᠋ᠢᠷ ᠬᠣᠲᠠ᠎ᠶᠢᠨ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠪᠠᠷ ᠴᠢᠩᠭ᠎ᠠ ᠪᠠᠷᠢᠮᠵᠢᠶᠠᠯᠠᠵᠤ᠂ ᠰᠤᠷᠤᠯᠴᠠᠯᠭ᠎ᠠ ᠤᠬᠠᠭᠤᠯᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠎ᠶᠢ ᠴᠢᠩᠭ᠎ᠠ ᠠᠳᠬᠤᠬᠤ ᠬᠡᠷᠡᠭᠲᠡᠢ᠃ ᠠᠮᠢ ᠠᠬᠤᠶ ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠣᠶ᠋ᠢᠯᠠᠭᠠᠭᠳᠠᠬᠤᠨ ᠎ᠢ ᠡᠷᠡᠰ ᠦᠢᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠢᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥᠢ᠍ᠷᠥᠭᠴᠢᠲᠦ᠍ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠠᠬᠢᠭᠤᠯᠤᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠣᠷᠳᠣ ᠬᠤᠭᠤᠴᠠᠭᠠᠨ ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠬᠦᠯᠵᠦ᠍᠂ ᠬᠥᠯᠥᠨ ᠪᠣᠶ᠋ᠢᠷ᠎ᠤᠨ ᠨᠤᠮᠢᠨ ᠤᠰᠤ ᠬᠥᠬᠡᠮᠳᠦᠭ ᠠᠭᠤᠯᠠ ᠎ᠶᠢ ᠡᠷᠡᠰ ᠰᠠᠬᠢᠨ ᠬᠠᠮᠠᠭᠠᠯᠠᠬᠤ ᠬᠡᠷᠡᠭᠳᠡᠢ᠃ ᠡᠭᠦᠨ᠎ᠦ ᠬᠠᠮᠲᠤ᠌᠂ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ ᠎ᠢ ᠢᠳᠡᠪᠬᠢᠲᠡᠶ ᠪᠣᠶ᠋ᠢᠵᠢᠭᠤᠯᠤᠨ᠂ ᠲᠣᠭᠠᠴᠢᠯᠠᠭᠰᠠᠨ ᠳᠤᠮᠳᠠᠳᠤ ᠤᠯᠤᠰ ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠨ ᠨᠤᠲᠤᠭ ᠎ᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面