2026-10-28 10:29:46
— ᠶᠡᠷᠦᠩᠬᠡᠢ ᠱᠦᠵᠢ ᠰᠢ ᠵᠢᠨ ᠫᠢᠩ ᠤ᠋ᠨ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨᠤ ᠤᠯᠠᠭᠠᠨ ᠴᠡᠷᠢᠭ ᠤ᠋ᠨ ᠤᠷᠳᠤ ᠵᠠᠮ ᠤ᠋ᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ ᠤ᠋ᠨ ᠤᠢ ᠶ᠋ᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠦᠬᠦ ᠣᠷᠣᠨᠤ ᠡᠯ᠎ᠡ ᠭᠠᠵᠠᠷ ᠤ᠋ᠨ ᠥᠷᠭᠡᠨ ᠤᠯᠠᠨ ᠵᠠᠯᠠᠭᠤᠴᠤᠳ ᠤ᠋ᠨ ᠳᠤᠮᠳᠠ ᠬᠠᠯᠠᠭᠤᠨ ᠲᠤᠰᠬᠠᠯ ᠭᠠᠷᠪᠠ
10 ᠰᠠᠷ᠎ᠠ ᠵᠢᠨ 22 ᠤ᠋ᠨ ᠡᠳᠦᠷ᠂ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨᠤ ᠤᠯᠠᠭᠠᠨ ᠴᠡᠷᠢᠭ ᠤ᠋ᠨ ᠤᠷᠲᠤ ᠵᠠᠮ ᠤ᠋ᠨ ᠠᠶᠠᠨ ᠳᠠᠶ᠋ᠢᠨᠢᠯᠠᠯᠲᠠ ᠣᠯᠣᠭᠰᠠᠨ 90 ᠵᠢᠯ ᠤ᠋ᠨ ᠣᠶ ᠶ᠋ᠢ ᠳᠤᠷᠠᠰᠬᠠᠬᠤ ᠶᠡᠬᠡ ᠬᠤᠷᠠᠯ ᠪᠡᠭᠡᠵᠢᠩ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮ ᠳ᠋ᠤ ᠦᠪᠡᠳᠡᠭᠰᠢ ᠶᠡᠬᠡ ᠪᠡᠷ ᠶᠠᠪᠤᠭᠳᠠᠪᠠ᠃ ᠨᠠᠮ ᠤ᠋ᠨ ᠲᠥᠪ ᠬᠣᠷᠢᠶᠠᠨᠤ ᠶᠡᠷᠦᠩᠬᠡᠢ ᠱᠦᠵᠢ᠂ ᠤᠯᠤᠰ ᠤ᠋ᠨ ᠲᠡᠷᠢᠭᠦᠯᠡᠭᠴᠢ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶᠠᠨᠤ ᠲᠡᠷᠢᠭᠦᠯᠡᠭᠴᠢ ᠰᠢ ᠵᠢᠨ ᠫᠢᠩ ᠤ᠋ᠨ ᠴᠢᠬᠤᠯᠠ ᠶᠠᠷᠢᠶ᠎ᠠ ᠪᠦᠬᠦ ᠣᠷᠣᠨᠤ ᠡᠯ᠎ᠡ ᠭᠠᠵᠠᠷ ᠤ᠋ᠨ ᠥᠷᠭᠡᠨ ᠤᠯᠠᠨ ᠵᠠᠯᠠᠭᠤᠴᠤᠳ ᠤ᠋ᠨ ᠳᠤᠮᠳᠠ ᠬᠠᠯᠠᠭᠤᠨ ᠲᠤᠰᠬᠠᠯ ᠭᠠᠷᠴᠤ᠂ ᠤᠯᠠᠨ ᠵᠢᠡᠷ ᠵᠢᠡᠨ ᠠᠭᠤᠤ ᠶᠡᠬᠡ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠶᠠᠪᠤᠬᠤ ᠲᠤᠳᠤᠮ ᠰᠢᠨᠡᠳᠴᠦ ᠂ ᠬᠥᠮᠥᠰ ᠢ᠋ ᠤᠷᠮᠠᠰᠢᠭᠤᠯᠤᠨ ᠵᠣᠷᠢᠭ᠍ᠵᠢᠭᠤᠯᠵᠤ ᠪᠠᠢᠨ᠎ᠠ᠂ ᠲᠡᠦᠬᠡ ᠶ᠋ᠢ ᠦᠯᠦ ᠮᠠᠷᠲᠠᠵᠤ᠂ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠤᠷᠳᠤ ᠵᠠᠮ ᠤ᠋ᠨ ᠠᠶᠠᠨ ᠲᠠᠢ᠍ᠢᠨ ᠳ᠋ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶ᠋ᠢ ᠴᠢᠷᠮᠠᠢᠨ ᠡᠭᠦᠳᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠦᠷᠡᠭᠳᠡᠯ ᠰᠦᠢᠳᠦᠯ ᠡᠴᠡ ᠦᠯᠦ ᠰᠦᠷᠳᠡᠨ ᠠᠶᠤᠯ ᠢ᠋ ᠰᠥᠷᠦᠨ ᠵᠤᠷᠢᠬᠳᠠᠢ ᠤᠷᠤᠭᠰᠢᠯᠠᠨ᠎ᠠ
ᠲᠡᠷᠡ ᠬᠦ᠌ ᠲᠡᠦᠬᠡᠨ ᠬᠠᠭᠤᠳᠠᠰᠤ ᠶ᠋ᠢ ᠭᠡᠢᠭᠦᠯᠦᠭᠰᠡᠨ ᠭᠡᠷᠡᠯ ᠰᠠᠴᠤᠷᠠᠩᠭᠤᠢ ᠥᠩᠭᠡᠷᠡᠯᠲᠡ ᠲᠦᠭ ᠲᠦᠮᠡᠨ ᠠᠷᠠᠳ ᠲᠦᠮᠡᠨ ᠤ᠋ ᠰᠡᠳᠬᠢᠯ ᠳ᠋ᠤ ᠡᠭᠦᠷᠢᠳᠡ ᠬᠠᠳᠠᠩᠰᠢᠵᠠᠢ᠃ ᠪᠢᠳᠡ ᠲᠡᠦᠬᠡ ᠶ᠋ᠢ ᠡᠷᠭᠢᠴᠡᠭᠦᠯᠵᠦ ᠪᠠᠢᠭ᠎ᠠ ᠨᠢ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ᠋ ᠰᠢᠩᠭᠡᠬᠡᠨ ᠠᠪᠬᠤ ᠵᠢᠨ ᠲᠥᠯᠥᠭᠡ ᠶᠤᠮ᠃
ᠰᠢᠨ᠎ᠡ ᠴᠠᠭ ᠦᠶ᠎ᠡ ᠵᠢᠨ ᠵᠠᠯᠠᠭᠤᠴᠤᠳ ᠤ᠋ᠨ ᠬᠣᠰᠢᠭᠤᠴᠢ᠂ ᠪᠤᠭᠤᠲᠤ ᠬᠤᠳᠠ ᠵᠢᠨ ᠭᠦᠶᠠᠩ ᠰᠢᠶᠠᠨᠤ ᠬᠤᠸᠠᠢ ᠱᠦᠸᠸ ᠶᠡᠬᠡ ᠵᠡᠭᠡᠯᠢ ᠵᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ᠋ ᠳᠠᠷᠤᠭ᠎ᠠ ᠵᠢᠨ ᠲᠤᠰᠠᠯᠠᠭ᠍ᠴᠢ ᠪᠤᠶᠠᠨᠪᠠᠶᠠᠷ᠄《ᠶᠡᠷᠦᠩᠬᠡᠢ ᠱᠦᠵᠢ ᠰᠢ ᠵᠢᠨ ᠫᠢᠩ ᠤ᠋ᠨ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨᠤ ᠤᠯᠠᠭᠠᠨ ᠴᠡᠷᠢᠭ ᠤ᠋ᠨ ᠤᠷᠳᠤ ᠵᠠᠮ ᠤ᠋ᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ ᠤ᠋ᠨ ᠤᠢ ᠶ᠋ᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶ᠋ᠢ ᠰᠣᠨᠣᠰᠤᠭᠠᠳ ᠮᠠᠰᠢ ᠶᠡᠬᠡ ᠤᠷᠮᠠᠰᠢᠨ ᠵᠣᠷᠢᠭ᠍ᠵᠢᠵᠠᠢ᠃ ᠤᠯᠠᠭᠠᠨ ᠴᠡᠷᠢᠭ ᠤ᠋ᠨ ᠬᠦᠴᠢᠷ ᠪᠡᠷᠬᠡᠰᠢᠶᠡᠯ ᠡᠴᠡ ᠬᠠᠯᠠᠰᠢᠷᠠᠬᠤ ᠦᠭᠡᠢ᠂ ᠦᠷᠡᠭᠳᠡᠬᠦ ᠡᠴᠡ ᠠᠶᠤᠬᠤ ᠦᠭᠡᠢ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠪᠣᠯ ᠮᠠᠨᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ ᠤ᠋ᠨ ᠬᠦᠴᠢᠷ ᠢ᠋ ᠲᠤᠭᠤᠯᠤᠨ ᠪᠡᠷᠬᠡ ᠶ᠋ᠢ ᠳᠠᠪᠠᠵᠤ᠂ ᠠᠶᠤᠯ ᠲᠦᠭᠰᠢᠭᠦᠷᠢ ᠶ᠋ᠢ ᠰᠥᠷᠦᠨ ᠤᠷᠤᠭᠰᠢᠯᠠᠬᠤ ᠵᠣᠷᠢᠭ᠋ ᠰᠠᠨᠠᠭᠠᠨᠤ ᠳᠠᠭᠤᠷᠢᠶᠠᠯ ᠪᠣᠯᠣᠨ᠎ᠠ᠃ ᠬᠣᠢᠰᠢᠳᠠ᠂ ᠪᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨᠤ ᠵᠣᠷᠢᠭ᠋ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠤᠯᠠᠭᠠᠨ ᠴᠡᠷᠢᠭ ᠤ᠋ᠨ ᠦᠷᠭᠦᠯᠵᠢᠯᠡᠨ ᠪᠠᠢᠯᠳᠤᠬᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠤᠷᠲᠠᠯ ᠢ᠋ ᠤᠯᠠᠮᠵᠢᠯᠠᠨ ᠵᠠᠯᠭᠠᠮᠵᠢᠯᠠᠵᠤ᠂ ᠡᠷᠢᠵᠦ ᠠᠪᠤᠷᠠᠬᠤ ᠴᠢᠳᠠᠪᠤᠷᠢ ᠶ᠋ᠢ ᠬᠠᠲᠠᠭᠤᠵᠢᠯᠲᠠᠢ ᠪᠣᠯᠪᠠᠰᠤᠷᠠᠵᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠵᠢᠨ ᠡᠮᠦᠨ᠎ᠡ ᠵᠣᠷᠢᠭ᠍ᠲᠠᠢ ᠭᠠᠪᠰᠢᠭᠠᠢᠯᠠᠵᠤ᠂ ᠤᠯᠠᠨ ᠲᠦᠮᠡᠨ ᠤ᠋ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠢ᠋ ᠰᠡᠳᠬᠢᠯ ᠲᠠᠯᠪᠢᠨ ᠰᠠᠬᠢᠨ ᠬᠠᠮᠠᠭᠠᠯᠠᠨ᠎ᠠ》 ᠭᠡᠪᠡ᠃
ᠶᠡᠷᠦᠩᠬᠡᠢ ᠱᠦᠵᠢ ᠰᠢ ᠵᠢᠨ ᠫᠢᠩ ᠤ᠋ᠨ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨᠤ ᠤᠯᠠᠭᠠᠨ ᠴᠡᠷᠢᠭ ᠤ᠋ᠨ ᠣᠷᠳᠣ᠌ ᠵᠠᠮ ᠤ᠋ᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ ᠤ᠋ᠨ ᠣᠶ ᠶ᠋ᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠲᠦᠩᠯᠢᠶᠣᠣ ᠬᠣᠲᠠ ᠵᠢᠨ ᠬᠦᠷᠢᠶ᠎ᠡ ᠬᠣᠰᠢᠭᠤᠨᠤ ᠬᠤᠶᠠᠷ ᠢ᠋ ᠬᠦᠷᠢᠶᠡᠯᠡᠬᠦ ᠵᠡᠭᠡᠯᠢ ᠵᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠵᠢᠨ ᠣᠨᠴᠠ ᠦᠢᠯᠡᠴᠢᠯᠡᠭᠡᠨ ᠤ᠋ ᠠᠩᠭᠢ ᠵᠢᠨ ᠳᠠᠷᠤᠭ᠎ᠠ᠂ ᠪᠥᠬᠥ ᠤᠯᠤᠰ ᠤ᠋ᠨ ᠰᠢᠨ᠎ᠡ ᠴᠠᠭ ᠦᠶ᠎ᠡ ᠵᠢᠨ ᠵᠠᠯᠠᠭᠤᠴᠤᠳ ᠤ᠋ᠨ ᠬᠣᠰᠢᠭᠤᠴᠢ ᠱᠠᠩᠨᠠᠯ ᠬᠦᠷᠲᠡᠭᠴᠢ ᠰᠦᠨ ᠰᠢᠶᠣᠣ ᠭᠤᠸᠠᠩ ᠢ᠋ ᠶᠡᠬᠡᠳᠡ ᠳᠣᠭᠳᠣᠯᠤᠭᠤᠯᠪᠠ᠃《ᠤᠷᠳᠤ ᠵᠠᠮ ᠤ᠋ᠨ ᠠᠶᠠᠨ ᠲᠠᠢ᠍ᠢᠨ ᠳ᠋ᠤ᠂ ᠬᠤᠪᠢᠰᠬᠠᠯ ᠤ᠋ᠨ ᠠᠬᠠᠮᠠᠳ ᠦᠶ᠎ᠡ ᠵᠢᠨ ᠬᠢᠨ ᠦᠷᠡᠭᠳᠡᠯ ᠡᠴᠡ ᠠᠶᠤᠬᠤ ᠦᠭᠡᠢ᠂ ᠠᠶᠤᠯ ᠲᠦᠭᠰᠢᠭᠦᠷᠢ ᠶ᠋ᠢ ᠰᠥᠷᠦᠨ ᠤᠷᠤᠭᠰᠢᠯᠠᠳᠠᠭ ᠡᠨᠡ ᠬᠦ᠌ ᠵᠣᠷᠢᠭ᠋ ᠰᠠᠨᠠᠭ᠎ᠠ ᠨᠢ ᠤᠳᠤ ᠪᠣᠯᠲᠠᠯ᠎ᠠ ᠵᠠᠯᠠᠭᠤᠴᠤᠳ ᠪᠢᠳᠡᠨ ᠢ᠋ ᠵᠢᠯᠣᠭᠣᠳᠤᠨ ᠤᠷᠤᠭᠰᠢᠯᠠᠭᠤᠯᠤᠭᠰᠠᠭᠠᠷ ᠪᠠᠢᠨ᠎ᠠ》 ᠭᠡᠵᠤ 17 ᠵᠢᠯ ᠤ᠋ᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠬᠢᠭᠰᠡᠨ ᠰᠦᠨ ᠰᠢᠶᠣᠣ ᠭᠤᠸᠠᠩ ᠳᠤᠭᠳᠤᠯᠤᠭᠰᠠᠨ ᠰᠡᠳᠭᠢᠯ ᠵᠢᠡᠨ ᠳᠠᠷᠤᠵᠤ ᠶᠠᠳᠠᠨ ᠬᠡᠯᠡᠪᠡ᠃
ᠬᠦᠴᠢᠷ ᠢ᠋ ᠲᠤᠭᠤᠯᠤᠨ ᠪᠡᠷᠬᠡ ᠶ᠋ᠢ ᠳᠠᠪᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠨ᠎ᠠ
90 ᠵᠢᠯ ᠤ᠋ᠨ ᠭᠠᠢᠬᠠᠮᠰᠢᠭ᠍ᠲᠤ ᠣᠨ ᠵᠢᠯ᠂ 90 ᠵᠢᠯ ᠤ᠋ᠨ ᠵᠣᠷᠢᠭ᠋ ᠰᠠᠨᠠᠭ᠎ᠠ ᠡᠭᠦᠷᠢᠳᠡ ᠤᠯᠠᠮᠵᠢᠯᠠᠭᠳᠠᠨ᠎ᠠ᠃ ᠠᠭᠤᠤ ᠶᠡᠬᠡ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠶ᠋ᠢ ᠪᠠᠳᠠᠷᠠᠭᠤᠯᠬᠤ ᠳ᠋ᠤ᠂ ᠠᠬᠠᠮᠠᠳ ᠬᠤᠪᠢᠰᠬᠠᠯᠴᠢᠳ ᠤ᠋ᠨ ᠦᠷᠡᠭᠳᠡᠯ ᠪᠠ ᠬᠤᠪᠢ ᠨᠡᠮᠡᠷᠢ ᠶ᠋ᠢ ᠪᠠᠲᠤ ᠴᠡᠭᠡᠵᠢᠯᠡᠬᠦ ᠪᠡᠷ ᠪᠠᠷᠠᠬᠤ ᠦᠭᠡᠢ᠂ ᠨᠡᠩ ᠴᠤ᠌ ᠤᠶᠤᠨ ᠰᠠᠨᠠᠭᠠᠨᠤ ᠬᠦᠴᠦᠨ ᠵᠢᠡᠨ ᠠᠵᠢᠯ ᠬᠢᠵᠦ ᠦᠢᠯᠡᠰ ᠪᠣᠰᠬᠠᠬᠤ᠂ ᠤᠯᠠᠨ ᠲᠦᠮᠡᠨ ᠳ᠋ᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠵᠤ ᠬᠤᠪᠢᠷᠠᠭᠤᠯᠬᠤ ᠬᠡᠷᠡᠭᠲᠡᠢ᠃
