2026-10-29 11:10:54
— ᠶᠡᠷᠦᠩᠬᠡᠢ ᠱᠦᠵᠢ ᠰᠢ ᠵᠢᠨ ᠫᠢᠩ ᠤ᠋ᠨ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨ ᠤ᠋ ᠤᠯᠠᠭᠠᠨ ᠴᠡᠷᠢᠭ ᠤ᠋ᠨ ᠤᠷᠳᠤ ᠵᠠᠮ ᠤ᠋ᠨ ᠠᠶᠠᠨ ᠲᠠᠢ᠌ᠨ ᠢᠯᠠᠯᠲᠠ ᠣᠯᠤᠭᠰᠠᠨ 90 ᠵᠢᠯ ᠤ᠋ᠨ ᠤᠢᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠦᠬᠦ᠌ ᠣᠷᠣᠨ ᠤ᠋ ᠨᠡᠶ᠋ᠢᠭᠡᠮ ᠤ᠋ᠨ ᠰᠢᠨᠵᠢᠯᠡᠬᠦ᠌ ᠤᠬᠠᠭᠠᠨ ᠤ᠋ ᠤᠨᠤᠯ ᠤ᠋ᠨ ᠡᠲᠡᠭᠡᠳ ᠶᠡᠬᠡ ᠳᠡᠭᠡᠳᠦ ᠰᠤᠷᠭᠠᠭᠤᠯᠢ ᠶ᠋ᠢᠨ ᠲᠤᠰᠬᠠᠢ ᠮᠡᠷᠭᠡᠵᠢᠯᠲᠡᠨ ᠡᠷᠳᠡᠮᠲᠡᠨ ᠤ᠋ ᠳᠤᠮᠳᠠ ᠬᠠᠯᠠᠭᠤᠨ ᠲᠤᠰᠬᠠᠯ ᠭᠠᠷᠪᠠ
10 ᠰᠠᠷ᠎ᠠ ᠶ᠋ᠢᠨ 22 ᠤ᠋ᠨ ᠡᠳᠦᠷ᠂ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨ ᠤ᠋ ᠤᠯᠠᠭᠠᠨ ᠴᠡᠷᠢᠭ ᠤ᠋ᠨ ᠤᠷᠲᠤ᠌ ᠵᠠᠮ ᠤ᠋ᠨ ᠠᠶᠠᠨ ᠳᠠᠶ᠋ᠢᠨ ᠢᠯᠠᠯᠲᠠ ᠣᠯᠤᠭᠰᠠᠨ 90 ᠵᠢᠯ ᠤ᠋ᠨ ᠣᠶᠶᠢ ᠳᠤᠷᠠᠰᠬᠠᠬᠤ ᠶᠡᠬᠡ ᠬᠤᠷᠠᠯ ᠪᠡᠭᠡᠵᠢᠩ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮᠳᠤ ᠦᠪᠡᠳᠡᠭᠰᠢ ᠶᠡᠬᠡᠪᠡᠷ ᠶᠠᠪᠤᠭᠳᠠᠪᠠ᠃ ᠨᠠᠮ ᠤ᠋ᠨ ᠲᠥᠪ ᠬᠣᠷᠢᠶᠠᠨ ᠤ᠋ ᠶᠡᠷᠦᠩᠬᠡᠢ ᠱᠦᠵᠢ᠂ ᠤᠯᠤᠰ ᠤ᠋ᠨ ᠲᠡᠷᠢᠭᠦᠯᠡᠭᠴᠢ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶᠠᠨ ᠤ᠋ ᠲᠡᠷᠢᠭᠦᠯᠡᠭᠴᠢ ᠰᠢ ᠵᠢᠨ ᠫᠢᠩ ᠤ᠋ᠨ ᠴᠢᠬᠤᠯᠠ ᠶᠠᠷᠢᠶ᠎ᠠ ᠪᠦᠬᠦ᠌ ᠣᠷᠣᠨ ᠤ᠋ ᠨᠡᠶ᠋ᠢᠭᠡᠮ ᠤ᠋ᠨ ᠰᠢᠨᠵᠢᠯᠡᠬᠦ᠌ ᠤᠬᠠᠭᠠᠨ ᠤ᠋ ᠤᠨᠤᠯ ᠤ᠋ᠨ ᠡᠲᠡᠭᠡᠳ᠂ ᠶᠡᠬᠡ ᠳᠡᠭᠡᠳᠦ ᠰᠤᠷᠭᠠᠭᠤᠯᠢ ᠶ᠋ᠢᠨ ᠲᠤᠰᠬᠠᠢ ᠮᠡᠷᠭᠡᠵᠢᠯᠲᠡᠨ ᠡᠷᠳᠡᠮᠲᠡᠨ ᠤ᠋ ᠳᠤᠮᠳᠠ ᠬᠠᠯᠠᠭᠤᠨ ᠲᠤᠰᠬᠠᠯ ᠭᠠᠷᠪᠠ᠃ ᠣᠷᠳᠣ ᠵᠠᠮ ᠤ᠋ᠨ ᠠᠶᠠᠨ ᠲᠡᠶ᠋ᠢᠨ ᠤ᠋ ᠵᠣᠷᠢᠭ ᠰᠠᠨᠠᠭ᠎ᠠᠶᠢ ᠪᠠᠳᠠᠷᠠᠭᠤᠯᠬᠤ ᠪᠣᠯ ᠳᠠᠷᠤᠶ ᠨᠠᠮ ᠤ᠋ᠨ ᠰᠢᠨᠡᠶᠢ ᠡᠭᠦᠳᠬᠦ᠌ ᠣᠨᠣᠯ ᠤ᠋ᠨ ᠰᠢᠰᠲᠸᠮᠴᠢᠯᠡᠭᠰᠡᠨ ᠤᠨᠤᠯᠵᠢᠭᠤᠯᠤᠭᠰᠠᠨ ᠲᠠᠢᠯᠪᠤᠷᠢᠯᠠᠨ ᠳᠤᠲᠤᠷᠬᠠᠢᠯᠠᠯᠲᠠ ᠵᠢ ᠦᠷᠬᠦᠯᠵᠢᠯᠡᠨ ᠭᠦᠨᠵᠡᠭᠡᠢᠷᠡᠭᠦᠯᠵᠦ ᠂ ᠡᠷᠳᠡᠮ ᠰᠢᠨᠵᠢᠯᠡᠭᠡᠨ ᠤ᠋ ᠬᠦᠰᠡᠯ ᠪᠠ ᠵᠢᠭᠠᠨ ᠰᠤᠷᠭᠠᠯᠲᠠ ᠶ᠋ᠢᠨ ᠰᠤᠳᠤᠯᠭᠠᠨᠢ ᠤᠯᠤᠰ ᠤ᠋ᠨ ᠢᠷᠡᠭᠡᠳᠦᠶ᠂ ᠦᠨᠳᠦᠰᠦᠲᠡᠨ ᠤ᠋ ᠬᠤᠪᠢ ᠵᠠᠶᠠᠭ᠎ᠠ᠂ ᠠᠷᠠᠳ ᠲᠦᠮᠡᠨ ᠤ᠋ ᠠᠵᠠ ᠵᠢᠷᠭᠠᠯᠲᠠᠶ ᠨᠢᠭᠲᠠ ᠬᠣᠯᠪᠣᠵᠤ᠂ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠᠳᠤ ᠣᠶᠤᠨ ᠤᠬᠠᠭᠠᠨ ᠪᠠ ᠬᠦᠴᠦᠨ ᠴᠢᠳᠠᠯᠢᠶᠠᠨ ᠡᠷᠭᠦᠬᠦ᠌ ᠶᠠᠪᠤᠳᠠᠯ ᠪᠣᠯᠤᠨ᠎ᠠ ᠭᠡᠵᠦ᠍ ᠣᠯᠠᠨᠢᠶᠠᠷᠢᠶᠠᠨ ᠰᠠᠨᠠᠯ ᠨᠢᠭᠡᠲᠡᠶ ᠢᠯᠡᠳᠭᠡᠵᠡᠭᠡᠪᠡ᠃
ᠭᠡᠷᠡᠯ ᠰᠠᠴᠤᠷᠠᠩᠭᠤᠶ ᠲᠡᠦᠬᠡᠪᠡᠨ ᠪᠠᠲᠤ᠌ ᠴᠡᠭᠡᠵᠢᠯᠡᠵᠦ᠍᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠶ᠋ᠢᠡᠨ ᠴᠢᠡᠭᠭᠠᠳᠬᠠᠨᠠ
ᠶᠡᠷᠦᠩᠬᠡᠢ ᠱᠦᠵᠢ ᠰᠢ ᠵᠢᠨ ᠫᠢᠩ᠂ ᠤᠷᠳᠤ ᠵᠠᠮ ᠤ᠋ᠨ ᠠᠶᠠᠨ ᠲᠠᠢ᠌ᠨ ᠤ᠋ ᠢᠯᠠᠯᠲᠠ ᠪᠣᠯ ᠵᠠᠶ᠋ᠢᠯᠠᠰᠢ ᠦᠭᠡᠢ ᠶᠤᠮ᠂ ᠲᠡᠭᠦᠨ ᠳ᠋ᠦ ᠨᠠᠮ ᠪᠣᠯᠤᠨ ᠠᠷᠠᠳ ᠤ᠋ᠨ ᠴᠡᠷᠢᠭ ᠠᠩᠬᠢ ᠶ᠋ᠢᠨ ᠪᠠᠳᠤ ᠴᠢᠡᠭᠭ᠎ᠠ ᠤᠷᠤᠭᠰᠢᠯᠠᠯᠲᠠ ᠶ᠋ᠢᠨ ᠢᠯᠠᠯᠲᠠ ᠵᠢ ᠤᠯᠬᠤ ᠶᠤᠰᠤ ᠠᠭᠤᠯᠤᠭᠳᠠᠵᠤ ᠪᠠᠢᠳᠠᠭ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ 《ᠲᠦᠷᠪᠡ ᠳ᠋ᠦ ᠲᠦᠰᠢᠭᠯᠡᠬᠦ᠌》 ᠪᠡᠷ ᠤᠷᠳᠤ ᠵᠠᠮ ᠤ᠋ᠨ ᠠᠶᠠᠨ ᠲᠠᠢ᠌ᠨ ᠤ᠋ ᠢᠯᠠᠯᠲᠠ ᠶ᠋ᠢᠨ ᠳᠣᠲᠣᠭᠠᠳᠤ ᠯᠣᠭᠢᠭᠢ ᠳᠡᠭᠡᠳᠦ ᠬᠡᠮᠵᠢᠶ᠎ᠡ ᠪᠡᠷ ᠬᠤᠷᠢᠶᠠᠡᠭᠭᠤᠢᠯᠠᠵᠤ᠂ ᠪᠢᠳᠡᠨ ᠤ᠋ ᠤᠷᠳᠤ ᠵᠠᠮ ᠤ᠋ᠨ ᠠᠶᠠᠨ ᠲᠠᠢ᠌ᠨ ᠤ᠋ ᠲᠡᠦᠬᠡᠶᠢ ᠰᠤᠳᠤᠯᠬᠤ᠂ ᠨᠠᠮ ᠤ᠋ᠨ ᠲᠡᠮᠡᠴᠡᠯ ᠤ᠋ᠨ ᠲᠡᠦᠬᠡᠨ ᠶᠠᠪᠤᠴᠠᠶᠢ ᠣᠶ᠋ᠢᠯᠠᠭᠠᠬᠤᠳᠤ ᠦᠵᠡᠯ ᠰᠠᠨᠠᠭᠠᠨ ᠤ᠋ ᠵᠢᠯᠤᠭᠤᠳᠤᠯᠭ᠎ᠠ ᠬᠠᠩᠭᠠᠪᠠ᠃
ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠦᠵᠡᠯ ᠰᠠᠨᠠᠭ᠎ᠠ ᠤᠯᠤᠰ ᠲᠥᠷᠥ ᠶ᠋ᠢᠨ ᠠᠵᠢᠯ ᠤ᠋ᠨ ᠭᠠᠵᠠᠷ ᠤ᠋ᠨ ᠳᠠᠷᠤᠭ᠎ᠠ ᠯᠢᠦ ᠬᠣᠶ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨ ᠤ᠋ ᠤᠯᠠᠭᠠᠨ ᠴᠡᠷᠢᠭ ᠤ᠋ᠨ ᠣᠷᠳᠣ ᠵᠠᠮ ᠤ᠋ᠨ ᠠᠶᠠᠨ ᠲᠡᠶ᠋ᠢᠨ ᠢᠯᠠᠯᠲᠠ ᠣᠯᠤᠭᠰᠠᠨ 90 ᠵᠢᠯ ᠤ᠋ᠨ ᠣᠶᠶᠢ ᠳᠤᠷᠠᠰᠬᠠᠬᠤᠪᠠᠷ ᠠᠵᠠ ᠲᠣᠬᠢᠶᠠᠯ ᠪᠣᠯᠭᠠᠵᠤ᠂ ᠪᠠᠭᠰᠢ ᠰᠤᠷᠤᠭᠴᠢᠳ ᠢ᠋ ᠵᠤᠬᠢᠶᠠᠨ ᠪᠠᠢᠭᠤᠯᠤᠨ ᠡᠯ᠎ᠡ ᠵᠦᠢᠯ ᠤ᠋ᠨ ᠭᠤᠤᠯ ᠰᠡᠳᠦᠪᠲᠦ ᠨᠡᠢᠭᠡᠮ ᠤ᠋ᠨ ᠦᠢᠯᠡᠳᠦᠯᠭᠡ᠂ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠠᠯ ᠤ᠋ᠨ ᠠᠵᠢᠯᠯᠠᠭ᠎ᠠ ᠵᠢ ᠵᠤᠬᠢᠶᠠᠨ ᠪᠠᠢᠭᠤᠯᠤᠨ ᠦᠷᠨᠢᠭᠦᠯᠪᠡ᠃ ᠡᠭᠦᠨ ᠤ᠋ ᠬᠠᠮᠳᠤ᠂ ᠬᠤᠪᠢᠰᠬᠠᠯ ᠤ᠋ᠨ ᠡᠬᠢ ᠪᠠᠶᠠᠯᠢᠭᠢ ᠬᠥᠮᠦᠨ ᠬᠥᠮᠦᠵᠢᠭᠦᠯᠬᠦ᠌ ᠠᠮᠢᠳᠤᠯᠢᠭ ᠪᠣᠷᠣ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠠᠭᠤᠤ ᠶᠡᠬᠡ ᠣᠷᠳᠣ ᠵᠠᠮ ᠤ᠋ᠨ ᠠᠶᠠᠨ ᠲᠡᠶ᠋ᠢᠨ ᠤ᠋ ᠵᠣᠷᠢᠭ ᠰᠠᠨᠠᠭ᠎ᠠᠶᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷᠢ ᠪᠠᠲᠤ᠌ ᠴᠣᠭᠴᠠᠯᠠᠬᠤ ᠬᠥᠮᠦᠵᠢᠯᠲᠡᠶ ᠭᠦᠨᠵᠡᠭᠡᠶ ᠠᠭᠤᠰᠤᠯᠴᠠᠭᠤᠯᠵᠤ᠂ ᠵᠠᠯᠠᠭᠤᠴᠤᠳ ᠪᠠᠭᠠᠴᠤᠳ ᠲᠦ᠍ ᠦᠵᠡᠯ ᠰᠠᠨᠠᠭᠠᠨ ᠤ᠋ ᠠᠤᠭ᠎ᠠ ᠬᠦᠴᠦᠨᠢ ᠣᠶ᠋ᠢᠯᠠᠭᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ᠋ ᠨᠢ ᠴᠢᠡᠭᠭᠠᠳᠬᠠᠵᠤ᠂ ᠰᠢᠨ᠎ᠡ ᠴᠠᠭ ᠦᠶ᠎ᠡ ᠶ᠋ᠢᠨ ᠣᠷᠳᠣ ᠵᠠᠮ ᠤ᠋ᠨ ᠠᠶᠠᠨ ᠲᠡᠶ᠋ᠢᠨᠢ ᠰᠠᠶ᠋ᠢᠲᠤᠷ ᠬᠢᠬᠦ ᠵᠢ ᠬᠦᠲᠦᠯᠦᠨ ᠵᠢᠯᠤᠭᠤᠳᠴᠤ ᠪᠠᠢᠨ᠎ᠠ ᠭᠡᠵᠦ ᠢᠯᠡᠳᠭᠡᠪᠡ᠃
ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠶ᠋ᠢᠨ ᠭᠦᠨ ᠤᠬᠠᠭᠠᠨ ᠤ᠋ ᠵᠢᠭᠠᠨ ᠰᠤᠳᠤᠯᠬᠤ ᠬᠡᠯᠲᠡᠰ ᠤ᠋ᠨ ᠳᠡᠳ᠋ ᠫᠷᠤᠹᠸᠰᠰᠤᠷ ᠯᠢᠦ ᠴᠢᠶᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠶᠢ ᠰᠣᠨᠣᠰᠤᠭᠰᠠᠨ ᠤ᠋ ᠳᠠᠷᠠᠭ᠎ᠠ᠄ 《ᠪᠢᠳᠡ ᠭᠦᠨᠵᠡᠭᠡᠢ ᠰᠤᠷᠤᠯᠴᠠᠵᠤ᠂ ᠤᠶᠤᠨ ᠰᠠᠨᠠᠭᠠᠨ ᠤ᠋ ᠬᠦᠴᠦᠨᠢᠶᠡᠨ ᠬᠥᠮᠦᠨ ᠬᠥᠮᠦᠵᠢᠭᠦᠯᠬᠦ᠌ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠠᠮ ᠤ᠋ᠨ ᠰᠤᠷᠭᠠᠭᠤᠯᠢᠳᠤ ᠰᠤᠷᠤᠯᠴᠠᠬᠤ ᠪᠡᠷ ᠢᠷᠡᠭᠰᠡᠨ ᠺᠠᠳ᠋ᠷ ᠤ᠋ᠨ ᠢᠳᠡᠭᠡᠯ ᠪᠢᠰᠢᠷᠡᠯ ᠢ᠋ ᠨᠡᠮᠡᠭᠳᠡᠭᠦᠯᠵᠦ᠂ ᠶᠡᠷᠦᠩᠬᠡᠢ ᠱᠦᠵᠢ ᠰᠢ ᠵᠢᠨ ᠫᠢᠩ ᠤ᠋ᠨ ᠱᠠᠭᠠᠷᠳᠠᠯᠭ᠎ᠠ ᠶᠣᠰᠣᠭᠠᠷ 〈 ᠲᠠᠪᠤᠨ ᠡᠷᠬᠡᠪᠰᠢ 〉 ᠵᠢ ᠪᠡᠶᠡᠯᠡᠭᠦᠯᠵᠦ᠍᠂ ᠰᠢᠨ᠎ᠡ ᠤᠷᠳᠤ ᠵᠠᠮ ᠤ᠋ᠨ ᠠᠶᠠᠨ ᠲᠠᠢ᠌ᠨ ᠤ᠋ ᠵᠠᠮ ᠳᠡᠭᠡᠷ᠎ᠡ ᠮᠠᠨ ᠤ᠋ ᠡᠨᠡ ᠦᠶ᠎ᠡ ᠶ᠋ᠢᠨ ᠬᠥᠮᠦᠰ ᠤ᠋ᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ》 ᠭᠡᠵᠦ ᠲᠦᠷᠦᠭᠳᠡᠯ ᠶ᠋ᠢᠡᠨ ᠶᠠᠷᠢᠵᠤ ᠪᠠᠢᠯ᠎ᠠ᠃
ᠥᠪᠥᠷ ᠮᠣᠩᠭᠣᠯ ᠤ᠋ᠨ ᠨᠡᠶ᠋ᠢᠭᠡᠮ ᠤ᠋ᠨ ᠰᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠨᠠᠷᠢᠨ ᠪᠢᠴᠢᠭ ᠤ᠋ᠨ ᠳᠠᠷᠤᠭ᠎ᠠ ᠱ᠌ᠢ ᠬᠤᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠶᠢ ᠰᠤᠷᠤᠯᠴᠠᠭᠰᠠᠨ ᠤ᠋ ᠳᠠᠷᠠᠭ᠎ᠠ᠄ 《ᠪᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ 〈1571〉 ᠠᠵᠢᠯ ᠤ᠋ᠨ ᠪᠠᠶ᠋ᠢᠷᠢᠯᠠᠭᠤᠯᠤᠯᠲᠠ ᠶ᠋ᠢᠨ ᠲᠣᠭᠣᠷᠢᠨᠳᠤ᠂ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠳ᠋ᠦ ᠠᠩᠬᠠᠷᠤᠯᠢᠶᠠᠨ ᠲᠥᠪᠯᠡᠷᠡᠭᠦᠯᠦᠨ ᠰᠤᠳᠤᠯᠭᠠᠨ ᠦᠷᠨᠢᠭᠦᠯᠵᠦ᠂ ᠰᠠᠨᠠᠯ ᠰᠠᠨᠠᠭᠤᠯᠭ᠎ᠠ ᠳᠤᠷᠠᠳᠴᠤ᠌᠂ ᠴᠢᠨᠠᠷ ᠰᠠᠶ᠋ᠢᠲᠠᠢ ᠨᠡᠶ᠋ᠢᠭᠡᠮ ᠤ᠋ᠨ ᠰᠢᠨᠵᠢᠯᠡᠬᠦ᠌ ᠤᠬᠠᠭᠠᠨ ᠤ᠋ ᠦᠷ᠎ᠡ ᠪᠦᠲᠦᠭᠡᠯᠢᠶᠡᠷ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠰᠢᠨ᠎ᠡ ᠬᠠᠭᠤᠳᠠᠰᠤᠶᠢ ᠰᠠᠢᠳᠤᠷ ᠪᠢᠴᠢᠭᠯᠡᠬᠦ ᠳ᠋ᠦ ᠬᠦᠴᠦᠨ ᠨᠡᠮᠡᠷᠢᠯᠡᠨ᠎ᠡ》 ᠭᠡᠵᠦ ᠵᠤᠷᠢᠭ ᠵᠢᠡᠨ ᠢᠯᠡᠳᠭᠡᠪᠡ᠃
ᠤᠷᠳᠤ ᠵᠠᠮ ᠤ᠋ᠨ ᠠᠶᠠᠨ ᠲᠠᠢ᠌ᠨ ᠤ᠋ ᠦᠯᠢᠭᠡᠷ ᠢ ᠰᠠᠶ᠋ᠢᠲᠤᠷ ᠶᠠᠷᠢᠵᠤ᠂ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭ᠎ᠠᠶᠢ ᠪᠠᠳᠠᠷᠠᠭᠤᠯᠤᠨ᠎ᠠ
ᠵᠤᠷᠢᠭ ᠰᠠᠨᠠᠭ᠎ᠠ ᠪᠤᠯ ᠬᠦᠴᠦᠨ ᠴᠢᠳᠠᠯ ᠮᠦᠨ᠃ ᠠᠭᠤᠤ ᠶᠡᠬᠡ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭ᠎ᠠ ᠪᠣᠯ ᠳᠤᠮᠳᠠᠳᠤ ᠤᠯᠤᠰ ᠤ᠋ᠨ ᠡᠪ ᠬᠠᠮᠲᠤᠴᠤᠳ ᠤ᠋ᠨ ᠬᠤᠪᠢᠰᠬᠠᠯᠲᠤ᠌ ᠬᠡᠪ ᠰᠤᠷᠲᠠᠯ ᠤ᠋ᠨ ᠠᠮᠢᠳᠤᠯᠢᠭ ᠲᠤᠰᠬᠠᠯ ᠮᠥᠨ᠂ ᠪᠢᠳᠡ ᠰᠢᠨ᠎ᠡ ᠪᠣᠳᠠᠲᠤ᠌ ᠪᠠᠶ᠋ᠢᠳᠠᠯᠲᠠᠶᠪᠠᠨ ᠤᠶᠠᠯᠳᠤᠭᠤᠯᠤᠨ ᠲᠠᠰᠤᠷᠠᠯᠳᠠ ᠦᠭᠡᠢ ᠰᠠᠶ᠋ᠢᠲᠤᠷ ᠤᠯᠠᠮᠵᠢᠯᠠᠵᠤ ᠰᠠᠶ᠋ᠢᠲᠤᠷ ᠪᠠᠳᠠᠷᠠᠭᠤᠯᠬᠤ ᠬᠡᠷᠡᠭᠲᠡᠢ᠃
