> ᠲᠤᠰᠬᠠᠢ ᠮᠡᠳᠡᠭᠡᠯᠡᠯ

2026-10-26 10:19:29

ᠵᠣᠬᠢᠶᠠᠭ᠍ᠴᠢ᠄ ᠵᠧᠩ ᠰᠢᠦᠸᠠᠢ ᠯᠢᠶᠠᠩ ᠪᠢᠯᠢᠭᠪᠡᠭᠠᠳᠤᠷ ᠪᠤᠶᠠᠡᠡᠨᠡᠷᠢᠯ ᠭᠣᠸ᠋ ᠮᠢᠨ ᠨᠠ ᠪᠦᠸᠧ᠎ᠶᠢᠨ ᠹᠧᠩ ᠯᠢ ᠰᠢᠨ ᠵᠢᠶᠦ᠋ᠨ ᠴᠧᠨ ᠴᠦᠨ ᠶᠠᠨ ᠣᠩᠱᠢᠭ᠍ᠰᠠᠨ ᠣᠳᠠᠭ᠎ᠠ᠄ 3


︱ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠦᠬᠦ ᠣᠷᠣᠨ᠎ᠤ ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ


10 ᠰᠠᠷ᠎ᠠ᠎ᠶᠢᠨ 22 ᠎ᠤ᠋ᠨ ᠡᠳᠦᠷ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠶᠠᠪᠤᠭᠳᠠᠵᠤ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠦᠬᠦ ᠣᠷᠣᠨ᠎ᠤ ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃ ᠤᠯᠠᠨ᠎ᠢᠶᠠᠷ᠎ᠢᠶᠠᠨ᠂ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠤᠭ ᠰᠠᠨᠠᠭ᠎ᠠ᠎ᠪᠠᠨ ᠦᠯᠦ ᠮᠠᠷᠲᠠᠨ᠂ ᠦᠷᠭᠦᠯᠵᠢᠯᠡᠨ ᠲᠡᠮᠡᠴᠡᠵᠦ᠂ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠰᠠᠢᠲᠤᠷ ᠵᠠᠮᠨᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠬᠤᠪᠢᠰᠬᠠᠯ᠎ᠤᠨ ᠵᠢᠭ᠍ᠰᠠᠭᠠᠯ᠎ᠤᠨ ᠭᠠᠵᠠᠷ ᠎ᠢ ᠰᠠᠢᠲᠦᠷ ᠴᠤᠭᠴᠠᠯᠠᠵᠤ᠂ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠥᠨᠢᠳᠡ ᠦᠷᠭᠦᠯᠵᠢᠯᠡᠭᠦᠯᠦᠨ᠎ᠡ

ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠢᠦᠢ ᠯᠢᠨ ᠪᠠᠯᠭᠠᠰᠤᠨ᠎ᠤ ᠨᠠᠮ᠎ᠤᠨ ᠬᠣᠷᠢᠶ᠎ᠠ᠎ᠶᠢᠨ ᠱᠦᠵᠢ᠂ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠵᠠᠩ ᡁᠢ ᠬᠣᠩ᠂ ᠢᠦᠢ ᠯᠢᠨ ᠪᠠᠯᠭᠠᠰᠤ ᠬᠠᠷᠢᠶᠠᠲᠤ ᠣᠷᠣᠨ ᠪᠣᠯᠬᠤ ᠰᠢᠨᠬᠤᠸᠠ ᠬᠣᠷᠢᠶ᠎ᠡ ᠵᠢᠨ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠎ᠶᠢᠨ ᠬᠠᠭᠤᠴᠢᠨ ᠪᠠᠭᠤᠷᠢ᠎ᠳᠤ ᠲᠦᠰᠢᠭᠯᠡᠨ ᠬᠤᠪᠢᠰᠬᠠᠯ᠎ᠤᠨ ᠬᠥᠮᠦᠵᠢᠯ᠎ᠢ ᠰᠠᠢᠲᠤᠷ ᠥᠷᠨᠢᠭᠦᠯᠵᠦ᠂ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠪᠣᠳᠠᠲᠠᠢ ᠠᠵᠢᠯᠯᠠᠬᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃《6+1+4 》 ᠪᠠᠯᠭᠠᠰᠤ᠎ᠶᠢᠨ ᠬᠡᠪᠴᠢᠶᠡᠨ᠎ᠦ ᠲᠠᠷᠢᠶᠠᠯᠠᠩ ᠰᠣᠶᠣᠯ  ᠵᠢᠭᠤᠯᠴᠢᠯᠠᠯ᠎ᠤᠨ ᠠᠵᠤ ᠦᠢᠯᠡᠰ᠎ᠦᠨ ᠪᠦᠲᠦᠴᠡ᠎ᠶᠢ ᠲᠦᠷᠭᠡᠳᠬᠡᠨ ᠪᠠᠢᠭᠤᠯᠵᠤ᠂ ᠵᠢᠷᠭᠤᠭᠠᠨ ᠲᠣᠮᠣ᠌ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠳᠦ ᠲᠦᠰᠢᠭᠯᠡᠵᠤ᠂ ᠵᠦᠷᠢᠶᠡᠴᠢᠯᠡᠭᠰᠡᠨ ᠣᠨᠴᠠᠯᠢᠭ᠍ᠲᠤ ᠡᠵᠡᠩᠨᠡᠯᠲᠡ᠎ᠶᠢᠨ ᠬᠡᠯᠪᠡᠷᠢ᠎ᠶᠢ ᠪᠣᠶ ᠪᠣᠯᠭᠠᠨ᠎ᠠ᠃ ᠪᠥᠬᠥ ᠬᠦᠷᠢᠶ᠎ᠡ ᠴᠠᠷᠠᠭ᠎ᠠ ᠵᠢᠨ ᠢᠵᠢ ᠪᠦᠷᠢᠳᠦᠭᠰᠡᠨ ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠪᠠᠢᠷᠢᠰᠢᠯ᠎ᠢ ᠪᠣᠶ ᠪᠣᠯᠭᠠᠵᠤ᠂ ᠲᠣᠰᠬᠣᠨ᠎ᠤ ᠠᠷᠠᠳ᠎ᠤᠨ ᠣᠷᠣᠯᠭ᠎ᠠ᠎ᠶᠢᠨ ᠨᠡᠮᠡᠭᠳᠡᠯ᠎ᠢ ᠳᠠᠶ᠋ᠢᠴᠢᠯᠠᠵᠤ᠂ ᠪᠠᠯᠭᠠᠰᠤᠨ᠎ᠤ ᠠᠵᠤ ᠠᠬᠤᠢ᠎ᠶᠢ ᠬᠥᠭᠵᠢᠭᠦᠯᠦᠨ᠎ᠡ ᠭᠡᠵᠤ ᠢᠯᠡᠳᠬᠡᠪᠡ᠃

ᠬᠣᠶᠠᠷ ᠲᠦᠮᠡ ᠲᠠᠪᠤᠨ ᠮᠢᠩᠭᠠᠨ ᠭᠠᠵᠠᠷ᠎ᠤᠨ ᠤᠷᠳᠤ ᠵᠠᠮ᠎ᠤᠨ ᠠᠶᠠᠨ ᠲᠠᠢ᠌ᠨ᠎ᠢ ᠡᠷᠭᠢᠴᠡᠭᠦᠯᠬᠦᠶ᠎ᠡ᠂  ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠶᠡᠷᠡᠨ ᠵᠢᠯ᠎ᠦᠨ ᠣᠨ ᠰᠠᠷ᠎ᠠ᠎ᠶᠢ ᠦᠩᠭᠡᠷᠡᠭᠦᠯᠵᠦ᠂ ᠶᠠᠪᠤᠬᠤ ᠲᠤᠳᠤᠮ ᠰᠢᠨᠡᠳᠴᠦ᠍᠂ ᠪᠢᠳᠡᠨ᠎ᠦ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠠᠷᠠᠳ ᠲᠦᠮᠡᠨ᠎ᠳᠦ ᠴᠢᠩᠭ᠎ᠠ ᠲᠦᠰᠢᠭᠯᠡᠵᠦ᠍᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠨ ᠤᠷᠤᠭᠰᠢᠯᠠᠬᠤ ᠵᠢ ᠵᠣᠷᠢᠭᠵᠢᠭᠤᠯᠪᠠ᠃

《ᠴᠠᠭᠳᠠᠭ᠎ᠠ᠎ᠪᠤᠯᠤᠭᠰᠠᠨ13 ᠵᠢᠯ᠎ᠳᠦ᠂ ᠪᠢ ᠮᠠᠯᠴᠢᠨ ᠲᠠᠷᠢᠶᠠᠴᠢᠨ᠎ᠤ ᠪᠠᠶᠠᠷ᠎ᠪᠠᠶᠠᠰᠬᠤᠯᠠᠩᠲᠤ ᠴᠠᠭ ᠮᠦᠴᠡ ᠵᠢ ᠰᠡᠭᠦᠳᠡᠷᠯᠡᠬᠦ ᠮᠠᠰᠢᠨ᠎ᠢᠶᠡᠷ᠎ᠢᠶᠡᠨ ᠲᠡᠮᠳᠡᠭᠯᠡᠵᠦ᠍᠂ ᠴᠠᠭᠳᠠᠭ᠎ᠠ ᠠᠷᠠᠳ ᠰᠡᠳᠬᠢᠯ᠎ᠢᠶᠡᠨ ᠨᠢᠭᠡᠳᠬᠡᠵᠦ᠍᠂ ᠬᠢᠯᠢ ᠬᠢᠵᠠᠭᠠᠷ᠎ᠢᠶᠠᠨ ᠪᠡᠬᠢᠵᠢᠭᠦᠯᠵᠦ᠍ ᠬᠢᠯᠢ ᠬᠢᠵᠠᠭᠠᠷ᠎ᠢᠶᠠᠨ ᠮᠠᠨᠳᠤᠭᠤᠯᠬᠤ ᠰᠡᠳᠬᠢᠯ᠎ᠢ ᠳᠤᠯᠠᠭᠠᠴᠠᠭᠤᠯᠤᠭᠰᠠᠨ ᠦᠯᠢᠭᠡᠷ᠎ᠢ ᠲᠡᠮᠳᠡᠭᠯᠡᠵᠦ ᠶᠠᠪᠤᠯ᠎ᠠ᠂ ᠬᠢᠯᠢ ᠬᠢᠵᠠᠭᠠᠷ᠎ᠤᠨ ᠠᠮᠤᠷ ᠠᠮᠤᠭᠤᠯᠠᠩ᠎ᠢ ᠰᠠᠬᠢᠨ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠪᠣᠯᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠪᠣᠯ ᠳᠠᠷᠤᠢ ᠮᠠᠨ᠎ᠤ ᠡᠨᠡ ᠦᠶ᠎ᠡ᠎ᠶᠢᠨ ᠬᠥᠮᠦᠰ᠎ᠦᠨ ᠤᠷᠳᠤ ᠵᠠᠮ᠎ᠤᠨ ᠠᠶᠠᠨ ᠲᠠᠢ᠌ᠨ ᠪᠣᠯᠤᠨ᠎ᠠ》 ᠭᠡᠵᠦ ᠰᠢᠯᠢ᠎ᠶᠢᠨ ᠭᠤᠤᠯ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠤᠯᠤᠰ ᠲᠥᠷᠥ᠎ᠶᠢᠨ ᠭᠠᠵᠠᠷ᠎ᠤᠨ ᠠᠷᠠᠳ᠎ᠤᠨ ᠴᠠᠭᠳᠠᠭ᠎ᠠ ᠰᠢᠤᠢ ᠽᠸ ᠯᠦᠩ ᠭᠦᠨ ᠲᠥᠷᠥᠭᠳᠡᠯ᠎ᠲᠡᠶ ᠬᠡᠯᠡᠪᠡ᠃ ᠰᠤᠷᠲᠠᠯ ᠤᠬᠠᠭᠤᠯᠭ᠎ᠠ ᠰᠣᠶᠣᠯ᠎ᠤᠨ ᠠᠵᠢᠯ ᠪᠣᠯ ᠦᠵᠡᠯ ᠰᠠᠨᠠᠭᠠᠨ᠎ᠤ ᠲᠠᠯ᠎ᠠ᠎ᠪᠠᠷ᠎ᠬᠢ ᠣᠷᠳᠣ ᠵᠠᠮ᠎ᠤᠨ ᠠᠶᠠᠨ ᠲᠡᠶ᠋ᠢᠨ ᠮᠥᠨ᠂ ᠲᠡᠷᠡ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ ᠡᠮᠦᠨ᠎ᠡ ᠹᠷᠣᠨᠲ᠎ᠤᠨ ᠠᠷᠠᠳ᠎ᠤᠨ ᠴᠠᠭᠳᠠᠭ᠎ᠠ ᠲᠤᠰᠠᠯᠠᠭᠴᠢ ᠴᠠᠭᠳᠠᠭ᠎ᠠ᠎ᠶᠢᠨ ᠰᠡᠳᠬᠢᠯ ᠬᠥᠳᠡᠯᠭᠡᠮ᠎ᠡ ᠥᠯᠢᠭᠡᠷ᠎ᠢ ᠰᠡᠳᠬᠢᠯ ᠳᠡᠯᠪᠢᠨ ᠠᠭᠤᠳᠠᠯᠵᠤ᠂ ᠦᠵᠡᠯ ᠰᠠᠨᠠᠭᠠᠨ᠎ᠤ ᠵᠢᠯᠣᠭᠣᠳᠤᠯᠭ᠎ᠠ ᠪᠠ ᠰᠣᠶᠣᠯ᠎ᠤᠨ ᠳᠠᠮᠵᠢᠭᠤᠯᠭ᠎ᠠ᠎ᠶᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠳᠠᠶ᠋ᠢᠴᠢᠨ ᠨᠥᠬᠥᠳ᠎ᠲᠡᠶ᠎ᠪᠡᠨ ᠮᠥᠷᠥ᠍ ᠵᠡᠷᠭᠡᠴᠡᠨ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠣᠷᠳᠣ ᠵᠠᠮ᠎ᠤᠨ ᠠᠶᠠᠨ ᠲᠡᠶ᠋ᠢᠨ᠎ᠤ ᠵᠠᠮ᠎ᠢᠶᠡᠷ ᠰᠠᠶ᠋ᠢᠲᠤᠷ ᠵᠠᠮᠨᠠᠨ᠎ᠠ ᠭᠡᠵᠦ᠍ ᠢᠯᠡᠳᠬᠡᠪᠡ᠃

