> ᠲᠤᠰᠬᠠᠢ ᠮᠡᠳᠡᠭᠡᠯᠡᠯ

2026-10-30 11:57:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠦᠭᠦᠳᠡ ᠬᠤᠷᠠᠯ᠎ᠢ ᠨᠠᠮ᠎ᠤᠨ ᠲᠥᠪ ᠬᠣᠷᠢᠶᠠᠨ ᠎ᠤ ᠤᠯᠤᠰ ᠲᠥᠷᠥ᠎ᠵᠢᠨ ᠲᠣᠪᠴᠢᠶ᠎ᠠ᠎ᠡᠷᠬᠢᠯᠡᠪᠡ     ᠨᠠᠮ ᠎ᠤᠨ  ᠲᠥᠪ ᠬᠣᠷᠢᠶᠠᠨ ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ


ᠪᠦᠭᠦᠳᠡ ᠬᠤᠷᠠᠯ᠎ᠡᠴᠠ ᠰᠢ ᠵᠢᠨ ᠫᠢᠩ ᠎ᠤᠨ ᠨᠠᠮ ᠎ᠤᠨ  ᠲᠥᠪ ᠬᠣᠷᠢᠶᠠᠨ᠎ᠤ ᠤᠯᠤᠰ ᠲᠥᠷᠥ᠎ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ ᠎ᠤᠨ ᠢᠯᠡᠳᠭᠡᠯ ᠎ᠢ ᠰᠣᠨᠣᠰᠣᠨ ᠶᠠᠷᠢᠯᠴᠠᠵᠠᠢ ᠂ 《ᠨᠠᠮ ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ ᠎ᠤᠨ ᠲᠥᠪ ᠬᠣᠷᠢᠶᠠᠨ᠎ᠤ ᠲᠣᠭᠲᠠᠭᠠᠯ》 ᠎ᠢ᠋  ᠬᠢᠨᠠᠨ ᠶᠠᠷᠢᠯᠴᠠᠵᠤ ᠪᠠᠲᠤᠯᠠᠪᠠ᠃  ᠰᠢ ᠵᠢᠨ ᠫᠢᠩ 《ᠲᠣᠭᠲᠠᠭᠠᠯ (ᠶᠠᠷᠢᠯᠴᠠᠬᠤ ᠨᠣᠣᠷᠠᠭ)》 ᠎ᠤ᠋ᠨ  ᠲᠤᠬᠠᠢ ᠪᠦᠭᠦᠳᠡ ᠬᠤᠷᠠᠯ᠎ᠳᠦ ᠲᠣᠳᠣᠷᠬᠠᠶ᠋ᠢᠯᠠᠯᠲᠠ ᠬᠢᠪᠡ

ᠪᠦᠭᠦᠳᠡ ᠬᠤᠷᠠᠯ ᠡᠴᠠ ᠨᠠᠮ ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶᠠᠨ᠎ᠤ ᠳᠦᠷᠪᠡᠳᠦᠬᠡᠷ ᠪᠦᠭᠦᠳᠡ ᠬᠤᠷᠠᠯ ᠎ᠡᠴᠠ ᠨᠠᠭᠠᠰᠢᠬᠢ ᠨᠠᠮ ᠎ᠤᠨ ᠲᠥᠪ ᠬᠣᠷᠢᠶᠠᠨ ᠎ᠤ ᠤᠯᠤᠰ ᠲᠥᠷᠥ᠎ᠵᠢᠨ ᠲᠣᠪᠴᠢᠶᠠᠨ᠎ᠤ ᠠᠵᠢᠯ᠎ᠢ ᠭᠦᠢᠴᠡᠳ ᠨᠤᠲᠠᠯᠠᠪᠠ᠃   ᠳᠤᠮᠳᠠᠳᠤ ᠤᠯᠤᠰ ᠎ᠤᠨ ᠡᠪ ᠬᠠᠮᠲᠤ᠌ ᠨᠠᠮ᠎ᠤᠨ ᠬᠤᠷᠢᠨ ᠨᠢᠬᠡᠳᠦᠬᠡᠷ ᠤᠳᠠᠭ᠎ᠠ ᠵᠢᠨ ᠪᠦᠬᠦ᠌ ᠤᠯᠤᠰ ᠎ᠤᠨ ᠲᠥᠯᠥᠭᠡᠯᠡᠭᠴᠢᠳ ᠎ᠤᠨ ᠶᠡᠬᠡ ᠬᠤᠷᠠᠯ᠎ᠢ 2027 ᠣᠨ᠎ᠤ ᠳᠣᠤᠷ᠎ᠠ ᠬᠠᠭᠠᠰ ᠵᠢᠯ ᠪᠡᠭᠡᠵᠢᠩ ᠳ᠋ᠤ ᠬᠤᠷᠠᠯᠳᠤᠭᠤᠯᠬᠤ ᠪᠡᠷ ᠲᠣᠭᠲᠠᠭᠠᠪᠠ

ᠪᠦᠭᠦᠳᠡ ᠬᠤᠷᠠᠯ᠎ᠡᠴᠡ ᠵᠠᠩ ᠱᠸᠩ ᠮᠢᠨ ᠎ᠢ ᠨᠠᠮ ᠎ᠤᠨ ᠳᠦᠪ ᠬᠤᠷᠢᠶᠠᠨ᠎ᠦ ᠤᠯᠤᠰ ᠳᠦᠷᠦ᠎ᠵᠢᠨ ᠳᠤᠪᠴᠢᠶᠠᠨ ᠎ᠦ   ᠭᠡᠰᠢᠬᠦᠨ ᠵᠢᠠᠷ ᠨᠡᠮᠡᠨ ᠰᠤᠩᠭᠤᠪᠠ


ᠪᠦᠬᠦᠳᠡ ᠬᠤᠷᠠᠯ ᠡᠴᠡ ᠤᠷᠢᠶᠠᠯᠠᠭᠰᠠᠨ ᠨᠢ᠂ ᠪᠦᠬᠦ᠌ ᠨᠠᠮ ᠵᠢᠠᠷ ᠵᠢᠠᠨ ᠰᠢ ᠵᠢᠨ ᠫᠢᠩ ᠨᠥᠬᠥᠷ ᠵᠢᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠶᠤᠨ ᠴᠢᠳᠠᠯ ᠵᠢᠠᠨ ᠰᠢᠪᠬᠠᠨ ᠤᠯᠤᠰ ᠤᠷᠤᠨ ᠵᠢᠠᠨ ᠵᠠᠰᠠᠵᠤ᠂ ᠬᠦᠴᠦᠷᠬᠡᠭᠵᠢᠬᠦ᠌᠎ᠪᠡᠷ ᠬᠦᠴᠦᠯᠡᠨ ᠴᠢᠷᠮᠠᠶ᠋ᠢᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠵᠤ᠂ ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ ᠪᠡᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠬᠤ᠎ᠵᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ᠃


 ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠠᠪᠤᠳᠤᠭᠠᠷ ᠪᠦᠭᠦᠳᠡ ᠬᠤᠷᠠᠯ᠎ᠤᠨ ᠠᠯᠪᠠᠨ ᠮᠡᠳᠡᠭᠡ

(2026 ᠣᠨ᠎ᠤ 10 ᠰᠠᠷ᠎ᠠ᠎ᠵᠢᠨ 29 ᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠠᠪᠤᠳᠤᠭᠠᠷ ᠪᠦᠭᠦᠳᠡ ᠬᠤᠷᠠᠯ᠎ᠡᠴᠠ ᠪᠠᠲᠤᠯᠠᠪᠠ) 

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠠᠪᠤᠳᠤᠭᠠᠷ ᠪᠦᠭᠦᠳᠡ ᠬᠤᠷᠠᠯ 2026 ᠣᠨ᠎ᠤ 10 ᠰᠠᠷ᠎ᠠ᠎ᠵᠢᠨ 26 ᠎ᠤ᠋ ᠡᠳᠦᠷ᠎ᠡᠴᠡ 29 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃

ᠡᠨᠡ ᠤᠳᠠᠭᠠᠨ᠎ᠤ ᠪᠦᠭᠦᠳᠡ ᠬᠤᠷᠠᠯ᠎ᠳᠦ ᠲᠥᠪ ᠬᠣᠷᠢᠶᠠᠨ᠎ᠤ ᠭᠡᠰᠢᠭᠦᠨ 162 ᠬᠥᠮᠦᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ 117  ᠬᠥᠮᠦᠨ ᠣᠷᠣᠯᠴᠠᠪᠠ᠃ ᠲᠥᠪ ᠬᠣᠷᠢᠶᠠᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶᠠᠨ᠎ᠤ ᠭᠡᠰᠢᠭᠦᠳ ᠪᠣᠯᠣᠨ ᠬᠣᠯᠪᠣᠭᠳᠠᠯ ᠪᠦᠬᠦᠢ ᠲᠠᠯ᠎ᠠ᠎ᠵᠢᠨ ᠬᠠᠷᠢᠭᠤᠴᠠᠯᠭᠠᠲᠠᠨ ᠨᠦᠬᠦᠳ ᠬᠤᠷᠠᠯ᠎ᠳᠦ ᠰᠤᠯᠠ ᠣᠷᠣᠯᠴᠠᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠦᠯᠦᠬᠡᠯᠡᠭᠴᠢᠳ᠎ᠤᠨ ᠳᠤᠳᠤᠷᠠᠬᠢ ᠬᠡᠰᠡᠭ ᠦᠨᠳᠦᠰᠦᠨ ᠱᠠᠳᠤᠨ᠎ᠤ ᠨᠦᠬᠦᠳ ᠪᠠ ᠳᠤᠰᠬᠠᠢ ᠮᠡᠷᠬᠡᠵᠢᠯᠳᠠᠳ ᠡᠷᠳᠡᠮᠳᠠᠳ ᠴᠤ᠌ ᠬᠤᠷᠠᠯ᠎ᠳᠦ ᠰᠤᠯᠠ ᠣᠷᠣᠯᠴᠠᠪᠠ᠃

ᠪᠦᠭᠦᠳᠡ ᠬᠤᠷᠠᠯ᠎ᠢ ᠲᠥᠪ ᠬᠣᠷᠢᠶᠠᠨ᠎ᠤ ᠤᠯᠤᠰ ᠲᠥᠷᠥ᠎ᠵᠢᠨ ᠲᠣᠪᠴᠢᠶ᠎ᠠ᠎ᠡᠴᠠ ᠡᠷᠬᠢᠯᠡᠪᠡ᠃ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃

ᠪᠦᠭᠦᠳᠡ ᠬᠤᠷᠠᠯ᠎ᠡᠴᠠ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ᠎ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠭᠡᠯ᠎ᠢ ᠰᠣᠨᠣᠰᠣᠨ ᠶᠠᠷᠢᠯᠴᠠᠵᠤ ᠂ 《ᠨᠠᠮ ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ ᠎ᠤᠨ ᠲᠥᠪ ᠬᠣᠷᠢᠶᠠᠨ᠎ᠤ ᠲᠣᠭᠲᠠᠭᠠᠯ》᠎ᠢ᠋ ᠬᠢᠨᠠᠨ ᠶᠠᠷᠢᠯᠴᠠᠵᠤ ᠪᠠᠲᠤᠯᠠᠪᠠ᠃ ᠰᠢ ᠵᠢᠨ ᠫᠢᠩ 《ᠲᠣᠭᠲᠠᠭᠠᠯ (ᠶᠠᠷᠢᠯᠴᠠᠬᠤ ᠨᠣᠣᠷᠠᠭ)》᠎ᠤ᠋ᠨ  ᠲᠤᠬᠠᠢ ᠪᠦᠭᠦᠳᠡ ᠬᠤᠷᠠᠯ᠎ᠳᠦ ᠲᠣᠳᠣᠷᠬᠠᠶ᠋ᠢᠯᠠᠯᠲᠠ ᠬᠢᠪᠡ᠃



ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ ᠎ᠤ ᠲᠠᠪᠤᠳᠤᠭᠠᠷ ᠪᠦᠭᠦᠳᠡ ᠬᠤᠷᠠᠯ 2026 ᠤᠨ᠎ᠤ 10 ᠰᠠᠷ᠎ᠠ ᠵᠢᠨ 26᠎ᠤ᠋ ᠡᠳᠦᠷ ᠡᠴᠡ 29 ᠎ᠤ᠋  ᠡᠳᠦᠷ ᠪᠤᠯᠲᠠᠯ᠎ᠠ ᠪᠡᠭᠡᠵᠢᠩ᠎ᠳᠦ ᠬᠤᠷᠠᠯᠳᠤᠵᠠᠢ ᠃ ᠨᠠᠮ᠎ᠤᠨ ᠲᠦᠪ ᠬᠤᠷᠢᠶᠠᠨ ᠎ᠤ ᠶᠡᠷᠦᠨᠭᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃

