> ᠲᠤᠰᠬᠠᠢ ᠮᠡᠳᠡᠭᠡᠯᠡᠯ

2026-10-27 11:07:11

ᠵᠣᠬᠢᠶᠠᠭ᠍ᠴᠢ᠄ ᠭᠣᠣ ᠮᠢᠨ ᠨᠠ ᠬᠤᠤ ᠵᠢᠶᠠ ᠯᠢ ᠭᠧᠩ ᠰᠢᠨ ᠴᠠᠢ ᠰᠧ ᠶᠤᠸᠠᠨ ᠴᠧᠨ ᠴᠦᠨ ᠶᠠᠨ ᠣᠩᠱᠢᠭ᠍ᠰᠠᠨ ᠣᠳᠠᠭ᠎ᠠ᠄ 3


— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠣᠢᠷ᠎ᠠ᠎ᠶᠢᠨ ᠡᠳᠦᠷ᠎ᠦᠳ᠎ᠲᠦ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠰ ᠪᠡᠶ᠎ᠡ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠂ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ ᠵᠡᠷᠭᠡ ᠲᠠᠯ᠎ᠠ᠎ᠶᠢᠨ ᠲᠣᠭᠣᠷᠢᠨ᠎ᠳᠤ ᠡᠭᠦᠷᠭᠡ ᠬᠠᠷᠠᠯᠲᠠ᠎ᠪᠠᠨ ᠲᠣᠳᠣᠷᠬᠠᠢᠯᠠᠵᠤ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠪᠠ᠃

10 ᠰᠠᠷ᠎ᠠ᠎ᠶᠢᠨ 19 ᠎ᠤ᠋ ᠡᠳᠦᠷ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠠᠢᠮᠠᠭ᠎ᠤᠨ ᠨᠠᠮ᠎ᠤᠨ ᠬᠣᠷᠢᠶᠠᠨ᠎ᠤ ᠭᠡᠰᠢᠭᠦᠨ(ᠥᠷᠭᠡᠳᠬᠡᠭᠰᠡᠨ) ᠤ᠋ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶᠠᠨ᠎ᠤ(ᠥᠷᠭᠡᠳᠬᠡᠭᠰᠡᠨ) ᠬᠤᠷᠠᠯ᠂ ᠪᠥᠬᠥ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠲᠠᠷᠢᠬᠢᠨ᠎ᠳᠠᠭᠠᠨ ᠰᠢᠨᠭᠭᠡᠭᠡᠵᠦ ᠰᠡᠳᠬᠢᠯ᠎ᠳᠡᠭᠡᠨ ᠬᠠᠳᠠᠩᠰᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ᠃ ᠠᠮᠢ ᠠᠬᠤᠢ᠎ᠶᠢᠨ ᠠᠮᠤᠷ ᠲᠦᠪᠰᠢᠨ ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦ᠎ᠪᠡᠷ᠎ᠢᠶᠡᠨ ᠠᠬᠢᠭᠤᠯᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠂ ᠨᠤᠭᠤ ᠭᠠᠵᠠᠷ᠎ᠤᠨ ᠴᠡᠴᠡᠷᠯᠢᠭ ᠎ᠢ ᠬᠠᠮᠠᠭᠠᠯᠠᠨ ᠰᠡᠷᠭᠦᠭᠡᠬᠦ᠎ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠎ᠤᠨ ᠵᠠᠰᠠᠯᠲᠠ᠎ᠶᠢ ᠭᠦᠨᠵᠡᠭᠡᠢᠷᠡᠭᠦᠯᠵᠦ᠂ ᠠᠮᠢ ᠠᠬᠤᠢ᠎ᠶᠢᠨ ᠦᠷᠳᠡᠭ᠎ᠢ ᠤᠯᠠᠷᠢᠭᠤᠯᠬᠤ ᠠᠷᠭ᠎ᠠ ᠵᠠᠮ ᠎ᠢ ᠥᠷᠭᠡᠳᠬᠡᠵᠦ᠂ ᠠᠮᠢ ᠠᠬᠤᠢ᠎ᠶᠢᠨ ᠳᠠᠪᠠᠭᠤᠯᠢᠭ᠋ ᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭᠲᠡᠢ᠃ ᠬᠢᠩᠭᠠᠨ ᠠᠢᠮᠠᠭ᠎ᠤᠨ ᠰᠢᠨ᠎ᠡ ᠡᠨᠧᠷᠭᠢ᠂ ᠤᠰᠤᠨ᠎ᠤ ᠡᠬᠢ ᠪᠠᠶᠠᠯᠢᠭ᠋ ᠵᠡᠷᠭᠡ ᠳᠠᠪᠠᠭᠤᠯᠢᠭ᠋᠎ᠢ ᠰᠠᠢᠲᠤᠷ ᠠᠰᠢᠭ᠍ᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠢ ᠬᠥᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠢ᠃ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠎ᠢ ᠬᠦᠴᠦᠯᠡᠨ ᠪᠤᠵᠠᠭᠠᠢᠷᠠᠭᠤᠯᠵᠤ᠂ ᠤᠯᠤᠰ᠎ᠤᠨ ᠲᠠᠰ᠎ᠤᠨ ᠣᠲᠣ᠌ ᠦᠶ᠎ᠡ᠎ᠶᠢᠨ ᠮᠠᠯ ᠠᠵᠤ ᠠᠬᠤᠢ᠎ᠶᠢᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂ 《 ᠬᠢᠩᠭᠠᠨ ᠠᠢᠮᠠᠭ᠎ᠤᠨ ᠲᠤᠲᠤᠷᠭ᠎ᠠ 》 ᠵᠡᠷᠭᠡ ᠲᠥᠷᠥᠯ ᠲᠡᠮᠳᠡᠭ᠎ᠦᠨ ᠠᠯᠳᠠᠷᠰᠢᠯ᠎ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠬᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶᠢᠨ ᠠᠵᠤ ᠦᠢᠯᠡᠰ᠎ᠦᠨ ᠤᠷᠢᠳᠠᠴᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ᠎ᠦᠨ ᠠᠯᠺᠣᠣᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠢ ᠬᠦᠴᠦᠷᠬᠡᠭᠵᠢᠭᠦᠯᠵᠦ᠂ ᠬᠢᠩᠭᠠᠨ ᠠᠢᠮᠠᠭ᠎ᠤᠨ ᠣᠨᠴᠠᠯᠢᠭ᠋᠎ᠲᠠᠢ ᠤᠳᠤ ᠦᠶ᠎ᠡ᠎ᠶᠢᠨ ᠠᠵᠤ ᠦᠢᠯᠡᠰ᠎ᠦᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ 《 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠣᠨ 》ᠤ᠋ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠨ ᠪᠠᠶ᠋ᠢᠭᠤᠯᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠦᠷᠭᠦᠯᠵᠢᠯᠡᠨ ᠴᠢᠩᠭᠠᠳᠬᠠᠵᠤ᠂ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠪᠥᠬᠥ ᠵᠢᠯ᠎ᠦᠨ ᠬᠠᠷᠠᠯᠲᠠ ᠡᠭᠦᠷᠭᠡ᠎ᠪᠡᠨ ᠪᠥᠬᠥ ᠬᠦᠴᠦᠨ᠎ᠢᠶᠡᠷ᠎ᠢᠶᠡᠨ ᠰᠠᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠠᠮ᠎ᠤᠨ ᠬᠣᠷᠢᠶᠠᠨ᠎ᠤ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠭᠣᠣᠯ ᠠᠭᠤᠯᠭ᠎ᠠ᠎ᠶᠢ ᠨᠢ ᠨᠠᠷᠢᠨ ᠬᠢᠨᠠᠮᠠᠭᠠᠢ ᠣᠢᠯᠠᠭᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠰᠤᠷᠤᠯᠴᠠᠨ ᠣᠢᠯᠠᠭᠠᠵᠤ᠂ ᠰᠢᠰᠲᠧᠮ᠎ᠲᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ》 ᠪᠣᠯᠣᠨ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠭᠤ ᠭᠠᠵᠠᠷ᠎ᠢ ᠬᠠᠮᠠᠭᠠᠯᠠᠬᠤ ᠬᠠᠤᠯᠢ》 ᠵᠢ ᠲᠦᠭᠡᠮᠡᠯᠵᠢᠭᠦᠯᠬᠦ ᠤᠬᠠᠭᠤᠯᠭ᠎ᠠ᠎ᠶᠢ ᠴᠢᠩᠭᠠᠳᠬᠠᠵᠤ᠂ ᠪᠥᠬᠥ ᠨᠡᠢᠭᠡᠮ᠎ᠢᠶᠡᠷ᠎ᠢᠶᠡᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭᠵᠢᠭᠦᠯᠬᠦ ᠣᠢᠯᠠᠭᠠᠭᠳᠠᠬᠤᠨ᠎ᠢ ᠪᠠᠲᠤ ᠪᠣᠶ ᠪᠣᠯᠭᠠᠬᠤ᠎ᠶᠢ ᠠᠬᠢᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠡᠬᠢ ᠪᠠᠶᠠᠯᠢᠭ᠋᠎ᠢ ᠰᠢᠯᠢᠳᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠵᠡᠷᠭᠡ᠎ᠳᠦ ᠨᠡᠩ ᠤᠯᠠᠨ ᠰᠢᠯᠢᠳᠡᠭ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠲᠤᠭᠠᠴᠢᠯᠠᠯᠲᠠ ᠤᠶᠤᠨᠴᠢᠯᠠᠯᠲᠠ᠎ᠪᠡᠷ ᠬᠦᠴᠦᠨ ᠤᠯᠭᠤᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠣᠷᠣᠨ᠎ᠤ ᠪᠣᠬᠢᠷᠲᠤᠯ ᠦᠭᠡᠢ ᠪᠤᠳᠤᠯᠲᠠ᠎ᠶᠢᠨ ᠬᠦᠴᠦᠨ ᠤ᠋ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠪᠡᠷ ᠠᠵᠠ ᠲᠣᠬᠢᠶᠠᠯ ᠪᠣᠯᠭᠠᠵᠤ᠂《ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠠᠬᠢᠭᠤᠯᠵᠤ᠂〈ᠨᠠᠷᠢᠯᠢᠭ᠍ᠵᠢᠭᠤᠯᠤᠭᠰᠠᠨ ᠬᠠᠤᠯᠢ ᠴᠠᠭᠠᠵᠠ〉  ᠶ᠋ᠢ ᠪᠠᠶ᠋ᠢᠭᠤᠯᠬᠤ》ᠠᠵᠢᠯ᠎ᠤᠨ ᠱᠠᠭᠠᠷᠳᠠᠯᠭ᠎ᠠ᠎ᠲᠠᠢ ᠤᠶᠠᠯᠳᠤᠭᠤᠯᠵᠤ᠂《ᠵᠡᠭᠦᠨᠳᠡᠬᠢ ᠲᠤᠭ᠎ᠠ ᠪᠠᠷᠢᠮᠳᠠ᠎ᠵᠢ ᠪᠠᠷᠠᠭᠤᠨᠳᠡᠬᠢ ᠪᠤᠳᠤᠯᠲᠠ᠎ᠶᠢᠨ ᠬᠦᠴᠦᠨ᠎ᠢᠶᠡᠷ ᠳᠤᠯᠭᠠᠭᠤᠷᠢᠯᠠᠬᠤ》ᠢᠨᠵᠧᠨᠧᠷᠢᠩ᠎ᠦᠨ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠠ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠪᠠᠲᠤ ᠴᠢᠩᠭ᠎ᠠ ᠬᠠᠤᠯᠢ᠎ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 21 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ)᠎ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠲᠡᠷᠢᠭᠦᠨ᠎ᠳᠦ ᠲᠠᠯᠪᠢᠵᠤ᠂ ᠬᠣᠲᠠ ᠪᠠᠯᠭᠠᠰᠤᠨ᠎ᠤ ᠪᠣᠬᠢᠷ ᠤᠰᠤ ᠰᠢᠢᠳᠪᠦᠷᠢᠯᠡᠬᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠬᠣᠲᠠ ᠪᠠᠯᠭᠠᠰᠤᠨ᠎ᠤ ᠪᠣᠬᠢᠷ ᠤᠰᠤ᠎ᠶᠢ ᠬᠣᠷᠢᠶᠠᠨ ᠴᠤᠭᠯᠠᠭᠤᠯᠬᠤ ᠰᠢᠰᠲᠧᠮ᠎ᠦᠨ ᠳᠤᠲᠠᠭᠤᠳᠠᠯ᠎ᠢ ᠨᠥᠬᠥᠪᠦᠷᠢᠯᠡᠵᠦ᠂ ᠬᠣᠲᠠ ᠪᠠᠯᠭᠠᠰᠤᠨ᠎ᠤ ᠠᠮᠢᠳᠤᠷᠠᠯ᠎ᠤᠨ ᠪᠣᠬᠢᠷ ᠤᠰᠤ᠎ᠶᠢ ᠬᠣᠷᠢᠶᠠᠨ ᠴᠤᠭᠯᠠᠭᠤᠯᠬᠤ ᠨᠣᠷᠮ᠎ᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠢᠳᠤᠷᠠᠯ᠎ᠤᠨ ᠬᠣᠭ ᠨᠣᠪᠰᠢ᠂ ᠪᠠᠷᠢᠯᠭ᠎ᠠ᠎ᠶᠢᠨ ᠬᠣᠭ ᠨᠣᠪᠰᠢ᠎ᠶᠢ ᠬᠢᠨᠠᠨ ᠬᠠᠮᠢᠶᠠᠷᠴᠤ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠣᠲᠠ ᠪᠠᠯᠭᠠᠰᠤᠨ᠎ᠤ ᠠᠮᠢᠳᠤᠷᠠᠯ᠎ᠤᠨ ᠬᠣᠭ ᠨᠣᠪᠰᠢ᠎ᠶᠢ ᠠᠩᠬᠢᠯᠠᠨ ᠰᠢᠢᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ᠎ᠶᠢ ᠬᠣᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠪᠤᠳᠤᠯᠲᠠ᠎ᠶᠢᠨ ᠬᠦᠴᠦᠨ᠎ᠦ ᠰᠠᠭᠤᠷᠢ ᠪᠦᠲᠦᠭᠡᠨ ᠪᠠᠢᠭᠤᠯᠤᠯᠲᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠠᠭᠠᠨᠴᠠᠪ᠎ᠤᠨ ᠪᠤᠳᠤᠯᠲᠠ᠎ᠶᠢᠨ ᠬᠦᠴᠦᠨ᠎ᠦ ᠠᠵᠤ ᠦᠢᠯᠡᠰ᠎ᠦᠨ ᠪᠠᠢᠷᠢᠰᠢᠯ᠎ᠤᠨ ᠬᠡᠷᠡᠭᠴᠡᠭᠡ ᠱᠠᠭᠠᠷᠳᠠᠯᠭ᠎ᠠ᠎ᠲᠠᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠲᠥᠷᠥᠯ ᠵᠦᠢᠯ᠎ᠢ ᠥᠨᠳᠥᠷ ᠪᠦᠲᠦᠮᠵᠢᠲᠡᠶ᠎ᠪᠡᠷ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠪᠤᠳᠤᠯᠲᠠ᠎ᠶᠢᠨ ᠬᠦᠴᠦᠨ᠎ᠦ ᠳᠠᠪᠠᠭᠤᠯᠢᠭ᠋᠎ᠲᠤ ᠲᠦᠰᠢᠭᠯᠡᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠪᠤᠳᠤᠯᠲᠠ᠎ᠶᠢᠨ ᠬᠦᠴᠦᠨ᠎ᠦ ᠡᠬᠢ ᠪᠠᠶᠠᠯᠢᠭ᠋᠎ᠢ ᠡᠯ᠎ᠡ ᠲᠥᠷᠥᠯ᠎ᠦᠨ ᠠᠬᠤᠢ ᠪᠠᠢᠳᠠᠯ᠎ᠳᠤ ᠬᠡᠷᠡᠭᠯᠡᠬᠦ᠎ᠶᠢ ᠰᠦᠪᠡᠭᠴᠢᠯᠡᠵᠦ᠂ ᠲᠣᠭᠠᠴᠢᠯᠠᠯᠲᠠ᠎ᠪᠠᠷ ᠬᠦᠴᠦᠨ ᠤᠯᠭᠤᠬᠤ᠎ᠪᠡᠷ ᠡᠯ᠎ᠡ ᠵᠦᠢᠯ᠎ᠦᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 19 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠲᠣᠪᠴᠢᠶᠠᠨ᠎ᠤ ᠰᠢᠰᠲᠧᠮ᠎ᠦᠨ ᠺᠠᠳ᠋ᠷ ᠠᠵᠢᠯᠲᠠᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠂ ᠪᠡᠶ᠎ᠡ᠎ᠶᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ᠎ᠶᠢ ᠰᠤᠷᠤᠯᠴᠠᠨ ᠲᠤᠭᠤᠰᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠠᠷᠠᠯᠲᠠ ᠡᠭᠦᠷᠭᠡ᠎ᠶᠢ ᠣᠨᠣᠪᠴᠢᠲᠠᠶ ᠡᠵᠡᠮᠳᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ᠎ᠡᠴᠡ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠂ ᠤᠷᠤᠯᠳᠤᠭᠠᠨ᠎ᠤ ᠪᠡᠯᠡᠳᠬᠡᠯ ᠠᠵᠢᠯ᠂ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠶᠢᠨ ᠪᠠᠢᠷᠢᠰᠢᠭᠤᠯᠤᠯᠲᠠ᠎ᠳᠤ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠬᠠᠮᠢᠶᠠᠷᠤᠯᠲᠠ ᠡᠵᠡᠮᠳᠡᠯ᠎ᠦᠨ ᠱᠠᠭᠠᠷᠳᠠᠯᠭ᠎ᠠ᠎ᠶᠢ ᠴᠢᠩᠭ᠎ᠠ ᠬᠡᠷᠡᠭᠵᠢᠭᠦᠯᠵᠦ᠂ ᠪᠡᠶ᠎ᠡ᠎ᠶᠢᠨ ᠲᠠᠮᠢᠷ᠎ᠤᠨ ᠦᠢᠯᠡᠰ ᠪᠣᠯᠣᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠬᠠᠷᠢᠯᠴᠠᠨ ᠠᠬᠢᠭᠤᠯᠵᠤ᠂ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ; ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠳᠤ ᠬᠦᠴᠦᠨ ᠨᠡᠮᠡᠷᠢᠯᠡᠵᠦ᠂ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠲᠣᠭ᠎ᠠ ᠪᠠᠷᠢᠮᠲᠠ᠎ᠶᠢᠨ ᠡᠬᠢ ᠪᠠᠶᠠᠯᠢᠭ᠋ ᠪᠣᠯᠣᠨ ᠪᠤᠳᠤᠯᠲᠠ᠎ᠶᠢᠨ ᠬᠦᠴᠦᠨ᠎ᠦ ᠲᠤᠯᠭᠠᠭᠤᠷᠢᠯᠠᠯ᠎ᠢ ᠪᠡᠶ᠎ᠡ ᠎ᠶᠢᠨ ᠲᠠᠮᠢᠷ ᠎ᠤᠨ ᠵᠠᠰᠠᠯᠲᠠ᠎ᠶᠢᠨ ᠦᠷ᠎ᠡ ᠪᠦᠲᠦᠮᠵᠢ ᠪᠣᠯᠣᠨ ᠠᠵᠤ ᠦᠢᠯᠡᠰ᠎ᠦᠨ ᠥᠷᠢᠰᠦᠯᠳᠦᠬᠦ ᠬᠦᠴᠦᠨ ᠎ᠢ ᠳᠡᠭᠡᠭᠰᠢᠯᠡᠭᠦᠯᠬᠦ ᠴᠢᠬᠤᠯᠠ ᠭᠠᠷᠳᠡᠴᠡ ᠪᠣᠯᠭᠠᠬᠤ ᠬᠡᠷᠡᠭᠲᠡᠢ; ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠂ ᠤᠷᠤᠯᠳᠤᠭᠠᠨ ᠎ᠤ ᠪᠠᠢᠷᠢᠰᠢᠭᠤᠯᠤᠯᠲᠠ᠂ ᠲᠦᠷᠦᠯ ᠵᠦᠢᠯ᠎ᠦᠨ ᠳᠡᠮᠵᠢᠯᠭᠡ᠎ᠶᠢᠨ ᠲᠠᠯ᠎ᠠ᠎ᠪᠠᠷ ᠣᠷᠣᠨ ᠪᠦᠰᠡ ᠎ᠶᠢᠨ ᠣᠨᠴᠠᠯᠢᠭ᠋ ᠎ᠢ ᠢᠯᠡᠷᠡᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠡᠶ᠎ᠡ᠎ᠶᠢᠨ ᠲᠠᠮᠢᠷ᠎ᠤᠨ ᠦᠢᠯᠡᠰ ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面