> ᠲᠤᠰᠬᠠᠢ ᠮᠡᠳᠡᠭᠡᠯᠡᠯ

2026-10-25 16:31:33

ᠵᠣᠬᠢᠶᠠᠭ᠍ᠴᠢ᠄ ᠵᠠᠩ ᠬᠤᠢ ᠯᠢᠩ ᠣᠩᠱᠢᠭ᠍ᠰᠠᠨ ᠣᠳᠠᠭ᠎ᠠ᠄ 3

︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠣᠪᠴᠢᠶᠠᠨ ᠳᠠᠷᠤᠭ᠎ᠠ ᠸᠠᠩ ᠵᠤᠤ ᠱᠧᠩ᠎ᠢ ᠰᠤᠷᠪᠤᠯᠵᠢᠯᠠᠭᠰᠠᠨ ᠨᠢ


10 ᠰᠠᠷ᠎ᠠ᠎ᠶᠢᠨ 16 ᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠢ᠋ᠢᠨ ᠭᠠᠳᠠᠬᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ ᠢ᠋ ᠪᠡᠶᠡᠯᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠣᠯ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠤᠢ? ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠳᠤᠭ ᠪᠡᠯᠴᠢᠭᠡᠷ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠎ᠢ ᠰᠤᠷᠪᠤᠯᠵᠢᠯᠠᠪᠠ᠃

《ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠢᠮᠠᠭᠲᠠ ᠰᠡᠳᠬᠢᠯ ᠵᠢᠷᠦᠬᠡᠨ᠎ᠳᠡᠭᠡᠨ ᠪᠤᠳᠤᠵᠤ᠂ ᠶᠡᠬᠡ ᠬᠦᠰᠡᠯ ᠨᠠᠶ᠋ᠢᠳᠠᠯᠭ᠎ᠠ ᠲᠠᠯᠪᠢᠭ᠍ᠰᠠᠭᠠᠷ ᠢᠷᠡᠵᠠᠢ᠃ ᠡᠨᠡ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ ᠬᠠᠮᠤᠭ᠎ᠤᠨ ᠲᠡᠷᠢᠭᠦᠨ᠎ᠳᠦ ᠬᠢᠬᠢᠷᠢ ᠢ᠋ᠢᠨ ᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠦᠵᠡᠵᠦ᠂ ᠥᠪᠥᠷ ᠮᠣᠩᠭᠣᠯ᠎ᠤᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠪᠣᠯᠣᠨ ᠬᠠᠮᠠᠭᠠᠯᠠᠯᠲᠠ᠎ᠳᠤ ᠠᠯᠢ ᠤᠯᠠᠨ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠳᠤᠷᠠᠳᠤᠭᠰᠠᠨ ᠨᠢ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠢᠮᠠᠭᠲᠠ ᠠᠩᠬᠠᠷᠴᠤ ᠪᠠᠢᠭ᠎ᠠ ᠶᠠᠪᠤᠳᠠᠯ ᠪᠣᠯᠬᠤ ᠪᠠᠷ ᠪᠠᠷᠠᠬᠤ  ᠦᠭᠡᠢ᠂  ᠨᠡᠩ  ᠴᠤ᠌ ᠪᠦᠬᠦ ᠨᠡᠢᠭᠡᠮ᠎ᠳᠦ ᠠᠮᠢ ᠠᠬᠤᠢ  ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠤᠷᠳᠤ ᠬᠤᠭᠤᠴᠠᠭ᠎ᠠ᠎ᠪᠠᠷ ᠠᠳᠬᠤᠬᠤ ᠢᠯᠡ ᠲᠣᠳᠣ᠌ ᠳᠣᠬᠢᠶ᠎ᠠ᠎ᠶᠢ ᠳᠠᠮᠵᠢᠭᠤᠯᠤᠭᠰᠠᠨ ᠪᠠᠢᠨ᠎ᠠ》 ᠭᠡᠵᠦ ᠸᠠᠩ ᠵᠤᠤ ᠱᠧᠩ ᠢᠯᠡᠳᠬᠡᠪᠡ᠃

ᠥᠪᠥᠷ ᠮᠣᠩᠭᠣᠯ ᠪᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ 《ᠤᠮᠠᠷᠠᠲᠤ ᠢ᠋ᠢᠨ ᠭᠤᠷᠪᠠᠨ ᠤᠷᠤᠨ》 ᠢ᠋ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠠᠮᠢ ᠠᠬᠤᠢ᠎ᠶᠢᠨ ᠴᠢᠳᠠᠮᠵᠢᠲᠤ ᠣᠷᠣᠨ ᠪᠣᠯᠣᠨ᠎ᠠ᠃

《 ᠪᠥᠬᠥ ᠣᠷᠣᠨ᠎ᠤ ᠣᠶ ᠰᠢᠭᠤᠢ ᠪᠠ ᠨᠤᠳᠤᠭ ᠪᠡᠯᠴᠢᠭᠡᠷ᠎ᠦᠨ ᠰᠢᠰᠲᠧᠮ᠎ᠦᠨ ᠬᠢᠨ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠣᠢᠯᠠᠭᠠᠵᠤ᠂ 〈ᠤᠯᠤᠰ᠎ᠤᠨ ᠶᠡᠬᠡ ᠶᠠᠪᠤᠲᠠᠯ〉 ᠢ᠋ ᠪᠠᠲᠤ ᠴᠡᠭᠡᠵᠢᠯᠡᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠨ᠎ᠠ》᠃ ᠸᠠᠩ ᠵᠤᠤ ᠱᠧᠩ᠂《ᠭᠣᠣᠯᠳᠠᠯᠭ᠎ᠠ᠎ᠲᠠᠢ᠎ᠪᠠᠷ 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠬᠦ᠂ ᠭᠣᠣᠯ ᠮᠥᠷᠡᠨ ᠨᠠᠭᠤᠷ ᠪᠦᠷᠢᠲᠦ ᠨᠤᠭᠤ ᠭᠠᠵᠠᠷ᠎ᠤᠨ ᠬᠠᠮᠠᠭᠠᠯᠠᠯᠲᠠ᠎ᠶᠢ ᠪᠦᠬᠦ ᠲᠠᠯ᠎ᠠ᠎ᠪᠠᠷ ᠴᠢᠩᠭᠠᠳᠬᠠᠬᠤ᠂ ᠨᠤᠲᠤᠭ ᠪᠡᠯᠴᠢᠭᠡᠷ᠎ᠢ ᠪᠦᠬᠦ ᠲᠠᠯ᠎ᠠ᠎ᠪᠠᠷ ᠬᠠᠮᠠᠭᠠᠯᠠᠬᠤ ᠪᠠ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ᠎ᠶᠢᠨ ᠬᠦᠴᠦᠨ᠎ᠦ ᠲᠣᠣᠷ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠲᠦᠷᠪᠡᠨ ᠲᠠᠯ᠎ᠠ᠎ᠪᠠᠷ ᠬᠦᠴᠦᠯᠡᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠨᠡᠩ ᠪᠡᠲᠦ ᠪᠡᠬᠢ ᠪᠤᠯᠭᠠᠨ ᠴᠤᠬᠴᠠᠯᠠᠬᠤ ᠪᠡᠷ ᠴᠢᠷᠮᠠᠢᠨ᠎ᠠ》 ᠭᠡᠵᠦ ᠬᠡᠯᠡᠪᠡ᠃