ᠰᠢᠨᠬᠤᠸᠠ ᠬᠤᠷᠢᠶᠠᠨ᠎ᠤ ᠰᠤᠷᠪᠤᠯᠵᠢᠯᠠᠭᠴᠢ  ᠰᠢᠶᠸ ᠬᠤᠸᠠᠨ ᠤ᠋ᠤᠢ  ᠰᠡᠭᠦᠳᠡᠷᠯᠡᠪᠡ


ᠪᠦᠭᠦᠳᠡ ᠬᠤᠷᠠᠯ᠎ᠡᠴᠠ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠦᠷᠪᠡᠳᠦᠬᠡᠷ ᠪᠦᠭᠦᠳᠡ ᠬᠤᠷᠠᠯ᠎ᠡᠴᠠ ᠨᠠᠭᠠᠰᠢᠬᠢ ᠲᠥᠪ ᠬᠣᠷᠢᠶᠠᠨ᠎ᠤ ᠤᠯᠤᠰ ᠲᠥᠷᠥ᠎ᠵᠢᠨ ᠲᠣᠪᠴᠢᠶᠠᠨ᠎ᠤ ᠠᠵᠢᠯ᠎ᠢ ᠭᠦᠢᠴᠡᠳ ᠨᠤᠲᠠᠯᠠᠪᠠ᠃ ᠲᠥᠪ ᠬᠣᠷᠢᠶᠠᠨ᠎ᠤ ᠤᠯᠤᠰ ᠲᠥᠷᠥ᠎ᠵᠢᠨ ᠲᠣᠪᠴᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠤᠳᠠᠭ᠎ᠠ ᠪᠦᠷᠢ᠎ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠵᠢ ᠬᠢᠨᠠᠮᠠᠭᠠᠢ ᠨᠠᠶ᠋ᠢᠳᠠᠪᠤᠷᠢᠵᠢᠭᠤᠯᠤᠨ᠂ ᠲᠣᠭᠲᠠᠭᠤᠨ ᠪᠠᠶ᠋ᠢᠯᠭᠠᠬᠤ᠎ᠵᠢᠨ ᠵᠡᠷᠭᠡ᠎ᠳᠦ ᠤᠷᠤᠭᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠵᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ᠂ 《ᠲᠠᠪᠤ᠎ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠯᠠᠭᠤᠯᠤᠯᠲᠠ᠎ᠵᠢ ᠨᠢᠭᠡᠳᠦᠯᠲᠡᠢ ᠲᠦᠯᠦᠪᠯᠡᠨ ᠠᠬᠢᠭᠤᠯᠵᠤ᠂ 《ᠳᠦᠷᠪᠡᠨ ᠪᠦᠬᠦ᠌ ᠲᠠᠯ᠎ᠠ 》᠎ᠵᠢᠨ ᠪᠠᠶ᠋ᠢᠯᠳᠤᠬᠤ ᠪᠤᠳᠤᠯᠭ᠎ᠠ᠎ᠵᠢᠨ ᠪᠠᠶ᠋ᠢᠷᠢᠯᠠᠭᠤᠯᠤᠯᠲᠠ᠎ᠵᠢ ᠵᠣᠬᠢᠴᠠᠨᠭ᠌ᠭᠤᠢ ᠪᠡᠷ ᠠᠬᠢᠭᠤᠯᠵᠦ᠍᠂ ᠤᠯᠤᠰ᠎ᠤᠨ ᠳᠤᠲᠤᠭᠠᠳᠤ ᠭᠠᠳᠠᠭᠠᠳᠤ᠎ᠵᠢᠨ ᠬᠤᠶᠠᠷ ᠶᠡᠬᠡ ᠲᠠᠯ᠎ᠠ᠎ᠵᠢ ᠨᠢᠭᠡᠳᠦᠯᠲᠡᠢ ᠲᠦᠯᠦᠪᠯᠡᠨ᠂ ᠬᠦᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠵᠦ᠍᠂ ᠠᠵᠤ ᠠᠬᠤᠢ᠎ᠵᠢᠨ ᠴᠢᠨᠠᠷ ᠰᠠᠢ᠌ᠲᠠᠢ ᠬᠥᠭᠵᠢᠯᠲᠡ᠎ᠵᠢ ᠯᠠᠪᠳᠠᠭᠤᠨ ᠪᠠᠲᠤᠲᠠᠶ ᠠᠬᠢᠭᠤᠯᠤᠨ᠂ ᠨᠡᠢ᠌ᠭᠡᠮ ᠵᠢᠷᠤᠮ᠎ᠤᠨ ᠠᠷᠠᠳᠴᠢᠯᠠᠯ᠎ᠪᠠ ᠬᠠᠤᠯᠢ᠎ᠪᠡᠷ ᠵᠠᠰᠠᠬᠤ ᠪᠠᠢ᠌ᠭᠤᠯᠤᠯᠳᠠ᠎ᠵᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠶ᠋ᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠮᠢ ᠠᠬᠤᠢ᠎ᠵᠢᠨ ᠪᠤᠯᠪᠠᠰᠤᠨ᠎ᠤ ᠪᠠᠢ᠌ᠭᠤᠯᠤᠯᠳᠠ᠎ᠵᠢ ᠰᠠᠶ᠋ᠢᠲᠤᠷ ᠠᠳᠬᠤᠵᠤ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ ᠎ᠦᠨ ᠲᠤᠭᠲᠠᠭᠤᠨ ᠪᠠᠶ᠋ᠢᠳᠠᠯ᠎ᠢ ᠬᠠᠮᠠᠭᠠᠯᠠᠨ᠂ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠤᠯᠦᠰ᠎ᠤᠨ ᠪᠡᠳᠦᠯᠡᠠ ᠬᠠᠮᠡᠭᠠᠯᠡᠯᠳᠠ ᠪᠡ ᠴᠡᠷᠢᠭ ᠠᠡᠭᠬᠢ᠎ᠵᠢᠠ ᠤᠳᠦᠬᠢᠴᠢᠯᠡᠬᠤ ᠪᠦᠳᠦᠭᠡᠠ ᠪᠡᠢ᠌ᠭᠤᠯᠦᠯᠳᠠ᠎ᠵᠢ ᠴᠢᠩᠭᠠᠳᠬᠠᠨ᠂ ᠰᠢᠶᠠᠩᠭᠠᠩ ᠤᠤᠮᠧᠨ᠎ᠤ ᠠᠵᠢᠯ ᠪᠠ ᠲᠠᠶ᠋ᠢᠸᠠᠨ᠎ᠤ ᠲᠤᠬᠠᠢ ᠠᠵᠢᠯ᠎ᠢ ᠰᠠᠶ᠋ᠢᠲᠤᠷ ᠬᠢᠵᠦ᠍᠂ ᠳᠤᠮᠳᠠᠲᠤ᠌ ᠤᠯᠤᠰ᠎ᠤᠨ ᠤᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠵᠢ ᠠᠬᠢᠭᠤᠯᠤᠭᠰᠠᠨ᠎ᠵᠢᠡᠷ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠲᠡᠬᠥᠰ ᠠᠮᠵᠢᠯᠲᠠ ᠲᠠᠢ ᠲᠠᠭᠤᠰᠴᠤ᠌᠂ ᠠᠷᠪᠠᠨ ᠳᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ ᠰᠠᠢ᠌ᠨ ᠡᠬᠢᠯᠡᠯᠲᠡ ᠲᠠᠢ ᠪᠤᠯᠵᠤ᠂ ᠨᠠᠮ ᠪᠠ ᠤᠯᠤᠰ᠎ᠤᠨ ᠠᠵᠢᠯ ᠦᠢᠯᠡᠰ ᠰᠢᠨ᠎ᠡ ᠠᠬᠢᠯᠲᠠ ᠳᠠᠢ ᠪᠤᠯᠵᠤ ᠰᠢᠨ᠎ᠡ ᠦᠷ᠎ᠡ ᠪᠦᠲᠦᠮᠵᠢ ᠤᠯᠪᠠ᠃ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠵᠥᠪ ᠦᠵᠡᠯᠲᠡ᠎ᠵᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠢ ᠦᠷᠨᠢᠬᠦᠯᠵᠦ᠍ ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠢ᠎ᠵᠢ ᠥᠪᠡᠳᠡᠭᠰᠢ ᠶᠡᠬᠡ᠎ᠪᠡᠷ ᠪᠡᠯᠬᠡᠯᠡᠭᠰᠡᠨ ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠵᠦ᠍ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠬᠡ ᠬᠦᠴᠦᠨ᠎ᠢ ᠤᠯᠠᠮ ᠨᠢᠭᠡ ᠠᠯᠬᠤᠮ ᠨᠢᠭᠲᠠᠷᠠᠭᠤᠯᠪᠠ ᠭᠡᠵᠦ᠍ ᠰᠠᠨᠠᠯ ᠨᠢᠭᠡᠲᠡᠢ ᠦᠵᠡᠪᠡ᠃

ᠪᠦᠬᠦᠳᠡ ᠬᠤᠷᠠᠯ ᠡᠴᠡ ᠨᠠᠮ᠎ᠤᠨ 100 ᠭᠠᠷᠤᠢ ᠵᠢᠯ᠎ᠤᠨ ᠳᠤᠷᠰᠢᠬᠢ ᠲᠡᠮᠡᠴᠡᠯ᠎ᠦᠨ ᠶᠠᠪᠤᠴᠠ᠎ᠵᠢ ᠡᠷᠬᠢᠴᠡᠬᠦᠯᠦᠬᠡᠳ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠢᠯᠠᠯᠲᠠ᠎ᠡᠴᠠ ᠢᠯᠠᠯᠲᠠ ᠵᠦᠭ ᠤᠷᠤᠭᠰᠢᠯᠠᠵᠤ ᠴᠢᠳᠠᠭᠰᠠᠨ ᠨᠢ ᠬᠡᠬᠦᠳᠡᠭ ᠴᠡᠭᠡᠵᠢᠨ ᠳ᠋ᠡᠬᠡᠨ ᠡᠪ ᠬᠠᠮᠲᠤ᠌ ᠶᠤᠰᠤᠨ᠎ᠤ ᠠᠯᠤᠰ ᠬᠡᠲᠦ᠎ᠵᠢᠨ ᠬᠦᠰᠡᠯᠡᠩ᠎ᠢ ᠡᠪᠦᠷᠯᠡᠨ᠂ ᠳᠤᠮᠳᠠᠳᠤ᠎ᠵᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠪᠦᠲᠦᠭᠡᠬᠦ᠌ ᠪᠠᠷ ᠵᠣᠷᠢᠭ ᠰᠢᠭᠤᠳᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠪᠠ ᠳᠤᠮᠳᠠᠳᠤ᠎ᠵᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌᠎ᠵᠢ ᠪᠠᠷᠢᠮᠲᠠᠯᠠᠨ᠂ ᠡᠯ᠎ᠡ ᠲᠡᠤᠬᠡᠨ ᠴᠠᠭ ᠦᠶ᠎ᠡ᠎ᠳᠦ ᠴᠦᠮ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠵᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠷᠢᠭᠲᠠᠶ᠎ᠪᠠᠷ ᠦᠨᠡᠨ ᠶᠣᠰᠣ᠎ᠵᠢ ᠪᠠᠷᠢᠮᠲᠠᠯᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠲᠤᠰ ᠪᠡᠶ᠎ᠡ᠎ᠵᠢᠨ ᠬᠦᠴᠦᠨ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠵᠢᠨ ᠠᠰᠠᠭᠤᠳᠠᠯ ᠵᠢᠠᠨ ᠰᠢ᠌ᠳᠪᠦᠷᠢᠯᠡᠬᠦ᠌᠎ᠳᠤᠮᠳᠠ ᠲᠠᠰᠤᠷᠠᠯᠳᠠ ᠦᠭᠡᠢ ᠬᠦᠴᠦᠷᠬᠡᠭᠵᠢᠵᠦ᠍᠂ ᠨᠠᠮ ᠪᠠ ᠠᠷᠠᠳ ᠲᠦᠮᠡᠨ᠎ᠦ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠤᠦᠯᠯᠠᠭᠴᠢ ᠪᠣᠯᠤᠭᠰᠠᠨ ᠳ᠋ᠤ ᠤᠷᠤᠰᠢᠨ᠎ᠠ᠃ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ᠎ᠵᠢᠨ ᠳᠤᠮᠳᠠ ᠤᠷᠢᠳ ᠬᠣᠵᠢᠳ ᠨᠠᠮ᠎ᠤᠨ ᠪᠠᠶ᠋ᠢᠭᠤᠯᠤᠯᠲᠠ᠎ᠵᠢ ᠠᠭᠤᠤ ᠶᠡᠬᠡ ᠢᠨᠵᠧᠨᠧᠷᠢᠩ᠂ ᠰᠢᠨ᠎ᠡ ᠠᠭᠤᠤ ᠶᠡᠬᠡ ᠢᠨᠵᠧᠨᠧᠷᠢᠩ ᠪᠣᠯᠭᠠᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ᠌ᠷᠡᠬᠦᠯᠦᠨ ᠠᠬᠢᠭᠤᠯᠤᠭᠠᠳ ᠂ 《 ᠠᠷᠠᠳ ᠲᠦᠮᠡᠨ ᠵᠢᠠᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ》 ᠪᠠ《ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌》 ᠭᠡᠬᠦ᠌ ᠵᠠᠰᠠᠬᠤ ᠰᠠᠮᠠᠭᠤᠷᠠᠬᠤ ᠮᠠᠨᠳᠤᠬᠤ ᠲᠤᠷᠤᠢ᠌ᠳᠠᠬᠤ ᠲᠡᠦᠬᠡ ᠎ᠵᠢᠨ ᠦᠶᠡᠯᠡᠯ ᠎ᠦᠨ ᠲᠠᠪᠳᠠᠮᠵᠢ ᠡᠴᠡ ᠵᠠᠢ᠌ᠯᠠᠵᠤ ᠭᠠᠷᠬᠤ ᠬᠣᠶᠠᠷ ᠬᠠᠷᠢᠭᠤᠯᠲᠠ᠎ᠵᠢ ᠡᠷᠢᠵᠦ᠍ ᠤᠯᠪᠠ᠂ ᠡᠨᠡ ᠪᠤᠯ ᠳᠤᠮᠳᠠᠳᠤ ᠤᠯᠤᠰ ᠎ᠤᠨ ᠡᠪ ᠬᠠᠮᠲᠤ᠌ ᠨᠠᠮ᠎ᠤᠨ ᠥᠪᠡᠷᠮᠢᠴᠡ ᠡᠭᠦᠳᠦᠯᠲᠡ ᠮᠥᠨ᠂ ᠡᠨᠡ ᠨᠢ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠤᠨ ᠪᠠᠶ᠋ᠢᠭᠤᠯᠤᠯᠲᠠ᠎ᠵᠢᠨ ᠲᠡᠤᠬᠡᠨ ᠬᠠᠭᠤᠳᠠᠰᠤᠨ᠎ᠳᠦ ᠥᠨᠢᠳᠡ ᠲᠡᠮᠳᠡᠭᠯᠡᠭᠳᠡᠬᠦ᠌ ᠶᠤᠮ᠃




ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ 2026 ᠤᠨ᠎ᠤ 10 ᠰᠠᠷ᠎ᠠ ᠵᠢᠨ 26᠎ᠤ᠋ ᠡᠳᠦᠷ ᠡᠴᠡ 29᠎ᠤ᠋ ᠡᠳᠦᠷ ᠪᠤᠯᠲᠠᠯ᠎ᠠ ᠪᠡᠭᠡᠵᠢᠩ᠎ᠳᠦ ᠬᠤᠷᠠᠯᠳᠤᠵᠠᠢ ᠃ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠡ ᠬᠤᠷᠠᠯ᠎ᠢ ᠡᠷᠬᠢᠯᠡᠪᠡ᠃

ᠰᠢᠨᠬᠤᠸᠠ ᠬᠤᠷᠢᠶᠠᠨ᠎ᠤ ᠰᠤᠷᠪᠤᠯᠵᠢᠯᠠᠭᠴᠢ  ᠶᠤᠸᠠᠢ ᠶᠤᠸᠠᠢ ᠸᠸᠢ ᠰᠡᠭᠦᠳᠡᠷᠯᠡᠪᠡ


ᠪᠦᠬᠦᠳᠡ ᠬᠤᠷᠠᠯ ᠡᠴᠡ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠳᠦ ᠤᠯᠤᠬᠰᠠᠨ ᠠᠭᠤᠤ ᠶᠡᠬᠡ ᠠᠮᠵᠢᠯᠲᠠ ᠪᠦᠳᠦᠮᠵᠢ᠎ᠵᠢ ᠳᠡᠭᠡᠳᠦ ᠬᠡᠮᠵᠢᠶ᠎ᠡ ᠪᠡᠷ ᠦᠨᠡᠯᠡᠪᠡ᠃ ᠰᠢ᠎ᠵᠢᠨ ᠫᠢᠩ ᠨᠥᠬᠥᠷ ᠵᠢᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠯᠤᠲᠤ᠌ ᠶᠡᠬᠡ ᠤᠯᠤᠰ ᠲᠦᠷᠦ᠎ᠵᠢᠨ ᠰᠥᠰᠥ᠍ ᠵᠣᠷᠢᠭ ᠪᠣᠯᠤᠨ ᠡᠷᠡᠰ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠢᠠᠷ ᠨᠢᠭᠡ ᠦᠶ᠎ᠡ ᠢᠯᠡᠷᠡᠭᠰᠡᠨ ᠨᠠᠮ᠎ᠤᠨ ᠤᠳᠤᠷᠢᠳᠤᠯᠭ᠎ᠠ᠎ᠵᠢ ᠰᠤᠯᠠᠷᠠᠭᠤᠯᠤᠭᠰᠠᠨ ᠬᠡᠢ᠌ᠰᠪᠦᠷᠢᠵᠢᠭᠦᠯᠦᠭᠰᠡᠨ ᠶᠡᠷᠦᠮᠳᠡᠭᠵᠢᠬᠦᠯᠦᠭᠰᠡᠨ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ ᠪᠡᠷ ᠴᠢᠩᠭ᠎ᠠ ᠪᠤᠰᠤ ᠪᠣᠳᠠᠲᠠᠢ ᠪᠤᠰᠤ ᠲᠤᠷᠪᠢ ᠮᠠᠭᠤᠳᠠᠢ ᠪᠠᠢ᠌ᠭᠰᠠᠨ᠂ ᠨᠠᠮ᠎ᠤᠨ ᠳᠣᠲᠣᠭᠠᠳᠤ᠎ᠵᠢᠨ ᠵᠠᠷᠢᠮ ᠠᠰᠠᠭᠤᠳᠠᠯ ᠬᠥᠮᠦᠨ᠎ᠢ ᠰᠣᠴᠢᠭᠠᠮ᠎ᠠ ᠬᠡᠮᠵᠢᠶᠡᠨ ᠳ᠋ᠤ ᠬᠦᠷᠦᠭᠰᠡᠨ ᠬᠦᠨᠳᠦ ᠬᠡᠴᠡᠬᠦᠦ ᠪᠣᠳᠠᠲᠤ᠌ ᠪᠠᠶ᠋ᠢᠳᠠᠯ᠎ᠳᠤ ᠰᠢᠭᠤᠳ ᠬᠠᠨᠳᠤᠵᠤ᠂ ᠨᠠᠮ᠎ᠢ ᠡᠷᠡᠰ ᠭᠤᠶ᠋ᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠴᠢᠩᠭ᠎ᠠ ᠵᠠᠰᠠᠵᠤ᠂ ᠬᠢᠲᠤᠭᠠᠨ᠎ᠤ ᠪᠠᠨ ᠢᠷ᠎ᠢ ᠳᠣᠲᠣᠭᠰᠢ ᠬᠠᠨᠳᠤᠭᠤᠯᠤᠨ᠂ ᠬᠥᠨᠳᠤ ᠡᠷᠡᠬᠥᠤ ᠪᠡᠷ ᠰᠠᠮᠠᠭᠤᠷᠠᠯ᠎ᠢ ᠵᠠᠰᠠᠵᠤ᠂ ᠳᠣᠪᠣᠢ᠌ᠮ᠎ᠠ ᠠᠰᠠᠭᠤᠳᠠᠯ ᠎ᠢ ᠦᠷᠭᠦᠯᠵᠢᠯᠡᠨ ᠰᠢ᠌ᠳᠪᠦᠷᠢᠯᠡᠬᠡᠳ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠦᠭᠡᠯᠡᠨ ᠪᠠᠢ᠌ᠭᠰᠠᠨ ᠪᠠᠢ᠌ᠳᠠᠯ ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠲᠤ᠌ ᠬᠤᠭᠤᠴᠠᠭ᠎ᠠ ᠎ᠪᠠᠷ ᠬᠤᠷᠢᠬᠯᠠᠨ ᠵᠤᠬᠰᠤᠭᠠᠵᠤ ᠴᠢᠳᠠᠬᠰᠠᠨ ᠦᠬᠡᠢ ᠵᠠᠷᠢᠮ ᠭᠠᠵᠢᠭᠤ ᠰᠤᠷᠲᠠᠯ᠎ᠢ ᠬᠣᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠤᠢ ᠪᠠᠢ᠌ᠬᠰᠠᠨ ᠵᠠᠷᠢᠮ ᠠᠷᠬᠠᠭ ᠬᠡᠮ᠎ᠢ ᠵᠠᠯᠠᠷᠠᠭᠤᠯᠤᠨ ᠵᠠᠰᠠᠵᠤ᠂ ᠨᠠᠮ᠂ ᠤᠯᠤᠰ᠂ ᠴᠡᠷᠢᠭ ᠠᠩᠭᠢ᠎ᠵᠢᠨ ᠳᠣᠲᠣᠭᠠᠳᠤ᠎ᠳᠦ ᠣᠷᠣᠰᠢᠵᠤ ᠪᠠᠶ᠋ᠢᠬᠰᠠᠨ ᠬᠦᠨᠳᠦ ᠨᠣᠴᠢᠲᠠᠶ ᠳᠠᠯᠳᠠ ᠭᠡᠮ᠎ᠢ ᠠᠷᠢᠯᠭᠠᠭᠰᠠᠨ᠎ᠵᠢᠨᠷ᠂ ᠨᠠᠮ ᠬᠤᠪᠢᠰᠬᠠᠯᠲᠤ᠌ ᠴᠢᠨᠠᠷᠲᠠᠶ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ ᠲᠡᠭᠦᠯᠳᠡᠷ  ᠪᠣᠯᠪᠠ᠃ ᠰᠢᠨ᠎ᠡ ᠴᠠᠭ ᠦᠶ᠎ᠡ᠎ᠵᠢᠨ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ ᠠᠵᠢᠯ ᠨᠢ ᠵᠠᠭᠤᠨ ᠵᠢᠯ᠎ᠦᠨ ᠲᠡᠥᠭᠡ ᠲᠠᠢ ᠶᠡᠬᠡ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠬᠡᠳ᠂ ᠨᠠᠮ ᠪᠠ ᠤᠯᠤᠰ᠎ᠤᠨ ᠠᠵᠢᠯ ᠦᠢᠯᠡᠰ᠎ᠦᠨ ᠲᠡᠦᠬᠡᠲᠦ᠍ ᠴᠢᠨᠠᠷᠲᠠᠢ ᠠᠮᠵᠢᠯᠲᠠ ᠪᠦᠲᠦᠮᠵᠢ ᠤᠯᠬᠤ ᠪᠠ ᠲᠡᠦᠬᠡᠲᠦ᠍ ᠴᠢᠨᠠᠷᠲᠠᠢ ᠬᠤᠪᠢᠰᠤᠯᠲᠠ ᠭᠠᠷᠬᠤ᠎ᠵᠢ ᠠᠬᠢᠭᠤᠯᠵᠤ᠂ ᠨᠠᠮ ᠪᠠ ᠠᠷᠠᠳ ᠲᠦᠮᠡᠨ ᠨᠠᠮ᠎ᠵᠢᠠᠨ ᠬᠦᠴᠦᠷᠬᠡᠭᠵᠢᠭᠦᠯᠵᠦ᠍ ᠤᠯᠤᠰ᠎ᠵᠢᠠᠨ ᠬᠦᠴᠦᠷᠬᠡᠭᠵᠢᠭᠦᠯᠬᠦ᠌ ᠲᠡᠦᠬᠡ᠎ᠵᠢᠨ ᠰᠠᠨᠠᠭᠠᠴᠢᠯᠠᠭᠠᠲᠤ᠌ ᠡᠷᠬᠡ᠎ᠵᠢ ᠲᠡᠮᠡᠴᠡᠨ ᠤᠯᠤᠭᠰᠠᠨ ᠪᠠᠢ᠌ᠨ᠎ᠠ ᠬᠡᠵᠦ᠍ ᠰᠠᠨᠠᠯ ᠨᠢᠬᠡᠳᠠᠢ ᠦᠵᠡᠪᠡ᠃

