> ᠲᠤᠰᠬᠠᠢ ᠮᠡᠳᠡᠭᠡᠯᠡᠯ

2026-10-26 10:15:02

ᠵᠣᠬᠢᠶᠠᠭ᠍ᠴᠢ᠄ ᠼᠠᠢ ᠳ᠋ᠦᠩ ᠮᠧᠢ ᠂ ᠳ᠋ᠧᠩ ᠶᠠ ᠰᠢᠨ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 23᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠎ᠳᠤ ᠬᠦᠷᠴᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢᠨ ᠬᠤᠷᠠᠯ ᠬᠢᠪᠡ᠃

ᠤᠬᠠᠭᠤᠯᠤᠨ ᠲᠠᠢᠯᠪᠤᠷᠢᠯᠠᠬᠤ ᠲᠤᠬᠠᠢ ᠵᠢᠨ ᠲᠠᠯᠠᠪᠠᠶ᠎ᠳᠦ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠨᠡᠢᠭᠡᠮ ᠬᠢᠭᠡᠳ ᠠᠮᠢ ᠠᠬᠤᠢ᠎ᠶᠢᠨ ᠪᠣᠯᠪᠠᠰᠤᠨ᠎ᠤ ᠵᠢᠭᠠᠨ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ᠂ ᠫᠷᠤᠹᠸᠰᠰᠤᠷ ᠧᠦ ᠶᠠᠩ ᠯᠢ ᠨᠠ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠠᠬᠢ ᠳᠤᠲᠤᠨᠤ ᠬᠠᠯᠠᠮᠵᠢᠯᠠᠯ ᠪᠠ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠭᠦᠨᠵᠡᠭᠡᠢ ᠮᠡᠳᠡᠷᠡᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠠᠷᠢᠬᠢ ᠤᠶᠤᠨ᠎ᠳᠠᠭᠠᠨ ᠬᠠᠳᠠᠩᠰᠢᠭᠤᠯᠬᠤ ᠪᠠ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠭᠤᠷᠪᠠᠨ ᠲᠠᠯ᠎ᠠ᠎ᠡᠴᠡ ᠰᠢᠰᠲᠧᠮ᠎ᠲᠠᠢ ᠲᠠᠢᠯᠪᠤᠷᠢᠯᠠᠯᠲᠠ ᠬᠢᠪᠡ᠃ ᠮᠡᠳᠡᠭᠦᠯᠦᠯᠲᠡ ᠨᠢ ᠠᠮᠢᠳᠤᠯᠢᠭ᠋ ᠰᠡᠪᠡᠭᠦᠨ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠲᠤᠬᠠᠢ᠎ᠶᠢᠨ ᠲᠠᠯᠠᠪᠠᠢ᠎ᠶᠢᠨ ᠪᠠᠭ᠍ᠰᠢ ᠰᠤᠷᠤᠭ᠍ᠴᠢᠳ ᠰᠡᠳᠬᠢᠯ ᠲᠠᠯᠪᠢᠨ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠪᠡ᠃

