2026-10-27 11:01:52
— ᠲᠡᠷᠢᠭᠦᠯᠡᠭᠴᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶᠢᠨ ᠳᠠᠷᠤᠭ᠎ᠠ ᠪᠠᠶ᠋ᠢᠯᠳᠤᠭᠴᠢᠳ ᠤᠨ ᠳᠤᠮᠳᠠ ᠴᠢᠩᠭ᠎ᠠ ᠲᠤᠰᠬᠠᠯ ᠭᠠᠷᠪᠠ
10 ᠰᠠᠷ᠎ᠠ᠎ᠶᠢᠨ 22 ᠤ᠋ᠨ ᠡᠳᠦᠷ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠶ᠋ᠢᠨ ᠢᠯᠠᠯᠲᠠ ᠣᠯᠤᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠳᠦ ᠦᠪᠡᠳᠡᠭᠰᠢ ᠶᠡᠬᠡᠪᠡᠷ ᠶᠠᠪᠤᠭᠳᠠᠵᠤ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠦᠨ ᠴᠢᠬᠤᠯᠠ ᠶᠠᠷᠢᠶ᠎ᠠ ᠦᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠳᠠᠷᠤᠭ᠎ᠠ ᠪᠠᠶ᠋ᠢᠯᠳᠤᠭᠴᠢᠳ᠎ᠤᠨ ᠳᠤᠮᠳᠠ ᠴᠢᠩᠭ᠎ᠠ ᠲᠤᠰᠬᠠᠯ ᠭᠠᠷᠪᠠ᠃ ᠤᠯᠠᠨ᠎ᠢᠶᠠᠷ᠎ᠢᠶᠠᠨ᠂ ᠠᠭᠤᠤ ᠶᠡᠬᠡ ᠤᠷᠳᠤ ᠵᠠᠮ ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠴᠡᠷᠢᠭ᠎ᠢ ᠬᠦᠴᠦᠷᠬᠡᠭᠵᠢᠭᠦᠯᠬᠦ᠌ ᠬᠦᠨᠳᠦ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠠᠬᠠᠮᠠᠳ ᠬᠤᠪᠢᠰᠬᠠᠯᠴᠢᠳ᠎ᠤᠨ ᠡᠭᠦᠳᠦᠨ ᠪᠦᠲᠦᠭᠡᠭᠰᠡᠨ ᠠᠭᠤᠤ ᠶᠡᠬᠡ ᠦᠢᠯᠡᠰ᠎ᠢ ᠲᠠᠰᠤᠷᠠᠯᠳᠡ ᠦᠭᠡᠢ ᠤᠷᠤᠭᠰᠢ ᠠᠬᠢᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠌ᠨ᠎ᠤ ᠵᠠᠮ᠎ᠢᠶᠡᠷ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠶ᠋ᠢᠨ ᠡᠭᠦᠳᠦᠨ᠎ᠡ ᠭᠡᠵᠦ᠍ ᠰᠠᠨᠠᠯ ᠨᠢᠭᠡᠲᠡᠢ ᠢᠯᠡᠳᠬᠡᠵᠡᠭᠡᠪᠡ᠃
ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠵᠦ᠍ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠨᠢᠭᠲᠠᠷᠠᠭᠤᠯᠤᠨ᠎ᠠ
ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ᠎ᠤᠨ ᠰᠣᠨᠢᠨ ᠮᠡᠳᠡᠭᠡ᠎ᠶᠢ ᠬᠦᠯᠢᠶᠡᠨ ᠠᠪᠴᠤ᠌ ᠦᠵᠡᠭᠰᠡᠨ᠎ᠦ ᠲᠠᠷᠠᠭ᠎ᠠ᠂ ᠥᠪᠥᠷ ᠮᠣᠩᠭᠣᠯ᠎ᠤᠨ ᠪᠠᠶᠠᠨᠨᠠᠭᠤᠷ᠎ᠤᠨ ᠴᠡᠷᠢᠭ᠎ᠦᠨ ᠬᠤᠪᠢᠶᠠᠷᠢ ᠲᠣᠭᠣᠷᠢᠭ᠎ᠤᠨ ᠬᠢᠨ ᠲᠥᠪᠯᠡᠷᠡᠩᠭᠦᠢ ᠰᠤᠷᠤᠯᠴᠠᠯᠭ᠎ᠠ ᠵᠢ ᠦᠷᠨᠢᠭᠦᠯᠵᠦ᠂ ᠳᠠᠷᠤᠭ᠎ᠠ ᠪᠠᠶ᠋ᠢᠯᠳᠤᠭᠴᠢᠳ ᠨᠢᠭᠡ ᠲᠠᠩᠬᠢᠮ᠎ᠳᠤ ᠴᠤᠭᠯᠠᠷᠠᠨ ᠰᠠᠭᠤᠵᠤ᠂ ᠠᠵᠢᠯ᠎ᠤᠨ ᠪᠠᠶ᠋ᠢᠷᠢ᠎ᠶᠢᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠤᠯᠤᠯᠲᠠ ᠲᠦᠷᠦᠭᠳᠡᠯ᠎ᠢᠶᠡᠨ ᠬᠤᠪᠢᠶᠠᠯᠴᠠᠵᠤ᠂ ᠬᠠᠷᠢᠴᠠᠭᠤᠯᠭ᠎ᠠ ᠡᠭᠦᠷᠭᠡᠯᠡᠯ ᠢᠶᠡᠨ ᠶᠠᠷᠢᠪᠠ᠃ ᠣᠯᠠᠨ᠎ᠢᠶᠠᠷ᠎ᠢᠶᠠᠨ᠂ ᠤᠯᠤᠰ ᠲᠥᠷᠥ᠎ᠶᠢᠨ ᠠᠵᠢᠯ ᠪᠣᠯ ᠮᠠᠨ᠎ᠤ ᠴᠡᠷᠢᠭ᠎ᠦᠨ ᠠᠮᠢᠨ ᠰᠤᠳᠠᠰᠤ ᠮᠥᠨ᠂ ᠲᠠᠷᠠᠭᠠᠴᠢ᠎ᠶᠢᠨ ᠠᠯᠬᠤᠮ᠎ᠳᠤ ᠳᠠᠷᠤᠭ᠎ᠠ ᠪᠠᠶ᠋ᠢᠯᠳᠤᠭᠴᠢᠳ ᠪᠠ ᠡᠷᠦᠬᠡ᠎ᠶᠢᠨ ᠴᠡᠷᠢᠭ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠦᠷᠭᠦᠯᠵᠢᠯᠡᠨ ᠪᠣᠳᠠᠲᠠᠶ ᠠᠳᠬᠤᠵᠤ᠂ ᠨᠠᠮ᠎ᠤᠨ ᠵᠢᠯᠣᠭᠣᠳᠣᠯᠭ᠎ᠠ᠎ᠶᠢ ᠳᠠᠭᠠᠬᠤ ᠦᠵᠡᠯ ᠰᠠᠨᠠᠭᠠᠨ᠎ᠤ ᠦᠨᠳᠦᠰᠦ ᠰᠠᠭᠤᠷᠢ᠎ᠶᠢ ᠪᠡᠬᠢᠵᠢᠭᠦᠯᠦᠨ᠎ᠡ; ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠭᠦᠨᠵᠡᠭᠡᠶ᠋ᠢᠷᠡᠭᠦᠯᠵᠦ᠍᠂ ᠪᠣᠳᠠᠲᠠᠢ᠎ᠶᠢ ᠡᠷᠬᠢᠮᠯᠡᠬᠦ᠌ ᠰᠤᠷᠲᠠᠯ᠎ᠢᠶᠠᠷ ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠴᠡᠷᠢᠭ᠎ᠢ ᠬᠦᠴᠦᠷᠬᠡᠭᠵᠢᠭᠦᠯᠬᠦ᠌ ᠬᠦᠴᠦᠨ᠎ᠢ ᠨᠢᠭᠲᠠᠷᠠᠭᠤᠯᠤᠨ᠎ᠠ ᠭᠡᠵᠦ ᠢᠯᠡᠳᠭᠡᠵᠡᠭᠡᠪᠡ᠃
《ᠲᠡᠷᠢᠭᠦᠯᠡᠭᠴᠢ ᠰᠢ᠎ᠶᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠠᠳ ᠪᠢ ᠶᠡᠬᠡᠳᠡ ᠵᠣᠷᠢᠭ᠍ᠵᠢᠵᠤ᠂ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠨᠢᠭᠡ ᠦᠶ᠎ᠡ᠎ᠶᠢᠨ ᠬᠥᠮᠥᠰ᠎ᠲᠦ ᠨᠢᠭᠡ ᠦᠶ᠎ᠡ᠎ᠶᠢᠨ ᠬᠥᠮᠥᠰ᠎ᠦᠨ ᠬᠠᠷᠢᠭᠤᠴᠠᠯᠭ᠎ᠠ ᠪᠤᠢ》᠃ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠪᠤᠭᠤᠲᠤ᠎ᠶᠢᠨ ᠰᠠᠯᠪᠤᠷᠢ ᠠᠩᠭᠢ᠎ᠶᠢᠨ ᠨᠢᠭᠡᠨ ᠳᠤᠮᠳᠠ ᠠᠩᠭᠢ᠎ᠶᠢᠨ ᠵᠢᠭᠠᠨ ᠵᠢᠯᠣᠭᠣᠳᠤᠭ᠍ᠴᠢ ᠶᠤᠸᠠᠨ ᠴᠢ ᠫᠸᠩ᠂ ᠦᠨᠳᠦᠰᠦᠨ ᠱᠠᠲᠤᠨ᠎ᠤ ᠤᠯᠤᠰ ᠲᠦᠷᠦ᠎ᠶᠢᠨ ᠵᠢᠭᠠᠨ ᠵᠢᠯᠣᠭᠣᠳᠤᠭ᠍ᠴᠢ ᠪᠣᠯᠤᠭᠰᠠᠨ᠎ᠤ ᠬᠤᠪᠢ᠎ᠳᠤ᠂ ᠰᠢ᠎ᠶᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠪᠠᠷ ᠬᠥᠮᠥᠨ᠎ᠢ ᠬᠥᠮᠥᠵᠢᠭᠦᠯᠬᠦ᠎ᠶᠢ ᠪᠠᠷᠢᠮᠲᠠᠯᠠᠨ᠎ᠠ; ᠪᠦᠯᠬᠦᠮᠳᠡᠯ᠎ᠲᠠᠢ ᠬᠠᠯᠠᠭᠤᠨ ᠰᠡᠳᠭᠢᠯᠭᠡ ᠲᠡᠢ ᠪᠠᠢᠵᠤ᠂ ᠪᠠᠢᠯᠳᠤᠭ᠍ᠴᠢᠳ᠎ᠤᠨ ᠪᠣᠳᠠᠲᠠᠢ ᠬᠦᠴᠢᠷᠳᠡᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠂ ᠴᠡᠷᠢᠭ ᠠᠩᠭᠢ᠎ᠶᠢᠨ ᠲᠥᠪᠯᠡᠩᠭᠦᠢ ᠬᠦᠴᠦᠨ᠎ᠢ ᠨᠢᠭ᠍ᠲᠠᠷᠠᠭᠤᠯᠤᠨᠡ; ᠲᠦᠷᠦᠭᠦᠯᠡᠨ ᠳᠠᠭᠠᠷᠢᠬᠤ ᠵᠢ ᠪᠠᠷᠢᠮᠲᠠᠯᠠᠵᠤ᠂ ᠴᠡᠷᠢᠭ᠎ᠢ ᠪᠣᠯᠪᠠᠰᠤᠷᠠᠭᠤᠯᠵᠤ ᠲᠡᠶ᠋ᠢᠨ᠎ᠳᠦ ᠪᠡᠯᠡᠳᠬᠡᠬᠦ᠎ᠶᠢ ᠪᠥᠬᠥ ᠲᠠᠯ᠎ᠠ᠎ᠪᠠᠷ ᠴᠢᠩᠭᠠᠳᠬᠠᠨ᠎ᠠ ᠭᠡᠵᠤ ᠢᠯᠡᠳᠬᠡᠪᠡ᠃
