> ᠲᠤᠰᠬᠠᠢ ᠮᠡᠳᠡᠭᠡᠯᠡᠯ

2026-10-26 10:07:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠤᠯᠠᠭᠠᠨᠴᠠᠪ ᠲᠤ᠌ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶ᠎ᠠ ᠪᠦᠬᠦ ᠣᠷᠣᠨ ᠤ᠋ ᠺᠠᠳ᠋ᠷ ᠤᠯᠠᠨ ᠲᠦᠮᠡᠨ ᠤ᠋ ᠳᠤᠮᠳᠠ ᠬᠠᠯᠠᠭᠤᠨ ᠲᠤᠰᠬᠠᠯ ᠭᠠᠷᠪᠠ


10 ᠰᠠᠷ᠎ᠠ ᠵᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠣᠲᠠ ᠳ᠋ᠤ ᠰᠢᠨᠵᠢᠯᠡᠨ ᠪᠠᠢᠴᠠᠭᠠᠬᠤ᠎ᠳᠠᠭᠠᠨ᠂ 《ᠵᠡᠭᠦᠨᠲᠡᠬᠢ ᠲᠤᠭ᠎ᠠ ᠶ᠋ᠢ ᠪᠠᠷᠠᠭᠤᠨ ᠳ᠋ᠤ ᠪᠤᠳᠤᠬᠤ》 ᠢᠨᠵᠧᠨᠧᠷᠢᠩ ᠢ᠋ ᠬᠡᠷᠡᠭᠵᠢᠭᠦᠯᠵᠦ᠂ ᠪᠥᠬᠥ ᠤᠯᠤᠰ ᠤ᠋ᠨ ᠨᠢᠭᠡ ᠴᠣᠭᠴᠠᠵᠢᠭ᠍ᠰᠠᠨ ᠪᠤᠳᠤᠯᠲᠠ ᠵᠢᠨ ᠬᠦᠴᠦᠨ ᠤ᠋ ᠲᠤᠤᠷ ᠢ᠋ ᠪᠠᠶ᠋ᠢᠭᠤᠯᠬᠤ ᠪᠣᠯ ᠨᠠᠮ ᠤ᠋ᠨ ᠲᠥᠪ ᠬᠣᠷᠢᠶ᠎ᠠ᠎ᠶᠢᠨ ᠨᠢᠭᠡᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ ᠰᠢᠨᠵᠢᠯᠡᠬᠦ ᠤᠬᠠᠭᠠᠨᠴᠢ ᠪᠡᠷ ᠲᠥᠯᠥᠪᠵᠢᠭᠦᠯᠬᠦ᠂ ᠴᠢᠬᠤᠯᠠ ᠡᠯᠧᠮᠧᠨ᠋ᠲ ᠵᠢᠡᠷ ᠲᠤᠯᠭᠠᠭᠤᠷᠢᠯᠠᠬᠤ᠂ ᠠᠮᠤᠷ ᠲᠦᠪᠰᠢᠨ ᠵᠢᠡᠷ ᠪᠠᠲᠤᠯᠠᠬᠤ ᠶ᠋ᠢ ᠴᠢᠩᠭᠠᠳᠬᠠᠵᠤ᠂ ᠨᠢᠭᠡᠨᠲᠡ ᠪᠠᠢᠭᠤᠯᠤᠭᠰᠠᠨ ᠲᠦᠷᠦᠯ ᠵᠦᠢᠯ ᠤ᠋ᠨ ᠥᠨᠳᠥᠷ ᠪᠦᠲᠦᠮᠵᠢᠲᠡᠢ ᠶᠠᠪᠤᠭᠳᠠᠬᠤ ᠶ᠋ᠢ ᠦᠨᠡᠨ ᠬᠦ᠌ ᠪᠠᠲᠤᠯᠠᠬᠤ ᠵᠢᠨ ᠬᠠᠮᠲᠤ ᠬᠣᠢᠰᠢᠳᠠ ᠵᠢᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢ ᠲᠣᠭᠲᠠᠭᠰᠠᠨ ᠬᠤᠭᠤᠴᠠᠭᠠᠨ ᠳ᠋ᠤ ᠪᠡᠶᠡᠯᠡᠭᠦᠯᠬᠦ ᠬᠡᠷᠡᠭᠲᠡᠢ᠃ ᠠᠵᠤ ᠦᠢᠯᠡᠰ ᠤ᠋ᠨ ᠬᠡᠯᠬᠢᠶ᠎ᠡ ᠶ᠋ᠢ ᠢᠳᠡᠪᠬᠢᠲᠡᠢ ᠤᠷᠲᠤᠳᠬᠠᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠤᠨ᠂ ᠪᠤᠳᠤᠯᠲᠠ ᠵᠢᠨ ᠬᠦᠴᠦᠨ ᠤ᠋ ᠳᠠᠪᠠᠭᠤᠯᠢᠭ᠋ ᠢ᠋ ᠲᠠᠰᠤᠷᠠᠯᠲᠠ ᠦᠭᠡᠢ ᠬᠥᠭᠵᠢᠯᠲᠡ ᠵᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃

ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠪᠦᠬᠦ ᠣᠷᠣᠨ ᠤ᠋ ᠥᠷᠭᠡᠨ ᠤᠯᠠᠨ ᠺᠠᠳ᠋ᠷ ᠤᠯᠠᠨ ᠲᠦᠮᠡᠨ ᠤ᠋ ᠳᠤᠮᠳᠠ ᠬᠠᠯᠠᠭᠤᠨ ᠲᠤᠰᠬᠠᠯ ᠭᠠᠷᠪᠠ᠃ ᠣᠯᠠᠨ ᠵᠢᠡᠷ ᠵᠢᠡᠨ᠂ 《ᠪᠤᠳᠤᠯᠳᠠ ᠵᠢᠨ ᠬᠦᠴᠦᠨ ᠤ᠋ ᠰᠠᠭᠤᠷᠢ ᠲᠦᠬᠦᠭᠡᠷᠦᠮᠵᠢ ᠪᠠ ᠴᠠᠬᠢᠯᠭᠠᠨ ᠰᠢᠰᠲᠸᠮ ᠤ᠋ᠨ ᠬᠠᠮᠵᠢᠯᠴᠠᠭ᠎ᠠ》᠂《ᠪᠤᠳᠤᠯᠳᠠ ᠵᠢᠨ ᠬᠦᠴᠦᠨ ᠪᠠ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ》 ᠶ᠋ᠢ ᠴᠢᠩᠭᠠᠳᠬᠠᠵᠤ᠂ ᠪᠥᠬᠥ ᠤᠯᠤᠰ ᠤ᠋ᠨ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠦᠨᠳᠦᠷᠯᠢᠭ ᠢ᠋ ᠪᠥᠬᠥ ᠬᠦᠴᠦᠨ ᠵᠢᠡᠷ ᠵᠢᠡᠨ ᠴᠣᠭᠴᠠᠯᠠᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠬᠥᠭᠵᠢᠯᠲᠡ ᠶ᠋ᠢ ᠠᠬᠢᠭᠤᠯᠬᠤ ᠳ᠋ᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠤᠯᠤᠰ ᠤ᠋ᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ᠋ ᠤ᠋ᠨ ᠰᠠᠭᠤᠷᠢᠨ ᠪᠣᠯᠤᠭᠰᠠᠨ ᠤ᠋ ᠬᠤᠪᠢ ᠳ᠋ᠤ᠂ ᠥᠪᠥᠷ ᠮᠣᠩᠭᠣᠯ  ᠡᠨᠧᠷᠭᠢ ᠵᠢᠨ ᠡᠬᠢ ᠪᠠᠶᠠᠯᠢᠭ᠋᠎ᠤᠨ ᠳᠠᠪᠠᠭᠤᠯᠢᠬ ᠲᠠᠭᠠᠨ ᠲᠦᠰᠢᠭᠯᠡᠨ᠂ ᠡᠯᠪᠡᠭ ᠪᠠᠶᠠᠯᠢᠭ ᠪᠣᠬᠢᠷᠲᠤᠯ ᠦᠭᠡᠢ ᠴᠠᠬᠢᠯᠭᠠᠨ ᠢ᠋ ᠪᠤᠳᠤᠯᠲᠠ ᠵᠢᠨ ᠬᠦᠴᠦᠨ ᠪᠤᠯᠭᠠᠨ ᠬᠤᠪᠢᠷᠠᠭᠤᠯᠵᠤ᠂ 《ᠡᠬᠢ ᠪᠠᠶᠠᠯᠢᠭ᠋ ᠢ᠋ ᠭᠠᠳᠠᠭ᠍ᠰᠢ ᠭᠠᠷᠭᠠᠬᠤ》 ᠡᠴᠡ 《ᠪᠤᠳᠤᠯᠲᠠ ᠵᠢᠨ ᠬᠦᠴᠦᠨ ᠵᠢᠡᠷ ᠡᠨ᠋ᠸᠷᠭᠢ ᠤᠯᠭᠤᠬᠤ》 ᠲᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠪᠦᠬᠦ ᠬᠦᠴᠦᠨ ᠵᠢᠡᠷ ᠠᠬᠢᠭᠤᠯᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠲᠣᠪᠴᠢᠶ᠎ᠠ ᠵᠢᠨ ᠴᠠᠬᠢᠯᠭᠠᠨ ᠬᠦᠴᠦᠨ ᠤ᠋ ᠭᠠᠵᠠᠷ ᠤ᠋ᠨ ᠳᠠᠷᠤᠭ᠎ᠠ ᠬᠤᠸᠠᠩ ᠺᠦᠨ ᠳ᠋ᠠ᠄《ᠪᠢᠳᠠ ᠤᠯᠤᠰ ᠤ᠋ᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ᠋ ᠤ᠋ᠨ ᠰᠠᠭᠤᠷᠢᠨ ᠤ᠋ ᠪᠠᠢᠷᠢ ᠲᠣᠭᠲᠠᠭᠠᠯᠲᠠ᠎ᠳᠤ ᠰᠠᠭᠤᠷᠢᠯᠠᠵᠦ᠂〈ᠪᠤᠳᠤᠯᠳᠠ ᠵᠢᠨ ᠬᠦᠴᠦᠨ ᠤ᠋ ᠰᠠᠭᠤᠷᠢ ᠲᠦᠬᠦᠭᠡᠷᠦᠮᠵᠢ ᠪᠠ ᠴᠠᠬᠢᠯᠭᠠᠨ ᠰᠢᠰᠲᠸᠮ ᠤ᠋ᠨ ᠬᠠᠮᠵᠢᠯᠴᠠᠭ᠎ᠠ〉 ᠳ᠋ᠤ᠌ ᠠᠩᠬᠠᠷᠤᠯ ᠵᠢᠡᠨ ᠲᠥᠪᠯᠡᠷᠡᠭᠦᠯᠤᠨ᠂  ᠪᠤᠳᠤᠯᠲᠠ ᠵᠢᠨ ᠬᠦᠴᠦᠨ ᠤ᠋ ᠲᠦᠷᠦᠯ ᠵᠦᠢᠯ ᠤ᠋ᠨ 〈ᠪᠣᠬᠢᠷᠲᠤᠯ ᠦᠭᠡᠢ ᠴᠠᠬᠢᠯᠭᠠᠨ᠂ ᠬᠢᠮᠳᠠ ᠴᠠᠬᠢᠯᠭᠠᠨ᠂ ᠨᠠᠢᠳᠠᠪᠤᠷᠢᠲᠠᠢ ᠴᠠᠬᠢᠯᠭᠠᠨ〉 ᠬᠡᠷᠡᠭᠯᠡᠬᠦ ᠶ᠋ᠢ ᠪᠦᠬᠦ ᠬᠦᠴᠦᠨ ᠵᠢᠡᠷ ᠪᠠᠲᠤᠯᠠᠵᠤ᠂ ᠤᠯᠤᠰ ᠤ᠋ᠨ 〈ᠵᠡᠭᠦᠨᠲᠡᠬᠢ ᠲᠤᠭ᠎ᠠ ᠶ᠋ᠢ ᠪᠠᠷᠠᠭᠤᠨ ᠳ᠋ᠤ ᠪᠤᠳᠤᠬᠤ〉 ᠪᠠᠢᠯᠳᠤᠬᠤ ᠪᠣᠳᠣᠯᠭ᠎ᠠ ᠳ᠋ᠤ ᠦᠢᠯᠡᠴᠢᠯᠡᠬᠦ᠂ ᠤᠯᠤᠰ ᠤ᠋ᠨ ᠡᠨᠧᠷᠭᠢ ᠵᠢᠨ ᠠᠮᠤᠷ ᠲᠦᠪᠰᠢᠨ ᠢ᠋ ᠪᠠᠲᠤᠯᠠᠬᠤ ᠳ᠋ᠤ ᠨᠡᠩ ᠶᠡᠬᠡ ᠬᠦᠴᠦᠨ ᠴᠢᠳᠠᠯ ᠵᠢᠡᠨ ᠡᠷᠭᠦᠨ᠎ᠡ》 ᠭᠡᠪᠡ᠃

ᠪᠤᠭᠤᠲᠤ ᠬᠣᠲᠠ ᠵᠢᠨ ᠵᠠᠰᠠᠭ ᠵᠠᠬᠢᠷᠭᠠᠨ ᠤ᠋ ᠬᠢᠨᠠᠨ ᠵᠥᠪᠰᠢᠶᠡᠷᠡᠬᠦ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠬᠢᠭᠡᠳ ᠳ᠋ᠡᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠵᠠᠩ ᠶᠢᠩ ᠵᠢᠶᠧ᠂《ᠲᠠᠷᠠᠭᠠᠴᠢ ᠵᠢᠨ ᠠᠯᠬᠤᠮ ᠳ᠋ᠤ᠂ ᠪᠤᠭᠤᠲᠤ ᠬᠣᠲᠠ ᠪᠤᠳᠤᠯᠲᠠ ᠵᠢᠨ ᠬᠦᠴᠦᠨ ᠤ᠋ ᠲᠣᠣᠷ ᠤ᠋ᠨ ᠲᠥᠯᠦᠪᠵᠢᠭᠦᠯᠭᠡ ᠵᠢᠨ ᠪᠠᠢᠷᠢᠰᠢᠭᠤᠯᠤᠯᠲᠠ ᠶ᠋ᠢ ᠲᠡᠭᠦᠯᠳᠡᠷᠵᠢᠭᠦᠯᠵᠦ᠂ ᠠᠭᠤᠯᠠ ᠵᠢᠨ ᠠᠷᠤ᠎ᠳᠤ ᠪᠤᠳᠤᠯᠲᠠ ᠵᠢᠨ ᠬᠦᠴᠦᠨ ᠤ᠋ ᠦᠢᠯᠡᠳᠪᠦᠷᠢᠯᠡᠬᠦ ᠴᠢᠳᠠᠪᠤᠷᠢ ᠶ᠋ᠢ ᠪᠤᠵᠠᠭᠠᠢᠷᠠᠭᠤᠯᠬᠤ᠂ ᠠᠭᠤᠯᠠ ᠵᠢᠨ ᠡᠮᠤᠨ᠎ᠡ ᠲᠠᠯ᠎ᠠ᠎ᠳᠤ ᠠᠵᠤ ᠦᠢᠯᠡᠰ ᠠᠮᠢ ᠠᠬᠤᠢ ᠶ᠋ᠢ ᠰᠢᠯᠢᠳᠡᠭᠵᠢᠭᠦᠯᠬᠦ ᠵᠦᠷᠢᠶᠡᠴᠢᠯᠡᠭᠰᠡᠨ ᠬᠥᠭᠵᠢᠯᠲᠡ ᠵᠢᠨ ᠪᠠᠢᠷᠢᠰᠢᠯ ᠢ᠋ ᠪᠠᠢᠭᠤᠯᠤᠨ᠎ᠠ; ᠨᠢᠭᠡ ᠪᠦᠯᠦᠭ ᠭᠣᠣᠯᠳᠠᠯᠭ᠎ᠠ᠎ᠲᠠᠢ ᠲᠥᠷᠥᠯ ᠵᠦᠢᠯ ᠢ᠋ ᠲᠥᠪᠯᠡᠷᠡᠭᠦᠯᠦᠨ ᠪᠤᠭᠤᠮᠲᠠ ᠰᠢᠪᠲᠤᠯᠵᠤ᠂ ᠨᠢᠭᠡ ᠪᠦᠯᠦᠭ ᠲᠣᠮᠣ᠌ ᠬᠡᠯᠪᠡᠷᠢ ᠵᠢᠨ᠂ ᠬᠡᠲᠦ ᠲᠣᠮᠣ᠌ ᠬᠡᠯᠪᠡᠷᠢ ᠵᠢᠨ ᠪᠤᠳᠤᠯᠲᠠ ᠵᠢᠨ ᠬᠦᠴᠦᠨ ᠤ᠋ ᠲᠥᠪ ᠤ᠋ᠨ ᠲᠥᠷᠥᠯ ᠵᠦᠢᠯ ᠢ᠋ ᠰᠡᠳᠦᠵᠦ᠂ ᠬᠦᠴᠦᠨ ᠵᠦᠢᠯ ᠤ᠋ᠨ ᠪᠠᠲᠤᠯᠠᠭ᠎ᠠ ᠵᠢᠨ ᠠᠵᠢᠯ ᠢ᠋ ᠰᠠᠢᠲᠤᠷ ᠬᠢᠨ᠎ᠡ; ᠪᠤᠳᠤᠯᠲᠠ ᠵᠢᠨ ᠬᠦᠴᠦᠨ ᠤ᠋ ᠲᠤᠨᠤᠭᠯᠠᠯ ᠦᠢᠯᠡᠳᠬᠦ ᠠᠵᠤ ᠦᠢᠯᠡᠰ ᠤ᠋ᠨ ᠬᠡᠯᠬᠢᠶ᠎ᠡ ᠶ᠋ᠢ ᠤᠷᠲᠤᠳᠬᠠᠨ᠂ ᠲᠤᠬᠠᠢ ᠵᠢᠨ ᠭᠠᠵᠠᠷ ᠤ᠋ᠨ ᠮᠠᠲᠧᠷᠢᠶᠠᠯ᠂ ᠰᠡᠯᠪᠢᠭ ᠲᠣᠨᠣᠭ ᠪᠠ ᠲᠤᠨᠤᠭᠯᠠᠯ ᠪᠣᠯᠪᠠᠰᠤᠷᠠᠭᠤᠯᠬᠤ ᠠᠵᠤ ᠠᠬᠤᠢᠯᠠᠯ ᠤ᠋ᠨ ᠪᠤᠳᠤᠯᠲᠠ ᠵᠢᠨ ᠬᠦᠴᠦᠨ ᠤ᠋ ᠠᠵᠤ ᠦᠢᠯᠡᠰ ᠤ᠋ᠨ ᠬᠠᠩᠭᠠᠯᠭ᠎ᠠ ᠵᠢᠨ ᠬᠡᠯᠬᠢᠶ᠎ᠡ ᠳ᠋ᠤ ᠣᠷᠣᠬᠤ ᠶ᠋ᠢ ᠠᠬᠢᠭᠤᠯᠤᠨ᠎ᠠ》 ᠭᠡᠵᠦ ᠬᠡᠯᠡᠪᠡ᠃

ᠪᠤᠳᠤᠯᠲᠠ ᠵᠢᠨ ᠬᠦᠴᠦᠨ ᠨᠢ ᠲᠣᠭᠠᠴᠢᠯᠠᠭᠰᠠᠨ ᠠᠵᠤ ᠠᠬᠤᠢ ᠵᠢᠨ ᠭᠤᠤᠯᠯᠠᠬᠤ ᠦᠢᠯᠡᠳᠪᠦᠷᠢᠯᠡᠯ ᠤ᠋ᠨ ᠬᠦᠴᠦᠨ ᠪᠣᠯᠤᠭᠰᠠᠨ ᠤ᠋ ᠬᠤᠪᠢ ᠳ᠋ᠤ᠂ ᠲᠡᠭᠦᠨ ᠤ᠋ ᠭᠤᠤᠯᠯᠠᠬᠤ ᠦᠷᠳᠡᠭ ᠨᠢ ᠡᠴᠦᠰ᠎ᠲᠡᠬᠡᠨ ᠪᠣᠳᠠᠲᠤ ᠴᠣᠭᠴᠠ ᠵᠢᠨ ᠠᠵᠤ ᠠᠬᠤᠢ ᠳ᠋ᠤ ᠬᠦᠴᠦᠨ ᠣᠯᠭᠣᠬᠤ ᠪᠠ ᠪᠦᠬᠦ ᠠᠵᠢᠯ ᠲᠦᠷᠦᠯ ᠤ᠋ᠨ ᠪᠠᠢᠳᠠᠯ ᠢ᠋ ᠨᠠᠢᠳᠠᠪᠤᠷᠢᠵᠢᠭᠤᠯᠬᠤ ᠳᠤᠮᠳᠠ ᠢᠯᠡᠷᠡᠵᠦ ᠪᠠᠢᠳᠠᠭ᠃

《ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠴᠠᠪ ᠬᠤᠳᠠ ᠳ᠋ᠤ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠪᠢᠳᠡᠨ ᠤ᠋ ᠪᠣᠬᠢᠷᠲᠤᠯ ᠦᠭᠡᠢ ᠪᠤᠳᠤᠯᠲᠠ ᠵᠢᠨ ᠬᠦᠴᠦᠨ ᠤ᠋ ᠠᠵᠤ ᠦᠢᠯᠡᠰ ᠢ᠋ ᠬᠥᠭᠵᠢᠭᠦᠯᠬᠦ ᠳ᠋ᠤ ᠤᠷᠤᠭᠰᠢᠯᠠᠯᠲᠠ ᠵᠢᠨ ᠴᠢᠭᠯᠡᠯ ᠢ᠋ ᠲᠣᠳᠣᠷᠬᠠᠢ ᠵᠢᠭᠠᠵᠤ ᠥᠭᠴᠡᠢ》 ᠭᠡᠵᠤ ᠶᠤᠸᠠᠨ ᠵᠢᠩ ᠡᠨᠧᠷᠭᠢ ᠵᠢᠨ ᠺᠣᠮᠫᠠᠨᠢ ᠵᠢᠨ ᠤᠮᠠᠷᠠᠲᠤ ᠭᠡᠰᠡᠭ᠎ᠤᠨ ᠶᠡᠷᠦᠩᠬᠡᠢ ᠳᠠᠭᠠᠭᠠᠮᠠᠯ ᠬᠤ᠌ ᠵᠢᠶᠠ ᠵᠧᠩ ᠬᠡᠯᠡᠨ᠎ᠡ᠃ ᠶᠤᠸᠠᠨ ᠵᠢᠩ ᠺᠤᠮᠫᠠᠨᠢ ᠤᠯᠠᠭᠠᠨᠴᠠᠪ ᠬᠤᠳᠠ ᠵᠢᠨ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠤᠨ ᠡᠬᠢ ᠪᠠᠶᠠᠯᠢᠭ᠋ ᠤ᠋ᠨ ᠳᠠᠪᠠᠭᠤᠯᠢᠭ᠋ ᠲᠤ᠌ ᠰᠠᠭᠤᠷᠢᠯᠠᠵᠤ᠂ ᠪᠤᠳᠤᠯᠳᠠ ᠵᠢᠨ ᠬᠦᠴᠦᠨ ᠤ᠋ ᠰᠠᠭᠤᠷᠢ ᠲᠦᠬᠦᠭᠡᠷᠦᠮᠵᠢ ᠪᠠ ᠴᠠᠬᠢᠯᠭᠠᠨ ᠰᠢᠰᠲᠸᠮ ᠤ᠋ᠨ ᠬᠠᠮᠵᠢᠯᠴᠠᠭ᠎ᠠ ᠵᠢᠨ ᠰᠢᠨ᠎ᠡ ᠶ᠋ᠢ ᠡᠭᠦᠳᠬᠦ ᠦᠢᠯᠡᠳᠦᠯᠭᠡ ᠶ᠋ᠢ ᠦᠷᠭᠦᠯᠵᠢᠯᠡᠨ ᠠᠬᠢᠭᠤᠯᠵᠤ  ᠪᠣᠬᠢᠷᠲᠤᠯ ᠦᠭᠡᠢ ᠡᠨᠧᠷᠭᠢ ᠵᠢᠨ ᠳᠠᠪᠠᠭᠤᠯᠢᠭ᠋ ᠢ᠋ ᠪᠤᠳᠤᠯᠲᠠ ᠵᠢᠨ ᠬᠦᠴᠦᠨ ᠤ᠋ ᠬᠥᠭᠵᠢᠯᠲᠡ ᠵᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠪᠡᠷ ᠴᠢᠷᠮᠠᠢᠨ᠎ᠠ ᠭᠡᠵᠦ ᠢᠯᠡᠷᠬᠡᠢᠯᠡᠪᠡ᠃