《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠲᠣᠭᠲᠠᠭᠠᠨ᠂ ᠡᠯ᠎ᠡ ᠲᠠᠯ᠎ᠠ᠎ᠶᠢᠨ ᠬᠦᠴᠦᠨ᠎ᠢ ᠲᠠᠢ᠍ᠢᠴᠢᠯᠠᠵᠦ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯᠣᠨ ᠢᠨᠵᠸᠨ᠋ᠸᠷᠢᠩ᠎ᠤᠨ ᠠᠵᠢᠯ᠎ᠤᠨ ᠠᠬᠢᠴᠠ᠎ᠶᠢ ᠲᠦᠷᠭᠡᠳᠬᠡᠵᠦ᠂ ᠤᠰᠤ᠎ᠪᠠᠷ ᠨᠣᠭᠣᠭᠠᠷᠠᠭᠤᠯᠤᠯᠲᠠ ᠵᠢ ᠲᠣᠭᠲᠠᠭᠠᠬᠤ᠂ ᠭᠠᠮᠰᠢᠭ᠋᠎ᠤᠨ ᠪᠠᠢᠲᠠᠯ᠎ᠳᠤ ᠲᠤᠬᠢᠷᠠᠭᠤᠯᠤᠨ ᠰᠡᠷᠭᠡᠢᠯᠡᠯᠲᠡ ᠵᠢ ᠪᠠᠢᠷᠢᠯᠠᠭᠤᠯᠬᠤ᠎ᠶᠢ ᠪᠠᠷᠢᠮᠲᠠᠯᠠᠵᠤ᠂ ᠶᠠᠰᠤ ᠴᠢᠨᠠᠷ᠎ᠢ ᠤᠷᠢᠳ ᠢ᠋ᠢᠡᠷ ᠪᠤᠳᠤᠯᠬᠢᠯᠠᠬᠤ᠂ ᠪᠦᠲᠦᠭᠡᠨ ᠪᠠᠶ᠋ᠢᠭᠤᠯᠬᠤ ᠪᠠ ᠬᠠᠮᠢᠶᠠᠷᠬᠤ᠎ᠶᠢ ᠵᠡᠷᠭᠡ ᠪᠡᠷ ᠴᠢᠬᠤᠯᠠᠴᠢᠯᠠᠬᠤ ᠵᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ᠎ᠪᠠᠷ ᠤᠨᠢᠨ ᠳᠡᠭᠡᠷ᠎ᠡ ᠨᠢ ᠡᠯᠡᠰᠦ᠎ᠶᠢ ᠵᠠᠰᠠᠨ᠎ᠠ᠃

ᠪᠣᠭᠣᠮᠲᠠ ᠰᠢᠪᠲᠤᠯᠬᠤ ᠳᠠᠢᠯᠠᠯᠳᠤᠭᠠᠨ᠎ᠤ ᠣᠷᠣᠨ᠎ᠳᠤ ᠡᠯᠡᠰᠦ᠎ᠶᠢ ᠬᠠᠲᠤᠨ ᠭᠤᠤᠯ᠎ᠳᠤ ᠤᠷᠤᠭᠤᠯᠬᠤ ᠵᠢ ᠬᠤᠷᠢᠬᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠯᠠᠱᠠ ᠠᠭᠤᠯᠠ ᠡᠴᠡ ᠮᠤᠨᠢ ᠠᠭᠤᠯᠠ ᠬᠦᠷᠬᠦ ᠬᠡᠰᠡᠭ᠎ᠦᠨ ᠬᠠᠲᠤᠨ ᠭᠣᠣᠯ᠎ᠤᠨ ᠡᠷᠭᠢ ᠳᠠᠭᠠᠤ᠎ᠶᠢᠨ 180 ᠺᠢᠯᠤᠮᠸᠲᠷ᠎ᠤᠨ ᠨᠡᠭᠦᠳᠡᠯ ᠡᠯᠡᠰᠦᠨ᠎ᠦ ᠰᠢᠰᠲ᠋ᠸᠮ᠎ᠤᠨ ᠵᠠᠰᠠᠯᠲᠠ᠎ᠶᠢ ᠠᠬᠢᠭᠤᠯᠵᠤ᠂ ᠬᠥᠪᠴᠢ᠎ᠶᠢᠨ ᠡᠯᠡᠰᠦᠨ ᠴᠦᠯ᠎ᠦᠨ 《ᠳᠦᠷᠪᠡᠨ ᠰᠡᠷᠭᠡᠢᠯᠡᠯᠲᠡ᠎ᠶᠢᠨ ᠱᠤᠭᠤᠮ》 ᠢ᠋ ᠪᠡᠬᠢᠵᠢᠭᠦᠯᠦᠨ ᠥᠷᠭᠡᠳᠬᠡᠵᠦ᠂ ᠮᠤᠤᠠᠤᠰᠤ ᠢ᠋ᠢᠨ ᠡᠯᠡᠰᠦᠷᠬᠡᠭ ᠭᠠᠵᠠᠷ᠎ᠤᠨ ᠨᠡᠭᠦᠲᠡᠯ ᠡᠯᠡᠰᠦ ᠢ᠋ᠢᠨ ᠰᠥᠨᠥᠭᠡᠯᠲᠡ᠎ᠶᠢᠨ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠬᠠᠲᠤᠨ ᠭᠣᠣᠯ᠎ᠤᠨ 《ᠲᠤᠬᠤᠢ ᠬᠡᠰᠡᠭ》ᠤ᠋ᠨ ᠬᠣᠶᠠᠷ ᠬᠥᠪᠡᠭᠡᠨ᠎ᠦ 《ᠨᠣᠭᠣᠭᠠᠨ ᠬᠠᠯᠬᠠᠪᠴᠢ》 ᠶ᠋ᠢ ᠦᠷᠭᠦᠯᠵᠢᠯᠡᠨ ᠪᠡᠬᠢᠵᠢᠭᠦᠯᠵᠦ᠂ 2030 ᠣᠨ ᠪᠣᠯᠬᠤ᠎ᠳᠤ ᠬᠠᠲᠤᠨ ᠭᠣᠣᠯ᠎ᠳᠤ ᠣᠷᠣᠬᠤ ᠡᠯᠡᠰᠦ ᠰᠢᠪᠠᠷ᠎ᠤᠨ ᠬᠡᠮᠵᠢᠶ᠎ᠡ᠎ᠶᠢ 200 ᠲᠦᠮᠡᠨ ᠲᠣᠨ᠎ᠠᠴᠠ ᠳᠣᠷᠣᠭ᠍ᠰᠢ ᠪᠣᠯᠭᠠᠵᠤ᠂ ᠡᠵᠢ ᠭᠣᠣᠯ᠎ᠢ ᠠᠮᠤᠷ ᠲᠠᠢᠪᠤᠩ ᠪᠠᠢᠯᠭᠠᠨ᠎ᠠ ᠃