ᠡᠬᠡ ᠣᠷᠣᠨᠴᠢ ᠬᠠᠶ᠋ᠢᠷ᠎ᠠ ᠰᠡᠳᠬᠢᠯᠭᠡ᠎ᠶᠢ ᠵᠤᠵᠠᠭᠠᠳᠬᠠᠵᠤ᠂ ᠰᠢᠨ᠎ᠡ ᠴᠠᠭ ᠦᠶ᠎ᠡ᠎ᠶᠢᠨ ᠣᠷᠳᠣ ᠵᠠᠮ᠎ᠤᠨ ᠠᠶᠠᠨ ᠲᠡᠶ᠋ᠢᠨ᠎ᠦ ᠵᠠᠮ᠎ᠢᠶᠠᠷ ᠰᠠᠶ᠋ᠢᠲᠤᠷ ᠵᠠᠮᠨᠠᠨ᠎ᠠ

ᠥᠩᠭᠡᠷᠡᠭᠰᠡᠨ᠎ᠢᠶᠡᠨ ᠡᠷᠭᠢᠴᠡᠭᠦᠯᠵᠦ᠍᠂ ᠢᠷᠡᠭᠡᠳᠦᠢ᠎ᠪᠡᠨ ᠪᠠᠷᠠᠯᠠᠬᠤᠶ᠎ᠠ᠂ ᠪᠢᠳᠡ ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠤᠷᠳᠤ ᠵᠠᠮ᠎ᠤᠨ ᠠᠶᠠᠨ ᠲᠠᠢ᠌ᠨ᠎ᠤ ᠵᠠᠮ᠎ᠢᠶᠡᠷ ᠰᠠᠶ᠋ᠢᠲᠤᠷ ᠵᠠᠮᠨᠠᠬᠤ ᠬᠡᠷᠡᠭᠲᠡᠢ᠃