ᠪᠦᠬᠦᠳᠡ ᠬᠤᠷᠠᠯ ᠡᠴᠡ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠠᠭᠤᠤ ᠶᠡᠬᠡ ᠦᠢᠯᠡᠳᠦᠯᠭᠡ᠎ᠵᠢᠨ ᠳᠤᠮᠳᠠ᠂ ᠰᠢ ᠵᠢᠨ ᠫᠢᠩ ᠨᠥᠬᠥᠷ᠎ᠵᠢᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠶᠠᠮᠠᠷ ᠶᠠᠩᠵᠤ᠎ᠵᠢᠨ ᠤᠷᠲᠤ᠌ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠢ ᠪᠠᠶ᠋ᠢᠭᠤᠯᠬᠤ᠂ ᠤᠷᠲᠤ᠌ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠎ᠵᠢᠨ ᠨᠠᠮ᠎ᠢ ᠬᠡᠷᠬᠢᠨ ᠪᠠᠶ᠋ᠢᠭᠤᠯᠬᠤ ᠭᠡᠬᠦ᠌ ᠴᠢᠬᠤᠯᠠ ᠶᠡᠬᠡ ᠴᠠᠭ ᠦᠶ᠎ᠡ᠎ᠵᠢᠨ ᠰᠡᠳᠦᠪ᠎ᠤᠨ ᠲᠤᠭᠤᠷᠢᠨ᠎ᠳᠤ ᠠᠯᠢ ᠣᠯᠠᠨ ᠰᠢᠨ᠎ᠡ ᠣᠶ᠋ᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ᠎ᠵᠢ ᠳᠤᠷᠠᠳᠤᠨ ᠭᠠᠷᠭᠠᠭᠠᠳ᠂  ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠪᠣᠢ ᠪᠣᠯᠭᠠᠪᠠ᠃ ᠡᠨᠡ ᠬᠦ᠌ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠢ ᠪᠠᠶᠠᠯᠢᠭᠵᠢᠭᠤᠯᠤᠨ ᠬᠥᠭᠵᠢᠭᠦᠯᠪᠡ᠂ ᠡᠨᠡ ᠪᠤᠯ ᠮᠠᠷᠺᠰ᠎ᠤᠨ ᠦᠵᠡᠯ᠎ᠤᠨ ᠦᠨᠳᠦᠰᠦᠨ ᠤᠬ ᠶᠤᠰᠤ ᠵᠢ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ᠌ ᠰᠣᠶᠣᠯ ᠲᠠᠢ ᠤᠶᠠᠯᠳᠤᠭᠤᠯᠬᠤ᠎ᠵᠢ ᠪᠠᠷᠢᠮᠲᠠᠯᠠᠨ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠵᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠨᠠᠮ ᠪᠠ ᠠᠷᠠᠳ ᠲᠦᠮᠡᠨ᠎ᠦ ᠦᠢᠯᠡᠳᠦᠯᠭᠡ᠎ᠵᠢᠨ ᠲᠤᠷᠰᠢᠯᠭ᠎ᠠ ᠪᠠ ᠬᠠᠮᠲᠤ᠎ᠵᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠦᠨ᠂ ᠡᠨᠡ ᠨᠢ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ᠋ᠢᠷᠡᠭᠦᠯᠦᠨ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃

ᠪᠦᠬᠦᠳᠡ ᠬᠤᠷᠠᠯ ᠡᠴᠡ ᠴᠢᠬᠤᠯᠠᠴᠢᠯᠠᠭᠰᠠᠨ ᠨᠢ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠮᠠᠰᠢ ᠤᠯᠠᠨ ᠠᠰᠢᠭᠲᠠᠶ ᠨᠥᠬᠥᠴᠡᠯ᠎ᠢ ᠪᠦᠷᠢᠯᠳᠦᠭᠦᠯᠪᠡ᠂ ᠡᠬᠦᠨ᠎ᠤ ᠬᠠᠮᠳᠤ ᠪᠠᠰᠠ ᠮᠠᠰᠢ ᠤᠯᠠᠨ ᠰᠢᠨ᠎ᠠ ᠪᠠᠢ᠌ᠳᠠᠯ ᠰᠢᠨ᠎ᠠ ᠠᠰᠠᠭᠤᠳᠠᠯ ᠳᠤᠯᠭᠠᠷᠠᠵᠤ ᠪᠠᠢ᠌ᠨ᠎ᠠ᠃ ᠳᠠᠯᠠᠬᠡᠢ᠎ᠵᠢᠨ ᠪᠠᠶ᠋ᠢᠳᠠᠯ ᠤᠯᠤᠰ᠎ᠤᠨ ᠪᠠᠶ᠋ᠢᠳᠠᠯ ᠨᠠᠮ᠎ᠤᠨ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠵᠢ ᠳᠠᠭᠠᠯᠳᠤᠨ᠂ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠵᠢᠨ ᠠᠰᠢᠭ ᠲᠤᠰᠠ᠎ᠵᠢ ᠬᠠᠮᠠᠭᠠᠯᠠᠬᠤ ᠡᠭᠦᠷᠭᠡ ᠨᠡᠩ ᠬᠠᠲᠠᠭᠤ ᠪᠡᠷᠬᠡ  ᠪᠣᠯᠵᠤ᠂ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠬᠥᠭᠵᠢᠯᠲᠡ᠎ᠵᠢ ᠠᠬᠢᠭᠤᠯᠬᠤ᠂ ᠨᠡᠶ᠋ᠢᠭᠡᠮ᠎ᠦᠨ ᠡᠶ᠎ᠡ ᠵᠣᠬᠢᠴᠠᠯ ᠲᠣᠭᠲᠠᠭᠤᠨ ᠪᠠᠶ᠋ᠢᠳᠠᠯ᠎ᠢ ᠬᠠᠮᠠᠭᠠᠯᠠᠬᠤ ᠡᠭᠦᠷᠭᠡ ᠨᠡᠩ ᠬᠠᠲᠠᠭᠤ ᠪᠡᠷᠬᠡ ᠪᠣᠯᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠵᠢᠡᠨ ᠪᠠᠲᠤᠯᠠᠬᠤ ᠡᠭᠦᠷᠭᠡ ᠨᠡᠩ ᠬᠠᠲᠠᠭᠤ ᠪᠡᠷᠬᠡ ᠪᠤᠯᠵᠤ ᠪᠠᠢ᠌ᠨ᠎ᠠ᠃ ᠡᠳᠡᠭᠡᠷ ᠨᠢ ᠨᠠᠮ᠎ᠤᠨ ᠰᠢᠨ᠎ᠡ ᠪᠠᠶ᠋ᠢᠳᠠᠯ ᠳᠣᠤᠷᠠᠬᠢ ᠲᠥᠷᠥ᠍ ᠪᠠᠷᠢᠬᠤ ᠴᠢᠳᠠᠪᠤᠷᠢ ᠂ ᠤᠳᠤᠷᠢᠳᠬᠤ ᠬᠢᠷᠢ ᠬᠡᠮᠵᠢᠶ᠎ᠡ᠂ ᠡᠩᠨᠡᠭᠡ᠎ᠵᠢᠨ ᠬᠡᠪ ᠴᠢᠨᠠᠷ᠂ ᠢᠯᠵᠢᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ᠌᠎ᠳᠤ ᠬᠦᠨᠳᠦ ᠶᠡᠬᠡ ᠰᠢᠯᠭᠠᠯᠳᠠ ᠠᠪᠴᠢᠷᠠᠪᠠ ᠂ ᠨᠠᠮ᠎ᠳᠤ ᠲᠤᠯᠭᠠᠷᠠᠵᠤ ᠪᠠᠶ᠋ᠢᠭ᠎ᠠ 《ᠲᠦᠷᠪᠡᠨ ᠶᠡᠬᠡ ᠰᠢᠯᠭᠠᠯᠳᠠ 》 ᠪᠠ  《ᠳᠦᠷᠪᠡᠨ ᠵᠦᠢᠯ᠎ᠤᠨ ᠠᠶᠤᠯ 》 ᠪᠤᠯ ᠤᠷᠳᠤ ᠬᠤᠭᠤᠴᠠᠭᠠᠨ ᠎ᠦ᠂ ᠲᠦᠪᠡᠭ ᠪᠤᠳᠤᠯᠢᠶᠠᠨᠳᠠᠢ᠂ ᠬᠥᠨᠳᠤ ᠬᠡᠴᠡᠬᠥᠤ ᠶᠤᠮ᠃ ᠪᠦᠬᠦ᠌ ᠨᠠᠮ ᠵᠢᠠᠷ᠎ᠵᠢᠠᠨ ᠡᠷᠬᠡᠪᠰᠢ ᠨᠠᠮ᠎ᠤᠨ ᠤᠷᠳᠤ ᠬᠤᠭᠤᠴᠠᠭ᠎ᠠ ᠪᠡᠷ ᠲᠥᠷᠥ᠍ ᠪᠠᠷᠢᠬᠤ ᠪᠠᠶ᠋ᠢᠷᠢ ᠰᠠᠭᠤᠷᠢ᠎ᠵᠢ ᠪᠡᠬᠢᠵᠢᠭᠦᠯᠬᠦ᠂ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠡᠶᠡᠯᠡᠭᠦᠯᠬᠦ᠌ ᠪᠠᠶ᠋ᠢᠯᠳᠤᠬᠤ ᠪᠣᠳᠣᠯᠭ᠎ᠠ᠎ᠵᠢᠨ ᠦᠨᠳᠦᠷᠴᠡ ᠡᠴᠡ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠢᠲᠡᠭᠡᠯ ᠵᠣᠷᠢᠭ ᠵᠢᠠᠨ ᠪᠠᠲᠤᠳᠬᠠᠨ᠂ ᠪᠠᠲᠤ᠌ ᠬᠦᠴᠦᠨ ᠵᠢᠠᠨ ᠬᠠᠳᠠᠭᠠᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠡᠷ ᠰᠢᠨ᠎ᠡ ᠴᠠᠭ ᠦᠶ᠎ᠡ᠎ᠵᠢᠨ ᠨᠠᠮ᠎ᠢ ᠪᠥᠬᠥ᠌ ᠲᠠᠯ᠎ᠠ ᠪᠠᠷ ᠴᠢᠩᠭ᠎ᠠ ᠵᠠᠰᠠᠬᠰᠠᠨ ᠡᠷᠬᠢᠮ ᠨᠠᠨᠳᠢᠨ ᠲᠤᠷᠰᠢᠯᠭ᠎ᠠ᠎ᠵᠢ ᠰᠠᠶ᠋ᠢᠲᠤᠷ ᠪᠠᠷᠢᠮᠲᠠᠯᠠᠨ᠂ ᠰᠠᠶ᠋ᠢᠲᠤᠷ ᠬᠡᠷᠡᠭᠯᠡᠵᠤ᠂ ᠨᠠᠮ᠎ᠤᠨ ᠪᠠᠶ᠋ᠢᠭᠤᠯᠤᠯᠲᠠ᠎ᠳᠤ ᠲᠤᠯᠭᠠᠷᠠᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠰᠠᠶ᠋ᠢᠲᠤᠷ ᠴᠡᠭᠴᠡᠯᠡᠨ ᠵᠠᠰᠠᠵᠤ᠂ ᠰᠠᠶ᠋ᠢᠲᠤᠷ ᠰᠢ᠌ᠳᠪᠦᠷᠢᠯᠡᠨ᠂ ᠨᠠᠮ᠎ᠢ ᠬᠠᠮᠢᠶᠠᠷᠴᠤ᠌ ᠨᠠᠮ᠎ᠢ ᠵᠠᠰᠠᠭᠠᠳ ᠪᠤᠢ ᠪᠣᠯᠭᠠᠭᠰᠠᠨ ᠰᠠᠢ᠌ᠨ ᠰᠠᠶ᠋ᠢᠬᠠᠨ ᠤᠯᠤᠰ ᠲᠦᠷᠦ᠎ᠵᠢᠨ ᠪᠠᠶ᠋ᠢᠳᠠᠯ᠎ᠢ ᠰᠠᠶ᠋ᠢᠲᠤᠷ ᠪᠡᠬᠢᠵᠢᠭᠦᠯᠵᠦ᠍ ᠂ ᠰᠠᠶ᠋ᠢᠲᠤᠷ ᠬᠥᠭᠵᠢᠭᠦᠯᠬᠦ᠌ ᠬᠡᠷᠡᠭᠲᠡᠢ᠃