ᠰᠢᠨ᠎ᠡ ᠴᠠᠭ ᠦᠶ᠎ᠡ ᠵᠢᠨ ᠵᠠᠯᠠᠭᠤᠴᠤᠳ ᠤ᠋ᠨ ᠬᠣᠰᠢᠭᠤᠴᠢ᠂ ᠤᠯᠠᠭᠠᠨᠬᠠᠳᠠ ᠵᠢᠨ ᠴᠢᠶᠠᠨ ᠺᠠᠢ ᠪᠠᠷᠢᠯᠭ᠎ᠠ ᠵᠢᠨ ᠬᠥᠳᠡᠯᠮᠦᠷᠢ ᠦᠢᠯᠡᠴᠢᠯᠡᠭᠡᠨ ᠤ᠋ ᠬᠢᠵᠠᠭᠠᠷᠲᠤ ᠺᠣᠮᠫᠠᠨᠢ ᠵᠢᠨ ᠢᠨᠵᠧᠨᠧᠷ ᠶᠠᠩ ᠸᠧᠢ ᠭᠤᠸᠠᠩ᠄《ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠶ᠋ᠢ ᠰᠤᠷᠤᠯᠴᠠᠭᠠᠳ ᠮᠠᠰᠢ ᠶᠡᠬᠡ ᠵᠣᠷᠢᠭ᠍ᠵᠢᠪᠠ᠃ ᠨᠢᠭᠡ ᠦᠶ᠎ᠡ ᠵᠢᠨ ᠬᠥᠮᠥᠨ ᠳ᠋ᠤ ᠨᠢᠭᠡ ᠦᠶ᠎ᠡ ᠵᠢᠨ ᠬᠥᠮᠥᠨ ᠤ᠋ ᠤᠷᠳᠤ ᠵᠠᠮ ᠤ᠋ᠨ ᠠᠶᠠᠨ ᠲᠠᠢ᠍ᠢᠨ ᠪᠤᠢ᠂ ᠨᠢᠭᠡ ᠦᠶ᠎ᠡ ᠵᠢᠨ ᠬᠥᠮᠥᠨ ᠳ᠋ᠤ ᠨᠢᠭᠡ ᠦᠶ᠎ᠡ ᠵᠢᠨ ᠬᠥᠮᠥᠨ ᠤ᠋ ᠡᠭᠦᠷᠭᠡᠯᠡᠯ ᠪᠤᠢ᠃ ᠣᠳᠣᠬᠠᠨ ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠶ᠋ᠢ ᠡᠭᠦᠳᠬᠦ ᠳ᠋ᠤ ᠬᠦᠴᠢᠷ ᠠᠰᠠᠭᠤᠳᠠᠯ᠂ ᠮᠡᠷᠭᠡᠵᠢᠯ ᠤ᠋ᠨ ᠪᠣᠭᠣᠮᠲᠠ ᠰᠢᠪᠲᠤᠯᠬᠤ ᠬᠠᠲᠠᠭᠤ ᠳᠠᠢᠯᠠᠯᠳᠤᠭᠠᠨ ᠪᠣᠯ ᠳᠠᠷᠤᠢ ᠮᠠᠨᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠠᠵᠢᠯᠲᠠᠳ ᠤ᠋ᠨ ᠡᠮᠦᠨ᠎ᠡ ᠲᠠᠯᠪᠢᠭ᠍ᠳᠠᠵᠤ ᠪᠠᠢᠭ᠎ᠠ〈ᠴᠠᠰᠤᠲᠤ ᠠᠭᠤᠯᠠ ᠡᠪᠡᠰᠦᠲᠦ ᠲᠠᠯ᠎ᠠ〉ᠪᠣᠯᠣᠨ᠎ᠠ᠃ ᠪᠢ ᠲᠤᠬᠠᠢᠯᠠᠭᠰᠠᠨ ᠠᠵᠢᠯ ᠤ᠋ᠨ ᠪᠠᠢᠷᠢᠳᠠᠭᠠᠨ ᠰᠠᠭᠤᠷᠢᠯᠠᠵᠤ᠂ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭᠠᠠᠴᠠ ᠣᠯᠣᠭᠰᠠᠨ ᠢᠲᠡᠭᠡᠯ ᠪᠢᠰᠢᠷᠡᠯ ᠤ᠋ᠨ ᠬᠦᠴᠦᠨ ᠵᠢᠡᠨ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠪᠣᠳᠠᠲᠠᠢ ᠠᠵᠢᠯᠯᠠᠬᠤ ᠠᠵᠢᠯᠯᠠᠭ᠎ᠠ ᠵᠢᠨ ᠤᠬᠠᠮᠰᠠᠷ ᠪᠣᠯᠭᠠᠨ ᠬᠤᠪᠢᠷᠠᠭᠤᠯᠵᠤ᠂ ᠡᠭᠡᠯ ᠵᠢᠷ ᠤ᠋ᠨ ᠠᠵᠢᠯ ᠤ᠋ᠨ ᠪᠠᠢᠷᠢ ᠳᠡᠭᠡᠷᠡᠪᠡᠨ ᠰᠢᠨ᠎ᠡ ᠴᠠᠭ ᠦᠶ᠎ᠡ ᠵᠢᠨ ᠤᠷᠳᠤ ᠵᠠᠮ ᠤ᠋ᠨ ᠠᠶᠠᠨ ᠲᠠᠢ᠍ᠢᠨ ᠢ᠋ ᠰᠠᠢᠲᠤᠷ ᠬᠢᠬᠦ ᠪᠡᠷ ᠴᠢᠷᠮᠠᠢᠨ᠎ᠠ》ᠭᠡᠵᠦ ᠶᠠᠩ ᠸᠧᠢ ᠭᠤᠸᠠᠩ ᠢᠯᠡᠳᠭᠡᠪᠡ᠃
ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠬᠣᠢᠲᠤ ᠬᠣᠰᠢᠭᠤᠨᠤ ᠰᠢᠯᠢ ᠰᠢᠶᠠᠩ ᠤ᠋ᠨ ᠡᠪᠯᠡᠯ ᠤ᠋ᠨ ᠬᠣᠷᠢᠶᠠᠨᠤ ᠱᠦᠵᠢ ᠯᠢᠦ ᠯᠦ᠍ ᠵᠢᠶᠠ᠄《ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠪᠣᠯ ᠮᠠᠨᠤ ᠦᠨᠳᠦᠰᠦᠨ ᠱᠠᠲᠤᠨᠤ ᠵᠠᠯᠠᠭᠤᠴᠤᠳ ᠢ᠋ ᠤᠷᠮᠠᠰᠢᠭᠤᠯᠤᠨ ᠤᠷᠤᠭᠰᠢᠯᠠᠭᠤᠯᠬᠤ ᠬᠦᠴᠦᠷᠬᠡᠭ ᠶᠡᠬᠡ ᠬᠦᠴᠦᠨ ᠮᠥᠨ᠃ ᠪᠢ ᠪᠦᠬᠦ ᠰᠢᠶᠠᠩ ᠤ᠋ᠨ ᠡᠪᠯᠡᠯ ᠤ᠋ᠨ ᠭᠡᠰᠢᠭᠦᠨ ᠵᠠᠯᠠᠭᠤᠴᠤᠳ ᠢ᠋ ᠳᠠᠭᠠᠭᠤᠯᠤᠨ ᠬᠤᠪᠢᠰᠬᠠᠯ ᠤ᠋ᠨ ᠤᠳᠤᠮᠰᠢᠯ ᠢ᠋ ᠵᠠᠯᠭᠠᠮᠵᠢᠯᠠᠵᠤ᠂ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠶ᠋ᠢ ᠡᠳᠦᠷ ᠲᠤᠳᠤᠮ ᠤ᠋ᠨ ᠠᠵᠢᠯᠳᠠᠭᠠᠨ ᠠᠭᠤᠰᠬᠠᠨ᠂ ᠵᠠᠯᠠᠭᠤ ᠨᠠᠰᠤᠨᠤ ᠡᠭᠦᠷᠭᠡᠯᠡᠯ ᠵᠢᠡᠷ ᠰᠢᠨ᠎ᠡ ᠴᠠᠭ ᠦᠶ᠎ᠡ ᠵᠢᠨ ᠤᠷᠲᠤ ᠵᠠᠮ ᠤ᠋ᠨ ᠠᠶᠠᠨ ᠳᠠᠶ᠋ᠢᠨ ᠢ᠋ ᠰᠠᠢᠲᠤᠷ ᠬᠢᠨ᠎ᠡ》ᠭᠡᠪᠡ᠃
ᠤᠷᠢᠳᠤᠬᠢ ᠵᠢ ᠵᠠᠯᠭᠠᠮᠵᠢᠯᠠᠨ ᠦᠷᠬᠦᠯᠵᠢᠯᠡᠨ ᠲᠡᠮᠡᠴᠡᠵᠦ ᠤᠯᠤᠰ ᠭᠡᠷ ᠵᠢᠡᠨ ᠰᠡᠳᠬᠢᠯᠳᠡᠭᠡᠨ ᠪᠠᠭᠳᠠᠭᠠᠨ᠎ᠠ
ᠤᠷᠳᠤ ᠵᠠᠮ ᠤ᠋ᠨ ᠠᠶᠠᠨ ᠲᠠᠢ᠍ᠢᠨ ᠤ᠋ ᠲᠡᠦᠬᠡ ᠶᠡᠷᠦ ᠡᠴᠡ ᠬᠤᠯᠠᠳᠠᠭ᠎ᠠ ᠦᠭᠡᠢ᠂ ᠤᠷᠳᠤ ᠵᠠᠮ ᠤ᠋ᠨ ᠠᠶᠠᠨ ᠲᠠᠢ᠍ᠢᠨ ᠤ᠋ ᠵᠠᠮ ᠲᠠᠰᠤᠷᠠᠯᠳᠠ ᠦᠭᠡᠢ ᠦᠷᠭᠦᠯᠵᠢᠯᠡᠭᠰᠡᠭᠡᠷ ᠪᠠᠢᠨ᠎ᠠ᠃ 90 ᠵᠢᠯ ᠤ᠋ᠨ ᠳᠠᠷᠠᠭᠠᠬᠢ ᠡᠨᠡ ᠡᠳᠦᠷ᠂ ᠲᠡᠷᠡ ᠬᠦ᠌ ᠬᠦᠴᠢᠷ ᠪᠡᠷᠬᠡᠰᠢᠶᠡᠯᠲᠤ ᠭᠡᠷᠡᠯ ᠰᠠᠴᠤᠷᠠᠩᠭᠤᠢ ᠲᠡᠦᠬᠡ ᠶ᠋ᠢ ᠳᠠᠬᠢᠨᠲᠠ ᠡᠷᠭᠢᠴᠡᠭᠦᠯᠬᠦᠶ᠎ᠡ᠂ ᠪᠢᠳᠡ ᠢᠲᠡᠭᠡᠯ ᠵᠣᠷᠢᠭ᠋ ᠵᠢᠡᠨ ᠨᠡᠩ ᠪᠠᠲᠤᠳᠬᠠᠵᠤ᠂ ᠠᠵᠢᠯ ᠤ᠋ᠨ ᠪᠠᠢᠷᠢ ᠪᠡᠨ ᠪᠠᠲᠤ ᠰᠠᠬᠢᠨ᠂ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠵᠦ᠂ ᠥᠪᠡᠷ ᠤ᠋ᠨ ᠭᠡᠰᠡᠨ ᠤᠷᠳᠤ ᠵᠠᠮ ᠤ᠋ᠨ ᠠᠶᠠᠨ ᠲᠠᠢ᠍ᠢᠨ ᠵᠢᠡᠨ ᠰᠠᠢᠲᠤᠷ ᠬᠢᠨ᠎ᠡ᠃
ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠲᠥᠪ ᠬᠣᠷᠢᠶ᠎ᠠ᠂ ᠪᠥᠬᠥ ᠤᠯᠤᠰ ᠤ᠋ᠨ ᠵᠠᠯᠠᠭᠤᠴᠤᠳ ᠤ᠋ᠨ ᠬᠣᠯᠪᠣᠭ᠎ᠠ ᠵᠢᠨ 2026 ᠣᠨᠤ 《ᠰᠢᠨ᠎ᠡ ᠴᠠᠭ ᠦᠶ᠎ᠡ ᠵᠢᠨ ᠵᠠᠯᠠᠭᠤᠴᠤᠳ ᠤ᠋ᠨ ᠬᠣᠰᠢᠭᠤᠴᠢ ᠱᠠᠩᠨᠠᠯ》ᠢ᠋ ᠭᠥᠷᠳᠡᠭᠰᠡᠨ ᠠᠯᠠᠱᠠ ᠠᠢᠮᠠᠭ ᠤ᠋ᠨ ᠠᠯᠠᠱᠠ ᠪᠠᠷᠠᠭᠤᠨ ᠬᠣᠰᠢᠭᠤᠨᠤ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠢᠨ ᠲᠠᠩᠰᠤᠭᠪᠤᠯᠠᠭ ᠬᠢᠯᠢ ᠵᠢᠨ ᠲᠣᠮᠢᠯᠠᠭᠰᠠᠨ ᠰᠠᠯᠪᠤᠷᠢ ᠵᠢᠨ ᠲᠤᠰᠠᠯᠠᠭ᠍ᠴᠢ ᠴᠠᠭᠳᠠᠭ᠎ᠠ ᠪᠦᠦ ᠴᠢᠤᠸᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠶ᠋ᠢ ᠰᠤᠷᠤᠯᠴᠠᠭᠰᠠᠨᠤ ᠳᠠᠷᠠᠭ᠎ᠠ ᠰᠡᠳᠬᠢᠯ ᠳᠣᠭᠳᠣᠯᠤᠨ᠄ 《ᠪᠢ ᠲᠤᠢᠯ ᠵᠢᠡᠷ ᠤᠷᠮᠠᠰᠢᠨ ᠵᠣᠷᠢᠭ᠍ᠵᠢᠵᠤ ᠪᠠᠢᠨ᠎ᠠ᠂ ᠠᠭᠤᠤ ᠶᠡᠬᠡ ᠣᠷᠳᠣ᠌ ᠵᠠᠮ ᠤ᠋ᠨ ᠠᠶᠠᠨ ᠲᠡᠶ᠋ᠢᠨ ᠤ᠋ ᠵᠣᠷᠢᠭ᠋ ᠰᠠᠨᠠᠭ᠎ᠠ ᠪᠣᠯ ᠴᠠᠭ ᠣᠷᠣᠨ ᠵᠠᠢ ᠶ᠋ᠢ ᠳᠤᠭᠤᠯᠤᠭᠰᠠᠨ ᠣᠶᠤᠨ ᠰᠠᠨᠠᠭᠠᠨᠤ ᠭᠠᠯ ᠪᠠᠮᠪᠠᠷ ᠮᠥᠨ᠂ ᠦᠶ᠎ᠡ ᠦᠶ᠎ᠡ ᠵᠢᠨ ᠬᠥᠮᠥᠰ ᠢ᠋ ᠵᠢᠯᠣᠭᠣᠳᠤᠨ ᠦᠷᠭᠦᠯᠵᠢᠯᠡᠨ ᠤᠷᠤᠭᠰᠢᠯᠠᠵᠤ ᠪᠠᠢᠨ᠎ᠠ᠃ ᠰᠢᠨ᠎ᠡ ᠴᠠᠭ ᠦᠶ᠎ᠡ ᠵᠢᠨ ᠵᠠᠯᠠᠭᠤᠴᠤᠳ ᠪᠣᠯᠤᠭᠰᠠᠨᠤ ᠬᠤᠪᠢ ᠳ᠋ᠤ᠂ ᠪᠢ ᠠᠬᠠᠮᠠᠳ ᠨᠢᠭᠡ ᠦᠶ᠎ᠡ ᠵᠢᠨ ᠬᠢᠨ ᠤ᠋ ᠦᠨᠡᠨᠴᠢ ᠰᠢᠳᠤᠷᠭᠤ ᠪᠡᠷ ᠤᠯᠤᠰᠲᠠᠭᠠᠨ ᠵᠢᠳᠬᠦᠬᠦ ᠬᠤᠪᠢᠰᠬᠠᠯᠲᠤ ᠵᠤᠷᠢᠬ ᠰᠠᠨᠠᠭ᠎ᠠ ᠶ᠋ᠢ ᠰᠠᠢᠲᠤᠷ ᠤᠯᠠᠮᠵᠢᠯᠠᠨ ᠵᠠᠯᠭᠠᠮᠵᠢᠯᠠᠵᠤ᠂ ᠲᠠᠢ᠍ᠢᠴᠢᠨ ᠨᠠᠢᠵᠠ᠂ ᠮᠠᠯᠴᠢᠨ ᠬᠢᠯᠢ ᠬᠠᠮᠠᠭᠠᠯᠠᠭ᠍ᠴᠢᠲᠠᠢ ᠰᠡᠳᠬᠢᠯ ᠨᠢᠭᠡᠳᠦᠨ ᠭᠠᠷ ᠭᠠᠷ ᠵᠢᠡᠨ ᠬᠣᠯᠪᠣᠯᠴᠠᠵᠦ᠂ ᠬᠢᠯᠢ ᠵᠢᠨ ᠱᠤᠭᠤᠮ ᠳᠡᠭᠡᠷᠡᠬᠢ 〈ᠠᠮᠢᠳᠤ ᠬᠢᠯᠢ ᠵᠢᠨ ᠬᠥᠰᠢᠶ᠎ᠡ〉 ᠪᠣᠯᠵᠤ᠂ ᠡᠬᠡ ᠤᠯᠤᠰ ᠤ᠋ᠨ ᠬᠢᠯᠢ ᠵᠢᠨ ᠠᠮᠤᠷ ᠲᠦᠪᠰᠢᠨ ᠢ᠋ ᠰᠠᠬᠢᠨ ᠬᠠᠮᠠᠭᠠᠯᠠᠨ᠎ᠠ》 ᠭᠡᠪᠡ᠃
《ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠨᠢ ᠨᠠᠮᠠᠶ᠋ᠢ ᠶᠡᠬᠡᠳᠡ ᠵᠣᠷᠢᠭ᠍ᠵᠢᠭᠤᠯᠪᠠ᠂ ᠴᠡᠷᠢᠭ ᠡᠴᠡ ᠬᠠᠯᠠᠭᠳᠠᠭᠰᠠᠳ᠂ ᠴᠠᠬᠢᠯᠭᠠᠨ ᠬᠦᠴᠦᠨ ᠤ᠋ ᠠᠵᠢᠯᠴᠢᠨ ᠪᠣᠯᠤᠭᠰᠠᠨᠤ ᠬᠤᠪᠢ ᠳ᠋ᠤ᠂ ᠪᠢ ᠥᠪᠡᠷ ᠤ᠋ᠨ ᠤᠷᠳᠤ ᠵᠠᠮ ᠤ᠋ᠨ ᠠᠶᠠᠨ ᠲᠠᠢ᠍ᠢᠨ ᠵᠢᠡᠨ ᠴᠢᠷᠮᠠᠢᠨ ᠰᠠᠢᠲᠤᠷ ᠬᠢᠨ᠎ᠡ᠃ ᠪᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨᠤ ᠵᠣᠷᠢᠭ᠋ ᠰᠠᠨᠠᠭ᠎ᠠ ᠶ᠋ᠢ ᠡᠳᠦᠷ ᠳᠤᠳᠤᠮ ᠤ᠋ᠨ ᠠᠵᠢᠯ ᠳᠤᠮᠳᠠᠬᠢ ᠡᠭᠦᠷᠭᠡᠯᠡᠯ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠨ᠂ ᠴᠠᠬᠢᠯᠭᠠᠨ ᠳᠠᠮᠵᠢᠭᠤᠯᠬᠤ ᠱᠤᠭᠤᠮ ᠨᠢᠭᠡᠪᠦᠷᠢ ᠶ᠋ᠢ ᠨᠠᠷᠢᠨ ᠬᠢᠨᠠᠮᠠᠭᠠᠢ ᠰᠠᠢᠲᠤᠷ ᠲᠣᠭᠣᠷᠢᠨ ᠬᠠᠮᠠᠭᠠᠯᠠᠵᠤ᠂ ᠲᠥᠬᠦᠭᠡᠷᠦᠮᠵᠢ ᠨᠢᠭᠡᠪᠦᠷᠢ ᠶ᠋ᠢ ᠰᠠᠢᠲᠤᠷ ᠪᠠᠢᠴᠠᠭᠠᠨ ᠵᠠᠰᠠᠵᠤ᠂ ᠠᠭᠤᠤ ᠶᠡᠬᠡ ᠤᠷᠳᠤ ᠵᠠᠮ ᠤ᠋ᠨ ᠠᠶᠠᠨ ᠲᠠᠢ᠍ᠢᠨ ᠤ᠋ ᠵᠣᠷᠢᠭ᠋ ᠰᠠᠨᠠᠭ᠎ᠠ ᠶ᠋ᠢ ᠴᠠᠬᠢᠯᠭᠠᠨ ᠲᠣᠣᠷ ᠤ᠋ᠨ ᠠᠮᠤᠷ ᠲᠦᠪᠰᠢᠨ ᠢ᠋ ᠬᠠᠮᠠᠭᠠᠯᠠᠬᠤ ᠪᠣᠳᠠᠲᠤ ᠠᠵᠢᠯᠯᠠᠭ᠎ᠠ ᠳᠤᠮᠳᠠ ᠨᠠᠢᠳᠠᠪᠤᠷᠢᠵᠢᠭᠤᠯᠤᠨ᠎ᠠ》ᠭᠡᠵᠤ 2026 ᠣᠨᠤ ᠭᠤᠷᠪᠠᠳᠤᠭᠠᠷ ᠤᠯᠠᠷᠢᠯ ᠳ᠋ᠤ ᠦᠨᠡᠨ ᠶᠣᠰᠣᠨᠤ ᠲᠥᠯᠥᠭᠡ ᠡᠷᠡᠯᠬᠡᠭᠯᠡᠨ ᠲᠡᠮᠡᠴᠡᠭᠰᠡᠨ ᠪᠠᠭᠠᠲᠤᠷᠴᠤᠳ ᠤ᠋ᠨ ᠨᠡᠷᠡᠰ ᠤ᠋ᠨ ᠵᠢᠭ᠍ᠰᠠᠭᠠᠯᠲᠠ ᠳ᠋ᠤ ᠣᠷᠣᠭᠰᠠᠨ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠦᠬᠠᠢ ᠵᠢᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠵᠢᠨ ᠵᠠᠯᠠᠭᠤ ᠠᠵᠢᠯᠲᠠᠨ ᠳ᠋ᠦᠩ ᠫᠧᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