ᠣᠷᠳᠣᠰ ᠬᠤᠳᠠ᠎ᠶᠢᠨ ᠳ᠋ᠦᠩᠱᠧᠩ ᠲᠣᠭᠣᠷᠢᠭ᠋᠎ᠤᠨ ᠴᠥᠩ ᠸᠸᠨ ᠰᠤᠷᠭᠠᠭᠤᠯᠢ᠎ᠶᠢᠨ ᠪᠠᠭ᠍ᠰᠢ ᠬᠠᠰ᠄ 《ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠰᠣᠨᠣᠰᠤᠭᠠᠳ ᠪᠢ ᠰᠡᠳᠬᠢᠯ ᠳᠣᠭᠳᠣᠯᠤᠨ ᠵᠣᠷᠢᠭ᠍ᠵᠢᠪᠡ᠃ ᠬᠤᠢᠰᠢᠳᠠ ᠪᠢ ᠬᠥᠮᠥᠨ ᠬᠥᠮᠥᠵᠢᠭᠦᠯᠬᠦ ᠤᠭ ᠰᠠᠨᠠᠭ᠎ᠠ᠎ᠪᠠᠨ ᠪᠠᠲᠤ ᠰᠠᠬᠢᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠯᠢᠴᠡᠩᠭᠦᠢ ᠬᠠᠷᠢᠭᠤᠴᠠᠯᠭᠠᠲᠤ ᠰᠡᠳᠬᠢᠯᠭᠡ᠎ᠪᠡᠷ ᠰᠤᠷᠤᠭ᠍ᠴᠢᠳ᠎ᠤᠨ ᠦᠰᠦᠨ ᠪᠣᠶ᠋ᠢᠵᠢᠯᠲᠠ᠎ᠶᠢ ᠬᠠᠮᠠᠭᠠᠯᠠᠬᠤ᠎ᠶᠢᠨ ᠬᠠᠮᠲᠤ ᠰᠤᠷᠤᠭ᠍ᠴᠢᠳ᠎ᠢ ᠬᠥᠲᠥᠯᠥᠨ ᠳᠠᠭᠠᠭᠤᠯᠵᠤ ᠤᠯᠤᠰ ᠭᠡᠷ᠎ᠵᠢᠡᠨ ᠬᠡᠰᠡᠨ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠲᠡᠮᠡᠴᠡᠯ᠎ᠦᠨ ᠵᠣᠷᠢᠭ᠋᠎ᠢ ᠨᠢ ᠳᠠᠪᠲᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠰᠢᠨ᠎ᠡ ᠴᠠᠭ ᠦᠶ᠎ᠡ᠎ᠶᠢᠨ ᠰᠤᠷᠭᠠᠨ ᠬᠥᠮᠦᠵᠢᠯ᠎ᠦᠨ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ ᠪᠤᠯᠤᠨ᠎ᠠ》 ᠭᠡᠪᠡ᠃