ᠪᠦᠬᠦᠳᠡ ᠬᠤᠷᠠᠯ ᠡᠴᠡ ᠵᠢᠭᠠᠵᠤ ᠭᠠᠷᠭᠠᠭᠰᠠᠨ ᠨᠢ᠂ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠦ ᠡᠷᠬᠡᠪᠰᠢ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ ᠂ ᠳ᠋ᠧᠩ ᠰᠢᠶᠣᠤ ᠫᠢᠩ᠎ᠦᠨ ᠣᠨᠣᠯ᠂ 《ᠭᠤᠷᠪᠠ᠎ᠵᠢ ᠲᠥᠯᠥᠭᠡᠯᠡᠬᠦ᠌ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ᠌ ᠤᠬᠠᠭᠠᠨᠴᠢ ᠬᠥᠭᠵᠢᠯᠲᠡ᠎ᠵᠢᠨ ᠦᠵᠡᠯᠲᠡ᠎ᠵᠢ ᠪᠠᠷᠢᠮᠲᠠᠯᠠᠨ᠂ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠦᠨ ᠣᠨᠴᠠᠯᠢᠭ ᠪᠦᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠦ᠍᠂ ᠰᠢ᠎ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠵᠢᠨ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠵᠢ ᠪᠡᠶᠡᠯᠡᠭᠦᠯᠬᠦ᠌ ᠵᠢᠨ ᠲᠤᠭᠤᠷᠢᠨ ᠳ᠋ᠤ ᠰᠢᠨ᠎ᠡ ᠴᠠᠭ ᠦᠶ᠎ᠡ᠎ᠵᠢᠨ ᠨᠠᠮ᠎ᠤᠨ ᠪᠠᠶ᠋ᠢᠭᠤᠯᠤᠯᠲᠠ᠎ᠵᠢᠨ ᠶᠡᠷᠦᠩᠬᠡᠶ ᠱᠠᠭᠠᠷᠳᠠᠯᠭ᠎ᠠ᠎ᠵᠢ ᠨᠠᠢ᠌ᠳᠠᠪᠤᠷᠢᠵᠢᠭᠤᠯᠤᠨ᠂ ᠨᠠᠮ᠎ᠤᠨ ᠳᠦᠷᠢᠮ ᠵᠢᠠᠷ ᠦᠨᠳᠦᠰᠦ ᠪᠣᠯᠭᠠᠵᠤ᠂ ᠨᠠᠮ᠎ᠤᠨ ᠬᠣᠰᠢᠭᠤᠴᠢ ᠠᠩᠭᠢ᠎ᠵᠢᠨ ᠰᠢᠨᠵᠢ ᠴᠢᠨᠠᠷ᠎ᠢ ᠪᠠᠷᠢᠮᠲᠠᠯᠠᠨ᠂ ᠨᠠᠮ᠎ᠤᠨ ᠪᠦᠬᠦ᠌ ᠲᠠᠯ᠎ᠠ᠎ᠵᠢᠨ ᠤᠳᠤᠷᠢᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠪᠠᠷᠢᠮᠲᠠᠯᠠᠵᠤ᠂ ᠨᠠᠮ᠎ᠤᠨ ᠤᠷᠳᠤ ᠬᠤᠭᠤᠴᠠᠭ᠎ᠠ ᠪᠡᠷ ᠲᠦᠷᠦ᠍ ᠪᠠᠷᠢᠬᠤ ᠴᠢᠳᠠᠪᠤᠷᠢ᠎ᠵᠢ ᠳᠡᠭᠡᠭᠰᠢᠯᠡᠭᠦᠯᠬᠥ᠌ ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ᠂ ᠨᠠᠮ ᠪᠣᠯᠤᠨ ᠠᠷᠠᠳ ᠤᠯᠠᠨ᠎ᠤ ᠬᠣᠭᠣᠷᠣᠨᠳᠣᠬᠢ ᠰᠠᠯᠵᠤ ᠪᠣᠯᠤᠰᠢ ᠦᠭᠡᠢ ᠬᠠᠷᠢᠴᠠᠭ᠎ᠠ᠎ᠵᠢ ᠪᠠᠳᠤᠯᠠᠬᠤ ᠳ᠋ᠤ ᠠᠨᠭ᠌ᠬᠠᠷᠤᠯ ᠵᠢᠡᠨ ᠬᠠᠨᠳᠤᠭᠤᠯᠤᠨ᠂ ᠴᠢᠩᠭ᠎ᠠ ᠬᠥᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ ᠂ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠬᠥᠯᠤᠨ᠂ ᠨᠠᠮ᠎ᠤᠨ ᠤᠯᠤᠰ ᠲᠥᠷᠥ᠎ᠵᠢᠨ ᠪᠠᠶ᠋ᠢᠭᠤᠯᠤᠯᠲᠠ ᠪᠡᠷ ᠶᠡᠷᠦᠩᠬᠡᠢ᠌ᠯᠡᠨ ᠵᠢᠯᠤᠭᠤᠳᠤᠭᠤᠯᠵᠤ᠂ ᠨᠠᠮ᠎ᠤᠨ ᠡᠯ᠎ᠡ ᠲᠠᠯ᠎ᠠ᠎ᠵᠢᠨ ᠪᠠᠶ᠋ᠢᠭᠤᠯᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠵᠤ᠂ ᠪᠦᠬᠦ᠌ ᠨᠠᠮ᠎ᠤᠨ ᠢᠳᠡᠪᠬᠢᠵᠢᠯ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠨ᠂ ᠨᠠᠮ᠎ᠤᠨ ᠥᠪᠡᠷ᠎ᠢ ᠪᠡᠨ ᠴᠡᠪᠡᠷᠰᠢᠭᠦᠯᠬᠦ ᠂ ᠥᠪᠡᠷ᠎ᠢ ᠪᠡᠨ ᠲᠡᠭᠦᠯᠳᠡᠷᠵᠢᠭᠦᠯᠬᠦ᠂ ᠥᠪᠡᠷ᠎ᠢ ᠪᠡᠨ ᠰᠢᠨᠡᠴᠢᠯᠡᠬᠦ ᠂ ᠥᠪᠡᠷ᠎ᠢ ᠪᠡᠨ ᠳᠡᠭᠡᠭᠰᠢᠯᠡᠭᠦᠯᠬᠦ᠌᠎ᠵᠢ ᠲᠠᠰᠤᠷᠠᠯᠲᠠ ᠦᠬᠡᠢ ᠪᠡᠶᠡᠯᠡᠭᠦᠯᠵᠦ᠍᠂ ᠨᠠᠮ᠎ᠤᠨ ᠤᠯᠤᠰ ᠲᠥᠷᠥ᠎ᠵᠢᠨ ᠤᠳᠤᠷᠢᠳᠬᠤ ᠬᠦᠴᠦᠨ᠂  ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ ᠨᠡᠢ᠌ᠳᠡ ᠵᠢ ᠤᠷᠢᠶᠠᠯᠠᠬᠤ ᠬᠦᠴᠦᠨ᠎ᠢ ᠦᠷᠭᠦᠯᠵᠢᠯᠡᠨ ᠴᠢᠨᠭ᠌ᠭᠠᠷᠠᠭᠤᠯᠵᠤ᠂ ᠨᠠᠮ᠎ᠦᠨ ᠢᠮᠠᠭᠲᠠ ᠴᠠᠭ ᠦᠶ᠎ᠡ᠎ᠵᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠤᠯᠬᠤ᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠰᠢᠯᠭᠠᠯᠲᠠ᠎ᠵᠶ ᠳᠠᠭᠠᠭᠠᠵᠤ ᠴᠢᠳᠠᠬᠤ᠂ ᠴᠤᠭ ᠪᠠᠳᠠᠷᠠᠩᠭᠤᠢ ᠮᠠᠷᠺᠰ᠎ᠤᠨ ᠦᠵᠡᠯ᠎ᠦᠨ ᠲᠦᠷᠦ᠍ ᠪᠠᠷᠢᠬᠴᠢ ᠨᠠᠮ ᠪᠣᠯᠬᠤ ᠪᠠ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠣᠤᠯᠯᠠᠭᠴᠢ ᠪᠤᠯᠬᠤ ᠵᠢ ᠦᠨᠡᠨ ᠬᠥ᠌ ᠪᠠᠳᠤᠯᠠᠬᠤ ᠬᠡᠷᠡᠭᠳᠠᠢ᠃

ᠪᠦᠬᠦᠳᠡ ᠬᠤᠷᠠᠯ ᠡᠴᠡ ᠴᠢᠬᠤᠯᠠᠴᠢᠯᠠᠭᠰᠠᠨ ᠨᠢ᠂ ᠨᠠᠮ᠎ᠢ ᠪᠦᠬᠦ᠌ ᠲᠠᠯ᠎ᠠ ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠠ ᠪᠠᠷᠢᠮᠳᠠᠯᠠᠨ ᠠᠬᠢᠭᠤᠯᠬᠤ᠎ᠳᠤ ᠵᠢᠷᠤᠮᠯᠠᠬᠤ ᠵᠠᠷᠴᠢᠮ ᠪᠤᠯ᠄ ᠡᠭᠦᠷᠭᠡ ᠬᠠᠷᠢᠭᠤᠴᠠᠯᠭ᠎ᠠ ᠳ᠋ᠤ ᠦᠢᠯᠡᠴᠢᠯᠡᠬᠥ᠌ ᠵᠢ ᠪᠠᠷᠢᠮᠲᠠᠯᠠᠨ᠎ᠠ᠂ ᠨᠠᠮ᠎ᠤᠨ ᠤᠯᠤᠰ ᠲᠦᠷᠦ᠎ᠵᠢᠨ ᠪᠠᠶ᠋ᠢᠭᠤᠯᠤᠯᠲᠠ ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠵᠢ ᠪᠠᠷᠢᠮᠲᠠᠯᠠᠨ᠎ᠠ᠂ ᠪᠦᠬᠦ᠌ ᠲᠠᠯ᠎ᠠ᠎ᠪᠠᠷ ᠴᠢᠩᠭ᠎ᠠ ᠪᠠᠶ᠋ᠢᠬᠤ᠎ᠵᠢ ᠪᠠᠷᠢᠮᠲᠠᠯᠠᠨ᠎ᠠ᠂ ᠠᠰᠠᠭᠤᠳᠠᠯ ᠵᠢᠠᠷ ᠤᠳᠤᠷᠢᠳᠤᠮᠵᠢ ᠪᠣᠯᠭᠠᠬᠤ᠎ᠵᠢ ᠪᠠᠷᠢᠮᠲᠠᠯᠠᠨ᠎ᠠ᠂ ᠲᠥᠪ ᠶᠣᠰᠣ᠎ᠵᠢ ᠰᠠᠬᠢᠨ ᠰᠢᠨ᠎ᠡ᠎ᠵᠢ ᠡᠭᠦᠳᠬᠦ᠌᠎ᠵᠢ ᠪᠠᠷᠢᠮᠲᠠᠯᠠᠨ᠎ᠠ ᠂ ᠳᠡᠭᠡᠳᠦ ᠱᠠᠲᠤ᠌ ᠨᠢ ᠳᠣᠥᠷᠠᠳᠤ ᠱᠠᠲᠤ᠎ᠪᠠᠨ ᠲᠠᠭᠠᠭᠤᠯᠬᠤ᠎ᠵᠢ ᠪᠠᠷᠢᠮᠲᠠᠯᠠᠨ᠎ᠠ᠂ ᠲᠣᠭᠲᠠᠭᠠᠯ ᠶᠣᠰᠣᠭᠠᠷ ᠨᠠᠮ᠎ᠢ ᠵᠠᠰᠠᠬᠤ᠎ᠵᠢ ᠪᠠᠷᠢᠮᠲᠠᠯᠠᠨ᠎ᠠ᠃