《ᠡᠨᠡ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠯᠳᠠ᠎ᠶᠢ ᠰᠣᠨᠣᠰᠤᠭᠠᠳ ᠪᠢ ᠶᠡᠬᠡᠳᠡ ᠵᠣᠷᠢᠭ᠍ᠵᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠭᠦᠨᠵᠡᠭᠡᠢ ᠮᠡᠳᠡᠷᠡᠵᠡᠢ᠃ ᠰᠢᠨ᠎ᠡ ᠴᠠᠭ ᠦᠶ᠎ᠡ᠎ᠶᠢᠨ ᠰᠤᠷᠤᠭ᠍ᠴᠢ ᠪᠣᠯᠤᠭᠰᠠᠨ᠎ᠤ ᠬᠤᠪᠢ᠎ᠳᠤ᠂ ᠪᠢ ᠲᠤᠰᠬᠠᠢ ᠮᠡᠷᠭᠡᠵᠢᠯ᠎ᠳᠡᠭᠡᠨ ᠰᠠᠭᠤᠷᠢᠯᠠᠨ᠂ ᠡᠷᠳᠡᠮ ᠴᠢᠳᠠᠪᠤᠷᠢ ᠵᠢ ᠰᠠᠢᠲᠤᠷ ᠰᠤᠷᠤᠯᠴᠠᠵᠤ᠂ ᠯᠠᠪᠳᠠᠭᠤᠨ ᠪᠠᠲᠤᠲᠠᠢ ᠪᠠᠢᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠵᠥ᠂ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠨᠤᠲᠤᠭ ᠤᠰᠤᠨ᠎ᠤ᠎ᠪᠠᠨ ᠴᠢᠨᠠᠷ ᠰᠠᠢᠲᠠᠢ ᠬᠥᠭᠵᠢᠯᠲᠡ᠎ᠳᠦ ᠵᠣᠷᠢᠭᠤᠯᠤᠨ᠎ᠠ》 ᠭᠡᠵᠦ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠎ᠶᠢᠨ ᠬᠢᠲᠠᠳ ᠬᠡᠯᠡ ᠤᠳᠬ᠎ᠠ ᠵᠣᠬᠢᠶᠠᠯ᠎ᠤᠨ ᠲᠤᠰᠬᠠᠢ ᠮᠡᠷᠭᠡᠵᠢᠯ᠎ᠦᠨ ᠰᠤᠷᠤᠬ᠍ᠴᠢ ᠺᠦᠩ ᠹᠠᠨ ᠮᠢᠨ ᠬᠡᠯᠡᠪᠡ᠃ ᠪᠤᠭᠤᠲᠤ᠎ᠶᠢᠨ ᠪᠠᠭ᠍ᠰᠢ᠎ᠶᠢᠨ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠯᠧᠺᠲ᠋ᠣᠷ ᠵᠢᠶᠠ ᠶᠢᠩ ᠰᠠ᠂ 《ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ ᠪᠣᠯᠤᠭᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠰᠢ᠎ᠶᠢᠨ ᠫᠢᠩ᠎ᠤᠨ ᠲᠤᠰ ᠤᠳᠠᠭ᠎ᠠ᠎ᠶᠢᠨ ᠰᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠬᠢᠴᠢᠶᠡᠯ᠎ᠦᠨ ᠲᠠᠩᠬᠢᠮ᠎ᠳᠤ ᠠᠭᠤᠰᠬᠠᠵᠤ᠂ ᠵᠠᠯᠠᠭᠤᠴᠤᠳ᠎ᠤᠨ ᠰᠣᠨᠣᠰᠴᠤ ᠣᠢᠯᠠᠭᠠᠬᠤ ᠦᠭᠡ ᠬᠡᠯᠡ ᠪᠡᠷ ᠵᠠᠯᠠᠭᠤ ᠰᠤᠷᠤᠭ᠍ᠴᠢᠳ᠎ᠢ ᠬᠦᠳᠦᠯᠦᠨ ᠵᠢᠯᠤᠭᠤᠳᠴᠤ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠯᠥᠭᠡ ᠴᠡᠭᠡᠵᠢ ᠲᠡᠨᠢᠢᠨ ᠬᠠᠷᠢᠭᠤᠴᠠᠯᠭ᠎ᠠ ᠡᠭᠦᠷᠭᠡᠯᠡᠭᠦᠯᠦᠨ᠎ᠠ》 ᠭᠡᠵᠦ ᠢᠯᠡᠳᠬᠡᠪᠡ᠃ ᠤᠬᠠᠭᠤᠯᠤᠨ ᠲᠠᠢᠯᠪᠤᠷᠢᠯᠠᠵᠤ ᠳᠠᠭᠤᠰᠤᠭᠰᠠᠨ᠎ᠤ ᠲᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢᠳ᠎ᠲᠠᠢ ᠶᠠᠷᠢᠯᠴᠠᠨ ᠰᠣᠯᠢᠯᠴᠠᠵᠤ᠂ ᠠᠮᠢ ᠠᠬᠤᠢ᠎ᠶᠢᠨ ᠬᠠᠮᠠᠭᠠᠯᠠᠯᠲᠠ᠂ ᠴᠢᠨᠠᠷ ᠰᠠᠢᠲᠠᠢ ᠬᠥᠭᠵᠢᠯᠲᠡ ᠵᠡᠷᠭᠡ ᠰᠡᠳᠦᠪ᠎ᠦᠨ ᠲᠣᠭᠣᠷᠢᠨ᠎ᠳᠤ ᠬᠠᠷᠢᠯᠴᠠᠨ ᠰᠤᠳᠤᠯᠤᠨ ᠶᠠᠷᠢᠯᠴᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠴᠢᠨᠠᠭᠰᠢᠳᠠ ᠭᠦᠨᠵᠡᠭᠡᠢᠷᠡᠭᠦᠯᠵᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面