> ᠲᠤᠰᠬᠠᠢ ᠮᠡᠳᠡᠭᠡᠯᠡᠯ

2026-11-02 14:20:17

ᠵᠣᠬᠢᠶᠠᠭ᠍ᠴᠢ᠄ ​ ᠹᠸᠩ ᠰᠢᠤᠸᠠᠢ ᠢᠦᠢ ᠱᠤᠸᠠᠢ ᠵᠧᠩ ᠰᠦᠨ ᠯᠢᠦ ᠭᠤᠤ ᠬᠤᠢ ᠬᠤᠤ ᠵᠢᠶᠠ ᠯᠢ ᠠᠨ᠎ᠶ᠌ᠢᠨ ᠳ᠋ᠦᠩ ᠺᠠᠩ ᠯᠢ ᠨᠠ ᠣᠩᠱᠢᠭ᠍ᠰᠠᠨ ᠣᠳᠠᠭ᠎ᠠ᠄ 3

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠪᠦᠬᠦ ᠣᠷᠣᠨ᠎ᠤ ᠨᠡᠢᠭᠡᠮ᠎ᠦᠨ ᠡᠯ᠎ᠡ  ᠡᠲᠡᠭᠡᠳ᠎ᠦᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠪᠠ


ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠠᠯᠪᠠᠨ ᠮᠡᠳᠡᠭᠡ᠎ᠶᠢ ᠨᠡᠢᠲᠡᠯᠡᠭᠰᠡᠨ᠎ᠦ ᠲᠠᠷᠠᠭ᠎ᠠ᠂ ᠪᠦᠬᠦ ᠣᠷᠣᠨ᠎ᠤ ᠡᠯ᠎ᠡ ᠡᠲᠡᠭᠡᠳ᠎ᠦᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠲᠡᠷᠡ ᠳᠠᠷᠤᠢ ᠳ᠋ᠤᠨᠢ ᠭᠥᠯᠢᠶᠡᠨ ᠠᠪᠴᠤ ᠦᠵᠡᠵᠦ᠂ ᠰᠤᠳᠤᠯᠤᠨ ᠤᠩᠰᠢᠵᠤ ᠰᠤᠷᠤᠯᠴᠠᠪᠠ᠃ ᠤᠯᠠᠨ ᠵᠢᠡᠷ ᠵᠢᠡᠨ᠂ ᠪᠦᠬᠦᠳᠡ ᠬᠤᠷᠠᠯ ᠡᠴᠡ《ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠰᠠᠨ ᠨᠢ ᠮᠠᠨ᠎ᠤ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠬᠤ ᠳᠡᠭᠡᠳᠦ ᠬᠡᠮᠵᠢᠶᠡᠨ᠎ᠦ ᠬᠤᠷᠴᠡ ᠰᠡᠷᠭᠡᠭ  ᠪᠠ ᠪᠠᠲᠤ ᠴᠢᠩᠭ᠎ᠠ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠵᠡᠢ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠨᠡᠩ ᠥᠨᠳᠥᠷ ᠪᠠᠷᠢᠮᠵᠢᠶ᠎ᠠ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠵᠢᠳᠬᠦᠯ ᠴᠢᠷᠮᠠᠢᠯᠭ᠎ᠠ ᠭᠠᠷᠭᠠᠵᠤ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠨ᠎ᠠ ᠭᠡᠵᠦ ᠰᠠᠨᠠᠯ ᠨᠢᠭᠡᠳᠠᠢ ᠦᠵᠡᠵᠡᠭᠡᠪᠡ᠃

ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠨ᠎ᠡ

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠢᠢ ᠰᠢᠶᠣᠣ ᠴᠢᠩ᠂ ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠴᠦᠬᠦᠷᠡᠰᠢ ᠦᠭᠡᠢ ᠪᠠᠷᠢᠮᠳᠠᠯᠠᠨ ᠠᠬᠢᠭᠤᠯᠬᠤ ᠡᠨᠡ ᠬᠦ᠌ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠦᠷᠭᠦᠯᠵᠢᠯᠡᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠨ᠎ᠠ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠦᠷᠭᠦᠯᠵᠢᠯᠡᠨ ᠴᠢᠩᠭᠠᠳᠬᠠᠨ ᠪᠣᠳᠠᠲᠠᠢᠵᠢᠭᠤᠯᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠲᠤᠬᠠᠢᠯᠠᠭᠰᠠᠨ ᠠᠵᠢᠯ᠎ᠲᠤᠮᠳᠠ ᠪᠠᠨ ᠠᠭᠤᠰᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠰᠣᠶᠣᠯ ᠵᠢᠭᠤᠯᠴᠢᠯᠠᠯ᠎ᠤᠨ ᠵᠢᠭ᠍ᠰᠠᠭᠠᠯ᠎ᠤᠨ ᠭᠠᠵᠠᠷ᠎ᠤᠨ ᠳᠠᠪᠠᠭᠤᠯᠢᠭ᠋᠎ᠲᠤ ᠰᠠᠭᠤᠷᠢᠯᠠᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠣᠣᠯ ᠰᠡᠳᠦᠪᠲᠦ ᠤᠬᠠᠭᠤᠯᠭ᠎ᠠ᠂ ᠤᠷᠠᠯᠢᠭ᠋᠎ᠤᠨ ᠵᠣᠬᠢᠶᠠᠨ ᠪᠦᠲᠦᠭᠡᠯᠭᠡ᠂ ᠲᠥᠷᠥᠯ ᠲᠡᠮᠳᠡᠭ᠎ᠢ ᠡᠭᠦᠳᠬᠦ᠂ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠠᠮᠤᠷ ᠲᠦᠪᠰᠢᠨ ᠤ᠋ ᠵᠠᠰᠠᠯᠳᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠰᠢᠯᠢᠳᠡᠭ ᠨᠠᠮ᠎ᠤᠨ ᠰᠤᠷᠲᠠᠯ᠎ᠢᠶᠠᠷ ᠰᠣᠶᠣᠯ ᠵᠢᠭᠤᠯᠴᠢᠯᠠᠯ᠎ᠤᠨ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠪᠦᠲᠦᠮᠵᠢ᠎ᠶᠢ ᠨᠡᠮᠡᠭᠳᠡᠭᠦᠯᠦᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠶᠢᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ ᠵᠢᠨ ᠠᠯᠪᠠᠨ ᠭᠡᠷ᠎ᠦᠨ ᠳᠡᠳ᠋ ᠡᠷᠬᠢᠯᠡᠭᠴᠢ ᠶᠠᠨ ᠵᠢᠶᠠᠨ ᠭᠦᠸᠧ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠰᠢᠨ᠎ᠡ ᠬᠥᠭᠵᠢᠯᠲᠡ᠎ᠶᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠠᠷᠢᠭᠤᠴᠠᠯᠭ᠎ᠠ ᠰᠢᠨ᠎ᠡ ᠡᠭᠦᠷᠭᠡ᠎ᠶᠢ ᠲᠣᠭᠲᠠᠭᠠᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ ᠨᠠᠮ᠎ᠤᠨ ᠲᠥᠷᠥ ᠪᠠᠷᠢᠬᠤ ᠰᠠᠭᠤᠷᠢ᠎ᠶᠢ ᠪᠡᠬᠢᠵᠢᠭᠦᠯᠵᠦ᠂ ᠥᠷᠭᠡᠨ ᠣᠯᠠᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠬᠥᠲᠥᠯᠥᠨ ᠵᠢᠯᠤᠭᠣᠳᠬᠤ ᠢᠯᠡ ᠲᠣᠳᠣ᠌ ᠳᠣᠬᠢᠶ᠎ᠠ ᠵᠢ ᠲᠠᠮᠵᠢᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠴᠠᠭ ᠠᠭᠤᠷ᠎ᠤᠨ ᠰᠠᠯᠠᠭ᠎ᠠ ᠮᠥᠴᠢᠷ᠎ᠦᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢ ᠪᠣᠳᠠᠲᠠᠢ ᠠᠳᠬᠤᠬᠤ᠂ ᠴᠠᠭ ᠠᠭᠤᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠮᠠᠰᠢ ᠴᠢᠩᠭ᠎ᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠡᠷᠡᠰ ᠭᠤᠶ᠋ᠢᠪᠢᠰᠢ ᠦᠭᠡᠢ᠎ᠪᠡᠷ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠶᠡᠷᠦᠩᠬᠡᠶ᠋ᠢᠯᠡᠨ ᠵᠢᠯᠤᠭᠤᠳᠤᠭᠤᠯᠵᠤ᠂ ᠴᠠᠭ ᠠᠭᠤᠷ᠎ᠤᠨ ᠤᠯᠤᠰ᠎ᠤᠨ ᠪᠠᠶ᠋ᠢᠯᠳᠤᠬᠤ ᠪᠤᠳᠤᠯᠭ᠎ᠠ᠎ᠳᠤ ᠦᠢᠯᠡᠴᠢᠯᠡᠬᠦ᠌᠂ ᠠᠷᠠᠳ᠎ᠤᠨ ᠠᠮᠢᠳᠤᠷᠠᠯ᠎ᠤᠨ ᠬᠥᠭᠵᠢᠯᠲᠡ᠎ᠳᠦ ᠦᠢᠯᠡᠴᠢᠯᠡᠬᠦ᠌ ᠭᠣᠣᠯᠯᠠᠭᠴᠢ ᠡᠭᠦᠷᠭᠡ ᠴᠢᠳᠠᠪᠬᠢ᠎ᠶᠢ ᠴᠢᠩᠭ᠎ᠠ ᠡᠵᠡᠮᠳᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢᠯ᠎ᠦᠨ ᠱᠠᠭᠠᠷᠳᠠᠯᠭ᠎ᠠ᠎ᠶᠢ ᠴᠠᠭ ᠠᠭᠤᠷ᠎ᠤᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ᠃ ᠬᠢᠨᠠᠨ ᠬᠡᠮᠵᠢᠬᠦ᠌ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ᠌ ᠨᠢ ᠨᠠᠷᠢᠯᠢᠭ᠂ ᠦᠢᠯᠡᠴᠢᠯᠡᠭᠡ ᠨᠢ ᠨᠠᠷᠢᠯᠢᠭ ᠪᠠᠶ᠋ᠢᠬᠤ ᠭᠤᠤᠯ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠥᠷᠥ᠎ᠶᠢᠨ ᠬᠢᠨᠠᠯᠲᠠ ᠲᠠᠯᠪᠢᠬᠤ᠎ᠶᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ᠌᠂ ᠰᠡᠷᠡᠮᠵᠢᠯᠡᠭᠦᠯᠬᠦ᠌ ᠮᠡᠳᠡᠭᠡ ᠵᠠᠩᠭᠢ ᠨᠡᠶ᠋ᠢᠲᠡᠯᠡᠬᠦ᠌᠂ ᠠᠭᠤᠷ ᠠᠮᠢᠰᠬᠤᠯ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠠᠮᠢ ᠠᠬᠤᠶ ᠴᠠᠭ ᠠᠭᠤᠷ᠎ᠤᠨ ᠬᠠᠮᠠᠭᠠᠯᠠᠯᠲᠠ᠂ ᠮᠠᠯ ᠠᠵᠤ ᠠᠬᠤᠶ ᠲᠠᠷᠢᠶᠠᠯᠠᠩ ᠤ᠋ᠨ ᠴᠠᠭ ᠠᠭᠤᠷ᠎ᠤᠨ ᠦᠢᠯᠡᠴᠢᠯᠡᠭᠡ ᠵᠡᠷᠭᠡ ᠭᠤᠤᠯᠳᠠᠯᠭ᠎ᠠ᠎ᠲᠠᠶ ᠲᠤᠬᠠᠶ᠋ᠢᠯᠠᠭᠰᠠᠨ ᠠᠵᠢᠯ᠎ᠳᠤ ᠭᠦᠨᠵᠡᠭᠡᠶ ᠠᠭᠤᠰᠤᠯᠴᠠᠭᠤᠯᠵᠤ᠂ ᠴᠢᠨᠠᠷ ᠰᠠᠶ᠋ᠢᠲᠠᠶ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠲᠤᠬᠠᠶ᠋ᠢᠯᠠᠭᠰᠠᠨ ᠠᠵᠢᠯ᠎ᠢ᠋ ᠴᠢᠨᠠᠷ ᠰᠠᠶ᠋ᠢᠲᠠᠶ ᠠᠭᠢᠭᠤᠯᠬᠤ᠎ᠶᠢ ᠪᠠᠲᠤᠯᠠᠨ᠎ᠠ ᠭᠡᠵᠤ ᠢᠯᠡᠳᠭᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠬᠢᠩᠭᠠᠨ ᠠᠶ᠋ᠢᠮᠠᠭ᠎ᠤᠨ ᠰᠢᠶᠠᠩ ᠶᠠᠩ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠠᠯᠠᠭᠤᠴᠤᠳ᠎ᠤᠨ ᠰᠠᠶ᠋ᠢᠨ ᠳᠤᠷᠠᠴᠤᠳ᠎ᠤᠨ ᠨᠡᠶ᠋ᠢᠭᠡᠮᠯᠢᠭ᠎ᠦᠨ ᠨᠠᠮ᠎ᠤᠨ ᠡᠭᠦᠷ᠎ᠦᠨ ᠱᠦᠵᠢ᠂ ᠨᠡᠶ᠋ᠢᠭᠡᠮᠯᠢᠭ᠎ᠦᠨ ᠳᠠᠷᠤᠭ᠎ᠠ ᠳ᠋ᠦ᠋ ᠲᠢᠶᠧ ᠢ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠡᠯ᠎ᠡ ᠵᠦᠢᠯ ᠤ᠋ᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠠᠵᠢᠯ᠎ᠤᠨ ᠪᠠᠶ᠋ᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠥᠷᠭᠡᠨ ᠣᠯᠠᠨ ᠵᠠᠯᠠᠭᠤ ᠰᠠᠶ᠋ᠢᠨ ᠳᠤᠷᠠᠴᠤᠳ᠎ᠢ ᠪᠦᠯᠬᠦᠮᠳᠡᠭᠦᠯᠦᠨ ᠳᠠᠭᠠᠭᠤᠯᠵᠤ᠂ ᠰᠠᠶ᠋ᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠬᠦ᠌ ᠶᠠᠪᠤᠴᠠ᠎ᠳᠤ ᠬᠠᠷᠢᠯᠴᠠᠵᠤ ᠬᠥᠲᠥᠯᠥᠨ ᠵᠢᠯᠣᠭᠣᠳᠬᠤ᠎ᠶᠢ ᠰᠠᠶ᠋ᠢᠲᠤᠷ ᠬᠢᠵᠤ᠂ ᠡᠬᠦᠨ ᠤ᠋ ᠲᠤᠳᠤᠷᠠᠬᠢ ᠦᠵᠡᠯ ᠰᠠᠨᠠᠭᠠᠨ᠎ᠤ ᠲᠠᠯ᠎ᠠ᠎ᠪᠠᠷ ᠲᠠᠪᠰᠢᠯᠳᠠ ᠲᠠᠢ᠂ ᠢᠯᠡᠷᠡᠯ ᠰᠠᠶ᠋ᠢᠲᠠᠶ ᠰᠢᠯᠢᠳᠡᠭ ᠬᠥᠮᠦᠰ᠎ᠢ ᠰᠢᠩᠭᠡᠭᠡᠨ ᠠᠪᠬᠤ᠂ ᠭᠣᠣᠯᠳᠠᠯᠭ᠎ᠠ᠎ᠲᠠᠶ ᠬᠥᠮᠦᠵᠢᠭᠦᠯᠬᠦ᠂ ᠲᠡᠳᠡᠨ᠎ᠢ ᠬᠥᠲᠥᠯᠥᠨ ᠵᠢᠯᠣᠭᠣᠳᠴᠤ᠌ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠢᠳᠡᠪᠬᠢᠲᠡᠶ ᠣᠶ᠋ᠢᠷᠠᠲᠤᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳ᠋ᠡᠬᠢ ᠨᠠᠮ᠎ᠤᠨ ᠭᠡᠰᠢᠭᠦᠨ᠎ᠦ ᠡᠩᠨᠡᠭᠡ᠎ᠶᠢ ᠲᠠᠰᠤᠷᠠᠯᠲᠠ ᠦᠭᠡᠢ ᠪᠤᠵᠠᠭᠠᠶ᠋ᠢᠷᠠᠭᠤᠯᠵᠤ᠂ ᠣᠯᠠᠨ ᠲᠦᠮᠡᠨ᠎ᠳᠦ ᠦᠢᠯᠡᠴᠢᠯᠡᠵᠦ᠍᠂ ᠵᠠᠯᠠᠭᠤᠴᠤᠳ᠎ᠤᠨ ᠳᠤᠮᠳᠠ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠥᠪᠯᠡᠩᠬᠦᠢ ᠬᠦᠴᠦᠨ᠎ᠢ ᠦᠷᠭᠦᠯᠵᠢᠯᠡᠨ ᠥᠷᠭᠡᠳᠬᠡᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠯᠠᠪᠳᠠᠭᠤᠨ ᠪᠠᠲᠤᠲᠠᠶ ᠣᠷᠣᠯᠴᠠᠭᠤᠯᠤᠨ᠎ᠠ ᠭᠡᠵᠤ ᠢᠯᠡᠳᠭᠡᠪᠡ᠃

ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠰᠤᠷᠲᠠᠯ᠎ᠢ ᠰᠠᠶ᠋ᠢᠵᠢᠷᠠᠭᠤᠯᠤᠨ᠎ᠠ

ᠪᠦᠬᠦᠳᠠ ᠬᠤᠷᠠᠯ᠎ᠡᠴᠡ᠂ ᠰᠤᠷᠲᠠᠯ᠎ᠢ ᠲᠥᠪ ᠪᠣᠯᠭᠠᠵᠤ ᠰᠠᠬᠢᠯᠭ᠎ᠠ ᠪᠠᠲᠤ᠎ᠶᠢ ᠴᠢᠩᠳᠠᠯᠠᠬᠤ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠬᠦᠴᠦᠲᠡᠢ ᠠᠷᠭ᠎ᠠ ᠬᠡᠮᠵᠢᠶ᠎ᠡ ᠮᠥᠨ᠃ ᠡᠷᠬᠡᠪᠰᠢ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶᠢ ᠬᠠᠷᠢᠯᠴᠠᠨ ᠨᠡᠪᠲᠡᠷᠡᠯᠴᠡᠭᠦᠯᠵᠦ᠍᠂ ᠰᠤᠷᠲᠠᠯ᠎ᠢ ᠠᠳᠬᠤᠬᠤ᠎ᠡᠴᠡ ᠭᠠᠷᠳᠠᠨ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠰᠡᠨ ᠲᠤᠷᠰᠢᠯᠭ᠎ᠠ᠎ᠶᠢ ᠭᠦᠨᠵᠡᠭᠡᠢ ᠬᠡᠷᠡᠭᠯᠡᠵᠦ᠍᠂ ᠰᠤᠷᠲᠠᠯ᠎ᠢᠶᠠᠨ ᠲᠠᠰᠤᠷᠠᠯᠳᠠ ᠦᠭᠡᠢ ᠰᠠᠶ᠋ᠢᠵᠢᠷᠠᠭᠤᠯᠤᠨ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠵᠤ᠂ ᠰᠠᠢ᠌ᠨ ᠰᠠᠶ᠋ᠢᠬᠠᠨ ᠲᠦᠷᠢ ᠲᠥᠷᠬᠦ᠌᠎ᠪᠡᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ ᠬᠡᠷᠡᠭᠲᠡᠢ ᠭᠡᠵᠤ ᠲᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠴᠢ᠊ · ᠳᠠᠯᠠᠨᠳᠠᠢ ᠂ ᠪᠥᠬᠥ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲ᠋ᠧᠮ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠤ᠂ 《ᠬᠣᠶᠠᠷ᠎ᠢ ᠲᠣᠭᠲᠠᠭᠠᠬᠰᠡᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠴᠢᠨᠠᠷ ᠪᠣᠯᠤᠨ ᠲᠤᠯᠭᠠᠮ ᠴᠢᠨᠠᠷ᠎ᠤᠨ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ ᠵᠢᠡᠨ ᠦᠨᠡᠨ ᠬᠦ᠌ ᠴᠢᠨᠭᠭᠠᠳᠬᠠᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ᠂ ᠲᠣᠭᠣᠷᠢᠨ ᠪᠠᠢᠴᠠᠭᠠᠬᠤ ᠠᠯᠪᠠᠨ ᠭᠡᠷ᠎ᠦᠨ ᠡᠷᠬᠢᠯᠡᠭᠴᠢ ᠭᠦᠸᠧ ᠲᠢᠶᠸ ᠱᠠᠨ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠰᠠᠬᠢᠯᠭ᠎ᠠ ᠪᠠᠲᠤ ᠪᠠᠢᠴᠠᠭᠠᠬᠤ ᠺᠠᠳ᠋ᠷ ᠪᠣᠯᠤᠭᠰᠠᠨ᠎ᠤ ᠬᠤᠪᠢ᠎ᠳᠤ᠂ ᠪᠢ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠲᠦᠷᠦᠭᠦᠯᠡᠨ ᠳᠠᠪᠲᠠᠨ ᠪᠣᠯᠪᠠᠰᠤᠷᠠᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ 《ᠳᠥᠷᠪᠡᠨ ᠰᠤᠷᠲᠠᠯ》 ᠎ᠢ᠋ ᠵᠠᠯᠠᠷᠠᠭᠤᠯᠤᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠢᠯᠵᠢᠷᠠᠬᠦ᠎ᠠᠴᠠ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ᠂ ᠴᠢᠩᠭ᠎ᠠ ᠪᠠᠢᠬᠤ ᠦᠨᠳᠦᠰᠦᠨ ᠬᠥᠭ ᠠᠶᠠᠰ᠎ᠢᠶᠠᠷ 《ᠨᠠᠷᠢᠯᠢᠭ᠍ᠵᠢᠭᠤᠯᠤᠭᠰᠠᠨ ᠬᠠᠤᠯᠢ ᠴᠠᠭᠠᠵᠠ》᠎ᠶ᠋ᠢᠨ ᠪᠠᠢᠭᠤᠯᠤᠯᠲᠠ᠎ᠶᠢ ᠨᠢᠭᠡ ᠴᠣᠭᠴᠠᠵᠢᠭᠤᠯᠤᠨ ᠠᠬᠢᠭᠤᠯᠤᠨ᠎ᠠ; ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠮ᠎ᠢ ᠬᠠᠮᠢᠶᠠᠷᠴᠤ ᠨᠠᠮ᠎ᠢ ᠵᠠᠰᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠰᠠᠬᠢᠯᠭ᠎ᠠ ᠪᠠᠲᠤ ᠪᠠᠢᠴᠠᠭᠠᠬᠤ᠂ ᠴᠠᠭᠳᠠᠨ ᠪᠠᠢᠴᠠᠭᠠᠬᠤ ᠲᠤᠰᠢᠶᠠᠯ ᠬᠠᠷᠢᠭᠤᠴᠠᠯᠭ᠎ᠠ ᠬᠢᠭᠡᠳ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ 《ᠨᠢᠭᠡ᠎ᠶᠢ ᠨᠢᠭᠡᠳᠦᠯᠲᠡᠢ ᠲᠥᠯᠥᠪᠵᠢᠭᠦᠯᠬᠦ᠂ ᠵᠢᠷᠭᠤᠭᠠᠨ ᠶᠡᠬᠡ ᠡᠭᠦᠷᠭᠡ ᠴᠢᠳᠠᠪᠬᠢ》 ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠡᠪᠰᠢᠭᠰᠡᠨ ᠰᠠᠬᠢᠯᠭ᠎ᠠ ᠪᠠᠲᠤ᠎ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠎ᠢ ᠪᠣᠳᠠᠲᠠᠢᠵᠢᠭᠤᠯᠵᠤ᠂  ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠢᠩᠬᠢᠮ᠎ᠦᠨ ᠪᠠᠢᠭᠤᠯᠭ᠎ᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠴᠢᠨᠠᠷ ᠰᠠᠢᠲᠠᠢ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ᠎ᠪᠡᠷ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠠ ᠬᠡᠵᠦ ᠢᠯᠡᠳᠬᠡᠪᠡ᠃