《ᠶᠡᠷᠦᠩᠬᠡᠢ ᠱᠦᠵᠢ ᠰᠢ ᠵᠢᠨ ᠫᠢᠩ ᠤ᠋ᠨ ᠠᠵᠢᠯᠴᠢᠨ ᠲᠠᠷᠢᠶᠠᠴᠢᠨᠤ ᠤᠯᠠᠭᠠᠨ ᠴᠡᠷᠢᠭ ᠤ᠋ᠨ ᠤᠷᠳᠤ ᠵᠠᠮ ᠤ᠋ᠨ ᠠᠶᠠᠨ ᠲᠠᠢ᠌ᠨ ᠢᠯᠠᠯᠲᠠ ᠣᠯᠤᠭᠰᠠᠨ 90 ᠵᠢᠯ ᠤ᠋ᠨ ᠤᠢᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠳᠬ᠎ᠠ ᠰᠠᠨᠠᠭ᠎ᠠ ᠭᠦᠨᠵᠡᠭᠡᠢ ᠪᠠᠢᠵᠤ᠂ ᠶᠡᠬᠡ ᠳᠡᠭᠡᠳᠦ ᠰᠤᠷᠭᠠᠭᠤᠯᠢ ᠶ᠋ᠢᠨ ᠰᠤᠷᠭᠠᠨ ᠬᠥᠮᠦᠵᠢᠯ ᠤ᠋ᠨ ᠠᠵᠢᠯᠲᠠᠳᠲᠤ᠌ ᠤᠷᠤᠭᠰᠢᠯᠠᠯᠲᠠ ᠶ᠋ᠢᠨ ᠴᠢᠭᠯᠡᠯᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠢ ᠨᠠᠮ ᠤ᠋ᠨ ᠲᠥᠯᠥᠭᠡ ᠬᠥᠮᠦᠨ ᠬᠥᠮᠦᠵᠢᠭᠦᠯᠵᠦ᠍ ᠤᠯᠤᠰ ᠤ᠋ᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠴᠢᠬᠤᠯᠠ ᠡᠭᠦᠷᠭᠡᠶᠢ ᠡᠭᠦᠷᠭᠡᠯᠡᠬᠦ᠌ ᠳ᠋ᠦ ᠠᠩᠬᠠᠷᠤᠯᠢᠶᠠᠨ ᠲᠥᠪᠯᠡᠷᠡᠭᠦᠯᠵᠦ᠍᠂ ᠰᠤᠷᠤᠭᠴᠢᠳᠢ ᠬᠦᠳᠦᠯᠥᠨ ᠳᠠᠭᠠᠭᠤᠯᠵᠤ ᠬᠤᠪᠢᠰᠬᠠᠯ ᠤ᠋ᠨ ᠤᠳᠤᠮᠰᠢᠯᠢ ᠤᠯᠠᠮᠵᠢᠯᠠᠨ ᠵᠠᠯᠭᠠᠮᠵᠢᠯᠠᠵᠤ᠂ ᠤᠯᠤᠰ ᠭᠡᠷ ᠤ᠋ᠨᠲᠤᠬᠠᠢ ᠬᠠᠶ᠋ᠢᠷ᠎ᠠ ᠰᠡᠳᠬᠢᠯᠭᠡᠶᠢ ᠵᠤᠵᠠᠭᠠᠳᠬᠠᠵᠤ᠂ ᠠᠭᠤᠤ ᠶᠡᠬᠡ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭ᠎ᠠᠶᠢ ᠵᠠᠯᠭᠠᠮᠵᠢᠯᠠᠨ᠎ᠠ 》 ᠭᠡᠵᠦ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠲᠡᠦᠬᠡ ᠪᠣᠯᠤᠨ ᠰᠣᠶᠣᠯ ᠵᠢᠭᠤᠯᠴᠢᠯᠠᠯ ᠤ᠋ᠨ ᠳᠡᠭᠡᠳᠦ ᠰᠤᠷᠭᠠᠭᠤᠯᠢ ᠶ᠋ᠢᠨ ᠫᠷᠤᠹᠸᠰᠰᠤᠷ ᠵᠠᠩ ᠵᠢᠦ ᠾᠧ ᠢᠯᠡᠳᠭᠡᠪᠡ᠃
ᠥᠪᠥᠷ ᠮᠣᠩᠭᠣᠯ ᠤ᠋ᠨ ᠨᠡᠶ᠋ᠢᠭᠡᠮ ᠤ᠋ᠨ ᠰᠢᠨᠵᠢᠯᠡᠬᠦ᠌ ᠤᠬᠠᠭᠠᠨ ᠤ᠋ ᠬᠣᠯᠪᠣᠭ᠎ᠠ ᠶ᠋ᠢᠨ ᠨᠡᠶ᠋ᠢᠭᠡᠮ ᠤ᠋ᠨ ᠰᠢᠨᠵᠢᠯᠡᠬᠦ᠌ ᠤᠬᠠᠭᠠᠨᠢ ᠲᠦᠭᠡᠮᠡᠯᠵᠢᠭᠦᠯᠬᠦ᠌ ᠬᠡᠯᠲᠡᠰ ᠤ᠋ᠨ ᠳᠠᠷᠤᠭ᠎ᠠ ᠡᡁᠸᠥ ᠬᠤᠢ ᠵᠢᠶ᠍ᠸ᠄ 《ᠪᠢ ᠨᠡᠶ᠋ᠢᠭᠡᠮ ᠤ᠋ᠨ ᠰᠢᠨᠵᠢᠯᠡᠬᠦ᠌ ᠤᠬᠠᠭᠠᠨᠢ ᠲᠦᠭᠡᠮᠡᠯᠵᠢᠭᠦᠯᠬᠦ᠌ ᠡᠭᠦᠷᠭᠡ ᠬᠠᠷᠢᠭᠤᠴᠠᠯᠭᠠᠳᠠᠭᠠᠨ ᠰᠠᠭᠤᠷᠢᠯᠠᠨ ᠨᠠᠮ ᠤ᠋ᠨ ᠰᠢᠨᠡᠶᠢ ᠡᠭᠦᠳᠬᠦ᠌ ᠤᠨᠤᠯᠢ ᠤᠬᠠᠭᠤᠯᠤᠨ ᠲᠦᠭᠡᠮᠡᠯᠵᠢᠭᠦᠯᠬᠦ᠌ ᠠᠵᠢᠯᠢ ᠰᠠᠶ᠋ᠢᠲᠤᠷ ᠠᠳᠬᠤᠵᠤ᠂ ᠨᠠᠮ ᠤ᠋ᠨ ᠰᠢᠨᠡᠶᠢ ᠡᠭᠦᠳᠬᠦ᠌ ᠤᠨᠤᠯ ᠢ᠋ ᠬᠥᠮᠦᠰ ᠤ᠋ᠨ ᠰᠡᠳᠬᠢᠯ ᠳ᠋ᠦ ᠬᠠᠳᠠᠩᠰᠢᠭᠤᠯᠬᠤ ᠪᠡᠷ ᠴᠢᠷᠮᠠᠢᠨ᠎ᠠ》 ᠭᠡᠵᠦ ᠢᠯᠡᠳᠭᠡᠪᠡ᠃
ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠮᠠᠷᠺᠰ ᠤ᠋ᠨ ᠦᠵᠡᠯ ᠤ᠋ᠨ ᠳᠡᠭᠡᠳᠦ ᠰᠤᠷᠭᠠᠭᠤᠯᠢ ᠶ᠋ᠢᠨ ᠵᠠᠬᠢᠷᠤᠯ ᠯᠢ ᠱ᠌ᠢ ᠵᠧᠨ ᠪᠣᠯᠤᠨ ᠥᠪᠥᠷ ᠮᠣᠩᠭᠣᠯ ᠤ᠋ᠨ ᠡᠳ᠋ ᠤ᠋ᠨ ᠵᠠᠰᠠᠭ ᠠᠵᠤ ᠠᠬᠤᠶ ᠶ᠋ᠢᠨ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠭᠡᠰᠢᠭᠦᠨ᠂ ᠤᠬᠠᠭᠤᠯᠬᠤ ᠬᠡᠯᠲᠡᠰ ᠤ᠋ᠨ ᠳᠠᠷᠤᠭ᠎ᠠ ᠶᠢᠨ ᠵᠢᠶᠠᠨ ᠵᠦᠩ᠂ ᠳᠡᠭᠡᠳᠦ ᠰᠤᠷᠭᠠᠭᠤᠯᠢ ᠶ᠋ᠢᠨ ᠰᠤᠷᠭᠠᠨ ᠬᠥᠮᠦᠵᠢᠯ ᠤ᠋ᠨ ᠠᠵᠢᠯᠲᠠᠨ ᠪᠣᠯᠤᠭᠰᠠᠨ ᠤ᠋ ᠬᠤᠪᠢᠳᠤ᠂ ᠤᠷᠲᠤ᠌ ᠵᠠᠮ ᠤ᠋ᠨ ᠠᠶᠠᠨ ᠳᠠᠢᠨ ᠤ᠋ ᠦᠯᠢᠭᠡᠷᠢ ᠵᠠᠪᠠᠯ ᠰᠠᠶ᠋ᠢᠨ ᠶᠠᠷᠢᠨ᠎ᠠ; 《ᠳᠦᠷᠪᠡ ᠳ᠋ᠦ ᠲᠦᠰᠢᠭᠯᠡᠬᠦ᠌》᠂《ᠲᠠᠪᠤᠨ ᠡᠷᠬᠡᠪᠰᠢ》 ᠶ᠋ᠢᠨ ᠭᠦᠨᠵᠡᠭᠡᠢ ᠠᠭᠤᠯᠤᠭᠳᠠᠬᠤᠨᠢ ᠲᠣᠳᠣᠷᠬᠠᠢ ᠶᠠᠷᠢᠨ᠎ᠠ; ᠤᠷᠲᠤ᠌ ᠵᠠᠮ ᠤ᠋ᠨ ᠠᠶᠠᠨ ᠳᠠᠢᠨ ᠤ᠋ ᠦᠯᠢᠭᠡᠷᠲᠡᠬᠢ ᠪᠣᠳᠠᠲᠤ᠌ ᠶᠠᠪᠤᠳᠠᠯᠢ ᠰᠠᠶ᠋ᠢᠲᠤᠷ ᠶᠠᠷᠢᠬᠤ᠂ ᠳᠦᠷᠢ᠂ ᠰᠡᠳᠬᠢᠯᠭᠡ᠂ ᠶᠣᠰᠣ ᠤᠴᠢᠷ ᠢ᠋ ᠰᠠᠢᠳᠤᠷ ᠶᠠᠷᠢᠨ᠎ᠠ; ᠤᠷᠲᠤ᠌ ᠵᠠᠮ ᠤ᠋ᠨ ᠠᠶᠠᠨ ᠳᠠᠢᠨ ᠤ᠋ ᠵᠣᠷᠢᠭ ᠰᠠᠨᠠᠭ᠎ᠠᠶᠢ ᠴᠠᠭ ᠣᠷᠣᠨ ᠵᠠᠶᠶᠢ ᠠᠯᠤᠰᠯᠠᠭᠤᠯᠤᠨ᠂ ᠦᠨᠳᠦᠰᠦᠲᠡᠨ ᠤ᠋ ᠬᠦᠴᠦᠨᠴᠢᠳᠠᠯ ᠢ᠋ ᠨᠢᠭᠲᠠᠷᠠᠭᠤᠯᠬᠤ᠂ ᠬᠤᠪᠢᠰᠬᠠᠯ ᠤ᠋ᠨ ᠰᠦᠭ ᠰᠦᠨᠡᠰᠦ ᠵᠢ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠤᠯᠭᠠᠨ᠎ᠠ ᠭᠡᠵᠦ ᠢᠯᠡᠳᠭᠡᠪᠡ᠃
ᠴᠠᠭ ᠦᠶ᠎ᠡ ᠶ᠋ᠢᠨ ᠬᠦᠨᠳᠦ ᠡᠭᠦᠷᠭᠡᠶᠢ ᠵᠣᠷᠢᠭᠲᠠᠢ ᠡᠭᠦᠷᠭᠡᠯᠡᠵᠦ᠍᠂ ᠴᠣ ᠰᠢᠨ᠎ᠡ ᠬᠠᠭᠤᠳᠠᠰᠤᠶᠢ ᠦᠷᠭᠦᠯᠵᠢᠯᠡᠨ ᠪᠢᠴᠢᠭᠯᠡᠨ᠎ᠡ
ᠨᠢᠭᠡ ᠦᠶ᠎ᠡ ᠶ᠋ᠢᠨ ᠬᠥᠮᠦᠨ ᠳ᠋ᠦ ᠨᠢᠭᠡ ᠦᠶ᠎ᠡ ᠶ᠋ᠢᠨ ᠬᠥᠮᠦᠨ ᠤ᠋ ᠤᠷᠳᠤ ᠵᠠᠮ ᠤ᠋ᠨ ᠠᠶᠠᠨ ᠲᠠᠢ᠌ᠨ ᠪᠤᠢ᠂ ᠨᠢᠭᠡ ᠦᠶ᠎ᠡ ᠶ᠋ᠢᠨ ᠬᠥᠮᠦᠨ ᠳ᠋ᠦ ᠨᠢᠭᠡ ᠦᠶ᠎ᠡ ᠶ᠋ᠢᠨ ᠬᠥᠮᠦᠨ ᠤ᠋ ᠡᠭᠦᠷᠭᠡᠯᠡᠯ ᠪᠤᠢ᠃ ᠰᠢᠨ᠎ᠡ ᠠᠶᠠᠨ ᠪᠣᠯ ᠢᠷᠠᠭᠤ ᠠᠯᠳᠠᠷ ᠪᠤᠯᠤᠨ ᠬᠦᠰᠡᠯ ᠵᠡᠭᠦᠳᠦᠪᠡᠷ ᠪᠢᠯᠬᠠᠭᠰᠠᠨ ᠤᠷᠳᠤ ᠵᠠᠮ ᠤ᠋ᠨ ᠠᠶᠠᠨ ᠮᠦᠨ᠂ ᠠᠭᠤᠤ ᠶᠡᠬᠡ ᠤᠷᠳᠤ ᠵᠠᠮ ᠤ᠋ᠨ ᠠᠶᠠᠨ ᠳᠠᠢ᠌ᠨ ᠤ᠋ ᠵᠣᠷᠢᠭ ᠰᠠᠨᠠᠭ᠎ᠠᠶᠢ ᠪᠠᠳᠠᠷᠠᠭᠤᠯᠬᠤᠳᠤ ᠪᠤᠳᠠᠳᠤ ᠠᠵᠢᠯᠯᠠᠭ᠎ᠠ ᠡᠷᠬᠢᠮ ᠶᠤᠮ᠃
ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠪᠡᠰᠦᠨ ᠤ᠋ ᠦᠢᠯᠡᠰ ᠤ᠋ᠨ ᠳᠡᠭᠡᠳᠦ ᠰᠤᠷᠭᠠᠭᠤᠯᠢ ᠶ᠋ᠢᠨ ᠫᠷᠤᠹᠸᠰᠰᠤᠷ ᠸᠠᠩ ᡁᠢ ᠵᠢᠶᠦ᠋ᠨ ᠄ 《ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠨᠢ ᠨᠠᠳᠠ ᠵᠢ ᠶᠡᠬᠡᠳᠡ ᠵᠤᠷᠢᠭᠵᠢᠭᠤᠯᠪᠠ᠃ ᠬᠣᠶ᠋ᠢᠰᠢᠳᠠ ᠪᠢ ᠡᠪᠡᠰᠦᠨ ᠤ᠋ ᠦᠢᠯᠡᠰ ᠤ᠋ᠨ ᠰᠢᠨᠵᠢᠯᠡᠬᠦ᠌ ᠤᠬᠠᠭᠠᠨ ᠤ᠋ ᠰᠤᠳᠤᠯᠭᠠᠨ᠂ ᠨᠤᠲᠤᠭ ᠪᠡᠯᠴᠢᠭᠡᠷ ᠤ᠋ᠨ ᠬᠠᠮᠠᠭᠠᠯᠠᠯᠲᠠ᠂ ᠲᠡᠵᠢᠭᠡᠯ ᠡᠪᠡᠰᠦᠨ ᠤ᠋ ᠡᠬᠢ ᠪᠠᠶᠠᠯᠢᠭᠢ ᠨᠡᠭᠡᠭᠡᠨ ᠬᠥᠭᠵᠢᠭᠦᠯᠬᠦ᠌ ᠪᠠ ᠮᠠᠯᠴᠢᠨ ᠲᠠᠷᠢᠶᠠᠴᠢᠨ ᠤ᠋ ᠣᠷᠣᠯᠭᠠᠶᠢ ᠨᠡᠮᠡᠭᠳᠡᠭᠦᠯᠬᠦ᠌ ᠳ᠋ᠦ ᠬᠦᠴᠦᠪᠡᠨ ᠲᠥᠪᠯᠡᠷᠡᠭᠦᠯᠵᠦ᠍᠂ ᠴᠥᠬᠥᠷᠡᠰᠢ ᠦᠭᠡᠢ ᠴᠢᠷᠮᠠᠶ᠋ᠢᠬᠤ ᠬᠠᠳᠠᠨ ᠵᠣᠷᠢᠭᠢᠶᠠᠷ ᠡᠪᠡᠰᠦᠨ ᠤ᠋ ᠦᠢᠯᠡᠰ ᠤ᠋ᠨ ᠬᠦᠮᠦᠰᠤᠨ ᠰᠢᠨ᠎ᠡ ᠤᠷᠳᠤ ᠵᠠᠮ ᠤ᠋ᠨ ᠠᠶᠠᠨ ᠲᠠᠢ᠌ᠨᠢ ᠰᠠᠶ᠋ᠢᠲᠤᠷ ᠬᠢᠵᠦ᠍᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢᠶᠢ ᠪᠠᠲᠤ᠌ ᠴᠣᠭᠴᠠᠯᠠᠬᠤ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨᠢ ᠪᠦᠳᠦᠭᠡᠨ ᠪᠠᠶ᠋ᠢᠭᠤᠯᠬᠤᠳᠤ ᠬᠦᠴᠦᠨ ᠴᠢᠳᠠᠯᠢᠶᠠᠨ ᠡᠷᠭᠦᠨ᠎ᠡ》 ᠭᠡᠵᠦ ᠢᠯᠡᠳᠭᠡᠪᠡ᠃
ᠳᠤᠮᠳᠠᠳᠤ ᠤᠯᠤᠰ ᠤ᠋ᠨ ᠡᠪ ᠬᠠᠮᠲᠤ᠌ ᠨᠠᠮ ᠤ᠋ᠨ ᠲᠦᠩᠯᠢᠶᠣᠤ ᠬᠣᠲᠠ ᠶ᠋ᠢᠨ ᠬᠣᠷᠢᠶᠠᠨ ᠤ᠋ ᠨᠠᠮ ᠤ᠋ᠨ ᠰᠤᠷᠭᠠᠭᠤᠯᠢ ᠶ᠋ᠢᠨ ᠯᠧᠺᠲ᠋ᠣᠷ ᠯᠢ ᠢ ᠬᠡᠯᠡᠬᠦ᠌ᠳᠡᠭᠡᠨ᠂ ᠦᠨᠳᠦᠰᠦᠨ ᠱᠠᠲᠤᠨ ᠤ᠋ ᠨᠠᠮ ᠤ᠋ᠨ ᠰᠤᠷᠭᠠᠭᠤᠯᠢ ᠶ᠋ᠢᠨ ᠪᠠᠭᠰᠢ ᠪᠣᠯᠤᠭᠰᠠᠨ ᠤ᠋ ᠬᠤᠪᠢᠳᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠᠶᠢ ᠰᠤᠷᠤᠯᠴᠠᠨ ᠲᠤᠭᠤᠰᠢᠯᠠᠭᠤᠯᠬᠤᠶᠢ ᠵᠢᠭᠠᠨ ᠰᠤᠷᠭᠠᠯᠲᠠ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠭᠤᠤ ᠶᠡᠬᠡ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭ᠎ᠠᠶᠢ ᠺᠠᠳ᠋ᠷ ᠤ᠋ᠨ ᠬᠥᠮᠦᠵᠢᠯ ᠪᠣᠯᠪᠠᠰᠤᠷᠠᠯ ᠤ᠋ᠨ ᠪᠦᠬᠦ᠌ ᠶᠠᠪᠤᠴᠠᠳᠤ ᠠᠭᠤᠰᠤᠯᠴᠠᠭᠤᠯᠵᠤ᠂ ᠤᠷᠳᠤ ᠵᠠᠮ ᠤ᠋ᠨ ᠠᠶᠠᠨ ᠲᠠᠢ᠌ᠨ ᠤ᠋ ᠢᠯᠠᠯᠲᠠ ᠶ᠋ᠢᠨ ᠠᠷᠤᠳᠠᠬᠢ ᠶᠣᠰᠣ ᠵᠦᠢ ᠭᠦᠨ ᠤᠬᠠᠭᠠᠨᠢ ᠭᠦᠨᠵᠡᠭᠡᠢ ᠨᠡᠪᠲᠡᠷᠬᠡᠢ ᠲᠠᠢᠯᠪᠤᠷᠢᠯᠠᠵᠤ᠂ ᠥᠷᠭᠡᠨ ᠤᠯᠠᠨ ᠨᠠᠮ ᠤ᠋ᠨ ᠭᠡᠰᠢᠭᠦᠨ ᠺᠠᠳ᠋ᠷᠢ ᠬᠦᠳᠦᠯᠥᠨ ᠳᠠᠭᠠᠭᠤᠯᠵᠤ ᠪᠠᠶ᠋ᠢᠭᠠᠳ ᠠᠭᠤᠤ ᠶᠡᠬᠡ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭᠠᠠᠴᠠ ᠡᠷᠡᠮᠡᠬᠡᠶ᠋ᠢᠯᠡᠨ ᠤᠷᠤᠭᠰᠢᠯᠠᠬᠤ ᠬᠦᠴᠦᠨ ᠴᠢᠳᠠᠯ ᠣᠯᠵᠤ᠂ ᠰᠢᠨ᠎ᠡ ᠤᠷᠳᠤ ᠵᠠᠮ ᠤ᠋ᠨ ᠠᠶᠠᠨ ᠲᠠᠢ᠌ᠨ ᠳ᠋ᠦ ᠦᠨᠡᠨᠴᠢ ᠰᠢᠳᠤᠷᠭᠤᠪᠠᠷ ᠲᠤᠰᠢᠶᠠᠯ ᠬᠠᠷᠢᠭᠤᠴᠠᠯᠭ᠎ᠠᠪᠠᠨ ᠭᠦᠢᠴᠡᠳᠬᠡᠵᠦ᠍᠂ ᠵᠢᠳᠬᠦᠯ ᠴᠢᠷᠮᠠᠶ᠋ᠢᠯᠭᠠ ᠭᠠᠷᠭᠠᠨ᠎ᠠ ᠬᠡᠪᠡ᠃
《ᠶᠡᠬᠡ ᠳᠡᠭᠡᠳᠦ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠡᠯ ᠤ᠋ᠨ ᠪᠠᠭᠰᠢ ᠪᠣᠯᠤᠭᠰᠠᠨ ᠤ᠋ ᠬᠤᠪᠢᠳᠤ᠂ ᠪᠢ ᠦᠪᠡᠷᠢ ᠪᠠᠨ ᠬᠤᠪᠢᠰᠬᠠᠯ ᠤ᠋ᠨ ᠤᠳᠤᠮᠰᠢᠯᠢ ᠤᠯᠠᠮᠵᠢᠯᠠᠨ ᠵᠠᠯᠭᠠᠮᠵᠢᠯᠠᠬᠤ ᠳᠤᠮᠳᠠ ᠴᠢᠬᠤᠯᠠ ᠬᠠᠷᠢᠭᠤᠴᠠᠯᠭ᠎ᠠ ᠡᠭᠦᠷᠭᠡᠯᠡᠵᠦ᠍ ᠪᠠᠶ᠋ᠢᠨ᠎ᠠ ᠬᠡᠵᠤ ᠪᠤᠳᠤᠳᠠᠭ ᠡ᠃ ᠠᠭᠤᠤ ᠶᠡᠬᠡ ᠣᠷᠳᠣ ᠵᠠᠮ ᠤ᠋ᠨ ᠠᠶᠠᠨ ᠲᠡᠶ᠋ᠢᠨ ᠤ᠋ ᠵᠣᠷᠢᠭ ᠰᠠᠨᠠᠭ᠎ᠠᠶᠢ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠪᠠ ᠦᠢᠯᠡᠳᠦᠯᠭᠡ ᠶ᠋ᠢᠨ ᠵᠢᠭᠠᠨ ᠰᠤᠷᠭᠠᠯᠲᠠᠳᠤ ᠭᠦᠨᠵᠡᠭᠡᠶ ᠠᠭᠤᠰᠤᠯᠴᠠᠭᠤᠯᠵᠤ᠂ ᠣᠷᠳᠣ ᠵᠠᠮ ᠤ᠋ᠨ ᠠᠶᠠᠨ ᠲᠡᠶ᠋ᠢᠨ ᠤ᠋ ᠠᠭᠤᠤ ᠶᠡᠬᠡ ᠠᠴᠢ ᠬᠣᠯᠪᠣᠭᠳᠠᠯ ᠵᠢᠴᠢ ᠲᠡᠭᠦᠨ ᠤ᠋ ᠳᠤᠮᠳᠠᠳᠤ ᠶ᠋ᠢᠨ ᠦᠨᠳᠦᠰᠦᠲᠡᠨ ᠤ᠋ ᠲᠡᠦᠬᠡ ᠶ᠋ᠢᠨ ᠠᠬᠢᠴᠠᠳᠤ ᠦᠵᠡᠭᠦᠯᠦᠭᠰᠡᠨ ᠠᠯᠤᠰ ᠬᠡᠲᠦ ᠶ᠋ᠢᠨ ᠨᠥᠯᠥᠭᠡᠶᠢ ᠭᠦᠨᠵᠡᠭᠡᠶ ᠣᠶ᠋ᠢᠯᠠᠭᠠᠵᠤ᠂ ᠰᠢᠨ᠎ᠡ ᠴᠠᠭ ᠦᠶ᠎ᠡ ᠶ᠋ᠢᠨ ᠣᠷᠳᠣ ᠵᠠᠮ ᠤ᠋ᠨ ᠠᠶᠠᠨ ᠲᠡᠶ᠋ᠢᠨ ᠤ᠋ ᠵᠠᠮᠢᠶᠠᠷ ᠰᠠᠶ᠋ᠢᠲᠤᠷ ᠵᠠᠮᠨᠠᠨ᠎ᠠ》 ᠭᠡᠵᠦ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠠᠷᠺᠰ ᠤ᠋ᠨ ᠦᠵᠡᠯ ᠤ᠋ᠨ ᠳᠡᠭᠡᠳᠦ ᠰᠤᠷᠭᠠᠭᠤᠯᠢ ᠶ᠋ᠢᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠲᠣᠶ᠋ᠢᠮᠣᠴᠢᠯᠠᠯ ᠤ᠋ᠨ ᠵᠢᠭᠠᠨ ᠰᠤᠳᠤᠯᠬᠤ ᠲᠠᠰᠤᠭ ᠤ᠋ᠨ ᠡᠷᠬᠢᠯᠡᠭᠴᠢ ᠰᠢᠤᠢ ᠰᠢᠩ ᠵᠢᠶᠧ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