ᠰᠥᠨᠥᠭᠡᠯᠲᠠ ᠢ᠋ᠢᠨ ᠲᠠᠢᠯᠠᠯᠳᠤᠭᠠᠨ᠎ᠤ ᠣᠷᠣᠨ᠎ᠳᠤ ᠡᠯᠡᠰᠦ ᠵᠢ ᠪᠡᠭᠡᠵᠢᠩ᠎ᠳᠤ ᠤᠷᠤᠭᠤᠯᠬᠤ ᠵᠢ ᠬᠤᠷᠢᠬᠯᠠᠬᠤ᠎ᠳᠤ ᠠᠩᠬᠠᠷᠤᠯ ᠢ᠋ᠢᠡᠨ ᠲᠦᠪᠯᠡᠷᠡᠭᠦᠯᠵᠦ᠂ ᠨᠡᠭᠦᠳᠡᠯ ᠡᠯᠡᠰᠦ ᠎ᠶᠢ ᠬᠤᠷᠢᠬᠯᠠᠬᠤ᠂ ᠮᠠᠯ ᠪᠡᠯᠴᠢᠭᠡᠷ᠎ᠢ ᠬᠠᠮᠲᠤ ᠪᠠᠷ ᠵᠠᠰᠠᠬᠤ᠂ ᠲᠠᠷᠢᠵᠦ ᠠᠷᠠᠴᠢᠯᠠᠬᠤ᠎ᠶᠢ ᠬᠠᠮᠲᠤ ᠪᠠᠷ ᠠᠳᠬᠤᠬᠤ᠎ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠬᠦᠨᠳᠦ ᠬᠡᠮᠵᠢᠶᠡᠨ᠎ᠦ ᠮᠠᠭᠤᠳᠠᠭᠰᠠᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ᠎ᠶᠢ ᠲᠦᠷᠭᠡᠳᠬᠡᠵᠦ᠂ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠶᠢᠨ ᠰᠠᠯᠬᠢᠨ᠎ᠳᠤ ᠢᠳᠡᠭᠳᠡᠭᠰᠡᠨ ᠡᠯᠡᠰᠦᠨ ᠬᠤᠳᠤᠭᠤᠷ᠎ᠢ ᠪᠦᠲᠦᠮᠵᠢᠲᠡᠢ ᠵᠠᠰᠠᠵᠤ᠂ ᠦᠪᠦᠷ ᠮᠣᠩᠭᠣᠯ ᠯᠢᠶᠣᠤᠨᠢᠩ᠎ᠤᠨ ᠬᠢᠵᠠᠭᠠᠷ᠎ᠤᠨ 《ᠮᠢᠩᠭᠠᠨ ᠭᠠᠵᠠᠷ᠎ᠤᠨ ᠡᠯᠡᠰᠦ᠎ᠶᠢ ᠬᠣᠷᠢᠭ᠍ᠯᠠᠬᠤ ᠪᠦᠰᠡ》 ᠶ᠋ᠢ ᠪᠦᠬᠦ ᠲᠠᠯ᠎ᠠ᠎ᠪᠠᠷ ᠪᠠᠢᠭᠤᠯᠵᠤ᠂ ᠬᠣᠷᠴᠢᠨ᠎ᠤ ᠡᠯᠡᠰᠦᠷᠬᠡᠭ ᠭᠠᠵᠠᠷ᠎ᠲᠤ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠲᠠᠬᠢᠨ ᠢᠯᠡᠷᠡᠭᠦᠯᠵᠦ᠂ ᠥᠩᠭᠡᠷᠡᠭᠰᠡᠨ᠎ᠦ ᠪᠡᠭᠡᠵᠢᠩ ᠲᠢᠶᠠᠨᠵᠢᠨ᠎ᠤ 《ᠰᠠᠯᠬᠢ ᠡᠯᠡᠰᠦᠨ᠎ᠦ ᠡᠬᠢ》 ᠶ᠋ᠢ ᠨᠡᠢᠰᠯᠡᠯ᠎ᠦᠨ 《ᠠᠷᠤ ᠴᠡᠴᠡᠷᠯᠢᠭ》 ᠪᠣᠯᠭᠠᠨ᠎ᠠ᠃

ᠬᠣᠷᠢᠭ᠍ᠯᠠᠨ ᠴᠣᠬᠢᠬᠤ ᠪᠠᠢᠯᠳᠤᠭᠠᠨ᠎ᠤ ᠣᠷᠣᠨ᠎ᠳᠤ ᠡᠯᠡᠰᠦ ᠡᠮᠦᠨᠡᠰᠢ ᠲᠦᠷᠢᠬᠦ᠎ᠶᠢ ᠬᠣᠷᠢᠭ᠍ᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠠᠳᠠᠢ᠎ᠶᠢᠨ ᠵᠢᠷᠠᠨ᠂ ᠲᠡᠭᠷᠢ ᠡᠯᠡᠰᠦᠨ᠎ᠳᠤ ᠦᠷᠭᠦᠯᠵᠢᠯᠡᠨ ᠬᠦᠪᠡᠭᠡ ᠵᠢ ᠨᠤᠬᠳᠤᠯᠠᠬᠤ ᠵᠠᠰᠠᠯᠲᠠ ᠬᠢᠵᠦ᠂ ᠠᠯᠠᠱᠠ ᠪᠠᠷᠠᠭᠤᠨ ᠬᠣᠰᠢᠭᠤ ᠪᠣᠯᠣᠨ ᠭᠠᠨᠰᠤ᠎ᠶᠢᠨ ᠮᠢᠨ ᠴᠢᠨ᠎ᠦ ᠡᠯᠡᠰᠦᠷᠭᠡᠭᠵᠢᠯ ᠢ᠋ ᠰᠡᠷᠬᠡᠢᠯᠡᠵᠦ ᠡᠯᠡᠰᠦ᠎ᠶᠢ ᠵᠠᠰᠠᠬᠤ᠎ᠶᠢ ᠬᠣᠷᠢᠭ᠍ᠯᠠᠬᠤ ᠰᠡᠷᠭᠡᠢᠯᠡᠯᠲᠡ᠎ᠶᠢᠨ ᠱᠤᠭᠤᠮ᠎ᠢ ᠪᠠᠢᠭᠤᠯᠵᠤ᠂ ᠬᠣᠶᠠᠷ ᠶᠡᠬᠡ ᠡᠯᠡᠰᠦᠨ ᠴᠦᠯ᠎ᠦᠨ 《ᠭᠠᠷ ᠠᠳᠬᠤᠬᠤ》 ᠪᠠᠢᠳᠠᠯ᠎ᠢ ᠦᠷᠭᠦᠯᠵᠢᠯᠡᠨ ᠬᠣᠷᠢᠭ᠍ᠯᠠᠵᠤ᠂ ᠡᠯᠡᠰᠦᠨ ᠴᠦᠯ᠎ᠦᠨ ᠾᠸᠰᠢ ᠢ᠋ᠢᠨ ᠬᠣᠩᠭᠢᠯ᠎ᠳᠤ ᠲᠦᠷᠢᠨ ᠣᠷᠣᠬᠤ᠎ᠶᠢ ᠪᠦᠬᠦ ᠬᠦᠴᠦᠨ᠎ᠢᠶᠡᠷ᠎ᠢᠶᠡᠨ ᠬᠣᠷᠢᠭ᠍ᠯᠠᠨ᠎ᠠ᠃