ᠪᠥᠬᠥᠳᠡ ᠬᠤᠷᠠᠯ᠎ᠡᠴᠠ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠠ ᠪᠠᠷᠢᠮᠳᠠᠯᠠᠨ ᠠᠬᠢᠭᠤᠯᠬᠤ ᠲᠤᠬᠠᠢ ᠰᠢᠰᠲᠸᠮ ᠲᠠᠢ  ᠪᠠᠶ᠋ᠢᠷᠢᠯᠠᠭᠤᠯᠤᠭᠠᠳ ᠴᠢᠬᠤᠯᠠᠴᠢᠯᠠᠭᠰᠠᠨ ᠨᠢ᠂ ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠨ᠂ ᠠᠷᠠᠳᠴᠢᠯᠠᠯ ᠲᠥᠪᠯᠡᠷᠡᠯ᠎ᠦᠨ ᠶᠣᠰᠣ᠎ᠵᠢ ᠴᠢᠩᠭ᠎ᠠ ᠳᠤᠭᠤᠰᠢᠯᠠᠭᠤᠯᠤᠨ ᠬᠡᠷᠡᠭᠵᠢᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠬᠦᠨᠳᠦ ᠡᠭᠦᠷᠭᠡ᠎ᠵᠢ ᠡᠭᠦᠷᠭᠡᠯᠡᠵᠦ᠍ ᠳᠡᠶ᠋ᠢᠯᠬᠦ᠌ ᠥᠨᠳᠥᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ᠎ᠵᠢ ᠳᠡᠪᠳᠠᠨ ᠪᠤᠯᠪᠠᠰᠤᠷᠠᠭᠤᠯᠵᠤ ᠂ ᠳᠡᠭᠡᠭᠰᠢ ᠳᠣᠭᠣᠭᠰᠢ ᠨᠡᠪᠲᠡᠷᠡᠯᠴᠡᠭᠰᠡᠨ ᠪᠦᠭᠡᠳ ᠬᠡᠷᠡᠭᠵᠢᠭᠦᠯᠦᠯᠲᠡ ᠨᠢ ᠬᠦᠴᠦᠲᠠᠢ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ᠎ᠵᠢᠨ ᠰᠢᠰᠲ᠋ᠧᠮ᠎ᠢ ᠪᠠᠶ᠋ᠢᠭᠤᠯᠵᠤ ᠂ ᠰᠤᠷᠲᠠᠯ᠎ᠢ ᠲᠥᠪ ᠪᠤᠯᠭᠠᠨ ᠰᠠᠬᠢᠯᠭ᠎ᠠ ᠪᠠᠲᠤ᠎ᠵᠢ ᠴᠢᠩᠳᠠᠯᠠᠬᠤ᠎ᠵᠢ ᠵᠤᠬᠰᠤᠯ ᠦᠭᠡᠢ ᠪᠠᠷᠢᠮᠳᠠᠯᠠᠵᠤ ᠂ ᠢᠯᠵᠢᠷᠠᠬᠦ᠌ ᠵᠣᠷᠢᠭ ᠦᠭᠡᠢ ᠢᠯᠵᠢᠷᠠᠵᠤ ᠳᠡᠶ᠋ᠢᠯᠬᠦ᠌ ᠦᠭᠡᠢ ᠢᠯᠵᠢᠷᠠᠬᠦ᠌᠎ᠵᠢ ᠪᠣᠳᠣᠬᠤ ᠦᠭᠡᠢ ᠪᠣᠯᠭᠠᠬᠤ᠎ᠵᠢ ᠡᠷᠡᠰ ᠭᠤᠶ᠋ᠢᠪᠢᠰᠢ ᠦᠭᠡᠢ ᠪᠡᠷ ᠨᠢᠭᠡ ᠴᠤᠭᠴᠠᠵᠢᠭᠤᠯᠤᠨ ᠠᠬᠢᠭᠤᠯᠵᠤ᠂ ᠳᠦᠷᠢᠮ ᠵᠢᠠᠷ ᠨᠠᠮ᠎ᠢ ᠵᠠᠰᠠᠬᠤ᠂ ᠲᠣᠭᠲᠠᠭᠠᠯ ᠶᠤᠰᠤᠭᠠᠷ ᠨᠠᠮ ᠎ᠢ ᠵᠠᠰᠠᠬᠤ᠎ᠵᠢ ᠪᠠᠷᠢᠮᠲᠠᠯᠠᠨ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠵᠢ ᠴᠢᠨᠭ᠌ᠭᠠᠳᠬᠠᠨ ᠪᠣᠳᠠᠲᠠᠶ᠋ᠢᠵᠢᠭᠤᠯᠤᠨ᠎ᠠ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠦᠨᠳᠦᠰᠦᠨ ᠴᠢᠨᠠᠷᠳᠠᠢ ᠡᠭᠦᠷᠭᠡ ᠮᠥᠨ᠃ ᠡᠷᠬᠡᠪᠰᠢ ᠪᠦᠬᠦ᠌ ᠨᠠᠮ᠎ᠤᠨ ᠭᠡᠰᠢᠭᠦᠨ᠂ ᠺᠠᠳ᠋ᠷ᠎ᠤᠨ ᠨᠠᠮ᠎ᠤᠨ ᠰᠢᠨᠵᠢ ᠴᠢᠨᠠᠷ ᠪᠠ ᠵᠣᠷᠢᠯᠲᠠ ᠵᠢ ᠪᠠᠷᠢᠮᠲᠠᠯᠠᠵᠥ᠍᠂ ᠨᠠᠮ᠎ᠤᠨ ᠤᠬᠠᠮᠰᠠᠷ᠂ ᠨᠠᠮ᠎ᠤᠨ ᠭᠡᠰᠢᠭᠦᠨ᠎ᠦ ᠤᠬᠠᠮᠰᠠᠷ᠂ ᠬᠣᠰᠢᠭᠤᠴᠢ ᠠᠩᠭᠢ᠎ᠵᠢᠨ ᠤᠬᠠᠮᠰᠠᠷ ᠵᠢᠨᠨ ᠴᠢᠨᠭ᠌ᠭᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠵᠢᠡᠨ ᠴᠢᠨᠭ᠌ᠭᠠᠳᠬᠠᠬᠤ᠎ᠵᠢ ᠨᠠᠰᠤᠨ ᠲᠤᠷᠰᠢᠳᠠ᠎ᠵᠢᠨ ᠰᠡᠳᠦᠪ ᠪᠣᠯᠭᠠᠵᠥ᠍᠂ ᠬᠦᠰᠡᠯᠡᠩ ᠢᠲᠡᠭᠡᠯ ᠵᠤᠷᠢᠭ᠎ᠵᠢᠡᠨ ᠪᠠᠲᠤᠳᠬᠠᠬᠤ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠥᠵᠡᠯ ᠤᠬᠠᠮᠰᠠᠷ᠎ᠢ ᠪᠠᠳᠤ ᠴᠤᠭᠴᠠᠯᠠᠬᠤ᠂ ᠠᠷᠠᠳ ᠲᠦᠮᠡᠨ ᠎ᠤ ᠲᠥᠯᠥᠬᠡ ᠵᠢᠳᠭᠥᠭᠥ᠌ ᠬᠠᠢ᠌ᠷ᠎ᠠ ᠰᠡᠳᠭᠢᠯᠬᠡ ᠵᠢ ᠬᠦᠨ᠎ᠡ ᠦᠨᠳᠦᠰᠦᠯᠡᠬᠦᠯᠬᠦ᠂ ᠦᠨᠡᠨ᠎ᠡᠴᠡ ᠵᠥᠪ ᠎ᠢ ᠡᠷᠢᠬᠦ᠌ ᠵᠢ ᠪᠠᠷᠢᠮᠳᠠᠯᠠᠬᠤ᠂ ᠶᠣᠰᠣ ᠰᠤᠷᠳᠠᠬᠤᠨ ᠵᠠᠩ ᠴᠢᠨᠠᠷ᠎ᠵᠢᠡᠨ ᠴᠡᠪᠡᠷ ᠴᠢᠭᠡᠴᠢ ᠪᠠᠢ᠌ᠯᠭᠠᠬᠤ᠂ ᠲᠥᠪ ᠰᠢᠳᠤᠷᠭᠤ ᠠᠷᠢᠭᠤᠨ ᠴᠢᠬᠡᠴᠢ ᠪᠠᠢ᠌ᠬᠤ᠎ᠵᠢ ᠪᠠᠳᠤᠯᠠᠬᠤ ᠵᠡᠷᠭᠡ ᠲᠠᠯ᠎ᠠ᠎ᠪᠠᠷ ᠬᠦᠴᠦ᠍ ᠲᠠᠯᠪᠢᠵᠤ ᠪᠠᠢ᠌ᠭᠠᠳ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠵᠢ ᠪᠡᠶᠡᠯᠡᠭᠦᠯᠵᠦ᠍᠂ ᠡᠪ ᠬᠠᠮᠲᠤᠴᠤᠳ᠎ᠤᠨ ᠤᠯᠤᠰ ᠲᠦᠷᠦ᠎ᠵᠢᠨ ᠤᠤᠷ ᠴᠢᠨᠠᠷ ᠵᠢᠠᠨ ᠢᠮᠠᠭᠲᠠ ᠬᠠᠳᠠᠭᠠᠯᠠᠬᠤ ᠵᠢ ᠠᠬᠢᠭᠤᠯᠬᠤ ᠬᠡᠷᠡᠭᠳᠡᠢ᠃ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠬᠥᠮᠦᠵᠢᠯ᠎ᠢ ᠴᠢᠩᠭᠠᠳᠬᠠᠨ᠂ ᠨᠠᠮ᠎ᠤᠨ ᠰᠢᠨ᠎ᠡ ᠡᠭᠦᠳᠦᠯᠲᠡ᠎ᠵᠢᠨ ᠣᠨᠣᠯ ᠵᠢᠠᠷ ᠰᠡᠳᠬᠢᠯ ᠰᠠᠨᠠᠭ᠎ᠠ᠎ᠵᠢ ᠨᠢᠭᠲᠠᠷᠠᠭᠤᠯᠤᠨ ᠰᠦᠭ ᠰᠦᠯᠳᠡ᠎ᠵᠢ ᠪᠣᠰᠬᠠᠬᠤ᠎ᠵᠢ ᠪᠠᠷᠢᠮᠳᠠᠯᠠᠵᠤ᠂ ᠨᠡᠮ ᠎ᠤᠨ ᠰᠢᠯᠢᠳᠡᠭ ᠤᠯᠡᠮᠵᠢᠯᠡᠯ ᠪᠡ ᠳᠤᠮᠳᠠᠳᠤ᠎ᠵᠢᠨ ᠰᠢᠯᠢᠳᠡᠭ ᠤᠯᠠᠮᠵᠢᠯᠠᠯᠲᠤ᠌ ᠰᠣᠶᠣᠯ᠎ᠵᠢᠡᠷ ᠨᠠᠮᠴᠢ ᠴᠢᠨᠠᠷ᠎ᠢ ᠬᠠᠳᠠᠭᠤᠵᠢᠭᠤᠯᠤᠨ ᠪᠤᠯᠪᠠᠰᠤᠷᠠᠭᠤᠯᠵᠤ᠂ ᠦᠢᠯᠡᠳᠦᠯᠬᠡ᠎ᠵᠢᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ᠎ᠢ ᠢᠯᠭᠠᠨ ᠲᠠᠨᠢᠬᠤ᠎ᠵᠢ ᠴᠢᠩᠭᠠᠳᠬᠠᠬᠤ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠠᠷᠠᠳᠴᠢᠯᠠᠯ ᠲᠥᠪᠯᠡᠷᠡᠯ᠎ᠦᠨ ᠶᠣᠰᠣ ᠪᠣᠯ ᠨᠠᠮ᠎ᠤᠨ ᠦᠨᠳᠦᠰᠦᠨ ᠵᠣᠬᠢᠶᠠᠨ ᠪᠠᠶ᠋ᠢᠭᠤᠯᠤᠯᠲᠠ᠎ᠵᠢᠨ ᠵᠠᠷᠴᠢᠮ ᠪᠠ ᠤᠳᠤᠷᠢᠳᠬᠤ ᠲᠦᠷᠢᠮ ᠮᠥᠨ᠂ ᠠᠷᠠᠳᠴᠢᠯᠠᠯ ᠲᠥᠪᠯᠡᠷᠡᠯ᠎ᠦᠨ ᠶᠣᠰᠣ᠎ᠵᠢ ᠲᠤᠭᠤᠰᠢᠯᠠᠭᠤᠯᠤᠨ ᠬᠡᠷᠡᠭᠵᠢᠭᠦᠯᠬᠦ᠌ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣᠨ᠎ᠤ ᠡᠯ᠎ᠡ ᠵᠦᠢᠯ᠎ᠦᠨ ᠳᠦᠷᠢᠮ᠎ᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠵᠥᠪ ᠲᠥᠪᠯᠡᠷᠡᠯ ᠎ᠢ ᠪᠦᠲᠦᠮᠵᠢᠲᠡᠶ ᠬᠡᠷᠡᠭᠵᠢᠭᠦᠯᠵᠦ᠍᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠵᠢᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ᠎ᠵᠢᠨ  ᠳᠠᠪᠠᠭᠤᠯᠢᠭ᠂ ᠪᠠᠶ᠋ᠢᠭᠤᠯᠤᠯ᠎ᠤᠨ ᠳᠠᠪᠠᠭᠤᠯᠢᠭ᠂ ᠠᠵᠢᠯ᠎ᠤᠨ ᠳᠠᠪᠠᠭᠤᠯᠢᠭ᠎ᠢ ᠨᠡᠩ ᠰᠠᠶ᠋ᠢᠨ ᠪᠠᠳᠠᠷᠠᠭᠤᠯᠬᠤ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠪᠠᠷᠢᠮᠲᠠᠯᠠᠨ ᠴᠢᠩᠭᠠᠳᠬᠠᠵᠤ᠂ ᠨᠠᠮ᠎ᠤᠨ ᠳᠣᠲᠣᠭᠠᠳᠤ᠎ᠵᠢᠨ ᠠᠷᠠᠳᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠤᠳᠤᠷᠢᠳᠬᠤ ᠪᠠᠭ᠎ᠤᠨ ᠪᠤᠳᠤᠯᠭ᠎ᠠ ᠲᠣᠭᠲᠠᠭᠠᠬᠤ ᠵᠢᠷᠤᠮ ᠬᠡᠷᠡᠭ ᠵᠥᠪᠯᠡᠬᠦ᠌ ᠲᠦᠷᠢᠮ᠎ᠢ ᠴᠢᠩᠭ᠎ᠠ ᠭᠡᠷᠡᠭᠵᠢᠬᠦᠯᠵᠦ᠍᠂ 《ᠨᠢᠭᠡᠳᠦᠭᠡᠷ  ᠭᠠᠷ》᠎᠎ᠤ᠋ᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠍ ᠡᠷᠬᠡ ᠪᠠᠨ ᠬᠡᠷᠡᠭᠯᠡᠬᠦ᠌᠎ᠵᠢ ᠵᠢᠷᠤᠮᠵᠢᠭᠤᠯᠬᠤ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠵᠠᠩᠭᠢᠯᠠᠭ᠎ᠠ ᠨᠢ ᠲᠦᠰᠢᠮᠡᠳ᠎ᠢ ᠴᠢᠩᠭ᠎ᠠ ᠵᠠᠰᠠᠬᠤ᠎ᠳᠤ ᠪᠠᠶ᠋ᠢᠨ᠎ᠠ᠃ ᠡᠷᠬᠡᠪᠰᠢ ᠰᠢᠨ᠎ᠡ ᠴᠠᠭ ᠦᠶ᠎ᠡ᠎ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠱᠤᠭᠤᠮ᠎ᠢ ᠲᠤᠭᠤᠰᠢᠯᠠᠭᠤᠯᠤᠨ᠂ ᠺᠠᠳ᠋ᠷ᠎ᠢ ᠰᠤᠷᠭᠠᠵᠤ ᠬᠥᠮᠦᠵᠢᠭᠦᠯᠬᠦ᠂ ᠰᠢᠯᠢᠨ ᠳᠡᠪᠰᠢᠭᠦᠯᠵᠦ᠍ ᠲᠣᠮᠢᠯᠠᠨ ᠬᠡᠷᠡᠭᠯᠡᠬᠦ᠂ ᠬᠠᠮᠢᠶᠠᠷᠴᠤ᠌ ᠬᠢᠨᠠᠬᠤ᠎ᠵᠢ ᠴᠢᠩᠳᠠᠯᠠᠵᠤ᠂ ᠤᠯᠤᠰ ᠲᠦᠷᠦ᠎ᠵᠢᠨ ᠲᠠᠯ᠎ᠠ᠎ᠪᠠᠷ ᠪᠠᠲᠤ᠌ ᠴᠢᠩᠭ᠎ᠠ᠂ ᠡᠷᠳᠡᠮ ᠴᠢᠳᠠᠪᠤᠷᠢ ᠴᠠᠭᠠᠷᠠᠭᠰᠠᠨ᠂ ᠬᠡᠪ ᠰᠤᠷᠲᠠᠯ ᠰᠢᠯᠢᠳᠡᠭ ᠰᠠᠢ᠌ᠨ᠂ ᠰᠠᠬᠢᠯᠭ᠎ᠠ ᠪᠠᠲᠤ᠌ ᠴᠢᠩᠭ᠎ᠠ ᠳᠤᠳᠤᠷᠬᠠᠢ ᠦᠨᠳᠦᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ᠎ᠵᠢ ᠪᠠᠶ᠋ᠢᠭᠤᠯᠬᠤ ᠬᠡᠷᠡᠭᠲᠡᠢ᠃ ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠵᠢ ᠪᠠᠷᠢᠮᠲᠠᠯᠠᠨ᠂ ᠨᠠᠷᠢᠯᠢᠬ ᠣᠨᠣᠴᠠᠲᠠᠶ ᠪᠦᠬᠡᠳ ᠰᠢᠨᠵᠢᠯᠡᠬᠦ᠌ ᠤᠬᠠᠭᠠᠨᠴᠢ ᠪᠡᠷ ᠬᠥᠮᠦᠨ ᠰᠣᠩᠭᠣᠵᠤ ᠬᠦᠮᠦᠨ ᠬᠡᠷᠡᠭᠯᠡᠵᠦ᠍᠂ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠵᠥᠪ ᠦᠵᠡᠯᠲᠡ᠎ᠵᠢ ᠪᠤᠢ ᠪᠣᠯᠭᠠᠨ ᠦᠢᠯᠡᠳᠦᠯᠭᠡᠵᠢᠭᠦᠯᠬᠦ᠌᠎ᠵᠢ ᠠᠬᠢᠭᠤᠯᠤᠨ᠂ ᠺᠠᠳ᠋ᠷ᠎ᠤᠨ ᠠᠵᠢᠯ ᠬᠢᠵᠦ᠍ ᠦᠢᠯᠡᠰ ᠴᠤᠭᠴᠠᠯᠠᠬᠤ ᠡᠷᠳᠡᠮ ᠴᠢᠳᠠᠪᠤᠷᠢ᠎ᠵᠢ ᠳᠡᠬᠡᠭᠰᠢᠯᠡᠬᠦᠯᠵᠦ᠍᠂ ᠰᠢᠯᠢᠳᠡᠭ ᠵᠠᠯᠠᠭᠤ ᠺᠠᠳ᠋ᠷ᠎ᠢ ᠬᠥᠮᠦᠵᠢᠭᠦᠯᠵᠦ᠍ ᠰᠢᠯᠢᠨ ᠳᠡᠪᠰᠢᠭᠦᠯᠬᠦ᠌᠎ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠺᠠᠳ᠋ᠷ᠎ᠤᠨ ᠬᠠᠮᠢᠶᠠᠷᠤᠯᠲᠠ ᠬᠢᠨᠠᠯᠲᠠ᠎ᠵᠢ ᠴᠢᠩᠭᠠᠳᠬᠠᠵᠤ᠂ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠵᠦ᠍᠂ ᠣᠷᠣᠭᠤᠯᠤᠨ ᠠᠪᠴᠢᠷᠠᠵᠤ᠂ ᠰᠠᠶ᠋ᠢᠲᠤᠷ ᠬᠡᠷᠡᠭᠯᠡᠬᠦ᠌ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠪᠡᠶᠡᠴᠢ ᠴᠣᠭᠴᠠ ᠮᠥᠨ᠃ ᠡᠷᠬᠡᠪᠰᠢ ᠡᠯ᠎ᠡ ᠳᠠᠪᠬᠤᠷᠭ᠎ᠠ ᠱᠠᠲᠤ᠌ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠰᠢᠰᠲ᠋ᠧᠮᠵᠢᠭᠦᠯᠦᠨ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠤᠯᠤᠰ ᠲᠦᠷᠦ᠎ᠵᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ᠎ᠵᠢᠨ ᠴᠢᠳᠠᠮᠵᠢ᠎ᠵᠢ ᠴᠢᠩᠭᠠᠳᠬᠠᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠵᠢᠨ ᠪᠤᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠳᠡᠭᠡᠳᠤ ᠳᠣᠣᠷᠠᠳᠤ ᠱᠠᠲᠤ᠌ ᠪᠡᠷ᠎ᠵᠢᠡᠨ ᠬᠠᠮᠵᠢᠯᠴᠠᠬᠤ᠂ ᠨᠠᠷᠢᠯᠢᠬ ᠣᠨᠣᠴᠠᠲᠠᠶ ᠪᠦᠭᠡᠳ ᠥᠨᠳᠥᠷ ᠪᠦᠲᠦᠮᠵᠢᠲᠡᠶ ᠪᠠᠶ᠋ᠢᠬᠤ᠎ᠵᠢ ᠦᠨᠡᠨ ᠬᠦ᠌ ᠪᠠᠲᠤᠯᠠᠬᠤ ᠬᠡᠷᠡᠭᠳᠠᠢ᠃ ᠲᠥᠪ᠎ᠤᠨ ᠪᠠ ᠲᠦᠷᠦ᠎ᠵᠢᠨ ᠪᠠᠶ᠋ᠢᠭᠤᠯᠭ᠎ᠠ᠎ᠵᠢᠨ ᠨᠠᠮ᠎ᠤᠨ ᠵᠤᠬᠢᠶᠠᠨ ᠪᠠᠢ᠌ᠭᠤᠯᠤᠯᠳᠠ᠎ᠵᠢᠨ ᠳᠠᠭᠤᠷᠢᠶᠠᠯ ᠦᠵᠡᠬᠦᠯᠬᠦ᠌ ᠦᠢᠯᠡᠳᠦᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠴᠢᠳᠠᠮᠵᠢ᠎ᠵᠢ ᠴᠢᠩᠭᠠᠳᠬᠠᠨ᠂ ᠡᠯ᠎ᠡ ᠬᠦᠷᠢᠶᠡᠨ᠎ᠳᠡᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠵᠢᠨ ᠪᠠᠶ᠋ᠢᠭᠤᠯᠤᠯᠲᠠ᠎ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ᠎ᠪᠡᠷ ᠬᠥᠭᠵᠢᠭᠰᠡᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠵᠢ ᠲᠤᠪᠤᠢ᠌ᠯᠭᠠᠨ ᠰᠠᠶ᠋ᠢᠲᠤᠷ ᠠᠳᠬᠤᠵᠤ᠂ ᠨᠠᠮ᠎ᠤᠨ ᠭᠡᠰᠢᠭᠦᠨ᠎ᠦ ᠡᠩᠨᠡᠭᠡ᠎ᠵᠢᠨ ᠪᠠᠶ᠋ᠢᠭᠤᠯᠤᠯᠲᠠ᠎ᠵᠢ ᠴᠢᠩᠭᠠᠳᠬᠠᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ᠎ᠵᠢᠨ ᠨᠡᠪᠲᠡᠷᠡᠯᠴᠡᠬᠦ᠌ ᠲᠣᠭᠲᠠᠴᠠ᠎ᠵᠢ ᠲᠡᠭᠦᠯᠳᠡᠷᠵᠢᠭᠦᠯᠬᠦ᠌ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠰᠤᠷᠲᠠᠯ᠎ᠢ ᠲᠦᠪ ᠪᠤᠯᠭᠠᠨ ᠰᠠᠬᠢᠯᠭ᠎ᠠ ᠪᠠᠲᠤ᠎ᠵᠢ ᠴᠢᠩᠳᠠᠯᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠬᠦᠴᠦᠲᠡᠶ ᠠᠷᠭ᠎ᠠ ᠬᠡᠮᠵᠢᠶ᠎ᠡ ᠮᠥᠨ᠃ ᠡᠷᠬᠡᠪᠰᠢ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠵᠢ ᠬᠠᠮᠲᠤ᠎ᠳᠤᠨᠢ ᠠᠳᠬᠤᠬᠤ᠂ ᠰᠤᠷᠲᠠᠯ᠎ᠢ ᠲᠦᠪ ᠪᠤᠯᠭᠠᠬᠤ ᠰᠠᠬᠢᠯᠭ᠎ᠠ ᠪᠠᠲᠤ᠎ᠵᠢ ᠴᠢᠩᠳᠠᠯᠠᠬᠤ ᠢᠯᠵᠢᠷᠠᠯ᠎ᠢ ᠡᠰᠡᠷᠭᠦᠴᠡᠬᠦ᠌᠎ᠵᠢ ᠬᠠᠷᠢᠯᠴᠠᠨ ᠨᠡᠪᠲᠡᠷᠡᠯᠴᠡᠭᠦᠯᠬᠦ᠌᠎ᠵᠢ ᠪᠠᠷᠢᠮᠳᠠᠯᠠᠵᠤ᠂ ᠰᠤᠷᠲᠠᠯ᠎ᠢ ᠠᠳᠬᠤᠬᠤ᠎ᠡᠴᠠ ᠭᠠᠷᠳᠠᠵᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠠᠬᠢᠭᠤᠯᠤᠭᠰᠠᠨ ᠲᠤᠷᠰᠢᠯᠭ᠎ᠠ᠎ᠵᠢ ᠭᠦᠨᠵᠡᠭᠡᠶ᠋ᠢᠷᠡᠭᠦᠯᠦᠨ ᠬᠡᠷᠡᠭᠯᠡᠵᠦ᠍᠂ ᠰᠤᠷᠲᠠᠯ ᠵᠢᠠᠨ ᠲᠠᠰᠤᠷᠠᠯᠲᠠ ᠦᠭᠡᠢ ᠰᠠᠶ᠋ᠢᠵᠢᠷᠠᠭᠤᠯᠤᠨ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠵᠤ᠂ ᠰᠠᠢ᠌ᠨ ᠰᠠᠶ᠋ᠢᠬᠠᠨ ᠲᠦᠷᠢ ᠲᠥᠷᠬᠦ᠌᠎ᠪᠡᠷ ᠰᠡᠳᠬᠢᠯ᠎ᠢ ᠨᠢᠭᠲᠠᠷᠠᠭᠤᠯᠤᠨ ᠬᠦᠴᠦᠨ᠎ᠢ ᠲᠥᠪᠯᠡᠷᠡᠭᠦᠯᠬᠦ᠌ ᠬᠡᠷᠡᠭᠲᠡᠢ᠃ ᠰᠢᠨ᠎ᠡ ᠴᠠᠭ ᠦᠶ᠎ᠡ᠎ᠵᠢᠨ ᠨᠠᠮ᠎ᠤᠨ ᠤᠯᠠᠨ ᠲᠦᠮᠡᠨᠴᠢ ᠱᠤᠭᠤᠮ ᠵᠢᠠᠷ ᠰᠠᠶ᠋ᠢᠲᠤᠷ ᠶᠠᠪᠤᠵᠤ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ ᠰᠠᠨᠠᠭ᠎ᠠ᠎ᠵᠢ ᠴᠥᠬᠥᠷᠡᠰᠢ ᠦᠭᠡᠢ ᠨᠠᠶ᠋ᠢᠳᠠᠪᠤᠷᠢᠵᠢᠭᠤᠯᠤᠨ᠂ ᠰᠤᠷᠲᠠᠯ᠎ᠤᠨ ᠪᠠᠶ᠋ᠢᠭᠤᠯᠤᠯᠲᠠ᠎ᠵᠢ ᠪᠠᠶ᠋ᠢᠩᠭᠤᠵᠢᠭᠤᠯᠬᠤ ᠪᠠ ᠤᠷᠲᠤ᠌ ᠬᠤᠭᠤᠴᠠᠭ᠎ᠠ ᠪᠠᠷ ᠪᠦᠲᠦᠮᠵᠢᠲᠡᠶ ᠪᠠᠢ᠌ᠯᠭᠠᠬᠤ᠎ᠵᠢ ᠠᠬᠢᠭᠤᠯᠵᠤ᠂ ᠰᠠᠬᠢᠯᠭ᠎ᠠ ᠪᠠᠲᠤ᠎ᠵᠢ ᠴᠢᠩᠭ᠎ᠠ ᠬᠡᠷᠡᠭᠵᠢᠭᠦᠯᠬᠦ᠌᠎ᠵᠢ ᠴᠢᠩᠭᠠᠳᠬᠠᠨ᠂ ᠰᠠᠬᠢᠯᠭ᠎ᠠ ᠪᠠᠲᠤ᠎ᠵᠢᠨ ᠬᠥᠮᠦᠵᠢᠭᠦᠯᠵᠦ᠍ ᠬᠢᠵᠠᠭᠠᠷᠯᠠᠬᠤ ᠪᠠ ᠪᠠᠲᠤᠯᠠᠵᠤ ᠤᠷᠮᠠᠰᠢᠭᠤᠯᠬᠤ ᠦᠢᠯᠡᠳᠦᠯ᠎ᠢ ᠶᠡᠷᠦᠩᠬᠡᠶ᠋ᠢᠯᠡᠨ ᠪᠠᠳᠠᠷᠠᠭᠤᠯᠬᠤ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠢᠯᠵᠢᠷᠡᠬᠦ᠌ ᠵᠣᠷᠢᠭ ᠦᠭᠡᠢ ᠢᠯᠵᠢᠷᠠᠵᠤ ᠳᠡᠶ᠋ᠢᠯᠬᠦ᠌ ᠦᠭᠡᠢ ᠢᠯᠵᠢᠷᠠᠬᠦ᠌᠎ᠵᠢ ᠪᠣᠳᠣᠬᠤ ᠦᠭᠡᠢ ᠪᠣᠯᠭᠠᠬᠤ᠎ᠵᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠴᠢᠬᠤᠯᠠ ᠠᠷᠭ᠎ᠠ ᠪᠤᠳᠤᠯᠭ᠎ᠠ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠮᠥᠨ᠃ ᠡᠷᠬᠡᠪᠰᠢ ᠠᠵᠢᠯᠴᠢᠠ ᠠᠡᠭᠬᠢ᠎ᠵᠢᠠ ᠪᠡ ᠬᠠᠮᠦᠬ᠎ᠤᠨ ᠦᠷᠭᠡᠠ ᠤᠯᠡᠠ ᠠᠷᠡᠦᠠ ᠲᠦᠮᠡᠠ᠎ᠦ ᠠᠰᠢᠬ ᠲᠤᠰᠠ ᠡᠴᠠ ᠭᠠᠳᠡᠨ᠎ᠡ ᠨᠡᠮ ᠳ᠋ᠦ᠍ ᠦᠪᠡᠷ᠎ᠤᠨ ᠤᠡᠴᠡᠭᠠᠢ ᠠᠰᠢᠬ ᠲᠤᠰᠠ ᠭᠡᠵᠦ᠍ ᠪᠡᠢ᠌ᠳᠡᠬ ᠦᠭᠡᠢ᠂ ᠨᠠᠮ ᠢᠯᠵᠢᠷᠡᠯ ᠯᠤᠭᠡ ᠭᠠᠯ ᠤᠰᠤ ᠰᠢᠭ᠋ ᠬᠠᠷᠰᠢᠯᠳᠤᠵᠤ ᠪᠠᠢ᠌ᠳᠠᠭ ᠭᠡᠳᠡᠭ᠎ᠢ ᠪᠠᠲᠤ᠌ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ ᠵᠢᠠᠷ ᠡᠷᠡᠰ ᠰᠠᠶ᠋ᠢᠲᠤᠷ ᠵᠠᠮᠨᠠᠵᠤ᠂ ᠢᠯᠵᠢᠷᠡᠯ᠎ᠢ ᠡᠰᠡᠷᠭᠦᠴᠡᠬᠦ᠌ ᠠᠵᠢᠯ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠵᠢ ᠴᠢᠩᠭᠠᠳᠬᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠵᠢ ᠵᠡᠷᠭᠡ᠎ᠪᠡᠷ ᠵᠠᠰᠠᠬᠤ᠂ ᠰᠢᠰᠲ᠋ᠧᠮ᠎ᠲᠡᠶ᠎ᠪᠡᠷ ᠵᠠᠰᠠᠬᠤ᠎ᠵᠢ ᠨᠠᠩ ᠢᠯᠡᠭᠦᠦ ᠴᠢᠬᠤᠯᠠᠴᠢᠯᠠᠵᠤ᠂ ᠴᠢᠩᠭ᠎ᠠ ᠵᠠᠯᠬᠠᠭᠠᠨ ᠰᠢ᠌ᠳᠬᠡᠬᠦ᠂ ᠨᠠᠷᠢᠯᠢᠭ ᠣᠨᠣᠴᠠᠲᠠᠶ ᠵᠠᠰᠠᠬᠤ᠂ ᠪᠦᠲᠦᠮᠵᠢᠲᠡᠶ ᠰᠡᠷᠭᠡᠶ᠋ᠢᠯᠡᠬᠦ᠂ ᠨᠢᠭᠡ ᠴᠣᠭᠴᠠᠵᠢᠭᠤᠯᠤᠨ ᠠᠳᠬᠤᠬᠤ᠎ᠵᠢ ᠪᠠᠷᠢᠮᠲᠠᠯᠠᠵᠤ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠡᠴᠦᠰ᠎ᠲᠦᠨᠢ ᠲᠤᠯᠲᠠᠯ᠎ᠠ ᠬᠢᠬᠦ᠌ ᠬᠡᠷᠡᠭᠲᠡᠢ᠃ ᠢᠯᠵᠢᠷᠠᠯ᠎ᠢ ᠵᠠᠯᠬᠠᠭᠠᠨ ᠰᠢ᠌ᠳᠭᠡᠬᠦ᠌ ᠲᠠᠯ᠎ᠠ ᠪᠡᠷ ᠬᠦᠴᠦᠳᠠᠢ ᠳᠠᠷᠤᠯᠲᠠ ᠦᠵᠡᠭᠦᠯᠬᠦ᠌ ᠪᠠᠶ᠋ᠢᠳᠠᠯ᠎ᠢ ᠪᠠᠲᠤᠯᠠᠵᠤ᠂ ᠡᠷᠬᠡ᠎ᠵᠢᠨ ᠠᠵᠢᠯᠯᠠᠭᠠᠨ᠎ᠤ ᠳᠤᠬᠠᠢ ᠬᠢᠵᠠᠭᠠᠷᠯᠠᠯ ᠪᠠ ᠬᠢᠨᠠᠯᠲᠠ᠎ᠵᠢ ᠴᠢᠩᠭᠠᠳᠬᠠᠨ᠂ ᠠᠷᠢᠭᠤᠨ ᠴᠢᠬᠡᠴᠢ ᠵᠢ ᠡᠷᠬᠢᠮᠯᠡᠨ ᠢᠯᠵᠢᠷᠠᠯ᠎ᠢ ᠡᠰᠡᠷᠭᠦᠴᠡᠬᠦ᠌ ᠦᠵᠡᠯ ᠰᠠᠨᠠᠭᠠᠨ᠎ᠤ ᠰᠠᠭᠤᠷᠢ᠎ᠵᠢ ᠪᠡᠬᠢᠵᠢᠬᠦᠯᠵᠦ᠍᠂ ᠢᠯᠵᠢᠷᠠᠬᠦ᠌ ᠵᠣᠷᠢᠭ ᠦᠭᠡᠢ ᠢᠯᠵᠢᠷᠠᠵᠤ ᠳᠡᠶ᠋ᠢᠯᠬᠦ᠌ ᠦᠭᠡᠢ ᠢᠯᠵᠢᠷᠠᠬᠦ᠌᠎ᠵᠢ ᠪᠣᠳᠣᠬᠤ ᠦᠭᠡᠢ ᠪᠣᠯᠭᠠᠬᠤ᠎ᠵᠢ ᠨᠢᠭᠡ ᠴᠤᠭᠴᠠᠵᠢᠭᠤᠯᠤᠨ ᠠᠬᠢᠭᠤᠯᠬᠤ᠎ᠵᠢᠨ ᠶᠡᠷᠦᠩᠬᠡᠶ᠋ᠢᠯᠡᠭᠰᠡᠨ ᠦᠢᠯᠡᠳᠦᠯ ᠴᠢᠳᠠᠪᠤᠷᠢ᠎ᠵᠢ ᠴᠢᠩᠭᠠᠳᠬᠠᠬᠤ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ ᠎ᠦᠨ ᠪᠠᠶ᠋ᠢᠭᠤᠯᠤᠯᠲᠠ᠎ᠵᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢᠨ ᠠᠯᠤᠰ ᠭᠡᠳᠤ ᠎ᠵᠢᠨ ᠪᠤᠳᠤᠯᠭ᠎ᠠ᠂ ᠦᠨᠳᠦᠰᠦᠨ ᠪᠤᠳᠤᠯᠭ᠎ᠠ ᠮᠥᠨ᠃ ᠡᠷᠬᠡᠪᠰᠢ ᠨᠠᠮ᠎ᠤᠨ ᠳᠦᠷᠢᠮ᠎ᠢ ᠪᠦᠬᠦ᠌ ᠨᠠᠮ᠎ᠤᠨ ᠦᠨᠳᠦᠰᠦᠨ ᠦᠢᠯᠡ ᠠᠵᠢᠯᠯᠠᠭᠠᠨ᠎ᠤ ᠵᠢᠷᠤᠮᠵᠢᠯ ᠪᠣᠯᠭᠠᠬᠤ᠎ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠎ᠵᠢᠨ ᠲᠦᠷᠢᠮ᠎ᠦᠨ ᠥᠭᠡᠷᠡᠴᠢᠯᠡᠯᠲᠡ᠎ᠵᠢ ᠭᠦᠨᠵᠡᠭᠡᠶ᠋ᠢᠷᠡᠭᠦᠯᠵᠦ᠍᠂ ᠬᠠᠤᠯᠢ ᠶᠣᠰᠣᠭᠠᠷ ᠤᠯᠤᠰ ᠵᠢᠠᠨ ᠵᠠᠰᠠᠬᠤ ᠪᠠ ᠲᠣᠭᠲᠠᠭᠠᠯ ᠶᠤᠰᠤᠭᠠᠷ ᠨᠠᠮ᠎ᠵᠢᠡᠨ ᠵᠠᠰᠠᠬᠤ᠎ᠵᠢ ᠣᠷᠭᠠᠨᠢᠭ ᠵᠢᠠᠷ ᠨᠢᠭᠡᠳᠬᠡᠬᠦ᠌᠎ᠵᠢ ᠠᠬᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠬᠦᠴᠦᠲᠡᠢ ᠲᠦᠷᠢᠮ᠎ᠦᠨ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ᠎ᠤᠨ ᠳᠣᠲᠣᠭᠠᠳᠤ᠎ᠵᠢᠨ ᠬᠠᠤᠯᠢ ᠲᠣᠭᠲᠠᠭᠠᠯ ᠲᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠵᠦ᠍᠂ ᠲᠦᠷᠢᠮ᠎ᠦᠨ ᠬᠡᠷᠡᠭᠵᠢᠭᠦᠯᠭᠦ᠌ ᠬᠦᠴᠦᠨ᠎ᠢ ᠴᠢᠩᠭᠠᠳᠬᠠᠨ᠂ ᠲᠡᠯᠳᠠ ᠲᠦᠷᠢᠮ᠎ᠢ ᠶᠡᠬᠡ᠎ᠪᠡᠷ ᠠᠷᠢᠯᠭᠠᠬᠤ ᠬᠡᠷᠡᠭᠳᠠᠢ᠃