ᠡᠷᠢᠶᠡᠨ ᠬᠤᠳᠠ᠎ᠶᠢᠨ ᠬᠢᠯᠢ᠎ᠪᠡᠷ ᠨᠡᠪᠳᠡᠷᠡᠬᠦ  ᠬᠢᠯᠢ᠎ᠶᠢᠨ ᠬᠠᠮᠠᠭᠠᠯᠠᠯᠲᠠ᠎ᠶᠢᠨ ᠰᠢᠯᠭᠠᠨ ᠪᠠᠢᠴᠠᠭᠠᠬᠤ ᠦᠷᠳᠡᠬᠡ᠎ᠶᠢᠨ ᠬᠢᠯᠢ᠎ᠶᠢᠨ ᠬᠠᠮᠠᠭᠠᠯᠠᠯᠲᠠ᠎ᠶᠢᠨ ᠰᠢᠯᠭᠠᠨ ᠪᠠᠢᠴᠠᠭᠠᠬᠤ ᠭᠠᠵᠠᠷ᠎ᠤᠨ ᠳᠡᠳ᠋ ᠳᠠᠷᠤᠭ᠎ᠠ ᠯᠢᠦ ᠴᠢ ᠯᠢᠶᠠᠩ᠄ 《ᠪᠢ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢ ᠨᠠᠰᠤᠨ ᠲᠤᠷᠰᠢᠲᠠ᠎ᠶᠢᠨ ᠪᠠᠷᠢᠮᠳᠠᠯᠠᠬᠤ ᠰᠡᠳᠦᠪ ᠪᠣᠯᠭᠠᠵᠤ᠂ ᠢᠮᠠᠭᠲᠠ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠢᠳᠠᠪᠤᠷᠢᠲᠠᠢ ᠪᠠᠢᠬᠤ᠎ᠶᠢ ᠪᠡᠶᠡᠯᠡᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ᠎ᠢ ᠤᠯᠤᠰ᠎ᠤᠨ ᠡᠭᠦᠳᠡ᠎ᠶᠢᠨ ᠡᠮᠦᠨ᠎ᠡ ᠹᠷᠣᠨᠲ᠎ᠤᠨ ᠠᠵᠢᠯ᠎ᠤᠨ ᠪᠦᠬᠦ ᠶᠠᠪᠤᠴᠠ᠎ᠳᠤ ᠲᠤᠭᠤᠱᠢᠯᠠᠭᠤᠯᠤᠨ᠎ᠠ᠃ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠪᠣᠯᠭᠠᠨ ᠦᠷᠭᠦᠯᠵᠢᠯᠡᠨ ᠬᠤᠪᠢᠷᠠᠭᠤᠯᠵᠤ᠂ ᠤᠯᠤᠰ ᠲᠥᠷᠥ᠎ᠶᠢ ᠡᠷᠬᠢᠮᠯᠡᠬᠦ᠎ᠶᠢ ᠤᠳᠠᠭ᠎ᠠ ᠪᠦᠷᠢ᠎ᠶᠢᠨ ᠪᠠᠢᠴᠠᠭᠠᠨ ᠰᠢᠯᠭᠠᠬᠤ᠂ ᠬᠠᠤᠯᠢ ᠬᠡᠷᠡᠭᠵᠢᠭᠦᠯᠬᠦ ᠶᠠᠪᠤᠴᠠ ᠨᠢᠭᠡ ᠪᠦᠷᠢ᠎ᠳᠦ ᠠᠭᠤᠰᠬᠠᠵᠤ᠂ ᠭᠣᠣᠯᠳᠠᠯᠭ᠎ᠠ᠎ᠲᠠᠢ ᠠᠵᠢᠯ᠎ᠤᠨ ᠪᠠᠢᠷᠢ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠶᠤᠯ ᠲᠦᠭᠰᠢᠭᠦᠷᠢ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠡᠭᠦᠨ᠎ᠦ ᠬᠠᠮᠲᠤ᠂ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠡᠷᠢᠶᠡᠨ ᠬᠣᠲᠠ᠎ᠶᠢᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠣᠶᠤᠨᠲᠤ ᠬᠢᠯᠢ᠎ᠶᠢᠨ ᠪᠠᠢᠴᠠᠭᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠲᠣᠭᠣᠷᠢᠨ ᠴᠠᠭᠳᠠᠬᠤ ᠮᠠᠰᠢᠨ ᠬᠥᠮᠥᠨ᠂〈ᠬᠢᠯᠢ᠎ᠶᠢᠨ ᠪᠠᠢᠴᠠᠭᠠᠯᠲᠠ᠎ᠶᠢ ᠨᠡᠪᠲᠡᠷᠡᠭᠦᠯᠬᠦ〉 ᠲᠠᠪᠴᠠᠩ᠎ᠤᠨ ᠪᠣᠳᠠᠲᠤ ᠬᠡᠷᠡᠭᠯᠡᠭᠡᠨ᠎ᠦ ᠠᠵᠢᠯ᠎ᠢ ᠠᠬᠢᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠵᠦ᠂ ᠬᠢᠯᠢ᠎ᠶᠢᠨ ᠪᠣᠭᠣᠮᠲᠠ᠎ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ᠂ ᠴᠢᠨᠠᠷ ᠰᠠᠢᠲᠠᠢ ᠬᠥᠭᠵᠢᠯᠲᠡ᠎ᠶᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠨ᠎ᠠ》ᠬᠡᠵᠦ ᠢᠯᠡᠳᠬᠡᠪᠡ᠃