《 ᠴᠥᠬᠥᠷᠡᠰᠢ ᠦᠭᠡᠢ ᠴᠢᠷᠮᠠᠢᠯᠭ᠎ᠠ᠎ᠪᠠᠷ ᠳᠡᠮᠵᠢᠨ ᠂ 2027 ᠣᠨ᠎ᠤ 〈ᠤᠮᠠᠷᠠᠲᠤ᠎ᠶᠢᠨ ᠭᠤᠷᠪᠠᠨ ᠣᠷᠣᠨ〉ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠶᠢᠨ 70% ᠵᠢᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠵᠦ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠭᠣᠣᠯ ᠴᠣᠭᠴᠠ᠎ᠶᠢᠨ ᠡᠭᠦᠷᠭᠡ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠨ᠎ᠠ; 2029 ᠣᠨ ᠪᠣᠯᠬᠤ᠎ᠳᠤ〈ᠤᠮᠠᠷᠠᠲᠤ᠎ᠶᠢᠨ ᠭᠤᠷᠪᠠᠨ ᠣᠷᠣᠨ〉ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠶᠢᠨ ᠡᠭᠦᠷᠭᠡ᠎ᠶᠢ ᠨᠢᠭᠡ ᠵᠢᠯ ᠤᠷᠢᠳᠴᠢᠯᠠᠨ ᠪᠥᠬᠥ ᠲᠠᠯ᠎ᠠ᠎ᠪᠠᠷ ᠪᠡᠶᠡᠯᠡᠭᠦᠯᠵᠦ᠂〈ᠤᠮᠠᠷᠠᠲᠤ᠎ᠶᠢᠨ ᠭᠤᠷᠪᠠᠨ ᠣᠷᠣᠨ〉ᠤ᠋ ᠢᠨᠵᠧᠨᠧᠷᠢᠩ᠎ᠦᠨ ᠪᠤᠭᠤᠮᠲᠠ ᠰᠢᠪᠲᠤᠯᠤᠯᠲᠠ᠎ᠳᠤ ᠰᠢᠢᠳᠪᠦᠷᠢᠯᠡᠬᠦ ᠴᠢᠨᠠᠷᠲᠠᠢ ᠢᠯᠠᠯᠲᠠ ᠣᠯᠣᠨ᠎ᠠ》 ᠭᠡᠵᠦ ᠸᠠᠩ ᠵᠤᠤ ᠱᠧᠩ ᠬᠡᠯᠡᠪᠡ᠃

ᠭᠣᠣᠯ ᠮᠥᠷᠡᠨ ᠨᠠᠭᠤᠷ ᠪᠦᠷᠢᠳᠦ ᠨᠤᠭᠤ ᠭᠠᠵᠠᠷ᠎ᠤᠨ ᠬᠠᠮᠠᠭᠠᠯᠠᠯᠲᠠ᠎ᠶᠢ ᠪᠥᠬᠥ ᠲᠠᠯ᠎ᠠ᠎ᠪᠠᠷ ᠴᠢᠩᠭᠠᠳᠬᠠᠵᠤ᠂《ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠡᠶᠡᠳᠡᠨ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ》 ᠦᠢᠯᠠᠭᠠᠭᠲᠠᠬᠤᠨ᠎ᠢ ᠦᠢᠯᠡᠳᠦᠯᠭᠡᠵᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠂《ᠬᠦᠯᠤᠨ ᠨᠠᠭᠤᠷ ᠤᠯᠠᠭᠠᠨᠰᠤᠬᠠᠢ ᠲᠠᠭ᠎ᠠ ᠵᠢᠨ ᠨᠠᠭᠤᠷ》ᠵᠢᠴᠢ ᠴᠠᠭᠠᠨ ᠨᠠᠭᠤᠷ᠂ ᠬᠢᠬᠢᠷᠢ ᠵᠢᠨ ᠨᠠᠭᠤᠷ ᠵᠡᠷᠭᠡ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠪᠥᠬᠥ ᠣᠷᠣᠨ᠎ᠤ ᠭᠣᠣᠯᠳᠠᠯᠭ᠎ᠠ᠎ᠲᠠᠢ ᠨᠠᠭᠤᠷ ᠪᠦᠷᠢᠳᠦ ᠨᠤᠭᠤ ᠭᠠᠵᠠᠷ᠎ᠢ 《ᠪᠢᠲᠡᠭᠦᠮᠵᠢᠯᠡᠬᠦ ᠬᠠᠮᠢᠶᠠᠷᠬᠤ ᠡᠵᠡᠮᠳᠡᠬᠦ》 ᠡᠷᠴᠢᠮ᠎ᠢ ᠴᠢᠩᠭᠠᠷᠠᠭᠤᠯᠤᠨ᠂ ᠨᠤᠭᠤ ᠭᠠᠵᠠᠷ᠎ᠤᠨ ᠤᠤᠭᠠᠯ ᠠᠮᠢ ᠠᠬᠤᠢ᠎ᠶᠢ ᠪᠠᠲᠤᠯᠠᠨ᠎ᠠ᠃

《ᠪᠢᠲᠡᠭᠦᠮᠵᠢᠯᠡᠬᠦ》ᠭᠡᠳᠡᠭ ᠨᠢ ᠳᠠᠷᠤᠢ ᠭᠣᠣᠯ ᠪᠤᠯᠬᠤ ᠣᠷᠣᠨ᠎ᠢ ᠬᠦᠷᠢᠶᠡᠯᠡᠨ ᠪᠢᠲᠡᠭᠦᠮᠵᠢᠯᠡᠵᠦ᠂ ᠠᠯᠢᠪᠠ ᠦᠢᠯᠡᠳᠪᠦᠷᠢᠯᠡᠯ ᠡᠵᠡᠩᠨᠡᠯᠲᠡ᠎ᠶᠢᠨ ᠠᠵᠢᠯᠯᠠᠭ᠎ᠠ᠎ᠶᠢ ᠴᠢᠩᠭ᠎ᠠ ᠴᠠᠭᠠᠵᠠᠯᠠᠵᠤ᠂ ᠵᠣᠷᠢᠭᠤᠳᠠ ᠰᠠᠮᠠᠭᠤᠷᠠᠭᠤᠯᠬᠤ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠨ᠂ ᠨᠤᠭᠤ ᠭᠠᠵᠠᠷ᠎ᠤᠨ ᠤᠰᠤᠨ ᠴᠣᠭᠴᠠ᠎ᠶᠢ ᠪᠠᠲᠤᠯᠠᠵᠤ᠂《ᠨᠡᠭᠦᠳᠡᠯ ᠰᠢᠪᠠᠭᠤᠳ᠎ᠤᠨ ᠭᠡᠷ ᠣᠷᠣᠨ》᠎ᠢ᠋ ᠰᠠᠢᠲᠤᠷ ᠰᠠᠬᠢᠨ ᠬᠠᠮᠠᠭᠠᠯᠠᠬᠤ ᠶᠠᠪᠤᠳᠠᠯ ᠪᠣᠯᠣᠨ᠎ᠠ᠃