ᠪᠦᠬᠦᠳᠡ ᠬᠤᠷᠠᠯ ᠡᠴᠡ ᠳᠤᠷᠠᠳᠤᠨ ᠭᠠᠷᠭᠠᠭᠰᠠᠨ ᠨᠢ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ᠂ ᠡᠷᠬᠡᠪᠰᠢ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠵᠢᠨ ᠪᠥᠬᠥ᠌ ᠲᠠᠯ᠎ᠠ᠎ᠵᠢᠨ ᠬᠢᠨᠠᠯᠲᠠ᠎ᠵᠢ ᠪᠣᠳᠠᠲᠠᠶ᠋ᠢᠵᠢᠭᠤᠯᠵᠦ᠍᠂ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠠᠵᠢᠯ᠎ᠤᠨ ᠳᠠᠪᠬᠤᠷ ᠤᠳᠤᠷᠢᠳᠬᠤ ᠪᠠᠶ᠋ᠢᠭᠤᠯᠤᠯ᠎ᠢ ᠲᠡᠭᠦᠯᠳᠡᠷᠵᠢᠭᠦᠯᠦᠨ᠂ ᠨᠠᠮ᠎ᠤᠨ ᠲᠤᠳᠤᠭᠠᠳᠤ᠎ᠵᠢᠨ ᠬᠢᠨᠠᠯᠲᠠ᠎ᠵᠢ ᠡᠯ᠎ᠡ ᠲᠠᠯ᠎ᠠ᠎ᠵᠢᠨ ᠬᠢᠨᠠᠯᠲᠠ᠎ᠯᠤᠭ᠎ᠠ ᠭᠦᠨᠵᠡᠭᠡᠶ ᠠᠭᠤᠰᠤᠯᠴᠠᠭᠤᠯᠬᠤ ᠪᠠ ᠥᠨᠳᠥᠷ ᠪᠦᠲᠦᠮᠵᠢᠲᠡᠶ ᠬᠤᠯᠪᠤᠯᠳᠤᠭᠤᠯᠤᠨ ᠬᠥᠳᠡᠯᠦᠯᠴᠡᠬᠦᠯᠬᠦ᠌᠎ᠵᠢ ᠠᠬᠢᠭᠤᠯᠵᠤ᠂ ᠲᠣᠭᠣᠷᠢᠨ ᠪᠠᠶ᠋ᠢᠴᠠᠭᠠᠯᠲᠠ᠎ᠵᠢᠨ ᠶᠡᠷᠦᠩᠬᠡᠶ᠋ᠢᠯᠡᠭᠰᠡᠨ ᠬᠢᠨᠠᠯᠲᠠ᠎ᠵᠢᠨ ᠬᠤᠷᠴᠠ ᠰᠡᠯᠡᠮ᠎ᠡ᠎ᠵᠢᠨ ᠦᠢᠯᠡᠳᠦᠯ᠎ᠢ ᠪᠠᠳᠠᠷᠠᠭᠤᠯᠬᠤ ᠬᠡᠷᠡᠭᠳᠠᠢ᠃

