> ᠲᠤᠰᠬᠠᠢ ᠮᠡᠳᠡᠭᠡᠯᠡᠯ

2026-10-26 10:02:46

ᠵᠣᠬᠢᠶᠠᠭ᠍ᠴᠢ᠄ ᠬᠠᠨ ᠰᠢᠤᠸᠠᠢ ᠷᠦ ᠸᠧᠢ ᠨᠠ ᠯᠢ ᠵᠢᠶᠠ ᠢᠦᠢ ᠪᠢᠯᠢᠭ᠌ᠪᠠᠭᠠᠲᠤᠷ ᠯᠢᠦ ᠬᠣᠩ ᠵᠠᠩ ᠵᠤᠤ ᠮᠢᠨ ᠣᠩᠱᠢᠭ᠍ᠰᠠᠨ ᠣᠳᠠᠭ᠎ᠠ᠄ 3


︱ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ

ᠥᠩ ᠰᠢᠮᠡᠯᠢᠭ ᠬᠡᠭᠡᠷ᠎ᠡ ᠲᠠᠯ᠎ᠠ᠎ᠳᠦ ᠠᠯᠲᠠᠨ ᠨᠠᠮᠤᠷ᠎ᠰᠠᠭᠠᠲᠠᠵᠤ᠂ ᠲᠠᠯ᠎ᠠ ᠨᠤᠲᠤᠭ ᠲᠦ᠍ ᠮᠠᠯᠵᠢᠯ᠎ᠤᠨ ᠳᠠᠭᠤᠤ ᠬᠠᠩᠭᠢᠨᠠᠨ᠎ᠠ᠃ 10 ᠰᠠᠷ᠎ᠠ᠎ᠶᠢᠨ 16 ᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠳᠠᠭᠠᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠪᠠᠰᠠ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠭᠳᠡᠬᠦᠨ᠎ᠦ ᠦᠵᠡᠭᠦᠯᠭᠡ᠎ᠶᠢ ᠪᠠᠢᠴᠠᠭᠠᠨ ᠦᠵᠡᠵᠦ᠂ ᠭᠣᠣᠯ ᠪᠣᠯᠬᠤ ᠡᠭᠦᠯᠳᠡᠷ ᠪᠣᠯᠣᠨ ᠶᠠᠰᠤ ᠴᠢᠨᠠᠷ ᠣᠨᠴᠠᠯᠢᠭ᠋᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ᠎ᠤᠨ ᠬᠢᠨ᠎ᠢ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠎ᠶᠢ ᠠᠬᠢᠭᠤᠯᠬᠤ ᠵᠢ ᠵᠤᠷᠢᠭᠵᠢᠭᠤᠯᠪᠠ᠃

ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠥᠷᠭᠡᠨ ᠠᠭᠤᠳᠠᠮ ᠲᠠᠯ᠎ᠠ ᠨᠤᠳᠤᠭ ᠪᠣᠯᠣᠨ ᠮᠢᠩᠭᠠᠨ ᠭᠠᠵᠠᠷ᠎ᠤᠨ ᠮᠠᠯᠵᠢᠯ᠎ᠤᠨ ᠲᠠᠯᠠᠪᠠᠢ᠎ᠳᠤ ᠳᠠᠮᠵᠢᠭᠳᠠᠵᠤ᠂ ᠪᠦᠬᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠸᠮ᠎ᠤᠨ ᠠᠵᠢᠯᠲᠠᠳ ᠎ᠤᠨ ᠳᠤᠮᠳᠠ ᠴᠢᠩᠭ᠎ᠠ ᠲᠤᠰᠬᠠᠯ ᠭᠠᠷᠪᠠ᠃ ᠤᠯᠠᠨ ᠎ᠢᠶᠠᠷ᠎ᠢᠶᠠᠨ ᠶᠡᠬᠡᠳᠡ ᠵᠣᠷᠢᠭ᠍ᠵᠢᠨ᠂ ᠴᠢᠭᠯᠡᠯ ᠨᠡᠩ ᠲᠣᠳᠣᠷᠬᠠᠢ ᠪᠣᠯᠵᠤ᠂ ᠶᠡᠷᠦᠩᠬᠡᠢ ᠱᠦᠵᠢ᠎ᠶᠢᠨ ᠨᠠᠶ᠋ᠢᠳᠠᠯᠭ᠎ᠠ ᠎ᠶᠢ ᠪᠠᠲᠤ ᠴᠡᠭᠡᠵᠢᠯᠡᠵᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠬᠠᠷᠠᠯᠲᠠ ᠎ᠶᠢ ᠪᠠᠲᠤ ᠡᠵᠡᠮᠳᠡᠵᠤ᠂ ᠠᠮᠢ ᠠᠬᠤᠢ ᠎ᠶᠢᠨ ᠬᠠᠮᠠᠭᠠᠯᠠᠯᠲᠠ ᠪᠣᠯᠣᠨ ᠠᠵᠤ ᠦᠢᠯᠡᠰ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠨ᠂ ᠵᠢᠳᠬᠦᠯ ᠴᠢᠷᠮᠠᠢᠯᠭ᠎ᠠ ᠭᠠᠷᠭᠠᠵᠤ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃

ᠣᠨᠴᠠᠯᠢᠭ᠎ᠢ ᠭᠤᠤᠯᠳᠠᠯᠭ᠎ᠠ ᠲᠡᠢ ᠠᠳᠬᠤᠵᠤ ᠬᠡᠯᠬᠢᠶ᠎ᠡ ᠵᠢ ᠤᠷᠲᠤᠳᠬᠠᠨ ᠠᠷᠠᠳ᠎ᠢ ᠪᠠᠶᠠᠵᠢᠭᠤᠯᠤᠨ᠎ᠠ

ᠣᠷᠣᠨ ᠨᠤᠲᠤᠭ᠎ᠤᠨ ᠣᠨᠴᠠᠯᠢᠭ᠍ᠲᠤ ᠡᠬᠢ ᠪᠠᠶᠠᠯᠢᠭ᠋᠎ᠲᠤ ᠰᠠᠭᠤᠷᠢᠯᠠᠵᠤ᠂ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ᠎ᠶᠢ ᠴᠢᠩᠭᠠᠳᠬᠠᠬᠤ ᠠᠵᠢᠯ᠎ᠢ ᠰᠠᠢᠲᠤᠷ ᠬᠢᠵᠦ᠂ ᠳᠠᠪᠠᠭᠤᠯᠢᠬᠲᠦ ᠠᠵᠤ ᠦᠢᠯᠡᠰ᠎ᠦᠨ ᠠᠷᠠᠳ᠎ᠢ ᠪᠠᠶᠠᠵᠢᠭᠤᠯᠤᠨ ᠣᠷᠣᠯᠭ᠎ᠠ᠎ᠶᠢ ᠨᠡᠮᠡᠭᠳᠡᠭᠦᠯᠬᠦ ᠰᠢᠨ᠎ᠡ ᠬᠥᠳᠡᠯᠭᠡᠬᠦ ᠬᠦᠴᠦᠨ᠎ᠢ ᠪᠠᠳᠠᠷᠠᠭᠤᠯᠤᠨ᠎ᠠ᠃