《ᠬᠠᠮᠢᠶᠠᠷᠬᠤ》ᠭᠡᠳᠡᠭ ᠨᠢ ᠳᠠᠷᠤᠢ ᠭᠣᠣᠯ ᠮᠥᠷᠡᠨ ᠨᠠᠭᠤᠷ ᠪᠦᠷᠢᠳᠦ ᠨᠤᠭᠤ ᠭᠠᠵᠠᠷ᠎ᠤᠨ ᠬᠠᠮᠢᠶᠠᠷᠤᠯᠲᠠ᠎ᠶᠢᠨ ᠡᠷᠴᠢᠮ᠎ᠢ ᠴᠢᠩᠭᠠᠷᠠᠭᠤᠯᠵᠤ᠂《ᠨᠢᠭᠡ ᠨᠠᠭᠤᠷ᠎ᠪᠦᠷᠢᠳᠦ ᠨᠢᠭᠡ ᠠᠷᠭ᠎ᠠ ᠪᠣᠳᠣᠯᠭ᠎ᠠ》 ᠵᠢᠨ ᠨᠠᠷᠢᠨ ᠲᠠᠩᠰᠠᠴᠢᠯᠠᠨ ᠬᠠᠮᠢᠶᠠᠷᠤᠨ ᠡᠵᠡᠮᠳᠡᠬᠦ᠎ᠶᠢ ᠬᠡᠷᠡᠭᠵᠢᠭᠦᠯᠵᠦ᠂ ᠭᠣᠣᠯ ᠣᠷᠣᠨ᠎ᠤ ᠪᠡᠯᠴᠢᠭᠡᠷᠯᠡᠭᠦᠯᠬᠦ᠎ᠶᠢ ᠪᠥᠬᠥ ᠲᠠᠯ᠎ᠠ᠎ᠪᠠᠷ ᠴᠠᠭᠠᠵᠠᠯᠠᠬᠤ᠂ ᠵᠠᠪᠰᠠᠷ᠎ᠤᠨ ᠣᠷᠣᠨ᠎ᠤ ᠤᠯᠠᠷᠢᠯ᠎ᠤᠨ ᠴᠢᠨᠠᠷᠲᠠᠢ ᠰᠡᠯᠭᠦᠨ ᠮᠠᠯᠵᠢᠬᠤ᠎ᠶᠢᠨ ᠵᠠᠭᠠᠭ ᠬᠢᠵᠠᠭᠠᠷ᠎ᠢ ᠣᠨᠣᠪᠴᠢᠲᠠᠶ ᠵᠠᠭᠠᠭᠯᠠᠨ ᠲᠣᠭᠲᠠᠭᠠᠵᠤ᠂ ᠭᠣᠣᠯ ᠪᠣᠯᠬᠤ ᠨᠠᠭᠤᠷ ᠪᠦᠷᠢᠳᠦ ᠨᠤᠭᠤ ᠭᠠᠵᠠᠷ᠎ᠤᠨ ᠡᠷᠬᠢᠨ ᠲᠣᠭᠣᠷᠢᠨ᠎ᠤ《ᠮᠠᠯ᠎ᠤᠨ ᠬᠡᠪᠴᠢᠶ᠎ᠡ᠎ᠶᠢ ᠨᠡᠮᠡᠭᠳᠡᠭᠦᠯᠬᠦ ᠦᠭᠡᠢ᠂ ᠠᠰᠢᠭ᠍ᠯᠠᠬᠤ ᠬᠦᠴᠦᠯᠡᠴᠡ᠎ᠶᠢ ᠰᠢᠪᠲᠤᠯᠬᠤ ᠦᠭᠡᠢ》 ᠪᠠᠢᠬᠤ᠎ᠶᠢ ᠦᠨᠡᠨ ᠬᠦ᠌ ᠪᠠᠲᠤᠯᠠᠨ᠎ᠠ᠃

《ᠡᠵᠡᠮᠳᠡᠬᠦ》ᠭᠡᠳᠡᠭ ᠨᠢ ᠳᠠᠷᠤᠢ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ᠎ᠲᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ᠎ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠪᠠ ᠨᠤᠭᠤ ᠭᠠᠵᠠᠷ᠎ᠤᠨ ᠬᠠᠮᠠᠭᠠᠯᠠᠯᠳᠠ ᠵᠢᠨ ᠬᠠᠤᠯᠢ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠪᠦᠬᠦᠢᠯᠡ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠂ ᠨᠠᠭᠤᠷ ᠪᠦᠷᠢᠳᠦ ᠨᠤᠭᠤ ᠭᠠᠵᠠᠷ᠎ᠲᠤ ᠬᠣᠯᠪᠣᠭᠳᠠᠭᠰᠠᠨ ᠲᠥᠷᠥᠯ ᠵᠦᠢᠯ᠎ᠳᠦ ᠲᠥᠷᠥᠯ ᠵᠦᠢᠯ᠎ᠦᠨ ᠭᠠᠵᠠᠷ ᠰᠣᠩᠭᠣᠨ ᠨᠤᠲᠠᠯᠠᠬᠤ ᠪᠠ ᠠᠮᠢ ᠠᠬᠤᠢ᠎ᠶᠢᠨ ᠨᠥᠯᠥᠭᠡᠯᠡᠯ᠎ᠢ ᠦᠨᠡᠯᠡᠨ ᠵᠢᠱ᠌ᠢᠬᠦ᠎ᠶᠢ ᠴᠢᠩᠳᠠᠯᠠᠵᠤ᠂ ᠵᠥᠪᠰᠢᠶᠡᠷᠡᠯ ᠦᠭᠡᠢ᠎ᠪᠡᠷ ᠤᠷᠢᠳᠠᠪᠠᠷ ᠡᠵᠡᠯᠡᠬᠦ᠂ ᠲᠣᠭᠲᠠᠭᠠᠯ᠎ᠠᠴᠠ ᠵᠥᠷᠢᠴᠡᠨ ᠡᠵᠡᠯᠡᠬᠦ ᠵᠡᠷᠭᠡ ᠦᠶ᠋ᠯᠡ ᠠᠵᠢᠯᠯᠠᠭ᠎ᠠ᠎ᠶᠢ ᠡᠷᠡᠰ ᠬᠣᠷᠢᠭ᠍ᠯᠠᠨ ᠵᠣᠭᠰᠣᠭᠠᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠶᠠᠪᠤᠳᠠᠯ ᠪᠣᠯᠣᠨ᠎ᠠ᠃

ᠨᠤᠲᠤᠭ ᠪᠡᠯᠴᠢᠭᠡᠷ᠎ᠢ ᠪᠦᠬᠦ ᠲᠠᠯ᠎ᠠ᠎ᠪᠠᠷ ᠬᠠᠮᠠᠭᠠᠯᠠᠨ᠎ᠠ᠃ ᠬᠡᠳᠦᠷᠡᠳᠡᠯ᠎ᠡ ᠮᠠᠯᠵᠢᠬᠤ᠎ᠶᠢ ᠵᠠᠰᠠᠬᠤ ᠲᠠᠯ᠎ᠠ᠎ᠪᠠᠷ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠮᠠᠯᠵᠢᠬᠤ ᠶ᠋ᠢ ᠵᠤᠭᠰᠤᠭᠠᠨ ᠪᠠᠯᠴᠢᠬᠡᠷ᠎ᠢ ᠰᠡᠷᠬᠦᠬᠡᠬᠦ ᠳᠦᠷᠢᠮ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ᠂ ᠪᠡᠯᠴᠢᠭᠡᠷ᠎ᠢᠶᠡᠷ ᠮᠠᠯ᠎ᠢ ᠲᠣᠭᠲᠠᠭᠠᠬᠤ᠎ᠶᠢ ᠬᠡᠷᠡᠭᠵᠢᠭᠦᠯᠵᠦ᠂ ᠪᠠᠢᠭᠠᠯᠢ᠎ᠶᠢᠨ ᠨᠤᠲᠤᠭ ᠪᠡᠯᠴᠢᠭᠡᠷ᠎ᠦᠨ ᠪᠡᠯᠴᠢᠭᠡᠷ᠎ᠦᠨ ᠳᠠᠭᠠᠭᠠᠴᠠ᠎ᠶᠢ ᠴᠢᠩᠭ᠎ᠠ ᠬᠢᠵᠠᠭᠠᠷᠯᠠᠨ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠨᠠᠢᠳᠠᠨ ᠬᠠᠮᠢᠶᠠᠷᠤᠭᠤᠯᠵᠤ ᠣᠷᠣᠯᠠᠨ ᠠᠷᠠᠴᠢᠯᠠᠬᠤ᠂ ᠡᠷᠦᠬᠡ᠎ᠪᠡᠷ ᠦᠷᠡᠵᠢᠭᠦᠯᠦᠨ ᠪᠣᠢᠵᠢᠭᠤᠯᠬᠤ ᠵᠡᠷᠭᠡ ᠵᠠᠭᠪᠤᠷ᠎ᠢ ᠳᠡᠯᠭᠡᠷᠡᠭᠦᠯᠵᠦ᠂ ᠪᠠᠢᠭᠠᠯᠢ᠎ᠶᠢᠨ ᠨᠤᠲᠤᠭ ᠪᠡᠯᠴᠢᠭᠡᠷ᠎ᠤᠨ ᠳᠠᠷᠤᠯᠲᠠ᠎ᠶᠢ ᠪᠠᠭᠠᠰᠬᠠᠨ᠎ᠠ᠃ ᠨᠤᠲᠤᠭ ᠪᠡᠯᠴᠢᠭᠡᠷ ᠤ᠋ᠨ ᠲᠤᠰᠠᠯᠠᠵᠤ ᠱᠠᠩᠨᠠᠬᠤ ᠪᠡᠯᠡ ᠮᠥᠩᠭᠥ ᠣᠯᠭᠣᠬᠤ ᠶᠠᠪᠤᠳᠠᠯ᠎ᠢ ᠮᠠᠯᠴᠢᠨ ᠲᠠᠷᠢᠶᠠᠴᠢᠳ ᠤ᠋ᠨ ᠬᠠᠮᠠᠭᠠᠯᠠᠬᠤ ᠡᠭᠦᠷᠭᠡ᠎ᠪᠡᠨ ᠭᠦᠢᠴᠡᠳᠬᠡᠬᠦ ᠯᠦ᠍ᠭᠡ ᠬᠣᠯᠪᠣᠭᠳᠠᠭᠤᠯᠬᠤ ᠲᠣᠭᠲᠠᠴᠠ᠎ᠶᠢ ᠰᠠᠢᠲᠤᠷ ᠭᠦᠢᠴᠡᠳ ᠬᠡᠷᠡᠭᠯᠡᠵᠦ᠂ ᠳᠥᠷᠪᠡᠳᠦᠭᠡᠷ ᠡᠭᠡᠯᠵᠢ᠎ᠶᠢᠨ ᠨᠤᠲᠤᠭ ᠪᠡᠯᠴᠢᠭᠡᠷ ᠤ᠋ᠨ ᠠᠮᠢ ᠠᠬᠤᠢ᠎ᠶᠢᠨ ᠲᠤᠰᠠᠯᠠᠵᠤ ᠱᠠᠩᠨᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ ᠶᠠᠪᠤᠴᠠ ᠳ᠋ᠤ᠂ ᠪᠡᠯᠴᠢᠭᠡᠷᠯᠡᠭᠦᠯᠬᠦ᠎ᠶᠢ ᠴᠠᠭᠠᠵᠠᠯᠠᠬᠤ ᠣᠷᠣᠨ ᠤ᠋ ᠳᠣᠲᠣᠷ᠎ᠠ ᠲᠣᠭᠲᠠᠭᠠᠯ᠎ᠠᠴᠠ ᠵᠥᠷᠢᠴᠡᠨ ᠮᠠᠯᠵᠢᠵᠦ ᠵᠠᠰᠠᠭ ᠵᠠᠬᠢᠷᠭᠠᠨ᠎ᠤ ᠰᠢᠢᠳᠭᠡᠯ ᠤᠯᠪᠠᠯ ᠲᠤᠬᠠᠢ᠎ᠶᠢᠨ ᠵᠢᠯ ᠤ᠋ᠨ ᠨᠤᠲᠤᠭ ᠪᠡᠯᠴᠢᠭᠡᠷ ᠤ᠋ᠨ ᠲᠤᠰᠠᠯᠠᠵᠤ ᠱᠠᠩᠨᠠᠬᠤ ᠪᠡᠯᠡ ᠮᠥᠩᠭᠥ᠎ᠶᠢ ᠨᠢᠭᠡ ᠤᠳᠠᠭ᠎ᠠ᠎ᠶᠢᠨ ᠴᠢᠨᠠᠷᠲᠠᠢ ᠪᠥᠬᠥ ᠲᠣᠭ᠎ᠠ᠎ᠪᠠᠷ ᠨᠢ ᠬᠠᠰᠤᠵᠦ ᠠᠪᠬᠤ᠎ᠶᠢ ᠲᠣᠳᠣᠷᠬᠠᠢᠯᠠᠨ᠎ᠠ; ᠮᠠᠯᠴᠢᠨ ᠲᠠᠷᠢᠶᠠᠴᠢᠨ ᠯᠤᠭ᠎ᠠ ᠨᠤᠲᠤᠭ ᠪᠡᠯᠴᠢᠭᠡᠷ᠎ᠦᠨ ᠳᠠᠭᠠᠭᠠᠴᠢᠯᠠᠯᠲᠠ᠎ᠶᠢᠨ ᠭᠡᠷ᠎ᠡ᠂ ᠮᠠᠯ ᠪᠡᠯᠴᠢᠭᠡᠷ᠎ᠦᠨ ᠲᠡᠩᠴᠡᠭᠦᠷᠢ ᠪᠠ ᠮᠠᠯᠵᠢᠬᠤ᠎ᠶᠢ ᠴᠠᠭᠠᠵᠠᠯᠠᠵᠤ ᠰᠡᠯᠭᠦᠨ ᠮᠠᠯᠵᠢᠬᠤ ᠬᠠᠷᠢᠭᠤᠴᠠᠯᠭ᠎ᠠ᠎ᠶᠢᠨ ᠪᠢᠴᠢᠭ ᠲᠣᠭᠲᠠᠭᠠᠬᠤ ᠦᠶᠡᠰ᠂ ᠴᠥᠮ ᠮᠠᠯᠴᠢᠨ ᠲᠠᠷᠢᠶᠠᠴᠢᠨ᠎ᠤ ᠨᠤᠲᠤᠭ ᠪᠡᠯᠴᠢᠭᠡᠷ᠎ᠢ ᠬᠠᠮᠠᠭᠠᠯᠠᠬᠤ ᠡᠭᠦᠷᠭᠡ ᠪᠠ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠮᠠᠯᠴᠢᠨ ᠲᠠᠷᠢᠶᠠᠴᠢᠨ᠎ᠤ ᠨᠤᠲᠤᠭ ᠪᠡᠯᠴᠢᠭᠡᠷ᠎ᠢ ᠬᠠᠮᠠᠭᠠᠯᠠᠬᠤ《ᠡᠵᠡᠨ ᠬᠥᠮᠥᠨ》 ᠤ᠋ ᠦᠵᠡᠯ ᠤᠬᠠᠮᠰᠠᠷ᠎ᠢ ᠦᠨᠡᠨᠬᠦ ᠳᠡᠭᠡᠭᠰᠢᠯᠡᠭᠦᠯᠦᠨ᠂ 2027 ᠣᠨ᠎ᠤ ᠰᠡᠭᠦᠯᠴᠢ ᠪᠣᠯᠲᠠᠯ᠎ᠠ ᠨᠤᠲᠤᠭ ᠪᠡᠯᠴᠢᠭᠡᠷ᠎ᠢ ᠬᠦᠨᠳᠦ᠎ᠪᠡᠷ ᠠᠰᠢᠭ᠍ᠯᠠᠬᠤ ᠲᠠᠯᠠᠪᠠᠶ᠎ᠶᠢ ᠪᠦᠬᠦᠨ᠎ᠢ ᠦᠭᠡᠶ᠋ᠢᠰᠬᠡᠬᠦ᠎ᠪᠡᠷ ᠴᠢᠷᠮᠠᠢᠵᠤ᠂ ᠪᠥᠬᠥ ᠣᠷᠣᠨ᠎ᠤ ᠪᠠᠢᠭᠠᠯᠢ᠎ᠶᠢᠨ ᠨᠤᠲᠤᠭ ᠪᠡᠯᠴᠢᠭᠡᠷ ᠮᠠᠯ ᠪᠡᠯᠴᠢᠭᠡᠷ᠎ᠦᠨ ᠲᠡᠩᠴᠡᠭᠦᠷᠢ᠎ᠶᠢᠨ ᠵᠢᠭᠠᠯᠲᠠ ᠲᠣᠭ᠎ᠠ᠎ᠶᠢ ᠦᠷᠭᠦᠯᠵᠢᠯᠡᠨ 10% ᠎ᠡᠴᠠ ᠳᠣᠷᠣᠭ᠍ᠰᠢ ᠲᠣᠭᠲᠠᠭᠤᠨ ᠪᠠᠢᠯᠭᠠᠬᠤ᠎ᠶᠢ ᠦᠨᠡᠨ᠎ᠬᠦ ᠪᠠᠲᠤᠯᠠᠨ᠎ᠠ᠃