ᠪᠥᠬᠥᠳᠡ ᠬᠤᠷᠠᠯ᠎ᠡᠴᠠ ᠴᠢᠬᠤᠯᠠᠴᠢᠯᠠᠭᠰᠠᠨ ᠨᠢ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠪᠣᠯ ᠪᠦᠬᠦ᠌ ᠨᠠᠮ᠎ᠤᠨ ᠬᠠᠮᠲᠤ᠎ᠵᠢᠨ ᠤᠯᠤᠰ ᠲᠦᠷᠦ᠎ᠵᠢᠨ ᠬᠠᠷᠢᠭᠤᠴᠠᠯᠭ᠎ᠠ ᠮᠥᠨ᠃ ᠡᠷᠬᠡᠪᠰᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠵᠢᠨ ᠳᠦᠷᠢᠮ᠎ᠤᠨ ᠵᠠᠩᠭᠢᠯᠠᠭ᠎ᠠ᠎ᠵᠢ ᠠᠳᠬᠤᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠬᠦ᠂ ᠨᠢᠭᠡᠳᠦᠯᠲᠡᠶ ᠵᠣᠬᠢᠴᠠᠭᠤᠯᠬᠤ ᠬᠠᠷᠢᠭᠤᠴᠠᠯᠭ᠎ᠠ᠎ᠵᠢᠨ ᠰᠢᠰᠲ᠋ᠧᠮ᠎ᠢ ᠪᠦᠷᠢᠨᠰᠢᠭᠦᠯᠦᠨ᠂ ᠬᠠᠷᠢᠭᠤᠴᠠᠯᠭ᠎ᠠ᠎ᠵᠢ ᠨᠠᠶ᠋ᠢᠳᠠᠪᠤᠷᠢᠵᠢᠭᠤᠯᠤᠭᠰᠠᠨ᠎ᠢ ᠰᠢᠯᠭᠠᠨ ᠦᠨᠡᠯᠡᠬᠦ᠌ ᠲᠣᠭᠲᠠᠴᠠ᠎ᠵᠢ ᠰᠢᠯᠢᠳᠡᠭᠵᠢᠭᠦᠯᠵᠦ᠍᠂ ᠨᠠᠮ ᠎ᠢ ᠬᠠᠮᠢᠶᠠᠷᠴᠤ᠌ ᠨᠠᠮ᠎ᠢ ᠵᠠᠰᠠᠬᠰᠠᠨ᠎ᠵᠢᠡᠷ ᠳᠤᠷᠪᠢ ᠮᠠᠭᠤᠳᠠᠢ᠂ ᠬᠦᠨᠳᠦ ᠨᠣᠴᠢᠲᠠᠶ ᠠᠰᠠᠭᠤᠳᠠᠯ ᠭᠠᠷᠤᠭᠰᠠᠨ ᠪᠠᠶ᠋ᠢᠪᠠᠯ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠳᠠᠢ᠃

ᠪᠥᠬᠥᠳᠡ ᠬᠤᠷᠠᠯ᠎ᠡᠴᠠ ᠵᠢᠭᠠᠵᠤ ᠭᠠᠷᠭᠠᠭᠰᠠᠨ ᠨᠢ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠵᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠪᠣᠯ ᠤᠳᠤᠬᠠᠨ᠎ᠤ ᠪᠠ ᠬᠤᠶ᠋ᠢᠰᠢᠲᠠ᠎ᠵᠢᠨ ᠨᠢᠭᠡ ᠬᠤᠭᠤᠴᠠᠭᠠᠨ᠎ᠤ ᠪᠦᠬᠦ᠌ ᠨᠠᠮ᠎ᠤᠨ ᠴᠢᠬᠤᠯᠠ ᠶᠡᠬᠡ ᠤᠯᠤᠰ ᠲᠦᠷᠦ᠎ᠵᠢᠨ ᠡᠭᠦᠷᠭᠡ ᠪᠤᠯᠤᠨ᠎ᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠵᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠵᠣᠬᠢᠶᠠᠨ ᠪᠠᠶ᠋ᠢᠭᠤᠯᠤᠯᠲᠠ᠎ᠵᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠲᠤᠪᠤᠢ᠌ᠮ᠎ᠠ ᠠᠰᠠᠭᠤᠳᠠᠯ᠎ᠢ ᠰᠢ᠌ᠳᠪᠦᠷᠢᠯᠡᠬᠦ᠌ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ 《ᠲᠣᠭᠲᠠᠭᠠᠯ》᠎᠎ᠤ᠋ᠨ ᠡᠯ᠎ᠡ ᠵᠦᠢᠯ᠎ᠦᠨ ᠪᠠᠶ᠋ᠢᠷᠢᠯᠠᠭᠤᠯᠤᠯᠲᠠ ᠎ᠵᠢ ᠪᠤᠲᠠᠲᠠᠢ ᠭᠠᠵᠠᠷ ᠲᠤᠨᠢ ᠨᠠᠶ᠋ᠢᠳᠠᠪᠤᠷᠢᠵᠢᠭᠤᠯᠬᠤ᠎ᠵᠢ ᠠᠬᠢᠭᠤᠯᠬᠤ ᠬᠡᠷᠡᠭᠳᠠᠢ᠃

ᠪᠥᠬᠥᠳᠡ ᠬᠤᠷᠠᠯ᠎ᠡᠴᠠ ᠴᠢᠬᠤᠯᠠᠴᠢᠯᠠᠭᠰᠠᠨ ᠨᠢ᠂ ᠵᠢᠯ᠎ᠤᠨ ᠡᠴᠤᠰ ᠪᠠ ᠵᠢᠯ᠎ᠤᠨ ᠡᠭᠢᠨ᠎ᠤ ᠡᠯ᠎ᠡ ᠵᠦᠢᠯ᠎ᠦᠨ ᠠᠵᠢᠯ᠎ᠢ ᠰᠠᠶ᠋ᠢᠲᠤᠷ ᠬᠢᠬᠦ᠌  ᠬᠡᠷᠡᠭᠲᠡᠶ᠃ ᠲᠣᠭᠲᠠᠭᠤᠨ ᠪᠠᠶ᠋ᠢᠯᠭᠠᠬᠤ᠎ᠵᠢᠨ ᠵᠡᠷᠭᠡ᠎ᠳᠦ ᠤᠷᠤᠭᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠵᠢᠨ ᠤᠢ᠌ᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ᠎ᠵᠢᠨ ᠪᠠᠶ᠋ᠢᠷᠢᠰᠢᠯ᠎ᠢ ᠲᠦᠷᠭᠡᠯᠡᠨ ᠪᠠᠶ᠋ᠢᠭᠤᠯᠵᠤ᠂ ᠬᠣᠷᠸ᠎ᠠ ᠲᠦᠷᠦ᠎ᠵᠢᠨ ᠪᠤᠳᠤᠯᠭ᠎ᠠ᠎ᠵᠢ ᠰᠠᠶ᠋ᠢᠨ ᠪᠦᠭᠡᠳ ᠭᠦᠢᠴᠡᠳ ᠬᠡᠷᠡᠭᠯᠡᠨ᠂ ᠳᠣᠲᠣᠭᠠᠳᠤ ᠬᠡᠷᠡᠭᠴᠡᠭᠡ᠎ᠵᠢᠨ ᠲᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠥᠭᠡᠷᠡᠴᠢᠯᠡᠯᠲᠡ ᠨᠡᠭᠡᠭᠡᠯᠲᠡ᠎ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠠᠵᠤ ᠠᠬᠤᠢ᠎ᠵᠢᠨ ᠦᠷᠭᠦᠯᠵᠢᠯᠡᠨ ᠰᠢᠨ᠎ᠠ ᠲᠡᠢ᠌ᠰᠢ ᠰᠢᠯᠢᠳᠡᠭ ᠲᠡᠢ᠌ᠰᠢ ᠰᠠᠢ᠌ᠨ ᠳᠠᠢ᠌ᠰᠢ ᠬᠥᠭᠵᠢᠬᠦ᠌᠎ᠵᠢ ᠠᠬᠢᠭᠤᠯᠵᠤ᠂ ᠡᠨᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠵᠢᠨ ᠭᠤᠤᠯ ᠭᠤᠤᠯ ᠬᠠᠷᠠᠯᠲᠠ ᠡᠭᠦᠷᠭᠡ᠎ᠵᠢ ᠪᠡᠶᠡᠯᠡᠭᠦᠯᠬᠦ᠌᠎ᠵᠢ ᠦᠨᠡᠨ ᠬᠦ᠌ ᠪᠠᠲᠤᠯᠠᠨ᠂《 ᠠᠷᠪᠠᠨ ᠲᠠᠪᠤᠳᠤᠭᠠᠷ ᠲᠠᠪᠤᠨ ᠵᠢᠯ᠎ᠦ᠋ᠨ ᠳᠥᠯᠥᠪᠵᠢᠭᠥᠯᠭᠡ》 ᠵᠢᠠ ᠰᠠᠶ᠋ᠢᠨ ᠡᠬᠢᠯᠡᠯᠲᠡ᠎ᠵᠢ ᠪᠡᠶᠡᠯᠡᠭᠦᠯᠬᠦ ᠬᠡᠷᠡᠭᠳᠡᠢ᠃ ᠬᠦᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠨ᠂ ᠲᠦᠭᠡᠮᠡᠯ ᠬᠠᠷᠠᠭᠠᠯᠵᠠᠯᠳᠦ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ᠎ᠵᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ᠂ ᠭᠠᠮᠰᠢᠭ᠎ᠢ ᠰᠡᠷᠭᠡᠶ᠋ᠢᠯᠡᠬᠦ᠌ ᠭᠠᠮᠰᠢᠭ᠎ᠢ ᠪᠠᠭᠠᠰᠬᠠᠬᠤ ᠭᠠᠮᠰᠢᠭ᠎ᠡᠴᠠ ᠠᠪᠤᠷᠠᠬᠤ᠂ ᠢᠳᠡᠭᠡᠨ᠎ᠤ ᠵᠦᠢᠯ ᠡᠮ᠎ᠦᠨ ᠵᠦᠢᠯ᠎ᠦᠨ ᠠᠮᠤᠷ ᠲᠦᠪᠰᠢᠨ ᠪᠠ ᠨᠡᠶ᠋ᠢᠭᠡᠮ᠎ᠢ ᠲᠣᠭᠲᠠᠭᠤᠨ ᠪᠠᠶ᠋ᠢᠯᠭᠠᠬᠤ ᠠᠵᠢᠯ᠎ᠢ ᠰᠠᠶ᠋ᠢᠲᠤᠷ ᠬᠢᠬᠦ ᠬᠡᠷᠡᠭᠳᠡᠢ᠃ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠵᠥᠪ ᠦᠵᠡᠯᠲᠡ᠎ᠵᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠦᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠵᠦ᠍᠂ ᠬᠤᠭᠤᠴᠠᠭ᠎ᠠ ᠰᠣᠯᠢᠬᠤ ᠯᠤᠭ᠎ᠠ ᠤᠶᠠᠯᠳᠤᠭᠤᠯᠤᠨ ᠰᠢᠨ᠎ᠡ ᠪᠡᠷ ᠲᠤᠰᠢᠶᠠᠯ ᠡᠭᠦᠷᠭᠡᠯᠡᠬᠦ᠌ ᠤᠳᠤᠷᠢᠳᠬᠤ ᠪᠠᠭ᠎ᠤᠨ ᠪᠦᠷᠢᠯᠳᠦᠬᠦᠨ ᠤᠨᠴᠠᠭᠠᠢ᠌ᠯᠠᠨ 《ᠨᠢᠭᠡᠳᠦᠭᠡᠷ ᠭᠠᠷ》᠎᠎ᠤ᠋ᠨ ᠵᠠᠰᠠᠭ᠎ᠤᠨ ᠠᠵᠢᠯ᠎ᠤᠨ ᠠᠮᠵᠢᠯᠲᠠ᠎ᠵᠢᠨ ᠲᠤᠬᠠᠶ ᠦᠵᠡᠯᠲᠡ᠎ᠵᠢᠨ ᠪᠣᠯᠪᠠᠰᠤᠷᠠᠭᠤᠯᠤᠯ᠎ᠢ ᠰᠠᠶ᠋ᠢᠲᠤᠷ ᠠᠳᠬᠤᠵᠤ᠂ ᠲᠡᠳᠡᠨ᠎ᠤ ᠨᠡᠢ᠌ᠲᠡ ᠵᠢᠨ ᠲᠥᠯᠥᠭᠡ ᠨᠠᠮ ᠪᠠᠢ᠌ᠭᠤᠯᠬᠤ᠂ ᠠᠷᠠᠳ ᠲᠦᠮᠡᠨ ᠳ᠋ᠤ ᠪᠤᠶᠠᠨ ᠦᠢᠯᠡᠳᠬᠦ᠂ ᠰᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠶ ᠠᠵᠢᠯᠯᠠᠬᠤ᠎ᠵᠢ ᠤᠬᠠᠮᠰᠠᠷ ᠡᠴᠡ ᠪᠡᠨ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠠᠮᠵᠢᠯᠲᠠ ᠭᠠᠷᠭᠠᠬᠤ᠂ ᠪᠣᠳᠠᠲᠠᠶ   ᠠᠵᠢᠯᠯᠠᠵᠤ ᠪᠠᠶ᠋ᠢᠭᠠᠳ ᠵᠠᠰᠠᠭ᠎ᠤᠨ ᠠᠵᠢᠯ᠎ᠤᠨ ᠠᠮᠵᠢᠯᠲᠠ ᠭᠠᠷᠭᠠᠬᠤ ᠪᠡᠷ ᠴᠢᠷᠮᠠᠢ᠌ᠬᠤ᠎ᠵᠢ ᠬᠥᠮᠦᠵᠢᠭᠦᠯᠵᠥ᠍ ᠬᠥᠲᠥᠯᠥᠨ ᠵᠢᠯᠣᠭᠣᠳᠬᠤ ᠬᠡᠷᠡᠭᠳᠡᠢ᠃

ᠪᠥᠬᠥᠳᠡ ᠬᠤᠷᠠᠯ ᠡᠴᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠤᠷᠢᠨ ᠨᠢᠬᠡᠳᠦᠬᠡᠷ ᠤᠳᠠᠭ᠎ᠠ ᠵᠢᠨ ᠪᠦᠬᠦ᠌ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ 2027 ᠣᠨ᠎ᠤ ᠳᠣᠤᠷ᠎ᠠ ᠬᠠᠭᠠᠰ ᠵᠢᠯ ᠪᠡᠭᠡᠵᠢᠩ ᠳ᠋ᠤ ᠬᠤᠷᠠᠯᠳᠤᠭᠤᠯᠬᠤ ᠪᠡᠷ ᠲᠣᠭᠲᠠᠭᠠᠪᠠ᠃ ᠪᠦᠬᠥᠳᠡ ᠬᠤᠷᠠᠯ ᠡᠴᠡ ᠦᠵᠡᠭᠰᠡᠨ ᠨᠢ᠂ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ ᠪᠣᠯ ᠮᠠᠨ᠎ᠤ ᠨᠠᠮ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠵᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠵᠢᠨ ᠬᠤᠭᠤᠴᠠᠭᠠᠨ᠎ᠳᠦ᠂ ᠬᠣᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢ᠌ᠰᠢ ᠤᠷᠤᠭᠰᠢᠯᠠᠬᠤ ᠰᠢᠨ᠎ᠠ ᠠᠶᠠᠨ ᠵᠠᠮ ᠳᠡᠭᠡᠷ᠎ᠡ ᠬᠤᠷᠠᠯᠳᠤᠭᠤᠯᠬᠤ ᠨᠢᠭᠡ ᠤᠳᠠᠭᠠᠨ᠎ᠤ ᠮᠠᠰᠢ ᠴᠢᠬᠤᠯᠠ ᠲᠥᠯᠥᠭᠡᠯᠡᠭᠴᠢᠳ᠎ᠤᠨ ᠶᠡᠭᠡ ᠬᠤᠷᠠᠯ ᠪᠤᠯᠤᠨ᠎ᠠ᠂ ᠨᠠᠮ ᠪᠠ ᠲᠦᠷᠦ᠍ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠨᠢᠭᠡᠨ ᠶᠡᠬᠡ ᠶᠠᠪᠤᠳᠠᠯ ᠮᠥᠨ᠃ ᠪᠦᠬᠦ᠌ ᠨᠠᠮ ᠵᠢᠡᠷ ᠵᠢᠡᠨ ᠪᠦᠬᠦ᠌ ᠤᠯᠤᠰ᠎ᠤᠨ ᠦᠨᠳᠦᠰᠦᠲᠡᠨ ᠨᠤᠬᠥᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠦᠮᠡᠨ ᠤᠯᠠᠨ ᠵᠢᠠᠷ ᠵᠢᠠᠨ ᠰᠡᠳᠬᠢᠯ ᠨᠢᠭᠡᠳᠴᠦ᠍᠂ ᠬᠦᠴᠦ᠎ᠪᠡᠨ ᠬᠠᠮᠲᠤᠳᠬᠠᠨ ᠤᠷᠤᠭᠰᠢᠯᠠᠨ ᠳᠠᠪᠰᠢᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠵᠢ ᠦᠨᠳᠦᠰᠦᠨ᠎ᠳᠡᠭᠡᠨ ᠪᠡᠶᠡᠯᠡᠭᠦᠯᠬᠦ᠌᠎ᠵᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢᠨ ᠠᠭᠤᠤ ᠦᠢᠯᠡᠰ᠎ᠢ ᠪᠦᠬᠦ᠌ ᠲᠠᠯ᠎ᠠ ᠪᠡᠷ ᠠᠬᠢᠭᠤᠯᠬᠤ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠨ ᠨᠡᠬᠡᠬᠡᠵᠦ᠍᠂ ᠪᠣᠳᠠᠲᠤ᠌ ᠠᠵᠢᠯᠯᠠᠭ᠎ᠠ᠎ᠪᠠᠷ ᠵᠢᠠᠨ ᠨᠠᠮ᠎ᠤᠨ ᠬᠤᠷᠢᠨ ᠨᠢᠬᠡᠳᠦᠬᠡᠷ ᠶᠡᠬᠡ ᠬᠤᠷᠠᠯ᠎ᠤᠨ ᠢᠯᠠᠯᠲᠠ᠎ᠲᠠᠶ ᠪᠡᠷ ᠬᠤᠷᠠᠯᠳᠤᠬᠤ᠎ᠵᠢ ᠤᠭᠲᠤᠬᠤ ᠬᠡᠷᠡᠭᠲᠡᠢ᠃

ᠪᠦᠭᠦᠳᠡ ᠬᠤᠷᠠᠯ᠎ᠡᠴᠡ ᠵᠠᠩ ᠱᠸᠩ ᠮᠢᠨ᠎ᠢ ᠳᠦᠪ ᠬᠤᠷᠢᠶᠠᠨ᠎ᠦ ᠤᠯᠤᠰ ᠳᠦᠷᠦ᠎ᠵᠢᠨ ᠳᠤᠪᠴᠢᠶᠠᠨ᠎ᠦ ᠭᠡᠰᠢᠬᠦᠨ ᠵᠢᠠᠷ ᠨᠡᠮᠡᠨ ᠰᠤᠩᠭᠤᠪᠠ᠃

ᠪᠥᠬᠥᠳᠡ ᠬᠤᠷᠠᠯ ᠡᠴᠡ ᠨᠠᠮ᠎ᠤᠨ ᠲᠦᠷᠢᠮ᠎ᠦᠨ ᠲᠣᠭᠲᠠᠭᠠᠯ ᠶᠣᠰᠣᠭᠠᠷ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ ᠯᠤ᠌ ᠳ᠋ᠦᠩ ᠯᠢᠶᠠᠩ᠂  ᠪᠤᠤ ᠭᠠᠩ᠂ ᠰᠢᠩ ᠱᠠᠨ ᠫᠢᠩ᠂ ᠴᠢᠦᠢ ᠶᠢᠩ ᠫᠦ᠋᠂ ᠯᠢᠦᠢ ᠵᠢᠶᠦᠨ᠂ ᠵᠦ᠍ ᠲᠢᠶᠠᠨ ᠱᠦ᠍᠂ ᠵᠦ᠍ ᠭᠦᠸᠸ ᠰᠢᠶᠠᠨ᠂ ᠯᠢᠦ ᠵᠢᠶᠦ᠋ᠨ᠂ ᠯᠢᠦ ᠵᠢᠶᠸ᠂  ᠯᠢᠦ ᠴᠢᠶᠠᠩ᠎ᠢ ᠲᠦᠪ ᠬᠤᠷᠢᠶᠠᠨ᠎ᠤ ᠬᠡᠰᠢᠬᠦᠨ᠎ᠵᠢᠡᠷ ᠳᠠᠷᠠᠭᠠᠯᠠᠨ ᠨᠦᠬᠦᠬᠦ᠌ ᠪᠡᠷ ᠳᠤᠭᠳᠠᠭᠠᠪᠠ᠃

ᠪᠥᠬᠥᠳᠡ ᠬᠤᠷᠠᠯ᠎ᠡᠴᠠ ᠮᠠ ᠰᠢᠩ ᠷᠦᠢ᠂ ᠯᠠᠨ ᠲᠢᠶᠠᠨ ᠯᠢ᠂ ᠯᠢᠦ ᠵᠢᠶᠠᠨ ᠴᠤᠤ᠂ ᠸᠠᠩ ᠯᠢ ᠰᠢᠶᠠ᠂ ᠵᠢᠨ ᠵᠤᠸᠠᠩ ᠯᠦᠩ᠂ ᠯᠸᠢ ᠹᠠᠨ ᠫᠸᠢ᠂ ᠢ ᠬᠤᠢ ᠮᠠᠨ᠂ ᠸᠠᠩ ᠰᠢᠶᠠᠩ ᠰᠢ᠂ ᠰᠦᠨ ᠱᠤᠤ ᠴᠧᠩ᠂ ᠯᠢ ᠶᠦᠨ ᠽᠸ᠂ ᠹᠸᠢ ᠳ᠋ᠦᠩ ᠪᠢᠨ᠂ ᠡᠦ ᠱᠸᠩ ᠬᠤᠸᠠ᠂ ᠢᠤᠢ ᠵᠢᠶᠠᠨ ᠹᠸᠩ᠂ ᠶᠤᠸᠠᠨ ᠵᠢᠶᠸ᠂ ᠵᠠᠩ ᠵᠦᠩ ᠶᠠᠩ᠂ ᠸᠸᠨ ᠭᠠᠩ᠂ ᠵᠢᠨ ᠳ᠋ᠦᠩ ᠬᠠᠨ᠂ ᠹᠠᠩ ᠬᠤᠩ ᠸᠸᠢ᠎ᠵᠢᠨ ᠰᠠᠬᠢᠯᠭ᠎ᠠ ᠪᠠᠲᠦ᠍ ᠬᠠᠤᠯᠢ ᠴᠠᠭᠠᠵᠠ᠎ᠡᠴᠡ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠰᠠᠬᠢᠯᠭ᠎ᠠ ᠪᠠᠳᠤ ᠪᠠᠢ᠌ᠴᠠᠭᠠᠬᠤ ᠬᠣᠷᠢᠶᠠᠨ᠎ᠤ ᠬᠢᠨᠠᠨ ᠪᠠᠶ᠋ᠢᠴᠠᠭᠠᠭᠰᠠᠨ ᠮᠡᠳᠡᠭᠦᠯᠦᠯᠲᠡ᠎ᠵᠢ ᠬᠢᠨᠠᠨ ᠶᠠᠷᠢᠯᠴᠠᠵᠤ ᠪᠠᠲᠤᠯᠠᠪᠠ᠂ ᠵᠠᠩ ᠶᠢᠦ ᠰᠢᠶᠠ᠂ ᠯᠢᠦ ᠵᠧᠨ ᠯᠢ᠂ ᠸᠠᠩ ᠷᠸᠨ ᠬᠤᠸᠠ᠂  ᠯᠢᠦ ᠴᠢᠩ ᠰᠦᠩ᠂ ᠬᠤᠸᠠᠩ ᠮᠢᠩ᠂ ᠯᠢ ᠴᠢᠶᠤᠤ ᠮᠢᠩ᠂ ᠯᠢ ᠸᠧᠢ᠂ ᠵᠠᠩ ᠬᠤᠩ ᠪᠢᠩ᠂ ᠸᠠᠩ ᠬᠠᠢ ᠵᠢᠶᠠᠩ᠂ ᠵᠠᠩ ᠯᠢᠨ᠂ ᠸᠠᠩ ᠫᠧᠩ᠂  ᠯᠢᠦ ᠹᠠ ᠴᠢᠩ᠂ ᠶᠠᠩ ᠴᠧᠩ᠂ ᠵᠦᠩ ᠱᠤᠤ ᠵᠢᠶᠦ᠋ᠨ᠂ ᠵᠤᠤ ᠰᠢᠶᠤᠤ ᠵᠸ᠂ ᠹᠠᠩ ᠶᠦᠩ ᠰᠢᠶᠠᠩ᠎ᠦᠨ ᠰᠠᠬᠢᠯᠭ᠎ᠠ ᠪᠠᠲᠦ᠍ ᠬᠠᠤᠯᠢ ᠴᠠᠭᠠᠵᠠ᠎ᠡᠴᠡ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ᠎ᠤᠨ ᠲᠤᠬᠠᠶ ᠳᠤᠮᠳᠠᠲᠤ᠌ ᠤᠯᠤᠰ᠎ᠤᠨ ᠡᠪ ᠬᠠᠮᠲᠤ᠌ ᠨᠠᠮ᠎ᠤᠨ ᠲᠦᠪ ᠬᠤᠷᠢᠶᠠᠨ᠎ᠤ ᠴᠡᠷᠢᠭ᠎ᠦᠨ ᠶᠠᠪᠤᠳᠠᠯ᠎ᠤᠨ ᠬᠤᠷᠢᠶᠠᠨ᠎ᠤ ᠬᠢᠨᠠᠨ ᠪᠠᠶ᠋ᠢᠴᠠᠭᠠᠭᠰᠠᠨ ᠮᠡᠳᠡᠭᠦᠯᠦᠯᠲᠡ᠎ᠵᠢ ᠬᠢᠨᠠᠨ ᠶᠠᠷᠢᠯᠴᠠᠵᠤ ᠪᠠᠲᠤᠯᠠᠪᠠ᠂ ᠲᠥᠪ ᠬᠣᠷᠢᠶᠠᠨ᠎ᠤ ᠤᠯᠤᠰ ᠲᠦᠷᠦ᠎ᠵᠢᠨ ᠲᠣᠪᠴᠢᠶᠠᠨ ᠡᠴᠡ ᠲᠦᠷᠦᠭᠦᠬᠡᠨ ᠭᠠᠷᠭᠠᠭᠰᠠᠨ ᠮᠠ ᠰᠢᠩ ᠷᠦᠢ᠂ ᠵᠠᠩ ᠶᠢᠦ ᠰᠢᠶᠠ᠂ ᠯᠢᠦ ᠵᠧᠨ ᠯᠢ᠂ ᠯᠠᠨ ᠲᠢᠶᠠᠨ ᠯᠢ᠂ ᠯᠢᠦ ᠵᠢᠶᠠᠨ ᠴᠤᠤ᠂ ᠸᠠᠩ ᠯᠢ ᠰᠢᠶᠠ᠂  ᠵᠢᠨ ᠵᠤᠸᠠᠩ ᠯᠦᠩ᠂ ᠯᠸᠢ ᠹᠠᠨ ᠫᠸᠢ᠂ ᠢ ᠬᠤᠢ ᠮᠠᠨ᠂ ᠸᠠᠩ ᠰᠢᠶᠠᠩ ᠰᠢ᠂ ᠰᠦᠨ ᠱᠤᠤ ᠴᠧᠩ᠂ ᠸᠠᠩ ᠷᠸᠨ ᠬᠤᠸᠠ᠂ ᠯᠢᠦ ᠴᠢᠩ ᠰᠦᠩ᠂   ᠬᠤᠸᠠᠩ ᠮᠢᠩ᠂ ᠯᠢ ᠴᠢᠶᠤᠤ ᠮᠢᠩ᠂ ᠯᠢ ᠸᠧᠢ᠂ ᠵᠠᠩ ᠬᠤᠩ ᠪᠢᠩ᠂ ᠸᠠᠩ ᠬᠠᠢ ᠵᠢᠶᠠᠩ᠂ ᠵᠠᠩ ᠯᠢᠨ᠂ ᠸᠠᠩ ᠫᠧᠩ᠂ ᠯᠢᠦ ᠹᠠ ᠴᠢᠩ᠂ ᠶᠠᠩ ᠴᠧᠩ᠂ ᠵᠦᠩ ᠱᠤᠤ ᠵᠢᠶᠦ᠋ᠨ᠂ ᠵᠤᠤ ᠰᠢᠶᠤᠤ ᠵᠸ᠂ ᠹᠸᠢ ᠳ᠋ᠦᠩ ᠪᠢᠨ᠂ ᠡᠦ ᠱᠸᠩ ᠬᠤᠸᠠ᠂ ᠢᠤᠢ ᠵᠢᠶᠠᠨ ᠹᠸᠩ᠂ ᠶᠤᠸᠠᠨ ᠵᠢᠶᠸ᠂ ᠵᠠᠩ ᠵᠦᠩ ᠶᠠᠩ᠂  ᠸᠸᠨ ᠭᠠᠩ᠂ ᠵᠢᠨ ᠳ᠋ᠦᠩ ᠬᠠᠨ᠂ ᠹᠠᠩ ᠬᠤᠩ ᠸᠸᠢ᠂ ᠹᠠᠩ ᠶᠦᠩ ᠰᠢᠶᠠᠩ᠎ᠳᠤ ᠦᠭᠭᠦᠭᠰᠡᠨ ᠨᠠᠮ᠎ᠡᠴᠠ ᠬᠥᠭᠡᠭᠡᠬᠦ᠌ ᠰᠢ᠌ᠳᠬᠡᠯ᠂ ᠯᠢ ᠶᠦᠨ ᠽᠸ᠎ᠳᠤ ᠦᠭᠬᠦᠭᠰᠡᠨ ᠨᠠᠮ᠎ᠤᠨ ᠳᠣᠲᠣᠭᠠᠳᠤ᠎ᠵᠢᠨ ᠲᠤᠰᠢᠶᠠᠯ᠎ᠡᠴᠠ ᠨᠢ ᠤᠭᠴᠤᠷᠠᠭᠤᠯᠬᠤ ᠰᠢ᠌ᠳᠬᠡᠯ᠎ᠢ ᠨᠤᠳᠠᠯᠠᠪᠠ᠃

ᠪᠦᠬᠦᠳᠡ ᠬᠤᠷᠠᠯ ᠡᠴᠡ ᠤᠷᠢᠶᠠᠯᠠᠭᠰᠠᠨ ᠨᠢ᠂ ᠪᠦᠬᠦ᠌ ᠨᠠᠮ ᠵᠢᠠᠷ ᠵᠢᠠᠨ ᠰᠢ ᠵᠢᠨ ᠫᠢᠩ ᠨᠥᠬᠥᠷ ᠵᠢᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ ᠪᠦᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠶᠤᠨ ᠴᠢᠳᠠᠯ ᠵᠢᠠᠨ ᠰᠢᠪᠬᠠᠨ ᠤᠯᠤᠰ ᠤᠷᠤᠨ ᠵᠢᠠᠨ ᠵᠠᠰᠠᠵᠤ᠂ ᠬᠦᠴᠦᠷᠬᠡᠭᠵᠢᠬᠦ᠌᠎ᠪᠡᠷ ᠬᠦᠴᠦᠯᠡᠨ ᠴᠢᠷᠮᠠᠶ᠋ᠢᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠬᠦᠷᠢᠳᠡ ᠪᠠᠷᠢᠮᠳᠠᠯᠠᠨ ᠠᠬᠢᠭᠤᠯᠵᠤ᠂ ᠰᠢᠨ᠎ᠡ ᠴᠠᠭ ᠦᠶ᠎ᠡ᠎ᠵᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠬᠥᠭᠵᠢᠭᠦᠯᠦᠨ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ ᠪᠡᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠵᠢ ᠪᠦᠬᠦ᠌ ᠲᠠᠯ᠎ᠠ᠎ᠪᠠᠷ ᠠᠬᠢᠭᠤᠯᠬᠤ᠎ᠵᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ᠃

(ᠲᠤᠮᠳᠠᠳᠤ ᠤᠯᠤᠰ ᠎ᠤᠨ ᠦᠨᠳᠦᠰᠦᠳᠡᠨ ᠎ᠤ  ᠬᠡᠯᠡᠡ ᠎ᠤ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ᠂ ᠰᠢᠨᠬᠤᠸᠠ ᠬᠤᠷᠢᠶᠠᠠ᠎ᠤ ᠪᠡᠬᠡᠵᠢᠩ᠎ᠤᠨ 10 ᠰᠠᠷ᠎ᠠ ᠵᠢᠨ 29 ᠤ᠋ ᠴᠠᠬᠢᠯᠭᠠᠨ ᠮᠡᠳᠡᠬᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面