2026-10-24 17:34:37
— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠬᠦ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠴᠢᠩᠭ᠎ᠠ ᠲᠤᠰᠬᠠᠯ ᠭᠠᠷᠪᠠ
ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠲᠤ ᠵᠠᠮ᠎ᠤᠨ ᠠᠶᠠᠨ ᠳᠠᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ 22 ᠤ᠋ᠨ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠲᠡᠦᠬᠡ ᠪᠠᠨ ᠪᠠᠲᠤ ᠴᠡᠭᠡᠵᠢᠯᠡᠪᠡᠯ ᠰᠠᠶᠢ ᠢᠷᠡᠭᠡᠳᠦᠢ᠎ᠵᠢ ᠡᠬᠦᠳᠦᠨ ᠨᠡᠬᠡᠬᠡᠵᠦ ᠴᠢᠳᠠᠨ᠎ᠠ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠦᠳᠲᠡᠷ ᠲᠦᠷᠭᠡᠨ ᠴᠢᠨᠭᠭ᠎ᠠ ᠲᠤᠰᠬᠠᠯ ᠭᠠᠷᠴᠤ᠂ ᠮᠠᠨ᠎ᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷᠴᠤᠳ ᠶᠡᠬᠡᠳᠡ ᠵᠣᠷᠢᠭ᠍ᠵᠢᠵᠤ᠂ ᠲᠤᠬᠠᠢᠯᠠᠭᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨᠤ ᠵᠠᠮ᠎ᠵᠢᠡᠷ ᠰᠠᠢᠲᠤᠷ ᠵᠠᠮᠨᠠᠨ᠎ᠠ ᠭᠡᠵᠦ ᠢᠯᠡᠳᠬᠡᠵᠡᠭᠡᠪᠡ᠃
《ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠢᠯᠠᠯᠲᠠ᠎ᠶᠢᠨ ᠵᠠᠮ᠎ᠢ ᠪᠦᠬᠦ ᠲᠠᠯ᠎ᠠ᠎ᠪᠠᠷ ᠡᠷᠭᠢᠴᠡᠭᠦᠯᠵᠦ᠂ ᠪᠢᠳᠡᠨ᠎ᠢ ᠰᠢᠨ᠎ᠡ ᠠᠶᠠᠨᠳᠠᠭᠠᠨ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠭᠡᠷᠡᠢ ᠭᠡᠵᠦ ᠤᠷᠢᠶᠠᠯᠠᠪᠠ᠂ ᠡᠭᠦᠨ᠎ᠳᠦ ᠪᠢ ᠶᠡᠬᠡᠳᠡ ᠵᠣᠷᠢᠭ᠍ᠵᠢᠵᠤ᠂ ᠮᠦᠷᠦᠨ᠎ᠳᠡᠬᠢ ᠡᠭᠦᠷᠭᠡ ᠬᠠᠷᠢᠭᠤᠴᠠᠯᠭ᠎ᠠ᠎ᠪᠠᠨ ᠮᠡᠳᠡᠷᠡᠵᠦ ᠤᠯᠪᠠ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠤᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠯᠢ ᠶᠧ ᠷᠦᠩ᠂ ᠪᠦᠬᠦ ᠣᠷᠣᠨ᠎ᠤ ᠨᠡᠢᠭᠡᠮ᠎ᠦᠨ ᠠᠵᠢᠯ᠎ᠤᠨ ᠰᠢᠰᠲᠧᠮ᠎ᠦᠨ ᠺᠠᠳ᠋ᠷ᠎ᠢ ᠬᠥᠮᠥᠵᠢᠭᠦᠯᠦᠨ ᠳᠠᠭᠠᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠷᠲᠤ ᠵᠠᠮ᠎ᠤᠨ ᠠᠶᠠᠨ ᠳᠠᠢᠨ ᠤ ᠵᠣᠷᠢᠭ᠋ ᠰᠠᠨᠠᠭᠠᠨ᠎ᠤ ᠠᠤᠭ᠎ᠠ ᠬᠦᠴᠦᠨ᠎ᠢ ᠬᠦᠷᠳᠡᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠵᠤ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠬᠡᠯᠪᠡᠷᠢ ᠵᠢᠨ ᠠᠵᠢᠯ ᠤᠯᠭᠤᠯᠳᠠ ᠵᠢᠨ ᠬᠦᠮᠦᠰ᠎ᠤᠨ ᠨᠠᠮ᠎ᠤᠨ ᠪᠠᠢᠭᠤᠯᠤᠯᠲᠠ᠎ᠵᠢ ᠲᠣᠪᠣᠢᠮ᠎ᠠ ᠰᠠᠢᠲᠤᠷ ᠠᠳᠬᠤᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ᠎ᠶᠢ ᠰᠠᠢᠲᠤᠷ ᠠᠳᠬᠤᠵᠤ᠂ ᠨᠠᠮ᠎ᠤᠨ ᠤᠯᠤᠰ ᠲᠥᠷᠥ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ ᠢ᠋ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠨᠡᠢᠭᠡᠮ᠎ᠦᠨ ᠠᠵᠢᠯ᠎ᠤᠨ ᠬᠦᠴᠦᠨ᠎ᠢ ᠨᠡᠮᠡᠷᠢᠯᠡᠨ᠎ᠡ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠯᠢᠶᠠᠩ ᠷᠦᠸᠸ ᠪᠢᠩ ᠄《ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠰᠣᠨᠣᠰᠤᠭᠠᠳ ᠰᠡᠳᠬᠢᠯ ᠶᠡᠬᠡᠳᠡ ᠳᠣᠭᠳᠣᠯᠵᠤ ᠲᠤᠢᠯ᠎ᠢᠶᠠᠷ ᠤᠷᠮᠠᠰᠢᠪᠠ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠳᠤ ᠡᠪ ᠬᠠᠮᠲᠤᠴᠤᠳ᠎ᠤᠨ ᠬᠦᠰᠡᠯᠡᠩ ᠢᠲᠡᠭᠡᠯ ᠪᠢᠰᠢᠷᠡᠯ ᠪᠣᠯᠣᠨ ᠲᠡᠮᠡᠴᠡᠯ᠎ᠦᠨ ᠵᠣᠷᠢᠭ᠋ ᠰᠠᠨᠠᠭ᠎ᠠ ᠠᠬᠤᠭᠤᠯᠤᠬᠳᠠᠵᠤ᠂ ᠴᠠᠭ ᠦᠶ᠎ᠡ᠎ᠶᠢ ᠲᠤᠭᠤᠯᠤᠭᠰᠠᠨ ᠴᠤ᠌ ᠮᠥᠨ ᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠤᠷᠢᠶᠠᠯᠠᠬᠤ ᠬᠦᠴᠦᠨ᠎ᠲᠠᠢ ᠪᠠᠢᠵᠤ᠂ ᠰᠢᠨ᠎ᠡ ᠴᠠᠭ ᠦᠶ᠎ᠡ᠎ᠶᠢᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠳᠤ ᠡᠯᠪᠡᠭ ᠪᠠᠶᠠᠯᠢᠭ᠋ ᠤᠶᠤᠨ ᠰᠠᠨᠠᠭᠠᠨ᠎ᠤ ᠰᠢᠮ᠎ᠡ ᠲᠡᠵᠢᠭᠡᠯ ᠬᠠᠩᠭᠠᠵᠠᠢ᠃ ᠪᠢᠳᠡ 〈 ᠬᠣᠶᠠᠷ ᠢ ᠲᠣᠭᠲᠠᠭᠠᠭᠰᠠᠨ〉 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 〈ᠬᠣᠶᠠᠷ ᠢ ᠬᠠᠮᠠᠭᠠᠯᠠᠬᠤ 〉 ᠵᠢ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ᠎ᠶᠢᠨ ᠤᠬᠠᠮᠰᠠᠷ᠂ ᠠᠵᠢᠯᠯᠠᠭᠠᠨ᠎ᠤ ᠤᠬᠠᠮᠰᠠᠷ᠎ᠢᠶᠠᠨ ᠴᠢᠨᠠᠭᠰᠢᠳᠠ ᠴᠢᠩᠭᠠᠳᠬᠠᠵᠤ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠡᠴᠡ ᠲᠠᠰᠤᠷᠠᠯᠲᠠ ᠦᠭᠡᠢ ᠡᠷᠡᠮᠡᠬᠡᠢᠯᠡᠨ ᠳᠠᠪᠰᠢᠬᠤ ᠬᠦᠴᠦᠨ᠎ᠢ ᠬᠦᠷᠳᠡᠵᠤ᠂ ᠡᠨᠡ ᠬᠦ᠌ ᠵᠣᠷᠢᠭ᠋ ᠰᠠᠨᠠᠭᠠᠨ᠎ᠤ ᠰᠢᠮ᠎ᠡ ᠲᠡᠵᠢᠭᠡᠯ᠎ᠢ ᠨᠠᠮ᠎ᠤᠨ ᠪᠠᠢᠭᠤᠯᠤᠯᠲᠠ᠎ᠶᠢ ᠠᠳᠬᠤᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠪᠥᠬᠥ ᠶᠠᠪᠤᠴᠠ᠎ᠳᠤ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ 》 ᠭᠡᠪᠡ᠃
ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠴᠢᠩᠭ᠎ᠠ ᠲᠤᠰᠬᠠᠯ ᠭᠠᠷᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠡᠷᠭᠦᠨ ᠮᠠᠨᠳᠤᠯᠲᠠ᠎ᠶᠢᠨ ᠬᠣᠰᠢᠭᠤᠴᠢ ᠪᠣᠯᠬᠤ᠎ᠪᠠᠷ ᠴᠢᠷᠮᠠᠢᠬᠤ 》ᠠᠬᠠᠮᠠᠳ ᠪᠠᠢᠯᠳᠤᠭ᠍ᠴᠢᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠬᠤᠪᠢᠰᠬᠠᠯᠲᠦ ᠤᠳᠤᠮᠰᠢᠯ᠎ᠢ ᠥᠪᠥᠷ ᠮᠣᠩᠭᠣᠯ᠎ᠳᠤ ᠦᠶ᠎ᠡ᠎ᠶᠢᠨ ᠦᠶ᠎ᠡ ᠳᠦ ᠤᠯᠠᠮᠵᠢᠯᠠᠬᠳᠠᠬᠤ ᠵᠢ ᠠᠬᠢᠭᠤᠯᠵᠤ ᠪᠤᠢ᠃ ᠤᠯᠠᠨ᠎ᠢᠶᠠᠷ᠎ᠢᠶᠠᠨ᠂ ᠴᠡᠷᠢᠭ᠎ᠦᠨ ᠠᠯᠪᠠ᠎ᠡᠴᠡ ᠬᠠᠯᠠᠭᠳᠠᠭᠰᠠᠳ ᠤᠨ ᠠᠵᠢᠯ ᠤᠨ ᠴᠢᠨᠠᠷ ᠰᠠᠢᠲᠠᠢ ᠬᠥᠭᠵᠢᠯᠲᠡ᠎ᠶᠢᠨ ᠪᠣᠳᠠᠲᠤ ᠦᠷ᠎ᠡ ᠪᠦᠲᠦᠮᠵᠢ᠎ᠪᠡᠷ ᠮᠠᠨ᠎ᠤ ᠡᠨᠡ ᠦᠶ᠎ᠡ᠎ᠶᠢᠨ ᠬᠥᠮᠥᠰ ᠦᠨ ᠤᠷᠳᠤ ᠵᠠᠮ᠎ᠤᠨ ᠠᠶᠠᠨ ᠲᠠᠢ᠍ᠢᠨᠤ ᠵᠠᠮ᠎ᠵᠢᠡᠷ ᠰᠠᠢᠲᠤᠷ ᠵᠠᠮᠨᠠᠨ᠎ᠠ ᠭᠡᠵᠦ ᠢᠯᠡᠳᠬᠡᠵᠡᠭᠡᠪᠡ᠃
ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠧᠮ᠎ᠦᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠤ ᠳᠤᠮᠳᠠ ᠴᠢᠨᠭᠭ᠎ᠠ ᠲᠤᠰᠬᠠᠯ ᠭᠠᠷᠪᠠ᠃ ᠣᠯᠠᠨ᠎ᠢᠶᠠᠷ᠎ᠢᠶᠠᠨ᠂ ᠣᠷᠳᠣ᠌ ᠵᠠᠮ᠎ᠤᠨ ᠠᠶᠠᠨ ᠲᠡᠶ᠋ᠢᠨ᠎ᠦ ᠢᠯᠠᠯᠲᠠ᠎ᠶᠢᠨ ᠠᠭᠤᠤ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠤᠨ᠂ 《ᠲᠠᠪᠤᠨ ᠡᠷᠬᠡᠪᠰᠢ》ᠵᠢᠨ ᠲᠣᠳᠣᠷᠬᠠᠢ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠥᠬᠥ ᠲᠠᠯ᠎ᠠ᠎ᠪᠠᠷ ᠠᠬᠢᠭᠤᠯᠬᠤ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠤᠪᠢ ᠨᠡᠮᠡᠷᠢ ᠵᠢ ᠦᠵᠡᠭᠦᠯᠦᠨ᠎ᠡ ᠭᠡᠵᠦ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠬᠣᠶᠠᠳᠤᠭᠠᠷ ᠳᠡᠰ᠎ᠤᠨ ᠡᠷᠬᠢᠯᠡᠭᠴᠢ ᠭᠡᠰᠢᠭᠦᠴᠢ ᠰᠢᠦᠢ ᠶᠠᠨ ᠶᠠᠨ ᠄ 《ᠶᠡᠷᠦᠩᠬᠡᠢ ᠱᠦᠵᠢ᠎ᠶᠢᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠰᠣᠨᠣᠰᠤᠭᠠᠳ ᠪᠢ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠪᠢᠳᠡ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ᠎ᠦ ᠠᠶᠤᠯ ᠲᠦᠭᠰᠢᠭᠦᠷᠢ᠎ᠡᠴᠡ ᠠᠶᠤᠬᠤ ᠦᠭᠡᠢ᠂ ᠳᠤᠷᠠᠲᠠᠶ᠎ᠠ ᠠᠯᠢᠪᠠ ᠪᠠᠨ ᠬᠠᠷᠠᠮ ᠦᠭᠡᠢ ᠵᠣᠷᠢᠭᠤᠯᠬᠤ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠰᠢᠨ᠎ᠡ ᠠᠶᠠᠨ᠎ᠳᠤ᠂ ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠵᠤ᠂ ᠬᠦᠴᠢᠷ᠎ᠡᠴᠡ ᠠᠶᠤᠬᠤ ᠦᠭᠡᠢ᠂ ᠢᠯᠠᠭᠳᠠᠬᠤ᠎ᠡᠴᠡ ᠠᠶᠤᠬᠤ ᠦᠭᠡᠢ ᠪᠠᠢᠵᠤ᠂ ᠣᠶ ᠰᠢᠭᠤᠢ ᠨᠤᠲᠤᠭ ᠪᠡᠯᠴᠢᠭᠡᠷ᠎ᠤᠨ ᠠᠵᠢᠯᠲᠠᠨ ᠤ 〈 ᠨᠤᠮᠢᠨ ᠨᠤᠭᠤᠭᠠᠨ ᠤᠷᠳᠤ ᠵᠠᠮ᠎ᠤᠨ ᠠᠶᠠᠨ ᠲᠠᠢ᠍ᠢᠨ〉᠎ᠤ᠋ ᠵᠠᠮ᠎ᠢᠶᠠᠷ ᠰᠠᠢᠲᠤᠷ ᠵᠠᠮᠨᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ ᠦ ᠬᠠᠯᠬᠠᠪᠴᠢ᠎ᠶᠢ ᠪᠠᠲᠤ ᠴᠣᠭᠴᠠᠯᠠᠬᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ 》 ᠭᠡᠵᠦ ᠢᠯᠡᠳᠭᠡᠪᠡ᠃
《ᠰᠢᠨ᠎ᠡ ᠠᠶᠠᠨ᠎ᠳᠤ᠂ ᠪᠢᠳᠡ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠦᠯᠦᠬᠡ ᠭᠠᠪᠰᠢᠭᠠᠢᠯᠠᠨ ᠲᠡᠮᠡᠴᠡᠨ᠎ᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠭᠠᠵᠠᠷ᠎ᠤᠨ ᠳᠠᠷᠤᠭ᠎ᠠ ᠸᠠᠩ ᠹᠧᠢ ᠄ 《 ᠠᠵᠢᠯ ᠣᠯᠭᠣᠯᠲᠠ᠎ᠶᠢᠨ ᠠᠵᠢᠯ ᠪᠣᠯ ᠨᠢᠭᠡ ᠲᠠᠯ᠎ᠠ᠎ᠪᠠᠷ ᠠᠵᠤ ᠠᠬᠤᠢᠯᠠᠯ᠎ᠲᠠᠢ ᠬᠣᠯᠪᠣᠯᠳᠤᠵᠤ᠂ ᠨᠥᠭᠥᠭᠡ ᠲᠠᠯ᠎ᠠ᠎ᠪᠠᠷ ᠣᠯᠠᠨ ᠲᠦᠮᠡᠨ᠎ᠲᠠᠢ ᠬᠣᠯᠪᠣᠯᠳᠤᠵᠤ ᠪᠠᠢᠳᠠᠭ᠂ ᠠᠷᠠᠳ᠎ᠤᠨ ᠠᠮᠢᠳᠤᠷᠠᠯ᠎ᠤᠨ ᠬᠠᠮᠤᠭ᠎ᠤᠨ ᠶᠡᠬᠡ ᠢᠨᠵᠧᠨᠧᠷᠢᠩ ᠮᠥᠨ᠂ ᠪᠢᠳᠡ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠭᠠᠵᠤ᠂ ᠣᠯᠠᠨ ᠲᠦᠮᠡᠨ᠎ᠦ ᠪᠠᠴᠢᠮᠳᠠᠵᠤ ᠵᠤᠪᠠᠨᠢᠵᠤ ᠲᠦᠪᠡᠬᠳᠡᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠠᠵᠢᠯ ᠣᠯᠭᠣᠯᠲᠠ᠎ᠶᠢᠨ ᠠᠵᠢᠯ᠎ᠢ 〈ᠲᠣᠭ᠎ᠠ ᠬᠡᠮᠵᠢᠶ᠎ᠡ 〉 ᠵᠢᠨ ᠬᠤᠷᠠᠮᠳᠤᠯ᠎ᠡᠴᠡ 〈 ᠶᠠᠰᠤ ᠴᠢᠨᠠᠷ 〉 ᠤ᠋ᠨ ᠳᠡᠭᠡᠭᠰᠢᠯᠡᠯᠲᠡ ᠲᠡᠢᠰᠢ ᠠᠬᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠨ᠎ᠡ》 ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