ᠨᠡᠭᠡᠭᠡᠨ ᠠᠰᠢᠭ᠍ᠯᠠᠬᠤ᠎ᠶᠢ ᠬᠢᠵᠠᠭᠠᠷᠯᠠᠬᠤ ᠲᠠᠯ᠎ᠠ᠎ᠪᠠᠷ᠂ ᠦᠨᠳᠦᠰᠦᠨ ᠨᠤᠲᠤᠭ ᠪᠡᠯᠴᠢᠭᠡᠷ᠎ᠢ 7.31 ᠳ᠋ᠦᠩᠰᠢᠭᠤᠷ ᠮᠦ᠍ ᠪᠡᠷ ᠵᠠᠭᠠᠭᠯᠠᠨ ᠲᠣᠭᠲᠠᠭᠠᠵᠤ᠂ ᠬᠠᠤᠯᠢ ᠪᠤᠰᠤ᠎ᠪᠠᠷ ᠬᠠᠭᠠᠯᠪᠤᠷᠢᠯᠠᠨ ᠮᠠᠯᠲᠠᠬᠤ᠂ ᠲᠣᠭᠲᠠᠭᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠦᠶ᠋ᠯᠡ ᠠᠵᠢᠯᠯᠠᠭ᠎ᠠ᠎ᠳᠤ ᠪᠠᠢᠩᠭᠤᠵᠢᠭᠤᠯᠤᠨ ᠴᠢᠩᠭ᠎ᠠ ᠴᠣᠬᠢᠯᠲᠠ ᠥᠭᠴᠦ᠂ ᠤᠯᠤᠰ᠎ᠤᠨ ᠲᠠᠰ᠎ᠤᠨ ᠴᠢᠬᠤᠯᠠ ᠶᠡᠬᠡ ᠲᠥᠷᠥᠯ ᠵᠦᠢᠯ ᠪᠠ ᠤᠯᠤᠰ᠎ᠤᠨ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠬᠤ᠎ᠠᠴᠠ ᠭᠠᠳᠠᠨ᠎ᠠ᠂ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠶᠢ ᠴᠢᠩᠭ᠎ᠠ ᠴᠠᠭᠠᠵᠠᠯᠠᠨ᠎ᠠ᠃