ᠣᠳᠣᠬᠠᠨ᠎ᠳᠤ᠂ ᠮᠠᠨ᠎ᠤ ᠣᠷᠣᠨ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢ ᠣᠨᠴᠠᠯᠢᠭ᠍ᠲᠤ ᠮᠠᠯ ᠠᠵᠤ ᠠᠬᠤᠢ᠎ᠲᠠᠷᠢᠶᠠᠯᠠᠩ᠎ᠤᠨ ᠠᠵᠤ ᠦᠢᠯᠡᠰ᠎ᠢ ᠬᠥᠭᠵᠢᠭᠦᠯᠬᠦ᠎ᠶᠢᠨ ᠴᠢᠬᠤᠯᠠ ᠠᠭᠤᠯᠭ᠎ᠠ ᠪᠣᠯᠭᠠᠵᠤ᠂ ᠪᠥᠬᠥ ᠤᠯᠤᠰ᠎ᠤᠨ ᠵᠠᠬ᠎ᠠ ᠳᠡᠯᠭᠡᠭᠦᠷ᠎ᠢ ᠦᠷᠭᠦᠯᠵᠢᠯᠡᠨ ᠥᠷᠭᠡᠳᠬᠡᠵᠦ ᠪᠠᠢᠨ᠎ᠠ᠃ 《ᠶᠡᠷᠦᠩᠬᠡᠢ ᠱᠦᠵᠢ   ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠨᠢ ᠪᠢᠳᠡᠨ ᠎ᠢ ᠲᠤᠢᠯ᠎ᠢᠶᠠᠷ ᠵᠤᠷᠢᠭᠵᠢᠭᠤᠯᠵᠠᠢ᠃ ᠳᠠᠷᠠᠭᠠᠴᠢ᠎ᠶᠢᠨ ᠠᠯᠬᠤᠮ᠎ᠳᠤ᠂ ᠪᠢᠳᠡ ᠨᠢᠭᠡ ᠪᠦᠯᠦᠭ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢ ᠪᠠᠷᠢᠮᠵᠢᠶᠠᠵᠢᠭᠤᠯᠤᠨ ᠲᠠᠷᠢᠬᠤ᠂ ᠵᠠᠬᠢᠶᠠᠯᠠᠭ᠎ᠠ᠎ᠶᠢᠨ ᠴᠢᠨᠠᠷᠲᠠᠢ ᠦᠢᠯᠡᠳᠪᠦᠷᠢᠯᠡᠯ᠎ᠦᠨ ᠰᠠᠭᠤᠷᠢᠨ᠎ᠢ ᠭᠣᠣᠯᠳᠠᠯᠭ᠎ᠠ᠎ᠲᠠᠢ ᠪᠣᠢᠵᠢᠭᠤᠯᠤᠨ ᠲᠡᠳᠬᠦᠨ᠎ᠡ; ᠥᠨᠳᠥᠷ ᠪᠠᠷᠢᠮᠵᠢᠶᠠᠲᠤ ᠪᠡᠯᠡᠳᠬᠡᠯ ᠲᠦᠬᠦᠭᠡᠷᠦᠮᠵᠢ ᠪᠦᠬᠦᠢ ᠬᠦᠷᠢᠶᠡᠯᠡᠩ ᠲᠣᠭᠣᠷᠢᠭ᠋᠎ᠢ ᠰᠢᠨ᠎ᠡ᠎ᠪᠡᠷ ᠪᠠᠶ᠋ᠢᠭᠤᠯᠬᠤ ᠪᠠ ᠥᠭᠡᠷᠡᠴᠢᠯᠡᠨ ᠪᠠᠢᠭᠤᠯᠤᠨ᠎ᠠ᠃ ᠡᠭᠦᠨ᠎ᠦ ᠬᠠᠮᠲᠤ᠂ ᠡᠷᠴᠢᠮᠵᠢᠭᠦᠯᠦᠭᠰᠡᠨ᠂ ᠣᠶᠤᠨᠴᠢᠯᠠᠭᠰᠠᠨ ᠴᠢᠬᠢ ᠪᠣᠢᠵᠢᠭᠤᠯᠬᠤ ᠲᠥᠪ᠎ᠢ ᠰᠢᠨ᠎ᠡ᠎ᠪᠡᠷ ᠪᠠᠢᠭᠤᠯᠵᠤ᠂ ᠴᠢᠬᠢ ᠮᠣᠳᠣᠨ᠎ᠤ ᠬᠠᠩᠭᠠᠯᠭ᠎ᠠ᠎ᠶᠢᠨ ᠥᠪᠡᠷ᠎ᠢ᠎ᠪᠡᠨ ᠬᠠᠩᠭᠠᠬᠤ ᠨᠣᠷᠮ᠎ᠠ᠎ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠦᠨ ᠠᠵᠤ ᠠᠬᠤᠢ᠎ᠶᠢᠨ ᠲᠠᠷᠢᠮᠠᠯ᠎ᠤᠨ ᠮᠡᠷᠭᠡᠵᠢᠯ᠎ᠦᠨ ᠭᠠᠵᠠᠷ᠎ᠤᠨ ᠳᠠᠷᠤᠭ᠎ᠠ ᠯᠢ ᡁᠢ ᠫᠢᠩ ᠬᠡᠯᠡᠪᠡ᠃