《ᠣᠷᠳᠣ᠌ ᠵᠠᠮ᠎ᠤᠨ ᠠᠶᠠᠨ ᠲᠡᠶ᠋ᠢᠨ᠎ᠦ ᠠᠭᠤᠤ ᠶᠡᠬᠡ ᠵᠣᠷᠢᠭ᠋ ᠰᠠᠨᠠᠭ᠎ᠠ ᠪᠣᠯ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ᠎ᠶᠢᠨ ᠭᠦᠨ ᠵᠤᠵᠠᠭᠠᠨ ᠰᠢᠮ᠎ᠡ ᠲᠡᠵᠢᠭᠡᠯ ᠮᠥᠨ᠂ ᠠᠳᠠᠯᠢ ᠪᠤᠰᠤ ᠨᠠᠰᠤᠨ᠎ᠤ ᠰᠤᠷᠤᠭ᠍ᠴᠢᠳ᠎ᠲᠤ ᠣᠷᠳᠣ᠌ ᠵᠠᠮ᠎ᠤᠨ ᠠᠶᠠᠨ ᠲᠡᠶ᠋ᠢᠨ᠎ᠦ ᠲᠡᠦᠬᠡ᠎ᠶᠢ ᠤᠩᠰᠢᠨ ᠣᠢᠯᠠᠭᠠᠭᠤᠯᠵᠤ᠂ ᠢᠲᠡᠭᠡᠯ ᠪᠢᠰᠢᠷᠡᠯ᠎ᠦᠨ ᠬᠦᠴᠦᠨ ᠴᠢᠳᠠᠯ᠎ᠢ ᠮᠡᠳᠡᠷᠡᠭᠦᠯᠦᠨ᠎ᠡ》᠃ ᠬᠢᠩᠭᠠᠨ ᠠᠢᠮᠠᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠡᠪᠯᠡᠯ᠎ᠦᠨ ᠠᠵᠢᠯ᠎ᠤᠨ ᠬᠣᠷᠢᠶ᠎ᠠ᠎ᠶᠢᠨ ᠱᠦᠵᠢ ᠵᠧᠩ ᠶᠡᠨ ᠶᠤᠸᠠᠨ᠂ ᠣᠢᠷ᠎ᠠ᠎ᠶᠢᠨ ᠵᠢᠯ᠎ᠳᠦ᠂ ᠬᠢᠩᠭᠠᠨ ᠠᠢᠮᠠᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ 《ᠬᠤᠪᠢᠰᠬᠠᠯᠲᠤ ᠬᠢᠩᠭᠠᠨ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ》ᠰᠤᠳᠤᠯᠤᠨ ᠰᠤᠷᠤᠯᠴᠠᠬᠤ ᠦᠢᠯᠡᠳᠦᠯᠭᠡ᠎ᠶᠢᠨ ᠲᠣᠭᠣᠷᠢᠭ᠋᠎ᠢ ᠪᠠᠢᠭᠤᠯᠵᠤ᠂ ᠬᠤᠪᠢᠰᠬᠠᠯ᠎ᠤᠨ ᠬᠥᠮᠦᠵᠢᠯ᠎ᠢ ᠦᠵᠡᠯ ᠰᠠᠨᠠᠭ᠎ᠠ ᠤᠯᠤᠰ ᠲᠥᠷᠥ᠎ᠶᠢᠨ ᠵᠢᠭᠠᠨ ᠰᠤᠷᠭᠠᠯᠲᠠ᠎ᠳᠤ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠪᠠ ᠬᠡᠵᠦ ᠢᠯᠡᠳᠬᠡᠪᠡ᠃

ᠲᠤᠬᠠᠢᠯᠠᠭᠰᠠᠨ ᠠᠵᠢᠯ᠎ᠤᠨ ᠪᠠᠢᠷᠢ ᠎ᠳᠠᠭᠠᠨ ᠰᠠᠭᠤᠷᠢᠯᠠᠵᠤ᠂ ᠦᠵᠡᠰᠬᠦᠯᠡᠩᠲᠦ ᠰᠠᠢᠬᠠᠨ ᠭᠡᠷ ᠣᠷᠣᠨ᠎ᠢᠶᠠᠨ ᠰᠡᠳᠬᠢᠯ ᠨᠢᠭᠡᠳᠦᠨ ᠰᠠᠬᠢᠨ ᠬᠠᠮᠠᠭᠠᠯᠠᠨ᠎ᠠ