ᠨᠤᠲᠤᠭ ᠪᠡᠯᠴᠢᠭᠡᠷ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠲᠠᠴᠢᠷᠳᠠᠭᠰᠠᠨ ᠡᠯᠡᠰᠦᠷᠬᠡᠭ ᠭᠠᠵᠠᠷ᠎ᠢ ᠰᠡᠷᠭᠦᠭᠡᠨ ᠵᠠᠰᠠᠬᠤ᠎ᠶᠢ ᠴᠢᠩᠭᠠᠳᠬᠠᠵᠤ᠂ ᠣᠲᠣ᠌ ᠦᠶ᠎ᠡ᠎ᠶᠢᠨ ᠬᠠᠳᠤᠯᠠᠩ ᠪᠡᠯᠴᠢᠭᠡᠷ᠎ᠦᠨ ᠲᠤᠷᠰᠢᠯᠲᠠ᠎ᠶᠢ ᠢᠳᠡᠪᠬᠢᠲᠡᠢ ᠥᠷᠨᠢᠭᠦᠯᠵᠦ᠂《ᠡᠪᠡᠰᠦ ᠪᠡᠯᠴᠢᠭᠡᠷ᠎ᠢ ᠰᠠᠢᠵᠢᠷᠠᠭᠤᠯᠵᠤ ᠡᠯᠡᠰᠦ᠎ᠶᠢ ᠵᠠᠰᠠᠬᠤ》 ᠶ᠋ᠢ ᠰᠦᠪᠡᠭᠴᠢᠯᠡᠨ ᠳᠡᠯᠭᠡᠷᠡᠭᠦᠯᠵᠦ᠂ ᠬᠥᠮᠥᠨ᠎ᠦ ᠬᠦᠴᠦ᠎ᠪᠡᠷ ᠡᠪᠡᠰᠦ ᠳᠠᠷᠢᠬᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠂ ᠪᠠᠢᠭᠠᠯᠢ᠎ᠶᠢᠨ ᠨᠤᠲᠤᠭ ᠪᠡᠯᠴᠢᠭᠡᠷ᠎ᠦᠨ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠵᠦ᠂ ᠡᠪᠡᠰᠦ ᠳᠠᠷᠢᠬᠤ᠂ ᠮᠠᠯ ᠲᠡᠵᠢᠭᠡᠬᠦ ᠪᠠ ᠡᠯᠡᠰᠦ᠎ᠶᠢ ᠵᠠᠰᠠᠬᠤ᠎ᠶᠢ ᠬᠠᠮᠵᠢᠯᠴᠠᠭᠤᠯᠤᠨ ᠬᠠᠮᠲᠤᠷᠠᠨ ᠬᠥᠳᠡᠯᠦᠯᠴᠡᠬᠦ᠎ᠶᠢ ᠠᠬᠢᠭᠤᠯᠤᠨ᠎ᠠ᠃

ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠲᠠ ᠵᠢᠨ ᠬᠦᠴᠦᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ ᠣᠶ ᠰᠢᠭᠤᠢ ᠡᠪᠡᠰᠦ ᠪᠡᠯᠴᠢᠭᠡᠷ᠎ᠦᠨ ᠡᠯᠧᠮᠧᠨ᠋ᠲ᠎ᠦᠨ ᠪᠠᠲᠤᠯᠠᠭ᠎ᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠨ᠎ᠡ᠃ ᠡᠮᠦᠨᠡᠰᠢᠯᠡᠬᠦᠯᠦᠨ ᠵᠢᠯᠤᠭᠣᠳᠬᠤ ᠪᠠ ᠤᠷᠢᠳᠴᠢᠯᠠᠨ ᠣᠷᠣᠯᠴᠠᠬᠤ᠎ᠶᠢ ᠪᠠᠷᠢᠮᠲᠠᠯᠠᠵᠤ᠂ ᠲᠥᠷᠥᠯ ᠵᠦᠢᠯ᠎ᠳᠦ ᠬᠡᠷᠡᠭᠯᠡᠬᠦ ᠣᠢᠲᠤ ᠭᠠᠵᠠᠷ᠂ ᠬᠠᠳᠤᠯᠠᠩ ᠪᠡᠯᠴᠢᠭᠡᠷ᠎ᠢ ᠲᠤᠬᠠᠢ᠎ᠶᠢᠨ ᠭᠠᠵᠠᠷ ᠲᠤᠨᠢ ᠬᠠᠷᠭᠤᠭᠤᠯᠤᠨ ᠪᠠᠢᠴᠠᠭᠠᠬᠤ᠂ ᠰᠤᠳᠤᠯᠵᠤ ᠨᠤᠲᠠᠯᠠᠬᠤ᠂ ᠭᠠᠷᠳᠠᠮ ᠭᠤᠶᠤᠴᠢᠯᠠᠨ ᠮᠡᠳᠡᠭᠦᠯᠬᠦ ᠵᠡᠷᠭᠡ ᠮᠡᠷᠭᠡᠵᠢᠯ᠎ᠦᠨ ᠦᠢᠯᠡᠴᠢᠯᠡᠭᠡ᠎ᠶᠢ ᠰᠠᠢᠲᠤᠷ ᠬᠢᠨ᠎ᠡ᠃ ᠬᠠᠤᠯᠢ ᠲᠣᠭᠲᠠᠭᠠᠯ ᠶᠣᠰᠣᠭᠠᠷ ᠠᠮᠢ ᠠᠬᠤᠢ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠬᠤ᠎ᠶᠢ ᠪᠠᠷᠢᠮᠲᠠᠯᠠᠵᠤ᠂ ᠠᠢᠮᠠᠭ ᠬᠣᠲᠠ᠂ ᠬᠣᠰᠢᠭᠤ ᠰᠢᠶᠠᠨ᠎ᠢ ᠵᠢᠯᠣᠭᠣᠳᠤᠨ ᠲᠥᠷᠥᠯ ᠵᠦᠢᠯ᠎ᠦᠨ ᠭᠠᠵᠠᠷ ᠰᠣᠩᠭᠣᠬᠤ᠎ᠶᠢ ᠰᠢᠨᠵᠢᠯᠡᠬᠦ ᠤᠬᠠᠭᠠᠨᠴᠢ᠎ᠪᠠᠷ ᠨᠤᠲᠠᠯᠠᠵᠤ᠂ ᠴᠢᠨᠠᠷ ᠰᠠᠢᠲᠠᠢ ᠣᠢᠲᠤ ᠭᠠᠵᠠᠷ᠂ ᠦᠨᠳᠦᠰᠦᠨ ᠨᠤᠲᠤᠭ ᠪᠡᠯᠴᠢᠭᠡᠷ᠂ ᠴᠢᠬᠤᠯᠠ ᠨᠤᠭᠤ ᠭᠠᠵᠠᠷ᠎ᠠᠴᠠ ᠵᠠᠢᠯᠠᠰᠬᠢᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠪᠠᠲᠤ ᠰᠠᠬᠢᠭ᠍ᠰᠠᠨ ᠤᠷᠢᠲᠠᠯ ᠳᠣᠣᠷ᠎ᠠ᠂ ᠣᠶ ᠰᠢᠭᠤᠢ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠭᠠᠷᠳᠠᠮ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠵᠦ᠂ ᠪᠤᠳᠤᠯᠲᠠ ᠵᠢᠨ ᠬᠦᠴᠦᠨ᠎ᠦ ᠲᠥᠷᠥᠯ ᠵᠦᠢᠯ᠎ᠦᠨ ᠭᠠᠵᠠᠷ ᠰᠢᠷᠣᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠨ᠂ ᠥᠪᠥᠷ ᠮᠣᠩᠭᠣᠯ᠎ᠤᠨ ᠪᠤᠳᠤᠯᠲᠠ ᠵᠢᠨ ᠬᠦᠴᠦᠨ᠎ᠦ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠳᠤ ᠣᠶ ᠰᠢᠭᠤᠢ ᠨᠤᠲᠤᠭ ᠪᠡᠯᠴᠢᠭᠡᠷ᠎ᠦᠨ ᠬᠦᠴᠦᠨ ᠴᠢᠳᠠᠯ᠎ᠢᠶᠠᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面