ᠲᠡᠷᠢᠭᠦᠯᠡᠭᠴᠢ ᠰᠢ᠎ᠶᠢᠨ ᠫᠢᠩ᠂ ᠡᠨᠡ ᠬᠦ᠌ ᠠᠭᠤᠤ ᠶᠡᠬᠡ ᠢᠯᠠᠯᠲᠠ᠎ᠶᠢᠨ ᠵᠠᠮ᠎ᠢ ᠪᠣᠯ ᠡᠷᠡᠰ ᠪᠠᠲᠤ ᠬᠤᠪᠢᠰᠬᠠᠯ᠎ᠤᠨ ᠵᠣᠷᠢᠭ᠋ ᠰᠠᠨᠠᠭ᠎ᠠ᠎ᠳᠤ ᠲᠦᠰᠢᠭᠯᠡᠨ ᠶᠠᠪᠤᠵᠤ ᠢᠷᠡᠭᠰᠡᠨ ᠶᠤᠮ᠂ ᠬᠤᠪᠢᠰᠬᠠᠯ᠎ᠤᠨ ᠬᠦᠰᠡᠯᠡᠩ᠂ ᠬᠤᠪᠢᠰᠬᠠᠯ᠎ᠤᠨ ᠢᠲᠡᠭᠡᠯ ᠵᠣᠷᠢᠭ᠋ ᠨᠢ ᠪᠤᠷᠤᠩᠬᠤᠢ ᠳᠠᠢᠰᠤᠨ᠎ᠢ ᠢᠯᠠᠬᠤ᠂ ᠠᠭᠤᠯᠠ ᠬᠠᠳᠠ ᠵᠢ ᠳᠣᠩᠰᠣᠯᠭᠠᠬᠤ ᠬᠢᠵᠠᠭᠠᠯᠠᠰᠢ ᠦᠭᠡᠢ ᠬᠦᠴᠦᠨ ᠴᠢᠳᠠᠯ᠎ᠢ ᠪᠠᠳᠠᠷᠠᠭᠤᠯᠵᠤ ᠴᠢᠳᠠᠳᠠᠭ᠂ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ᠋᠎ᠲᠠᠢ ᠡᠩᠨᠡᠭᠡ ᠪᠣᠯ ᠢᠯᠠᠭᠳᠠᠰᠢ ᠦᠭᠡᠢ ᠶᠤᠮ ᠭᠡᠵᠦ ᠴᠢᠬᠤᠯᠠᠴᠢᠯᠠᠪᠠ᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠨᠢᠭᠡᠨ ᠠᠵᠢᠯ ᠡᠴᠡ ᠪᠡᠨ ᠳᠠᠷᠬᠠᠯᠠᠭᠳᠠᠭᠰᠠᠨ ᠺᠠᠳ᠋ᠷ᠎ᠤᠨ ᠠᠮᠠᠷᠠᠯᠲᠠ᠎ᠶᠢᠨ ᠭᠠᠵᠠᠷ᠎ᠤᠨ ᠪᠢᠴᠢᠭ᠎ᠦᠨ ᠲᠤᠰᠢᠶᠠᠯᠲᠠᠨ ᠮᠠ ᠶᠤᠸᠠᠢ ᠵᠧᠦ᠄《ᠠᠬᠠᠮᠠᠳ ᠺᠠᠳ᠋ᠷᠴᠤᠳ ᠨᠠᠰᠤᠨ ᠲᠤᠷᠰᠢᠲᠠ ᠨᠠᠮ᠎ᠢᠶᠠᠨ ᠲᠠᠭᠠᠵᠦ ᠶᠠᠪᠤᠭᠰᠠᠨ ᠨᠢ ᠶᠠᠭ ᠮᠠᠷᠺᠰ᠎ᠤᠨ ᠦᠵᠡᠯ᠎ᠦᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠡᠪ ᠬᠠᠮᠲᠤ ᠶᠣᠰᠣ᠌ ᠪᠣᠯᠣᠨ ᠨᠡᠢᠭᠡᠮ ᠵᠢᠷᠤᠮ᠎ᠤᠨ ᠲᠤᠬᠠᠢ ᠡᠷᠡᠰ ᠪᠠᠲᠤ ᠢᠲᠡᠭᠡᠯ ᠵᠤᠷᠢᠭ ᠲᠦ᠍ ᠲᠦᠰᠢᠭᠯᠡᠭᠰᠡᠨ ᠶᠤᠮ》ᠭᠡᠪᠡ᠃ ᠲᠡᠷᠡ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠵᠤ᠂ ᠠᠬᠠᠮᠠᠳ ᠺᠠᠳ᠋ᠷᠴᠤᠳ᠎ᠤᠨ ᠦᠢᠯᠡᠴᠢᠯᠡᠭᠡ ᠪᠠᠲᠤᠯᠠᠭ᠎ᠠ᠎ᠶᠢ ᠰᠡᠳᠬᠢᠯ ᠲᠠᠯᠪᠢᠨ ᠰᠠᠢᠲᠤᠷ ᠬᠢᠬᠦ ᠳᠤᠮᠳᠠ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠰᠠᠢᠲᠤᠷ ᠵᠠᠮᠨᠠᠨ᠎ᠠ ᠭᠡᠵᠦ ᠢᠯᠡᠳᠬᠡᠪᠡ᠃
ᠷᠠᠰᠢᠶᠠᠨ ᠬᠣᠲᠠ᠎ᠶᠢᠨ ᠠᠷᠠᠳ᠎ᠤᠨ ᠵᠡᠪᠰᠡᠭᠲᠦ ᠬᠦᠴᠦᠨ᠎ᠦ ᠬᠡᠯᠲᠡᠰ᠎ᠦᠨ ᠪᠢᠴᠢᠭ᠎ᠦᠨ ᠲᠤᠰᠢᠶᠠᠯᠲᠠᠨ ᠯᠢ ᠴᠧᠨ᠂ ᠲᠡᠷᠢᠭᠦᠯᠡᠭᠴᠢ ᠰᠢ᠎ᠶᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠭᠤᠤ ᠶᠡᠬᠡ ᠤᠷᠲᠤ ᠵᠠᠮ᠎ᠤᠨ ᠠᠶᠠᠨ ᠳᠠᠶ᠋ᠢᠨ᠎ᠦ ᠵᠣᠷᠢᠭ᠋ ᠰᠠᠨᠠᠭ᠎ᠠ᠎ᠡᠴᠡ ᠬᠦᠴᠢᠷ ᠪᠡᠷᠬᠡᠰᠢᠶᠡᠯ᠎ᠢ ᠢᠯᠠᠨ ᠳᠠᠪᠠᠬᠤ ᠬᠦᠴᠦᠨ ᠴᠢᠳᠠᠯ ᠣᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ᠎ᠳᠦ ᠬᠦᠴᠦᠨ ᠴᠢᠳᠠᠯ᠎ᠢᠶᠠᠨ ᠡᠷᠭᠦᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ ᠪᠣᠯᠣᠨ ᠪᠡᠯᠡᠳᠬᠡᠯ ᠬᠦᠴᠦᠨ᠎ᠦ ᠪᠠᠢᠭᠤᠯᠤᠯᠲᠠ᠎ᠶᠢ ᠠᠬᠢᠭᠤᠯᠬᠤ᠎ᠳᠤ ᠵᠠᠯᠠᠭᠤ ᠨᠠᠰᠤ᠎ᠪᠠᠨ ᠵᠣᠷᠢᠭᠤᠯᠤᠨᠡ ᠭᠡᠵᠤ ᠢᠯᠡᠳᠬᠡᠪᠡ᠃
ᠢᠯᠠᠯᠲᠠ ᠣᠯᠬᠤ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ ᠴᠡᠷᠢᠭ᠎ᠢ ᠬᠦᠴᠦᠷᠬᠡᠭᠵᠢᠭᠦᠯᠬᠦ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠨ᠎ᠡ
ᠬᠦᠴᠢᠷ᠎ᠢ ᠰᠦᠷᠦᠨ ᠤᠷᠤᠭᠰᠢᠯᠠᠬᠤ ᠳᠤᠮᠳᠠ ᠲᠡᠦᠬᠡ᠎ᠶᠢ ᠡᠭᠦᠳᠦᠨ ᠪᠦᠲᠦᠭᠡᠵᠦ᠂ ᠦᠷᠭᠦᠯᠵᠢᠯᠡᠨ ᠲᠡᠮᠡᠴᠡᠬᠦ ᠳᠤᠮᠳᠠ ᠭᠡᠷᠡᠯ ᠰᠠᠴᠤᠷᠠᠩᠭᠤᠢ ᠠᠮᠵᠢᠯᠳᠡ ᠪᠦᠳᠦᠮᠵᠢ ᠵᠢ ᠴᠣᠭᠴᠠᠯᠠᠨ᠎ᠠ᠃
ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠬᠥᠯᠥᠨ ᠪᠣᠶ᠋ᠢᠷ᠎ᠤᠨ ᠰᠠᠯᠪᠤᠷᠢ ᠠᠩᠭᠢ᠎ᠶᠢᠨ ᠭᠡᠭᠡᠨ ᠭᠣᠣᠯ ᠳᠤᠮᠳᠠ ᠠᠩᠭᠢ ᠨᠢ ᠣᠶ ᠰᠢᠭᠤᠢ ᠴᠠᠰᠤᠲᠤ ᠬᠡᠭᠡᠷ᠎ᠡ᠎ᠳᠦ ᠪᠠᠢᠷᠢᠰᠢᠵᠤ᠂ ᠪᠠᠢᠭᠠᠯᠢ᠎ᠶᠢᠨ ᠨᠥᠬᠥᠴᠡᠯ ᠮᠠᠰᠢ ᠬᠠᠲᠠᠭᠤᠵᠢᠯᠲᠠᠢ ᠪᠠᠢᠳᠠᠭ᠃ ᠰᠣᠶᠣᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠲᠠᠰᠤᠭ᠎ᠲᠤ᠂ ᠳᠠᠷᠤᠭ᠎ᠠ ᠪᠠᠢᠯᠳᠤᠭ᠍ᠴᠢᠳ᠎ᠤᠨ ᠥᠪᠡᠷᠰᠡᠳ᠎ᠢᠶᠡᠨ ᠵᠣᠬᠢᠶᠠᠭᠰᠠᠨ ᠤᠷᠳᠤ ᠵᠠᠮ᠎ᠤᠨ ᠠᠶᠠᠨ ᠲᠠᠢ᠍ᠢᠨ᠎ᠦ ᠭᠣᠣᠯ ᠰᠡᠳᠦᠪᠲᠦ ᠮᠣᠳᠣᠨ ᠬᠠᠯᠢᠰᠤ᠎ᠶᠢᠨ ᠵᠢᠷᠤᠭ ᠢᠯᠡ ᠲᠤᠳᠤ ᠬᠠᠷᠠᠭᠳᠠᠨ᠎ᠠ᠃
《ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ ᠪᠣᠯ ᠪᠢᠳᠡᠨ᠎ᠦ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠎ᠶᠢ ᠵᠣᠷᠢᠭ᠍ᠵᠢᠭᠤᠯᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ ᠬᠦᠴᠦᠨ ᠮᠥᠨ》᠃ ᠤᠯᠠᠨ᠎ᠢᠶᠠᠷ᠎ᠢᠶᠠᠨ᠂ ᠡᠬᠡ ᠤᠯᠤᠰ᠎ᠤᠨ ᠤᠮᠠᠷᠠᠲᠤ ᠬᠢᠯᠢ᠎ᠶᠢ ᠰᠠᠬᠢᠨ ᠬᠠᠮᠠᠭᠠᠯᠠᠵᠤ ᠪᠠᠢᠭ᠎ᠠ ᠵᠡᠪᠰᠡᠭᠲᠦ ᠴᠠᠭᠳᠠᠭ᠎ᠠ᠎ᠶᠢᠨ ᠳᠠᠷᠤᠭ᠎ᠠ ᠪᠠᠢᠯᠳᠤᠭ᠍ᠴᠢ ᠪᠣᠯᠤᠭᠰᠠᠨ᠎ᠤ ᠬᠤᠪᠢ᠎ᠳᠤ᠂ ᠨᠢᠭᠡ ᠭᠠᠵᠠᠷ᠎ᠤᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠬᠤ ᠪᠣᠯ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠬᠤ ᠠᠮᠢᠳᠤᠯᠢᠭ᠋ ᠦᠢᠯᠡᠳᠦᠯᠭᠡ ᠪᠣᠯᠣᠨ᠎ᠠ ᠭᠡᠵᠦ ᠢᠯᠡᠳᠬᠡᠵᠡᠭᠡᠪᠡ᠃ ᠲᠡᠷᠢᠭᠦᠯᠡᠭᠴᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠴᠡᠷᠢᠭ ᠪᠣᠯᠪᠠᠰᠤᠷᠠᠭᠤᠯᠵᠤ ᠳᠠᠢ᠍ᠢᠨ᠎ᠳᠦ ᠪᠡᠯᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠡᠨᠴᠢ ᠰᠢᠳᠤᠷᠭᠤ᠎ᠪᠠᠷ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠨ᠎ᠠ ᠬᠡᠵᠦ ᠢᠯᠡᠳᠬᠡᠪᠡ᠃
《ᠰᠢᠨ᠎ᠡ ᠴᠠᠭ ᠦᠶ᠎ᠡ᠎ᠶᠢᠨ ᠬᠤᠪᠢᠰᠬᠠᠯᠲᠤ ᠴᠡᠷᠢᠭ ᠪᠣᠯᠤᠭᠰᠠᠨ᠎ᠤ ᠬᠤᠪᠢ᠎ᠳᠤ᠂ ᠪᠢᠳᠡ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠴᠢᠰᠤ ᠮᠢᠬᠠᠨ ᠳ᠋ᠠᠭᠠᠨ ᠠᠭᠤᠰᠬᠠᠵᠤ᠂ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠡᠷᠢᠭ᠎ᠢ ᠬᠦᠴᠦᠷᠬᠡᠭᠵᠢᠭᠦᠯᠵᠦ ᠴᠡᠷᠢᠭ᠎ᠢ ᠮᠠᠨᠳᠤᠭᠤᠯᠬᠤ ᠠᠶᠠᠨ᠎ᠳᠤ ᠮᠠᠨ᠎ᠤ ᠡᠨᠡ ᠦᠶ᠎ᠡ᠎ᠶᠢᠨ ᠬᠥᠮᠥᠨ᠎ᠦ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢ ᠰᠠᠢᠲᠤᠷ ᠵᠠᠮᠨᠠᠬᠤ ᠬᠡᠷᠡᠭᠲᠡᠢ》᠃ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠤᠯᠠᠭᠠᠨᠴᠠᠪ᠎ᠤᠨ ᠰᠠᠯᠪᠤᠷᠢ ᠠᠩᠭᠢ᠎ᠶᠢᠨ ᠨᠢᠭᠡᠨ ᠳᠤᠮᠳᠠ ᠠᠩᠭᠢ᠎ᠶᠢᠨ ᠴᠡᠷᠢᠭ ᠵᠠᠩ ᠪᠢᠶᠣᠣ᠂ ᠪᠢ ᠶᠠᠭ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ ᠦᠨ ᠤᠢᠳᠠᠢ ᠳᠤᠬᠢᠶᠠᠯᠳᠤᠨ ᠴᠡᠷᠢᠭ ᠲᠤ᠌ ᠡᠯᠰᠡᠭᠳᠡᠭᠰᠡᠨ᠎ᠳᠡᠭᠡᠨ ᠮᠠᠰᠢ ᠪᠠᠶᠠᠷᠯᠠᠵᠤ᠂ ᠲᠦᠢᠯ ᠤᠨ ᠢᠷᠠᠭᠤ ᠠᠯᠳᠠᠷᠲᠠᠢ ᠰᠠᠨᠠᠭᠳᠠᠵᠤ ᠪᠠᠢᠨ᠎ᠠ᠂ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ᠎ᠢᠶᠡᠷ ᠳᠠᠭᠤᠷᠢᠶᠠᠯ ᠪᠣᠯᠭᠠᠵᠤ᠂ ᠤᠳᠠᠭ᠎ᠠ ᠪᠦᠷᠢ᠎ᠶᠢᠨ ᠵᠢᠵᠢᠭᠦᠷᠯᠡᠬᠦ ᠠᠵᠢᠯ᠎ᠢ ᠯᠠᠪᠳᠠᠭᠤᠨ ᠪᠠᠲᠤᠲᠠᠢ ᠪᠡᠶᠡᠯᠡᠭᠦᠯᠵᠦ᠂ ᠤᠳᠠᠭ᠎ᠠ ᠪᠦᠷᠢ᠎ᠶᠢᠨ ᠪᠣᠯᠪᠠᠰᠤᠷᠠᠯ᠎ᠳᠤ ᠨᠠᠷᠢᠨ ᠬᠢᠨᠠᠮᠠᠭᠠᠢ ᠬᠠᠨᠳᠤᠵᠤ᠂ ᠡᠬᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠎ᠡ ᠭᠡᠵᠦ ᠬᠡᠯᠡᠪᠡ᠃
ᠲᠡᠦᠬᠡ᠎ᠪᠡᠨ ᠪᠠᠲᠤ ᠴᠡᠭᠡᠵᠢᠯᠡᠪᠡᠯ ᠰᠠᠶᠢ ᠢᠷᠡᠭᠡᠳᠦᠢ᠎ᠶᠢ ᠴᠣᠭᠴᠠᠯᠠᠵᠤ ᠴᠢᠳᠠᠨ᠎ᠠ᠃ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢᠨ ᠲᠡᠦᠬᠡᠨ ᠵᠠᠩᠭᠢᠯᠠᠭ᠎ᠠ᠎ᠶᠢᠨ ᠴᠡᠭ ᠳᠡᠭᠡᠷ᠎ᠡ ᠵᠣᠭᠰᠣᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠎ᠪᠡᠷ ᠡᠷᠡᠮᠡᠬᠡᠢᠯᠡᠨ ᠤᠷᠤᠭᠰᠢᠯᠠᠵᠤ᠂ ᠦᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠂ ᠣᠷᠳᠣ᠌ ᠵᠠᠮ ᠤᠨ ᠠᠶᠠᠨ ᠲᠡᠶ᠋ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠨᠠᠮ ᠤᠨ ᠵᠢᠯᠣᠭᠣᠳᠤᠯᠭ᠎ᠠ ᠶᠢ ᠡᠷᠡᠰ ᠳᠠᠭᠠᠵᠤ᠂ ᠬᠦᠴᠦ᠎ᠪᠡᠨ ᠲᠥᠪᠯᠡᠷᠡᠭᠦᠯᠦᠨ ᠴᠡᠷᠢᠭ᠎ᠢᠶᠡᠨ ᠪᠣᠯᠪᠠᠰᠤᠷᠠᠭᠤᠯᠤᠨ ᠲᠡᠶ᠋ᠢᠨ ᠳᠦ ᠪᠡᠯᠡᠳᠬᠡᠵᠦ᠂ ᠴᠡᠷᠢᠭ᠎ᠢ ᠬᠦᠴᠦᠷᠬᠡᠭᠵᠢᠭᠦᠯᠵᠦ ᠴᠡᠷᠢᠭ᠎ᠢ ᠮᠠᠨᠳᠤᠭᠤᠯᠬᠤ ᠳ᠋ᠦ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠴᠢᠷᠮᠠᠢᠨ ᠪᠢᠴᠢᠭᠯᠡᠨ᠎ᠡ ᠭᠡᠵᠦ ᠰᠠᠨᠠᠯ ᠨᠢᠭᠡᠳᠡᠢ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