《ᠪᠢᠳᠡ ᠪᠥᠬᠥ ᠤᠯᠤᠰ ᠤ᠋ᠨ ᠨᠢᠭᠡ ᠴᠣᠭᠴᠠᠵᠢᠭᠤᠯᠤᠭᠰᠠᠨ ᠪᠤᠳᠤᠯᠲᠠ ᠵᠢᠨ ᠬᠦᠴᠦᠨ ᠤ᠋ ᠲᠤᠤᠷ  ᠬᠢᠭᠡᠳ 〈ᠵᠡᠭᠦᠨᠲᠡᠬᠢ ᠲᠤᠭ᠎ᠠ ᠶ᠋ᠢ ᠪᠠᠷᠠᠭᠤᠨ ᠳ᠋ᠤ ᠪᠤᠳᠤᠬᠤ〉 ᠪᠠᠢᠷᠢᠰᠢᠭᠤᠯᠤᠯᠲᠠ ᠳ᠋ᠤ ᠭᠦᠨᠵᠡᠭᠡᠢ ᠠᠭᠤᠰᠤᠯᠴᠠᠵᠤ᠂ ᠪᠤᠳᠤᠯᠲᠠ ᠵᠢᠨ ᠬᠦᠴᠦᠨ ᠤ᠋ ᠲᠥᠪ ᠢ᠋ ᠲᠥᠯᠥᠪᠵᠢᠭᠦᠯᠦᠨ ᠪᠠᠢᠭᠤᠯᠵᠤ᠂ ᠪᠤᠳᠤᠯᠲᠠ ᠵᠢᠨ ᠬᠦᠴᠦᠨ ᠤ᠋ ᠡᠨᠧᠷᠭᠢ ᠵᠢᠨ ᠬᠣᠷᠣᠭᠳᠠᠯ ᠢ᠋ ᠰᠢᠯᠢᠳᠡᠭᠵᠢᠭᠦᠯᠵᠦ᠂ ᠪᠤᠳᠤᠯᠲᠠ ᠵᠢᠨ ᠬᠦᠴᠦᠨ ᠤ᠋ ᠠᠵᠤ ᠦᠢᠯᠡᠰ ᠤ᠋ᠨ ᠬᠡᠯᠬᠢᠶ᠎ᠡ ᠶ᠋ᠢ ᠤᠷᠲᠤᠳᠬᠠᠨ᠂ ᠪᠤᠳᠤᠯᠲᠠ ᠵᠢᠨ ᠬᠦᠴᠦᠨ ᠢ᠋ ᠣᠢᠷ᠎ᠠ ᠬᠠᠪᠢ᠎ᠳᠠᠭᠠᠨ ᠬᠠᠩᠭᠠᠬᠤ᠂ ᠲᠤᠬᠠᠢ ᠵᠢᠨ ᠭᠠᠵᠠᠷ ᠲᠤᠨᠢ ᠰᠢᠩᠭᠡᠭᠡᠬᠦ ᠶ᠋ᠢ ᠠᠬᠢᠭᠤᠯᠵᠤ᠂ ᠠᠵᠤ ᠦᠢᠯᠡᠳᠪᠦᠷᠢ ᠵᠢᠨ ᠳᠠᠭᠤᠷᠢᠶᠠᠮᠠᠯ᠂ ᠣᠶᠤᠨᠴᠢ ᠦᠢᠯᠡᠳᠪᠦᠷᠢᠯᠡᠯ᠂ ᠠᠶᠦᠯᠭᠦᠢ ᠦᠢᠯᠡᠳᠪᠦᠷᠢᠯᠡᠯ ᠪᠠ ᠲᠣᠭᠠᠴᠢᠯᠠᠭᠰᠠᠨ ᠬᠡᠯᠪᠡᠷᠢ᠎ᠲᠡᠢᠰᠢ ᠬᠤᠪᠢᠷᠠᠭᠤᠯᠬᠤ ᠳ᠋ᠤ ᠬᠥᠳᠡᠯᠭᠡᠬᠦ ᠡᠨᠧᠷᠭᠢ ᠨᠡᠮᠡᠷᠢᠯᠡᠨ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠤᠨ᠎ᠠ》 ᠭᠡᠵᠤ ᠦᠬᠠᠢ ᠬᠤᠳᠠ ᠵᠢᠨ ᠭᠦᠸᠧ ᠴᠤᠸᠠᠩ ᠲᠣᠭᠠᠴᠢᠯᠠᠭᠰᠠᠨ ᠠᠵᠤ ᠦᠢᠯᠡᠰ ᠤ᠋ᠨ ᠬᠥᠭᠵᠢᠯᠲᠡ ᠵᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠬᠤᠸᠠᠨ ᠲᠢᠶᠸ ᠵᠢᠶᠦ᠋ᠨ ᠬᠡᠯᠡᠨ᠎ᠡ᠃

ᠪᠤᠳᠤᠯᠲᠠ ᠵᠢᠨ ᠬᠦᠴᠦᠨ ᠥᠨᠳᠥᠷ ᠬᠤᠷᠳᠤᠴᠠ ᠪᠡᠷ ᠬᠥᠭᠵᠢᠬᠦ ᠳ᠋ᠤ ᠴᠠᠬᠢᠯᠭᠠᠨ ᠬᠦᠴᠦᠨ ᠰᠠᠭᠤᠷᠢ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠨᠢ ᠴᠠᠬᠢᠯᠭᠠᠨ ᠬᠦᠴᠦᠨ ᠤ᠋ ᠠᠵᠢᠯ ᠲᠦᠷᠦᠯ ᠤ᠋ᠨ ᠺᠠᠳ᠋ᠷ ᠠᠵᠢᠯᠲᠠᠨ ᠠᠵᠢᠯᠴᠢᠨ ᠳ᠋ᠤ ᠬᠠᠷᠢᠭᠤᠴᠠᠯᠭ᠎ᠠ ᠬᠦᠨᠳᠦ ᠶᠡᠬᠡ ᠪᠠᠢᠬᠤ ᠶ᠋ᠢ ᠭᠦᠨᠵᠡᠭᠡᠢ ᠮᠡᠳᠡᠷᠡᠭᠦᠯᠪᠡ᠃

ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠣᠷᠳᠣᠰ᠎ᠲᠠᠬᠢ ᠴᠠᠬᠢᠯᠭᠠᠨ ᠬᠠᠩᠭᠠᠬᠤ ᠺᠣᠮᠫᠠᠨᠢ ᠵᠢᠨ ᠲᠠᠯᠠᠳ᠎ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠢᠨ ᠨᠠᠮ ᠤ᠋ᠨ ᠶᠡᠷᠦᠩᠬᠡᠢ ᠡᠭᠦᠷ ᠤ᠋ᠨ ᠱᠦᠵᠢ ᠫᠠᠩ ᠿᠢ ᠴᠧᠩ᠄《ᠲᠠᠯᠠᠳ ᠬᠣᠰᠢᠭᠤ ᠪᠣᠯ ᠤᠯᠤᠰ ᠤ᠋ᠨ ᠴᠢᠬᠤᠯᠠ ᠰᠢᠨ᠎ᠡ ᠡᠨᠧᠷᠭᠢ ᠵᠢᠨ ᠰᠠᠭᠤᠷᠢᠨ ᠪᠣᠯᠣᠨ᠎ᠠ᠃ ᠣᠷᠣᠨ ᠨᠤᠲᠤᠭ ᠤ᠋ᠨ ᠡᠨᠧᠷᠭᠢ ᠵᠢᠨ ᠬᠠᠩᠭᠠᠯᠭ᠎ᠠ ᠶ᠋ᠢ ᠪᠠᠲᠤᠯᠠᠬᠤ ᠭᠣᠣᠯ ᠬᠦᠴᠦᠨ ᠪᠣᠯᠤᠭᠰᠠᠨ ᠤ᠋ ᠬᠤᠪᠢ ᠳ᠋ᠤ᠂ ᠪᠢᠳᠡ ᠡᠯ᠎ᠡ ᠲᠥᠷᠥᠯ ᠤ᠋ᠨ ᠰᠢᠨ᠎ᠡ ᠡᠨᠧᠷᠭᠢ ᠵᠢᠨ ᠲᠥᠷᠥᠯ ᠵᠦᠢᠯ᠎ᠢ ᠲᠦᠷᠭᠡᠳᠭᠡᠨ ᠪᠦᠲᠦᠭᠡᠨ ᠪᠠᠶ᠋ᠢᠭᠤᠯᠬᠤ᠂ ᠡᠷᠲᠡᠬᠡᠨ ᠠᠰᠢᠭ᠍ᠯᠠᠯᠲᠠ ᠳ᠋ᠤ ᠤᠷᠤᠭᠤᠯᠬᠤ ᠶ᠋ᠢ ᠪᠥᠬᠥ ᠬᠦᠴᠦᠨ ᠵᠢᠡᠷ ᠠᠬᠢᠭᠤᠯᠵᠤ᠂ ᠴᠢᠨᠠᠷ ᠰᠠᠢᠲᠠᠢ ᠪᠣᠬᠢᠷᠲᠤᠯ ᠦᠭᠡᠢ ᠴᠠᠬᠢᠯᠭᠠᠨ ᠢ᠋ ᠭᠠᠳᠠᠭ᠍ᠰᠢ ᠬᠦᠷᠭᠡᠬᠦ ᠶ᠋ᠢ ᠠᠬᠢᠭᠤᠯᠤᠨ᠂ ᠤᠯᠤᠰ ᠤ᠋ᠨ ᠪᠤᠳᠤᠯᠲᠠ ᠵᠢᠨ ᠬᠦᠴᠦᠨ ᠤ᠋ ᠠᠵᠤ ᠦᠢᠯᠡᠰ ᠤ᠋ᠨ ᠬᠥᠭᠵᠢᠯᠲᠡ ᠶ᠋ᠢ ᠬᠦᠴᠦᠲᠡᠢ ᠲᠤᠯᠭᠠᠭᠤᠷᠢᠯᠠᠨ᠎ᠠ᠃ ᠡᠭᠦᠨ ᠤ᠋ ᠬᠠᠮᠲᠤ᠂ AI ᠲᠣᠮᠣ᠌ ᠵᠠᠭᠪᠤᠷ ᠵᠡᠷᠭᠡ ᠲᠡᠷᠢᠭᠦᠨ ᠤ᠋ ᠮᠡᠷᠭᠡᠵᠢᠯ ᠢ᠋ ᠴᠠᠬᠢᠯᠭᠠᠨ ᠬᠦᠴᠦᠨ ᠤ᠋ ᠬᠦᠷᠢᠶᠡᠨ ᠳ᠋ᠤ ᠪᠣᠳᠠᠲᠠᠢᠵᠢᠭᠤᠯᠤᠨ ᠬᠡᠷᠡᠭᠯᠡᠬᠦ ᠶ᠋ᠢ ᠠᠬᠢᠭᠤᠯᠤᠨ᠂ ᠣᠶᠤᠨᠴᠢ ᠥᠨᠳᠥᠷ ᠪᠦᠲᠦᠮᠵᠢᠲᠡᠶ ᠲᠣᠭᠠᠴᠢᠯᠠᠭᠰᠠᠨ  ᠴᠠᠬᠢᠯᠭᠠᠨ ᠲᠣᠣᠷ ᠢ᠋ ᠪᠠᠢᠭᠤᠯᠵᠤ᠂ ᠪᠤᠳᠤᠯᠲᠠ ᠵᠢᠨ ᠬᠦᠴᠦᠨ ᠵᠢᠡᠷ ᠴᠠᠬᠢᠯᠭᠠᠨ ᠬᠦᠴᠦᠨ ᠢ᠋ ᠳᠤᠯᠭᠠᠭᠤᠷᠢᠯᠠᠬᠤ᠂ ᠪᠣᠬᠢᠷᠲᠤᠯ ᠦᠭᠡᠢ ᠴᠠᠬᠢᠯᠭᠠᠨ ᠵᠢᠡᠷ ᠠᠵᠤ ᠦᠢᠯᠡᠰ ᠲᠤ᠌ ᠡᠨᠧᠷᠭᠢ ᠣᠯᠭᠣᠬᠤ ᠵᠢ ᠪᠡᠶᠡᠯᠡᠭᠦᠯᠦᠨ᠎ᠡ》 ᠭᠡᠪᠡ᠃

ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠴᠠᠪ ᠬᠤᠳᠠ ᠳ᠋ᠤ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ᠋ ᠰᠠᠨᠠᠭ᠎ᠠ ᠨᠢ ᠡᠬᠡ ᠤᠯᠤᠰ ᠤ᠋ᠨ ᠬᠢᠯᠢ ᠬᠢᠵᠠᠭᠠᠷ ᠲᠤ᠌ ᠪᠠᠢᠭ᠎ᠠ ᠨᠢᠭᠡᠳᠦᠭᠡᠷ ᠹᠷᠣᠨᠲ ᠤ᠋ᠨ ᠴᠠᠬᠢᠯᠭᠠᠨ ᠬᠦᠴᠦᠨ ᠤ᠋ ᠠᠵᠢᠯᠲᠠᠨ ᠠᠵᠢᠯᠴᠢᠨ ᠢ᠋ ᠶᠡᠬᠡᠳᠡ ᠵᠣᠷᠢᠭ᠍ᠵᠢᠭᠤᠯᠪᠠ᠃ ᠤᠯᠤᠰ ᠤ᠋ᠨ ᠴᠠᠬᠢᠯᠭᠠᠨ ᠲᠣᠣᠷ ᠤ᠋ᠨ ᠬᠥᠯᠥᠨ ᠪᠤᠢ᠍ᠢᠷ ᠤ᠋ᠨ ᠴᠠᠬᠢᠯᠭᠠᠨ ᠬᠠᠩᠭᠠᠬᠤ ᠺᠣᠮᠫᠠᠨᠢ ᠵᠢᠨ ᠬᠠᠢᠯᠠᠷ ᠤ᠋ᠨ ᠴᠠᠬᠢᠯᠭᠠᠨ ᠬᠦᠷᠭᠡᠬᠦ ᠠᠵᠢᠯ ᠤ᠋ᠨ ᠲᠣᠭᠣᠷᠢᠭ᠋ ᠤ᠋ᠨ ᠴᠠᠬᠢᠯᠭᠠᠨ ᠬᠦᠷᠭᠡᠬᠦ ᠲᠡᠭᠡᠭᠡᠪᠦᠷᠢ ᠵᠢᠨ ᠨᠢᠭᠡᠳᠦᠭᠡᠷ ᠠᠩᠭᠢ ᠵᠢᠨ ᠳᠠᠷᠤᠭ᠎ᠠ ᠯᠢᠦ ᠶᠠᠩ᠄《ᠪᠢᠳᠡ ᠪᠤᠬᠢᠷᠳᠤᠯ ᠦᠭᠡᠢ ᠴᠠᠬᠢᠯᠭᠠᠨ ᠤ᠋ ᠬᠥᠭᠵᠢᠯᠲᠡ ᠪᠣᠯᠣᠨ ᠠᠮᠢ ᠠᠬᠤᠢ ᠵᠢᠨ ᠬᠠᠮᠠᠭᠠᠯᠠᠯᠲᠠ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠢᠮᠡᠷ ᠰᠡᠷᠭᠡᠢᠯᠡᠬᠦ ᠬᠣᠷᠢᠭ᠎ᠠ ᠱᠤᠭᠤᠮ ᠢ᠋ ᠪᠠᠲᠤ ᠰᠠᠬᠢᠨ᠂ 24 ᠴᠠᠭ ᠵᠢᠡᠷ ᠵᠢᠵᠢᠭᠦᠷᠯᠡᠨ ᠰᠠᠬᠢᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠤᠨ᠂ ᠴᠠᠬᠢᠯᠭᠠᠨ ᠬᠦᠷᠭᠡᠬᠦ ᠱᠤᠭᠤᠮ ᠤ᠋ᠨ ᠡᠯ᠎ᠡ ᠲᠦᠷᠦᠯ ᠤ᠋ᠨ ᠠᠮᠤᠷ ᠲᠦᠪᠰᠢᠨ ᠤ᠋ ᠬᠡᠮ ᠰᠣᠭᠣᠭ ᠢ᠋ ᠣᠨᠣᠪᠴᠢᠲᠠᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠶᠡᠬᠡ ᠬᠢᠩᠭᠠᠨ ᠳᠠᠪᠠᠭ᠎ᠠ ᠵᠢᠨ ᠨᠤᠮᠢᠨ ᠤᠰᠤ ᠬᠦᠬᠡᠮᠳᠦᠭ ᠠᠭᠤᠯᠠ ᠶ᠋ᠢ ᠰᠠᠢᠲᠤᠷ ᠰᠠᠬᠢᠨ ᠬᠠᠮᠠᠭᠠᠯᠠᠨ᠎ᠠ》 ᠭᠡᠪᠡ᠃

(ᠰᠤᠷᠪᠤᠯᠵᠢᠯᠠᠭ᠍ᠴᠢ   ᠮᠠ ᠹᠠᠩ   ᠺᠠᠩ ᠯᠢ ᠨᠠ   ᠰᠦᠩ ᠠ ᠨᠠᠨ   ᠬᠤᠤ ᠪᠢᠶᠣᠣ   ᠬᠤᠤ ᠰᠢᠤᠸᠠᠢ ᠯᠢᠶᠠᠨ   ᠯᠢᠶᠠᠩ ᠯᠢᠶᠠᠩ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面