《ᠤᠯᠠᠭᠠᠨᠬᠠᠳᠠ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠲᠣᠮᠣ᠌ ᠬᠣᠲᠠ ᠪᠣᠯᠤᠭᠰᠠᠨ᠎ᠤ ᠬᠤᠪᠢ᠎ᠳᠤ᠂ ᠶᠡᠷᠦᠩᠬᠡᠢ ᠱᠦᠵᠢ᠎ᠶᠢᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠮᠠᠯ ᠠᠵᠤ ᠠᠬᠤᠢ᠎ᠲᠠᠷᠢᠶᠠᠯᠠᠩ᠎ᠤᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠠᠷᠠᠳ᠎ᠢ ᠪᠠᠶᠠᠵᠢᠭᠤᠯᠤᠨ ᠣᠷᠣᠯᠭ᠎ᠠ᠎ᠶᠢ ᠨᠡᠮᠡᠭᠳᠡᠭᠦᠯᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠎ᠠ᠃ ᠨᠢᠭᠡ᠎ᠳᠦ ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠨ᠎ᠠ᠃ ᠬᠣᠶᠠᠷ᠎ᠲᠤ᠌ ᠭᠣᠣᠯᠯᠠᠬᠤ ᠠᠵᠤ ᠦᠢᠯᠡᠰ᠎ᠢ ᠪᠤᠵᠠᠭᠠᠶ᠋ᠢᠷᠠᠭᠤᠯᠤᠨ ᠬᠦᠴᠦᠷᠬᠡᠭᠵᠢᠭᠦᠯᠦᠨ᠎ᠡ᠃ ᠭᠤᠷᠪᠠ᠎ᠳᠤ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠠᠬᠢᠭᠤᠯᠤᠨ᠎ᠠ᠃ ᠳᠥᠷᠪᠡ᠎ᠳᠦ ᠬᠥᠳᠡᠭᠡ ᠲᠣᠰᠬᠣᠨ᠎ᠢ ᠪᠥᠬᠥ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠤᠨ᠎ᠠ᠃ ᠲᠠᠪᠤ᠎ᠳᠤ ᠮᠠᠯᠵᠢᠬᠤ ᠲᠠᠷᠢᠶᠠᠯᠠᠬᠤ  ᠣᠷᠣᠨ᠎ᠤ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠦᠨ᠎ᠡ》ᠭᠡᠵᠦ ᠤᠯᠠᠭᠠᠨᠬᠠᠳᠠ ᠬᠣᠲᠠ᠎ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶᠢᠨ ᠳᠠᠷᠤᠭ᠎ᠠ ᠪᠢᠯᠢᠭᠲᠦ᠍ ᠢᠯᠡᠷᠬᠡᠶ᠋ᠢᠯᠡᠪᠡ᠃

ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠲᠠᠷᠢᠶᠠᠯᠠᠩ᠎ᠢ ᠬᠥᠭᠵᠢᠭᠦᠯᠵᠦ᠍ ᠠᠮᠤ ᠪᠤᠳᠠᠭ᠎ᠠ᠎ᠶᠢ ᠲᠣᠭᠲᠠᠪᠤᠷᠢᠵᠢᠭᠤᠯᠤᠨ ᠰᠠᠭᠤᠷᠢ᠎ᠶᠢ ᠪᠡᠬᠢᠵᠢᠭᠦᠯᠦᠨ᠎ᠡ

ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠣᠯ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶᠢ ᠠᠬᠢᠭᠤᠯᠬᠤ ᠭᠤᠤᠯ ᠬᠥᠳᠡᠯᠭᠡᠬᠦ᠌ ᠬᠦᠴᠦᠨ ᠮᠥᠨ᠂ ᠥᠪᠥᠷ ᠮᠣᠩᠭᠣᠯ ᠤ᠋ᠨ ᠬᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠷᠭ᠎ᠠ ᠪᠠᠷᠢᠯ᠎ᠢᠶᠠᠷ ᠡᠬᠢ ᠪᠠᠶᠠᠯᠢᠭ᠎ᠤᠨ ᠬᠢᠵᠠᠭᠠᠷᠯᠠᠯ᠎ᠢ ᠰᠢᠢᠳᠪᠦᠷᠢᠯᠡᠵᠦ᠍᠂ ᠤᠯᠤᠰ ᠎ᠤᠨ ᠴᠢᠬᠤᠯᠠ ᠮᠠᠯ ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠎ᠦᠨ ᠰᠠᠭᠤᠷᠢᠨ᠎ᠤ ᠦᠨᠳᠦᠰᠦ ᠰᠠᠭᠤᠷᠢ᠎ᠶᠢ ᠪᠥᠬᠥ᠌ ᠲᠠᠯ᠎ᠠ᠎ᠪᠠᠷ ᠪᠡᠬᠢᠵᠢᠭᠦᠯᠪᠡ᠃

ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠴᠧᠩ ᠶᠠᠨ ᠯᠢᠶᠠᠩ᠄《ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠠᠲᠤ ᠴᠣᠭᠴᠠᠯᠠᠬᠤ᠂ ᠠᠮᠤ ᠪᠤᠳᠠᠭᠠᠨ᠎ᠤ ᠠᠮᠤᠷ ᠲᠦᠪᠰᠢᠨ᠎ᠦ ᠰᠠᠭᠤᠷᠢ᠎ᠶᠢ ᠪᠠᠲᠤᠳᠬᠠᠬᠤ ᠱᠠᠭᠠᠷᠳᠠᠯᠭ᠎ᠠ᠎ᠶᠢᠨ ᠲᠣᠭᠣᠷᠢᠨ᠎ᠳᠤ᠂ ᠪᠢᠳᠡ ᠰᠠᠢᠨ ᠲᠠᠷᠢᠶᠠᠨ ᠭᠠᠵᠠᠷ ᠰᠠᠢᠨ ᠲᠣᠭᠢᠶᠠᠯ᠎ᠢ ᠵᠣᠬᠢᠴᠠᠭᠤᠯᠤᠨ ᠬᠦᠴᠦᠯᠡᠬᠦ᠎ᠶᠢ ᠪᠠᠷᠢᠮᠲᠠᠯᠠᠵᠤ᠂ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠢ ᠦᠷᠭᠦᠯᠵᠢᠯᠡᠨ ᠳᠡᠯᠭᠡᠷᠡᠭᠦᠯᠵᠦ᠂ ᠬᠠᠷ᠎ᠠ ᠬᠥᠷᠥᠰᠥ᠎ᠶᠢ ᠬᠠᠮᠠᠭᠠᠯᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠬᠠᠭᠠᠯᠪᠤᠷᠢᠯᠠᠬᠤ ᠦᠭᠡᠢ᠎ᠪᠡᠷ ᠲᠠᠷᠢᠬᠤ ᠲᠣᠨ᠎ᠤ ᠤᠨᠠᠯᠳᠠ ᠲᠠᠢ ᠲᠠᠷᠢᠶᠠᠨ ᠭᠠᠵᠠᠷ᠎ᠤᠨ ᠵᠢᠱ᠌ᠢᠶ᠎ᠡ ᠦᠵᠡᠭᠦᠯᠭᠦ ᠣᠷᠣᠨ᠎ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ ᠪᠠ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠲᠣᠭᠲᠠᠭᠤᠨ᠎ᠢᠶᠠᠷ ᠳᠡᠭᠡᠭᠰᠢᠯᠡᠭᠦᠯᠪᠡ᠃ ᠨᠠᠷᠢᠯᠢᠭ᠋ ᠲᠠᠷᠢᠵᠤ ᠠᠷᠠᠴᠢᠯᠠᠬᠤ᠎ᠪᠠᠷ ᠲᠠᠮᠵᠢᠨ᠂ ᠡᠨᠡ ᠵᠢᠯ᠎ᠦᠨ ᠵᠢᠱ᠌ᠢᠶ᠎ᠡ ᠦᠵᠡᠭᠦᠯᠭᠦ ᠣᠷᠣᠨ᠎ᠤ ᠮᠦ᠍ ᠲᠤᠮᠳᠠᠴᠢ᠎ᠶᠢᠨ ᠤᠨᠠᠯᠲᠠ 1200 ᠺᠢᠯᠣᠭ᠌ᠷᠠᠮ᠎ᠳᠤ ᠬᠦᠷᠴᠦ᠂ ᠠᠮᠤ ᠪᠤᠳᠠᠭᠠᠨ᠎ᠤ ᠤᠨᠠᠯᠲᠠ᠎ᠶᠢᠨ ᠨᠡᠮᠡᠭᠳᠡᠯ ᠢᠯᠡᠷᠭᠡᠢ ᠪᠤᠯᠪᠠ》 ᠭᠡᠵᠦ ᠬᠡᠯᠡᠪᠡ᠃

ᠨᠤᠲᠤᠭ ᠪᠡᠯᠴᠢᠭᠡᠷ᠎ᠢ ᠬᠠᠮᠠᠭᠠᠯᠠᠵᠤ ᠮᠠᠯ ᠠᠵᠤ ᠠᠬᠤᠢ᠎ᠳᠦ ᠬᠦᠴᠦᠨ ᠤᠯᠭᠤᠨ᠎ᠠ

ᠨᠤᠲᠤᠭ ᠪᠡᠯᠴᠢᠭᠡᠷ᠎ᠦᠨ ᠨᠣᠭᠣᠭᠠᠨ ᠪᠠᠢᠬᠤ᠎ᠶᠢ ᠰᠠᠬᠢᠨ ᠬᠠᠮᠠᠭᠠᠯᠠᠵᠤ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ᠎ᠶᠢ ᠪᠠᠷᠢᠮᠲᠠᠯᠠᠵᠤ᠂ ᠠᠮᠢ ᠠᠬᠤᠢ᠎ᠶᠢ ᠭᠣᠶᠣᠵᠢᠭᠤᠯᠬᠤ᠂ ᠮᠠᠯ ᠠᠵᠤ ᠠᠬᠤᠢ᠎ᠶᠢ ᠬᠥᠭᠵᠢᠭᠦᠯᠬᠦ᠂ ᠮᠠᠯᠴᠢᠳ᠎ᠢ ᠪᠠᠶᠠᠵᠢᠭᠤᠯᠬᠤ᠎ᠶᠢ ᠬᠠᠮᠵᠢᠯᠴᠠᠭᠤᠯᠤᠨ ᠬᠥᠭᠵᠢᠭᠦᠯᠬᠦ ᠵᠠᠮ᠎ᠢᠶᠠᠷ ᠵᠠᠮᠨᠠᠨ᠎ᠠ᠃ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠰᠢᠯᠢ᠎ᠶᠢᠨ ᠭᠣᠣᠯ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶᠢᠨ ᠹᠷᠣᠨᠲ᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃ 《ᠰᠢᠯᠢᠩᠬᠣᠲᠠ ᠲᠠᠯ᠎ᠠ ᠨᠤᠲᠤᠭ᠎ᠤᠨ ᠮᠠᠯ ᠠᠵᠤ ᠠᠬᠤᠢ᠎ᠪᠠᠷ ᠰᠠᠭᠤᠷᠢ ᠠᠵᠤ ᠦᠢᠯᠡᠰ᠎ᠢᠶᠡᠨ ᠪᠤᠯᠭᠠᠵᠤ᠂ ᠪᠢᠳᠡ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠨᠤᠲᠤᠭ ᠪᠡᠯᠴᠢᠭᠡᠷ ᠎ᠦᠨ ᠬᠠᠮᠢᠶᠠᠷᠤᠯᠲᠠ ᠬᠠᠮᠠᠭᠠᠯᠠᠯᠲᠠ᠂ ᠮᠠᠯ ᠠᠵᠤ ᠠᠬᠤᠢ᠎ᠶᠢᠨ ᠭᠡᠯᠪᠡᠷᠢ᠎ᠶᠢ ᠬᠤᠪᠢᠷᠠᠭᠤᠯᠬᠤ ᠪᠣᠳᠠᠲᠠᠢ ᠦᠢᠯᠡᠳᠦᠯᠭᠡ ᠳᠤᠮᠳᠠ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠣᠯᠣᠨ ᠠᠵᠤ ᠦᠢᠯᠡᠰ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ᠂ ᠰᠡᠯᠭᠦᠨ ᠮᠠᠯᠵᠢᠬᠤ ᠪᠠ ᠪᠡᠯᠴᠢᠭᠡᠷ᠎ᠢ ᠰᠡᠷᠭᠦᠭᠡᠬᠦ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠵᠠᠰᠠᠯᠲᠠ᠎ᠶᠢ ᠦᠷᠭᠦᠯᠵᠢᠯᠡᠨ ᠰᠠᠢᠲᠤᠷ ᠠᠳᠬᠤᠵᠤ᠂ ᠡᠨᠡ᠎ᠬᠦ ᠨᠣᠮᠢᠨ ᠨᠣᠭᠣᠭᠠᠨ ᠲᠠᠯ᠎ᠠ ᠨᠤᠲᠤᠭ ᠵᠢᠨᠨ ᠰᠠᠢᠲᠤᠷ ᠰᠠᠬᠢᠨ ᠬᠠᠮᠠᠭᠠᠯᠠᠨ᠎ᠠ》 ᠭᠡᠵᠦ ᠰᠢᠯᠢᠩᠬᠣᠲᠠ᠎ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠳᠤᠳᠤ ᠬᠡᠯᠡᠯ᠎ᠡ᠃