《ᠤᠯᠠᠭᠠᠨ ᠴᠡᠷᠢᠭ᠎ᠦᠨ ᠲᠡᠮᠡᠴᠡᠯ᠎ᠦᠨ ᠵᠣᠷᠢᠭ᠋ ᠰᠠᠨᠠᠭ᠎ᠠ ᠪᠣᠯ ᠦᠶ᠎ᠡ ᠦᠶ᠎ᠡ᠎ᠶᠢᠨ ᠪᠣᠭᠣᠮᠲᠠ ᠰᠢᠪᠲᠤᠯᠵᠤ ᠡᠯᠡᠰᠦ᠎ᠶᠢ ᠵᠠᠰᠠᠭᠰᠠᠨ ᠳ᠋ᠸᠨᠭᠺᠸᠦ ᠵᠢᠨ ᠬᠥᠮᠥᠰ᠎ᠦᠨ ᠡᠯᠡᠰᠦᠨ ᠴᠦᠯ᠎ᠳᠦ ᠦᠨᠳᠦᠰᠦᠯᠡᠵᠦ᠂ ᠡᠯᠡᠰᠦ᠎ᠲᠠᠢ ᠲᠡᠮᠡᠴᠡᠵᠦ ᠭᠣᠣᠯ ᠮᠦᠷᠨᠨ᠎ᠢ ᠬᠠᠮᠠᠭᠠᠯᠠᠬᠤ ᠬᠦᠴᠦᠨ ᠴᠢᠳᠠᠯ᠎ᠤᠨ ᠡᠬᠢ ᠪᠤᠯᠠᠭ ᠪᠣᠯᠣᠨ᠎ᠠ》ᠬᠡᠵᠦ ᠪᠠᠶᠠᠨᠨᠠᠭᠤᠷ ᠬᠤᠳᠠ᠎ᠶᠢᠨ ᠳ᠋ᠸᠨᠭᠺᠧᠦ ᠰᠢᠶᠠᠨ᠎ᠤ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠲᠣᠪᠴᠢᠶᠠᠨ᠎ᠤ ᠳᠡᠳ᠋ ᠳᠠᠷᠤᠭ᠎ᠠ ᠾᠧ ᠸᠸᠨ ᠴᠢᠶᠠᠩ ᠬᠡᠯᠡᠨ᠎ᠠ᠃

ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠥᠯᠥᠨ ᠪᠤᠢ᠍ᠢᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠡᠮᠦᠨ᠎ᠡ ᠹᠷᠣᠨᠲ᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃《ᠪᠢᠳᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠪᠠᠷ ᠬᠥᠳᠡᠯᠭᠡᠬᠦ ᠬᠦᠴᠦᠨ ᠪᠤᠯᠭᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠪᠠᠢᠭᠠᠯᠢ᠎ᠶᠢᠨ ᠰᠡᠷᠭᠦᠭᠡᠯᠲᠡ᠎ᠪᠡᠷ ᠭᠣᠣᠯ ᠪᠤᠯᠭᠠᠬᠤ᠂ ᠬᠥᠮᠥᠨ᠎ᠦ ᠬᠦᠴᠦ᠎ᠪᠡᠷ ᠭᠠᠷ ᠲᠦᠷᠦᠭᠦ᠎ᠪᠡᠷ ᠬᠠᠪᠰᠤᠷᠤᠮᠵᠢ ᠪᠤᠯᠭᠠᠬᠤ᠎ᠶᠢ ᠪᠠᠷᠢᠮᠲᠠᠯᠠᠵᠤ᠂ ᠨᠤᠭᠤ ᠭᠠᠵᠠᠷ᠎ᠢ ᠰᠡᠯᠪᠢᠨ ᠵᠠᠰᠠᠬᠤ᠂ ᠪᠣᠬᠢᠷᠳᠤᠯ᠎ᠢ ᠬᠠᠮᠢᠶᠠᠷᠤᠨ ᠡᠵᠡᠮᠳᠡᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠦᠷᠭᠦᠯᠵᠢᠯᠡᠨ ᠪᠣᠳᠠᠲᠠᠢ ᠠᠳᠬᠤᠵᠤ᠂ ᠠᠮᠢ ᠠᠬᠤᠢ᠎ᠶᠢᠨ ᠰᠢᠰᠲᠧᠮ᠎ᠤᠨ ᠲᠣᠭᠲᠠᠪᠤᠷᠢᠲᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ᠎ᠡ》ᠭᠡᠵᠦ ᠬᠥᠯᠥᠨ ᠨᠠᠭᠤᠷ᠎ᠤᠨ ᠤᠯᠤᠰ᠎ᠤᠨ ᠳᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶᠠᠨ᠎ᠤ ᠳᠡᠳ᠋ ᠳᠠᠷᠤᠭ᠎ᠠ ᠳ᠋ᠧᠦ ᠬᠤᠸᠠ ᠱᠠᠨ ᠬᠡᠯᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面