> ᠲᠤᠰᠬᠠᠢ ᠮᠡᠳᠡᠭᠡᠯᠡᠯ

2026-10-25 16:33:00

ᠵᠣᠬᠢᠶᠠᠭ᠍ᠴᠢ᠄ ​ ᠭᠦᠸᠸ ᠴᠢ ᠨᠠᠨ ᠣᠩᠱᠢᠭ᠍ᠰᠠᠨ ᠣᠳᠠᠭ᠎ᠠ᠄ 3

ᠶᠡᠷᠦᠩᠬᠡᠢ ᠱᠦᠵᠢ ᠰᠢ᠎ᠶ᠋ᠢᠨ ᠫᠢᠩ᠎ᠤᠨ ᠤᠯᠠᠭᠠᠨᠴᠠᠪ᠎ᠬᠤᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶ᠋ᠢᠨ ᠲᠥᠯᠦᠭᠡ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠶᠡᠷᠦᠩᠬᠡᠢ ᠱᠦᠵᠢ ᠰᠢ᠎ᠶ᠋ᠢᠨ ᠫᠢᠩ᠎ᠤᠨ ᠤᠯᠠᠭᠠᠨᠴᠠᠪ ᠬᠤᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠤᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠠᠵᠤ ᠠᠬᠤᠶ᠋ᠢᠯᠠᠯ᠎ᠳᠤ ᠤᠷᠤᠬᠤ᠂ ᠮᠠᠯᠵᠢᠬᠤ ᠲᠠᠷᠢᠶᠠᠯᠠᠬᠤ ᠣᠷᠤᠨ᠎ᠳᠤ ᠤᠷᠤᠬᠤ᠂ ᠪᠠᠶ᠋ᠢᠭᠤᠯᠭ᠎ᠠ᠎ᠳᠤ ᠤᠷᠤᠬᠤ᠂ ᠰᠤᠷᠭᠠᠭᠤᠯᠢ᠎ᠳᠤ ᠤᠷᠤᠬᠤ᠂ ᠨᠡᠶ᠋ᠢᠭᠡᠮ ᠲᠣᠭᠤᠷᠢᠭ᠎ᠲᠤ᠌  ᠤᠷᠤᠬᠤ᠂ ᠰᠦᠯᠵᠢᠶᠡᠨ ᠳ᠋ᠦ ᠤᠷᠤᠬᠤ ᠤᠬᠠᠭᠤᠯᠤᠨ ᠲᠠᠶ᠋ᠢᠯᠪᠤᠷᠢᠯᠠᠯᠲᠠ ᠬᠢᠪᠡ᠃ 10 ᠰᠠᠷ᠎ᠠ᠎ᠶ᠋ᠢᠨ 22 ᠎ᠤ᠋ᠨ ᠡᠳᠦᠷ᠂ ᠥᠪᠡᠷᠲᠡᠭᠡᠨ ᠵᠠᠰᠠᠬᠤ ᠣᠷᠤᠨ᠎ᠤ《ᠣᠨᠤᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ᠌ ᠴᠡᠷᠢᠭ》 ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠤᠯᠤᠰ᠎ᠤᠨ ᠭᠠᠶ᠋ᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶ᠋ᠢᠨ ᠤᠯᠠᠭᠠᠨᠴᠠᠪ ᠬᠤᠲᠠ᠎ᠶ᠋ᠢᠨ ᠭᠠᠶ᠋ᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠳᠤ ᠬᠦᠷᠴᠦ᠍ ᠲᠤᠰᠭᠠᠢ ᠰᠡᠳᠦᠪᠲᠦ᠍ ᠤᠬᠠᠭᠤᠯᠤᠨ ᠲᠠᠶ᠋ᠢᠯᠪᠤᠷᠢᠯᠠᠯᠲᠠ ᠬᠢᠪᠡ᠃ ᠤᠬᠠᠭᠤᠯᠤᠨ ᠲᠠᠶ᠋ᠢᠯᠪᠤᠷᠢᠯᠠᠬᠤ ᠲᠤᠬᠠᠢ᠎ᠶ᠋ᠢᠨ ᠲᠠᠯᠠᠪᠠᠢ ᠳ᠋ᠦ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠤᠯᠠᠭᠠᠨᠴᠠᠪ ᠬᠤᠲᠠ᠎ᠶ᠋ᠢᠨ ᠲᠣᠮᠤ ᠳ᠋ᠠᠶ᠋ᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠲᠤᠪᠴᠢᠶᠠᠨ ᠳᠠᠷᠤᠭ᠎ᠠ ᠭᠦᠸᠧ ᠰᠢᠶᠤᠣ ᠯᠢᠩ᠂ ᠤᠯᠠᠭᠠᠨᠴᠠᠪ ᠬᠤᠲᠠ᠎ᠶ᠋ᠢᠨ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠤᠨ ᠳᠡᠳ᠋ ᠡᠷᠬᠢᠯᠡᠭᠴᠢ ᠯᠢᠦ ᠵᠢᠶᠦ᠋ᠨ ᠫᠢᠩ᠂ ᠱᠢ ᠵᠢᠢ ᠬᠣ᠌ ᠯᠢᠶᠠᠨ  ᠤᠯᠠᠭᠠᠨᠴᠠᠪ᠎ᠤᠨ ᠰᠠᠭᠤᠷᠢᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠌ ᠬᠡᠯᠲᠡᠰ᠎ᠤᠨ ᠶᠡᠷᠦᠩᠬᠡᠢ ᠪᠠᠢᠴᠠᠭᠠᠬᠴᠢ ᠵᠧᠤ ᠢ ᠭᠤᠸᠠᠩ ᠭᠦᠨ ᠰᠡᠳᠬᠢᠯᠭᠡ ᠳᠠᠢ᠎ᠪᠠᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠤᠯᠠᠭᠠᠨᠴᠠᠪ ᠬᠤᠲᠠ᠎ᠳᠤ ᠰᠢᠨᠵᠢᠯᠡᠨ ᠪᠠᠶ᠋ᠢᠴᠠᠭᠠᠬᠤ ᠬᠤᠭᠤᠴᠠᠭᠠᠨ᠎ᠳᠠᠬᠢ ᠮᠠᠷᠲᠠᠭᠳᠠᠰᠢ᠎ᠦᠭᠡᠢ ᠭᠱᠠᠨ ᠵᠠᠭᠤᠷ᠎ᠠ᠎ᠶ᠋ᠢ ᠡᠷᠭᠢᠴᠡᠭᠦᠯᠵᠦ᠍᠂ ᠤᠯᠠᠭᠠᠨᠴᠠᠪ ᠬᠤᠲᠠ᠎ᠶ᠋ᠢᠨ ᠬᠢᠨ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ᠎ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠶ᠋ᠢᠪᠢᠰᠢ᠎ᠦᠭᠡᠢ ᠵᠠᠮᠨᠠᠬᠤ ᠪᠠ《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》ᠤᠯᠤᠰ᠎ᠤᠨ ᠪᠠᠶ᠋ᠢᠯᠳᠤᠬᠤ ᠪᠣᠳᠤᠯᠭ᠎ᠠ᠎ᠶ᠋ᠢ ᠠᠳᠭᠤᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠣᠶ᠋ᠢᠵᠢᠭᠤᠯᠬᠤ ᠦᠢᠯᠡᠳᠦᠯᠭᠡ᠎ᠶ᠋ᠢᠨ ᠦᠷ᠎ᠡ ᠪᠦᠲᠦᠮᠵᠢ᠎ᠶ᠋ᠢ ᠲᠠᠨᠢᠯᠴᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠠᠳᠠᠯᠢ ᠪᠤᠰᠤ ᠬᠠᠷᠠᠭᠠᠰᠤ᠎ᠠᠴᠠ ᠠᠮᠢᠳᠤᠯᠢᠭ ᠲᠠᠶ᠋ᠢᠯᠪᠤᠷᠢᠯᠠᠪᠠ᠃    ᠭᠦᠸᠧ ᠰᠢᠶᠤᠤ ᠯᠢᠩ ᠤᠬᠠᠭᠤᠯᠤᠨ ᠲᠠᠶ᠋ᠢᠯᠪᠤᠷᠢᠯᠠᠬᠤ᠎ᠳᠠᠭᠠᠨ᠄《ᠪᠢᠳᠡ ᠤᠷᠳᠤ ᠵᠠᠮ᠎ᠤᠨ ᠠᠶᠠᠨ ᠲᠠᠶ᠋ᠢᠨ᠎ᠤ ᠵᠣᠷᠢᠭ ᠰᠠᠨᠠᠭ᠎ᠠ᠎ᠪᠠᠷ ᠪᠤᠳᠤᠯᠭ᠎ᠠ᠎ᠶ᠋ᠢᠨ ᠬᠦᠴᠦᠨ᠎ᠤ ᠠᠵᠤ ᠦᠢᠯᠡᠰ᠎ᠤᠨ ᠬᠥᠭᠵᠢᠯᠲᠡ᠎ᠶ᠋ᠢ ᠠᠬᠢᠭᠤᠯᠵᠤ᠂ ᠠᠮᠢ ᠠᠬᠤᠢ᠎ᠶ᠋ᠢᠨ ᠬᠤᠷᠢᠭ᠎ᠠ ᠱᠤᠭᠤᠮ᠎ᠢ ᠪᠠᠲᠤ᠌ ᠰᠠᠬᠢᠵᠤ᠂  ᠠᠵᠤ ᠦᠢᠯᠡᠰ᠎ᠤᠨ ᠳᠤᠲᠠᠭᠤᠳᠠᠯ᠎ᠢ ᠨᠥᠬᠦᠪᠦᠷᠢᠯᠡᠵᠦ᠍᠂ ᠴᠢᠳᠠᠪᠤᠷᠢᠲᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠪᠤᠳᠤᠯᠲᠠ ᠵᠢᠨ ᠬᠦᠴᠦᠨ᠎ᠤ ᠳᠠᠪᠠᠭᠤᠯᠢᠭ᠎ᠢ ᠬᠥᠭᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠬᠤᠯᠠ ᠪᠣᠬᠢᠷᠲᠤᠯ᠎ᠦᠭᠡᠢ ᠪᠤᠳᠤᠯᠲᠠ ᠵᠢᠨ ᠬᠦᠴᠦᠨ᠎ᠤ ᠥᠨᠳᠦᠷᠯᠢᠭ ᠭᠠᠵᠠᠷ ᠪᠣᠯᠤᠨ ᠲᠤᠭ᠎ᠠ ᠪᠠᠷᠢᠮᠲᠠ᠎ᠶ᠋ᠢᠨ ᠠᠵᠤ ᠦᠢᠯᠡᠰ᠎ᠤᠨ ᠲᠥᠪᠯᠡᠷᠡᠭᠰᠡᠨ ᠣᠷᠤᠨ᠎ᠢ ᠪᠦᠬᠦ᠌ ᠬᠦᠴᠦᠨ᠎ᠢᠶᠠᠷ᠎ᠢᠶᠠᠨ ᠪᠠᠶ᠋ᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠰᠢᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠍᠂ ᠲᠣᠭᠠᠴᠢᠯᠠᠭᠰᠠᠨ ᠳᠤᠮᠳᠠᠳᠤ ᠤᠯᠤᠰ᠎ᠢ ᠪᠠᠢᠭᠤᠯᠬᠤ ᠳ᠋ᠦ ᠬᠦᠴᠦᠨ᠎ᠴᠢᠳᠠᠯ ᠵᠢᠡᠨ ᠨᠡᠮᠡᠷᠢᠯᠡᠨ᠎ᠡ》ᠭᠡᠪᠡ᠃

ᠤᠬᠠᠭᠤᠯᠤᠨ ᠲᠠᠶ᠋ᠢᠯᠪᠤᠷᠢᠯᠠᠵᠤ ᠳᠠᠭᠤᠰᠤᠭᠰᠠᠨ᠎ᠤ ᠳᠠᠷᠠᠭ᠎ᠠ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ 3 ᠪᠠᠭᠰᠢ ᠤᠯᠠᠨ᠎ᠲᠠᠢ ᠨᠢᠭᠤᠷᠳᠠᠨ ᠶᠠᠷᠢᠯᠴᠠᠵᠤ᠂ ᠠᠰᠠᠭᠤᠳᠠᠯ᠎ᠢ ᠬᠦᠯᠢᠴᠡᠩᠭᠦᠢ᠎ᠪᠠᠷ ᠬᠠᠷᠢᠭᠤᠯᠵᠤ᠂ ᠤᠯᠠᠨ᠎ᠢ  ᠤᠷᠮᠠᠰᠢᠭᠤᠯᠤᠨ ᠵᠣᠷᠢᠭᠵᠢᠭᠤᠯᠪᠠ᠂ ᠲᠡᠳᠡ ᠬᠦᠰᠡᠯ ᠨᠠᠶ᠋ᠢᠳᠠᠯᠭ᠎ᠠ᠎ᠶ᠋ᠢ ᠪᠠᠲᠤ᠌ ᠴᠡᠭᠡᠵᠢᠯᠡᠵᠦ᠍᠂ ᠠᠴᠢ ᠡᠨᠡᠷᠢᠯ ᠳ᠋ᠤᠨᠢ ᠲᠠᠯᠠᠷᠬᠠᠵᠤ ᠡᠷᠡᠮᠡᠬᠡᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠬ᠎ᠤᠨ ᠣᠳᠤᠬᠢᠴᠢᠯᠠᠯᠲᠠ ᠵᠢᠨ ᠥᠪᠦᠷ ᠮᠣᠩᠭᠤᠯ᠎ᠤᠨ ᠰᠢᠨ᠎ᠡ ᠬᠠᠭᠤᠳᠠᠰᠤ᠎ᠶ᠋ᠢ ᠪᠢᠴᠢᠭᠯᠡᠬᠦ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠬᠡᠵᠡᠭᠡᠪᠡ᠃    ᠤᠯᠤᠰ᠎ᠤᠨ ᠭᠠᠶ᠋ᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶ᠋ᠢᠨ ᠤᠯᠠᠭᠠᠨᠴᠠᠪ ᠬᠤᠲᠠ᠎ᠶ᠋ᠢᠨ ᠭᠠᠶ᠋ᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠬᠤᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠯᠢ ᠬᠠᠢ ᠲᠤᠤ ᠢᠯᠡᠷᠬᠡᠶ᠋ᠢᠯᠡᠬᠦ᠎ᠳᠡᠭᠡᠨ᠂ ᠪᠥᠬᠦ᠌ ᠬᠤᠲᠠ᠎ᠶ᠋ᠢᠨ ᠭᠠᠶ᠋ᠢᠯᠢ᠎ᠶ᠋ᠢᠨ ᠶᠠᠪᠤᠳᠠᠯ᠎ᠤᠨ ᠰᠢᠰᠲᠧᠮ᠎ᠤᠨ᠎ᠬᠢᠨ ᠶᠡᠷᠦᠩᠬᠡᠢ ᠱᠦᠵᠢ᠎ᠶ᠋ᠢᠨ ᠬᠦᠰᠡᠯ ᠨᠠᠶ᠋ᠢᠳᠠᠯᠭ᠎ᠠ᠎ᠶ᠋ᠢ ᠪᠠᠲᠤ᠌ ᠴᠡᠭᠡᠵᠢᠯᠡᠵᠦ᠍᠂ ᠬᠠᠤᠯᠢ ᠪᠡᠷ ᠵᠠᠰᠠᠬᠤ ᠵᠥᠪ ᠵᠠᠮ᠎ᠢ ᠪᠠᠲᠤ᠌ ᠰᠠᠬᠢᠵᠤ᠂ ᠰᠠᠭᠤᠷᠢ᠎ᠶ᠋ᠢ ᠪᠠᠲᠤᠳᠭᠠᠨ ᠦᠨᠳᠦᠰᠦ᠎ᠶ᠋ᠢ ᠪᠠᠬᠢᠵᠢᠭᠦᠯᠬᠦ ᠵᠢ ᠬᠦᠨᠵᠡᠭᠡᠢᠷᠡᠭᠦᠯᠵᠦ᠂ ᠭᠠᠶ᠋ᠢᠯᠢ ᠲᠠᠲᠠᠪᠤᠷᠢ᠎ᠶ᠋ᠢᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠥᠨᠳᠦᠷ ᠲᠦᠪᠰᠢᠨ ᠪᠥᠬᠦᠢ ᠬᠠᠮᠠᠭᠠᠯᠠᠯᠲᠠ᠎ᠳᠤ ᠦᠢᠯᠡᠴᠢᠯᠡᠬᠦ᠌ ᠲᠠᠯ᠎ᠠ᠎ᠪᠠᠷ ᠳᠠᠬᠢᠨ ᠬᠦᠴᠦᠯᠡᠵᠦ᠍᠂ ᠪᠣᠬᠢᠷᠲᠤᠯ ᠥᠬᠡᠢ ᠭᠠᠶ᠋ᠢᠯᠢ᠎ᠶ᠋ᠢᠨ ᠲᠦᠷᠢᠮ᠂ ᠣᠯᠠᠨ ᠭᠠᠶ᠋ᠢᠯᠢ᠎ᠵᠢ ᠬᠠᠮᠲᠤ᠎ᠪᠠᠷ ᠵᠠᠰᠠᠬᠤ᠂ ᠡᠬᠡ ᠤᠯᠤᠰ᠎ᠤᠨ ᠤᠮᠠᠷᠠᠲᠤ᠎ᠶ᠋ᠢᠨ ᠬᠥᠬᠡᠮᠳᠦᠭ ᠨᠣᠭᠤᠭᠠᠨ ᠠᠭᠤᠯᠠ ᠤᠰᠤ᠎ᠪᠠᠨ ᠰᠠᠶ᠋ᠢᠲᠤᠷ ᠰᠠᠬᠢᠨ ᠬᠠᠮᠠᠭᠠᠯᠠᠨ᠎ᠠ; ᠪᠣᠬᠢᠷᠲᠤᠯ ᠥᠬᠡᠢ ᠪᠣᠳᠤᠯᠲᠠ ᠵᠢᠨ ᠬᠦᠴᠦᠨ᠎ᠤ ᠠᠵᠤ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠦᠢᠯᠡᠴᠢᠯᠡᠬᠦ᠌ ᠲᠠᠯ᠎ᠠ᠎ᠪᠠᠷ ᠳᠠᠬᠢᠨ ᠬᠦᠴᠦᠯᠡᠵᠦ᠍᠂ ᠲᠥᠷᠦ᠎ᠶ᠋ᠢᠨ ᠪᠣᠳᠤᠯᠭ᠎ᠠ᠎ᠶ᠋ᠢᠨ ᠤᠷᠢᠳᠠᠴᠢ᠂ ᠦᠢᠯᠡᠴᠢᠯᠡᠭᠡ᠎ᠶ᠋ᠢ ᠤᠷᠤᠭᠰᠢ ᠰᠢᠯᠵᠢᠭᠦᠯᠬᠦ᠂ ᠲᠦᠭᠰᠢᠭᠦᠷᠢ᠎ᠶ᠋ᠢ ᠤᠷᠢᠳ ᠵᠢᠡᠷ ᠰᠡᠷᠭᠡᠢᠯᠡᠬᠦ᠎ᠶ᠋ᠢ ᠪᠡᠶᠡᠯᠡᠭᠦᠯᠵᠦ᠂《ᠪᠣᠳᠤᠯᠲᠠ ᠵᠢᠨ ᠬᠦᠴᠦᠨ ᠪᠠ᠎ᠴᠠᠬᠢᠯᠭᠠᠨ ᠬᠦᠴᠦᠨ᠎ᠤ ᠬᠠᠮᠵᠢᠯᠴᠠᠭ᠎ᠠ》 《ᠪᠣᠳᠤᠯᠲᠠ ᠵᠢᠨ ᠬᠦᠴᠦᠨ ᠪᠠ ᠤᠰᠤᠨ᠎ᠤ ᠡᠬᠢ ᠪᠠᠶᠠᠯᠢᠬ᠎ᠤᠨ ᠬᠠᠮᠵᠢᠯᠴᠠᠭ᠎ᠠ》 ᠵᠢᠨ ᠪᠥᠬᠦ᠌ ᠦᠶᠡᠯᠡᠯ᠎ᠤᠨ ᠬᠤᠭᠤᠴᠠᠭ᠎ᠠ᠎ᠶ᠋ᠢ ᠰᠠᠶ᠋ᠢᠲᠤᠷ ᠬᠢᠨ᠎ᠠ; ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ ᠪᠣᠷᠤᠯᠠᠭᠤᠯᠭ᠎ᠠ᠎ᠶ᠋ᠢ ᠵᠣᠯᠭᠠᠭᠤᠯᠬᠤ ᠪᠠ ᠮᠠᠯᠴᠢᠨ ᠲᠠᠷᠢᠶᠠᠴᠢᠨ᠎ᠤ ᠣᠷᠤᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠳᠤ ᠦᠢᠯᠡᠴᠢᠯᠡᠬᠦ᠌ ᠲᠠᠯ᠎ᠠ᠎ᠪᠠᠷ ᠳᠠᠬᠢᠨ ᠬᠦᠴᠦᠯᠡᠵᠦ᠍᠂ ᠭᠠᠶ᠋ᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠦ᠎ᠶ᠋ᠢᠨ ᠪᠣᠳᠤᠯᠭ᠎ᠠ᠎ᠶ᠋ᠢᠨ ᠠᠰᠢᠭ ᠲᠤᠰᠠ᠎ᠶ᠋ᠢ ᠰᠢᠭᠤᠳ ᠬᠦᠷᠭᠡᠵᠦ᠍ ᠲᠦᠷᠭᠡᠨ ᠡᠳ᠋ᠯᠡᠭᠦᠯᠵᠦ᠂ ᠨᠠᠷᠢᠯᠢᠭ ᠣᠨᠤᠴᠠᠲᠠᠢ᠎ᠪᠠᠷ ᠨᠠᠶ᠋ᠢᠳᠠᠪᠤᠷᠢᠵᠢᠭᠤᠯᠤᠨ᠎ᠠ ᠬᠡᠪᠡ᠃ ᠤᠯᠤᠰ᠎ᠤᠨ ᠭᠠᠶ᠋ᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶ᠋ᠢᠨ ᠤᠯᠠᠭᠠᠨᠴᠠᠪ ᠬᠤᠲᠠ᠎ᠶ᠋ᠢᠨ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠭᠠᠶ᠋ᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠭᠠᠶ᠋ᠢᠯᠢ ᠲᠠᠳᠠᠪᠤᠷᠢᠯᠠᠬᠤ ᠦᠢᠯᠡᠴᠢᠯᠡᠭᠡᠨ᠎ᠤ ᠲᠠᠰᠤᠭ᠎ᠤᠨ ᠺᠠᠳ᠋ᠷ ᠯᠢ ᠵᠢᠶᠧ᠄《ᠤᠬᠠᠭᠤᠯᠤᠨ ᠲᠠᠶ᠋ᠢᠯᠪᠤᠷᠢᠯᠠᠬᠤ ᠪᠦᠯᠬᠦᠮ ᠶᠡᠷᠦᠩᠬᠡᠢ ᠱᠦᠵᠢ᠎ᠳᠤ ᠬᠠᠷᠢᠭᠤ ᠮᠡᠳᠡᠭᠦᠯᠦᠭᠰᠡᠨ ᠥᠩᠭᠡᠷᠡᠯᠲᠡ ᠦᠯᠢᠭᠡᠷ ᠵᠢᠡᠨ ᠬᠤᠪᠢᠶᠠᠯᠴᠠᠵᠤ᠂ ᠶᠡᠷᠦᠩᠬᠡᠢ ᠱᠦᠵᠢ᠎ᠶ᠋ᠢᠨ ᠴᠢᠩ ᠰᠡᠳᠬᠢᠯ᠎ᠤᠨ ᠨᠠᠶ᠋ᠢᠳᠠᠯᠭ᠎ᠠ᠎ᠶ᠋ᠢ ᠪᠢᠳᠡᠨ ᠳ᠋ᠦ ᠤᠯᠠᠮᠵᠢᠯᠠᠵᠠᠢ᠃ ᠪᠣᠳᠤᠯᠲᠠ᠎ᠶ᠋ᠢᠨ ᠬᠦᠴᠦᠨ᠎ᠤ ᠠᠵᠤ ᠠᠬᠤᠶ᠋ᠢᠯᠠᠯ ᠲᠥᠪᠯᠡᠷᠡᠭᠰᠡᠨ ᠣᠷᠤᠨ ᠪᠦᠰᠡ᠎ᠶ᠋ᠢᠨ ᠨᠢᠭᠡᠨ ᠵᠠᠯᠠᠭᠤ ᠭᠠᠶ᠋ᠢᠯᠢ᠎ᠶ᠋ᠢᠨ ᠠᠵᠢᠯᠳᠠᠨ ᠪᠣᠯᠤᠭᠰᠠᠨ᠎ᠤ ᠬᠤᠪᠢ᠎ᠳᠤ᠂ ᠪᠢ ᠮᠠᠰᠢ ᠶᠡᠬᠡ ᠵᠣᠷᠢᠭᠵᠢᠭᠤᠯᠤᠯ ᠬᠦᠷᠳᠡᠯ᠎ᠠ᠂ ᠮᠦᠨ᠎ᠴᠤ ᠬᠠᠷᠢᠭᠤᠴᠠᠯᠭ᠎ᠠ ᠬᠦᠨᠳᠦ ᠶᠡᠭᠡ ᠭᠡᠳᠡᠭ᠎ᠢ ᠭᠦᠨ ᠣᠶ᠋ᠢᠯᠠᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠪᠢ ᠬᠦᠰᠡᠯ ᠨᠠᠶ᠋ᠢᠳᠠᠯᠭ᠎ᠠ᠎ᠶ᠋ᠢ ᠪᠠᠲᠤ᠌ ᠴᠡᠭᠡᠵᠢᠯᠡᠵᠦ᠍᠂ ᠤᠮᠠᠷᠠᠲᠤ᠌ ᠬᠢᠯᠢ᠎ᠶ᠋ᠢᠨ ᠡᠮᠦᠨ᠎ᠡ ᠹᠷᠤᠨᠲ᠎ᠲᠤ᠌ ᠦᠷᠭᠦᠯᠵᠢᠯᠡᠨ ᠦᠨᠳᠦᠰᠦᠯᠡᠵᠦ᠍᠂ ᠦᠨᠡᠨ ᠰᠡᠳᠬᠢᠯ᠎ᠠᠴᠠ᠎ᠪᠠᠨ ᠪᠤᠳᠤᠯᠳᠠ ᠵᠢᠨ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠲᠠᠩᠰᠠ᠎ᠶ᠋ᠢ ᠰᠠᠶ᠋ᠢᠲᠤᠷ ᠪᠤᠳᠤᠵᠤ᠂ ᠠᠶᠠᠯᠠᠯ᠎ᠢ ᠰᠠᠶ᠋ᠢᠲᠤᠷ ᠬᠠᠮᠠᠭᠠᠯᠠᠵᠤ᠂ ᠦᠢᠯᠡᠴᠢᠯᠡᠭᠡ ᠵᠢ ᠰᠠᠶ᠋ᠢᠲᠤᠷ ᠬᠢᠨ᠎ᠡ》 ᠬᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面