ᠠᠯᠠᠱᠠ ᠡᠠᠢᠮᠠᠭ ᠤ᠋ᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶᠠᠨ᠎ᠤ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠬᠤ᠌ ᠦ᠋ ᠳᠧ᠄《ᠶᠡᠷᠦᠩᠬᠡᠢ ᠱᠦᠵᠢ᠎ᠶᠢᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠪᠦᠬᠦ ᠠᠢᠮᠠᠭ ᠎ᠤᠨ ᠮᠠᠯ ᠠᠵᠤ ᠠᠬᠤᠢ ᠲᠠᠷᠢᠶᠠᠯᠠᠩ᠎ᠤᠨ ᠹᠷᠤᠨᠲ᠎ᠤᠨ ᠺᠠᠳ᠋ᠷ ᠪᠣᠯᠣᠨ ᠮᠠᠯᠴᠢᠨ ᠲᠠᠷᠢᠶᠠᠴᠢᠳ ᠲᠦ᠍ ᠴᠢᠭᠯᠡᠯ ᠎ᠢ ᠨᠡᠩ ᠲᠣᠳᠣᠷᠬᠠᠢ ᠵᠢᠭᠠᠵᠤ᠂ ᠡᠷᠴᠢ ᠵᠣᠷᠢᠭ᠋᠎ᠢ ᠨᠡᠩ ᠬᠥᠪᠴᠢᠯᠡᠪᠡ᠃ ᠪᠢᠳᠡ ᠪᠥᠬᠥ ᠠᠢᠮᠠᠭ᠎ᠤᠨ ᠪᠣᠳᠠᠲᠠᠢ᠎ᠲᠠᠢ ᠨᠢᠭ᠍ᠲᠠ ᠤᠶᠠᠯᠳᠤᠭᠤᠯᠤᠨ᠂ ᠨᠢᠭᠡ ᠲᠠᠯ᠎ᠠ᠎ᠪᠠᠷ ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠯᠠᠪᠳᠠᠭᠤᠨ ᠪᠠᠲᠤᠲᠠᠢ ᠪᠠᠢᠭᠤᠯᠵᠤ᠂ ᠤᠰᠤ ᠠᠷᠪᠢᠯᠠᠵᠤ ᠪᠣᠷᠳᠣᠭᠤᠷ ᠠᠷᠪᠢᠯᠠᠬᠤ ᠮᠡᠷᠭᠡᠵᠢᠯ᠎ᠢ ᠳᠡᠯᠭᠡᠷᠡᠭᠦᠯᠦᠨ᠂ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠪᠠ ᠰᠠᠢᠨ ᠦᠷ᠎ᠡ᠎ᠶᠢ ᠳᠡᠯᠭᠡᠷᠡᠭᠦᠯᠬᠦ᠎ᠶᠢ ᠰᠠᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠦᠢᠯᠡᠴᠢᠯᠡᠭᠡ ᠪᠠ ᠮᠡᠷᠭᠡᠵᠢᠯ᠎ᠦᠨ ᠵᠢᠯᠣᠭᠣᠳᠤᠯᠭ᠎ᠠ᠎ᠶᠢ ᠴᠢᠩᠭᠠᠳᠬᠠᠨ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ᠎ᠶᠢ ᠲᠣᠭᠲᠠᠪᠤᠷᠢᠵᠢᠭᠤᠯᠤᠨ᠎ᠠ;  ᠲᠡᠮᠡᠭᠡ᠂ ᠨᠣᠤᠯᠤᠭᠤᠷ᠎ᠤᠨ ᠴᠠᠭᠠᠨ ᠢᠮᠠᠭ᠎ᠠ ᠪᠣᠯᠣᠨ ᠴᠠᠭᠠᠨ ᠭᠣᠶᠣᠣ᠂ ᠤᠯᠠᠭᠠᠨ ᠭᠤᠶᠤᠤ ᠵᠡᠷᠭᠡ ᠣᠨᠴᠠᠯᠢᠭ᠍ᠲᠤ ᠡᠬᠢ ᠪᠠᠶᠠᠯᠢᠭ᠋᠎ᠢ ᠰᠠᠢᠲᠤᠷ ᠠᠰᠢᠭ᠍ᠯᠠᠵᠤ᠂ ᠢᠨᠭᠭᠡᠨ ᠰᠦ ᠲᠡᠮᠡᠭᠡᠨ ᠨᠣᠤᠯᠤᠭᠤᠷ᠂ ᠢᠮᠠᠭᠠᠨ ᠨᠣᠤᠯᠤᠭᠤᠷ᠎ᠢ ᠨᠠᠷᠢᠯᠢᠭ᠋ ᠭᠦᠨ ᠡᠳ᠋ᠰᠢᠭᠦᠯᠬᠦ᠎ᠶᠢ ᠠᠬᠢᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠨ᠎ᠠ》 ᠬᠡᠪᠡ᠃

ᠰᠢᠨ᠎ᠡ ᠭᠠᠷᠤᠭ᠎ᠠ᠎ᠳᠤ ᠰᠠᠭᠤᠷᠢᠯᠠᠵᠤ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠨ᠎ᠠ᠃ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠰᠲᠧᠮ᠎ᠦᠨ ᠬᠢᠨ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠣᠯᠭᠣᠬᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠣᠳᠠᠲᠠᠢ ᠠᠳᠬᠤᠵᠤ᠂ ᠣᠨᠴᠠᠯᠢᠭ᠍ᠲᠤ ᠠᠵᠤ ᠦᠢᠯᠡᠰ᠎ᠢ ᠬᠦᠴᠦᠷᠬᠡᠭᠵᠢᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面