ᠦᠨᠡᠨ ᠬᠦ᠌ ᠠᠳᠬᠤᠨ ᠪᠣᠳᠠᠲᠠᠢ ᠠᠵᠢᠯᠯᠠᠵᠤ ᠲᠣᠭᠲᠠᠭᠤᠨ᠎ᠤ ᠳᠤᠮᠳᠠ ᠠᠬᠢᠯᠳᠠ ᠲᠠᠢ ᠪᠠᠢᠬᠤ ᠵᠢ ᠪᠡᠶᠡᠯᠡᠬᠦᠯᠦᠨ᠎ᠡ

ᠪᠦᠬᠦᠳᠠ ᠬᠤᠷᠠᠯ᠎ᠠᠴᠠ᠂ ᠵᠢᠯ᠎ᠦᠨ ᠡᠴᠤᠰ ᠤᠨ᠎ᠤ ᠡᠬᠢᠨ᠎ᠦ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ ᠬᠡᠷᠡᠭᠲᠡᠢ᠃ ᠲᠣᠭᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ᠎ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠬᠣᠷᠸ᠎ᠠ ᠲᠦᠷᠦ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠳᠣᠲᠣᠭᠠᠳᠤ ᠬᠡᠷᠡᠭᠴᠡᠭᠡ᠎ᠶᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠥᠭᠡᠷᠡᠴᠢᠯᠡᠯᠲᠡ ᠨᠡᠭᠡᠭᠡᠯᠲᠡ᠎ᠶᠢ ᠤᠯᠠᠮ ᠴᠢᠨᠠᠭᠰᠢᠳᠠ ᠭᠦᠨᠵᠡᠭᠡᠢᠷᠡᠭᠦᠯᠵᠦ᠂ ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠰᠠᠢᠵᠢᠷᠠᠬᠤ᠎ᠶᠢ ᠠᠬᠢᠭᠤᠯᠵᠤ᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃

ᠶᠤᠸᠠᠨ ᠵᠢᠩ ᠡᠨᠧᠷᠭᠢ᠎ᠶᠢᠨ ᠤᠮᠠᠷᠠᠲᠤ᠎ᠶᠢᠨ ᠣᠷᠣᠨ ᠪᠦᠰᠡ᠎ᠶᠢᠨ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠬᠤ᠌ ᠵᠢᠶᠠ ᠵᠧᠩ᠄《ᠶᠤᠸᠠᠨ ᠵᠢᠩ ᠡᠨᠧᠷᠭᠢ ᠵᠢᠨ ᠺᠤᠮᠫᠠᠨᠢ ᠨᠢ ᠥᠪᠥᠷ ᠮᠣᠩᠭᠣᠯ᠎ᠳᠤ ᠦᠨᠳᠦᠰᠦᠯᠡᠭᠰᠡᠨ ᠪᠣᠬᠢᠷᠲᠤᠯ ᠦᠭᠡᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠤᠯᠠᠨ ᠵᠢᠯ᠎ᠦᠨ ᠲᠤᠷᠰᠢ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠭᠦᠨᠵᠡᠭᠡᠢ ᠠᠭᠤᠰᠤᠯᠴᠠᠵᠤ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠬᠤ᠎ᠪᠠᠷ ᠴᠢᠷᠮᠠᠶ᠋ᠢᠪᠠ᠃ ᠪᠢᠳᠡ ᠤᠯᠠᠭᠠᠨᠴᠠᠪ᠎ᠲᠤ᠌ ᠰᠢᠩ ᠾᠧ ᠪᠤᠳᠤᠯᠲᠠ ᠵᠢᠨ ᠬᠦᠴᠦᠨ᠎ᠦ ᠰᠠᠭᠤᠷᠢᠨ᠎ᠢ ᠪᠠᠶ᠋ᠢᠷᠢᠰᠢᠭᠤᠯᠵᠤ᠂ ᠪᠤᠳᠤᠯᠲᠠ ᠵᠢᠨ ᠬᠦᠴᠦᠨ ᠬᠢᠭᠡᠳ ᠴᠠᠬᠢᠯᠭᠠᠨ ᠬᠦᠴᠦᠨ᠎ᠤ ᠬᠠᠮᠵᠢᠯᠴᠠᠭ᠎ᠠ᠎ᠶᠢ ᠯᠠᠪᠳᠠᠭᠤᠨ ᠪᠠᠲᠤᠲᠠᠶ ᠠᠬᠢᠭᠤᠯᠪᠠ; ᠣᠷᠳᠣᠰ᠎ᠲᠤ᠌ ᠨᠡᠭᠦᠷᠡᠰᠦᠲᠥᠢ᠍ᠷᠥᠭᠴᠢ ᠥᠬᠡᠶ ᠠᠵᠤ ᠦᠢᠯᠡᠰ᠎ᠦᠨ ᠬᠦᠷᠢᠶᠡᠯᠡᠩ᠎ᠢ ᠪᠥᠲᠥᠭᠡᠨ ᠪᠠᠶ᠋ᠢᠭᠤᠯᠵᠤ᠂ ᠰᠢᠨ᠎ᠡ ᠡᠨᠧᠷᠭᠢ᠎ᠶᠢᠨ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢ ᠪᠠᠶ᠋ᠢᠭᠤᠯᠪᠠ᠃ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠦᠨᠡᠨ ᠬᠦ᠌ ᠠᠵᠢᠯ ᠬᠢᠵᠦ᠍ ᠦᠢᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠶᠤᠸᠠᠨ ᠵᠢᠩ ᠡᠨᠧᠷᠭᠢ᠎ᠶᠢᠨ ᠤᠮᠠᠷᠠᠲᠤ᠎ᠶᠢᠨ ᠣᠷᠣᠨ ᠪᠦᠰᠡ᠎ᠶᠢᠨ ᠺᠣᠮᠫᠠᠨᠢ᠎ᠶᠢᠨ ᠤᠶᠤᠨᠲᠤ᠌ ᠰᠠᠯᠬᠢᠨ ᠬᠦᠴᠦᠨ᠎ᠦ ᠴᠠᠬᠢᠯᠭᠠᠨ᠂ ᠡᠨᠧᠷᠭᠢ ᠨᠦᠬᠡᠴᠡᠯᠡᠬᠦ᠂ ᠪᠣᠬᠢᠷᠲᠤᠯ ᠥᠬᠡᠶ ᠤᠰᠤᠲᠥᠢ᠍ᠷᠥᠭᠴᠢ᠎ᠶᠢᠨ ᠬᠦᠷᠢᠶᠡᠨ᠎ᠳᠡᠬᠢ ᠮᠡᠷᠭᠡᠵᠢᠯ᠎ᠦᠨ ᠳᠠᠪᠠᠭᠤᠯᠢᠭ᠎ᠢ ᠪᠠᠳᠠᠷᠠᠭᠤᠯᠵᠤ᠂ ᠪᠥᠲᠥᠭᠡᠨ ᠪᠠᠶ᠋ᠢᠭᠤᠯᠵᠤ ᠪᠠᠶ᠋ᠢᠭ᠎ᠠ ᠲᠥᠷᠥᠯ ᠵᠦᠢᠯ᠎ᠦᠨ ᠪᠣᠳᠠᠲᠠᠶ᠎ᠳᠤ ᠨᠠᠶ᠋ᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ᠎ᠶᠢ ᠪᠥᠬᠥ᠌ ᠬᠤᠷᠳᠤᠴᠠ᠎ᠪᠠᠷ ᠠᠬᠢᠭᠤᠯᠵᠤ᠂ ᠥᠪᠥᠷ ᠮᠣᠩᠭᠣᠯ᠎ᠤᠨ ᠠᠵᠤ ᠠᠬᠤᠶ᠎ᠶᠢᠨ ᠦᠷᠭᠦᠯᠵᠢᠯᠡᠨ ᠰᠢᠨ᠎ᠡ ᠰᠢᠯᠢᠳᠡᠭ ᠲᠡᠶ᠋ᠢᠰᠢ ᠬᠥᠭᠵᠢᠬᠦ᠌᠎ᠶᠢ ᠠᠬᠢᠭᠤᠯᠬᠤ᠎ᠳᠤ ᠨᠠᠩ ᠶᠡᠬᠡ ᠰᠢᠨ᠎ᠡ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠢᠰᠲ᠋ᠧᠮ᠎ᠲᠡᠶ ᠪᠠᠶ᠋ᠢᠷᠢᠯᠠᠭᠤᠯᠤᠯᠲᠠ ᠬᠢᠵᠦ᠍᠂ ᠵᠠᠭᠤᠨ ᠵᠢᠯ᠎ᠦᠨ ᠲᠤᠮᠤ ᠨᠠᠮ᠎ᠤᠨ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠪᠠᠲᠤᠯᠠᠬᠤ ᠬᠤᠷᠴᠡ ᠰᠡᠷᠭᠡᠭ ᠪᠠ ᠡᠷᠡᠰ ᠰᠢᠭᠤᠷᠬᠠᠢ ᠵᠣᠷᠢᠭ᠎ᠢ ᠭᠦᠢᠴᠡᠳ ᠢᠯᠡᠷᠡᠭᠦᠯᠪᠡ》᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠡᠬᠢ ᠪᠠᠶᠠᠯᠢᠭ᠎ᠤᠨ ᠰᠣᠯᠢᠯᠴᠠᠭᠠᠨ᠎ᠤ ᠲᠥᠪ᠎ᠦᠨ ᠠᠯᠪᠠᠨ ᠬᠡᠷ᠎ᠦᠨ ᠨᠠᠮ᠎ᠤᠨ ᠭᠡᠰᠢᠭᠦᠨ ᠺᠠᠳ᠋ᠷ ᠵᠣᠣ ᡁᠢ ᠬᠤᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠪᠤᠳᠠᠳᠠᠢ ᠠᠵᠢᠯ᠎ᠲᠠᠶ ᠪᠠᠨ ᠨᠢᠭᠲᠠ ᠤᠶᠠᠯᠳᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠠᠲᠤ᠌ ᠪᠣᠶ ᠪᠣᠯᠭᠠᠨ ᠦᠢᠯᠡᠳᠦᠯᠭᠡᠵᠢᠭᠦᠯᠵᠦ᠍᠂ ᠲᠥᠷᠥᠯ ᠵᠦᠢᠯ ᠨᠢᠭᠡ ᠪᠦᠷᠢ᠎ᠶᠢ ᠭᠥᠯᠢᠶᠡᠨ ᠠᠪᠴᠤ᠌ ᠰᠢᠢᠳᠪᠦᠷᠢᠯᠡᠬᠦ᠌᠂ ᠰᠣᠯᠢᠯᠴᠠᠭᠠᠨ᠎ᠤ ᠵᠣᠬᠢᠶᠠᠨ ᠪᠠᠶ᠋ᠢᠭᠤᠯᠤᠯᠲᠠ ᠨᠢᠭᠡ ᠪᠦᠷᠢ᠂ ᠦᠢᠯᠡᠴᠢᠯᠡᠭᠡᠨ᠎ᠦ ᠪᠠᠲᠤᠯᠠᠭ᠎ᠠ ᠨᠢᠭᠡ ᠪᠦᠷᠢ᠎ᠡᠴᠡ ᠡᠬᠢᠯᠡᠨ ᠬᠢᠵᠦ᠍᠂ ᠲᠦᠷᠢᠮ᠎ᠢ ᠴᠢᠩᠭ᠎ᠠ ᠵᠢᠷᠤᠮᠯᠠᠨ ᠠᠵᠢᠯᠯᠠᠵᠤ᠂ ᠲᠡᠰ ᠲᠠᠷᠠᠭᠠᠯᠠᠯ ᠶᠣᠰᠣᠭᠠᠷ ᠠᠵᠢᠯᠯᠠᠵᠤ᠂ ᠲᠦᠷᠢᠮ᠎ᠦᠨ ᠬᠡᠷᠡᠭᠵᠢᠭᠦᠯᠬᠦ᠌ ᠬᠦᠴᠦᠨ᠎ᠢ ᠲᠠᠰᠤᠷᠠᠯᠲᠠ ᠥᠬᠡᠶ ᠴᠢᠩᠭᠠᠳᠬᠠᠨ᠂ ᠴᠢᠬᠡᠴᠢ ᠵᠠᠰᠠᠭ᠎ᠤᠨ ᠠᠶᠤᠯ ᠲᠦᠭᠰᠢᠭᠦᠷᠢ᠎ᠶᠢᠨ ᠰᠡᠷᠭᠡᠶ᠋ᠢᠯᠡᠯᠲᠡ᠎ᠶᠢᠨ ᠱᠤᠭᠤᠮ᠎ᠢ ᠰᠠᠶ᠋ᠢᠲᠤᠷ ᠰᠠᠬᠢᠨ᠎ᠠ᠃ ᠡᠭᠦᠨ᠎ᠦ ᠬᠠᠮᠲᠤ᠌᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠬᠡᠷᠡᠭᠴᠡᠭᠡ᠎ᠳᠤ ᠰᠠᠭᠤᠷᠢᠯᠠᠨ᠂ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠍᠂ ᠨᠠᠩ ᠵᠢᠷᠤᠮᠵᠢᠭᠤᠨ᠂ ᠢᠯᠡ ᠲᠣᠳᠣ᠂ ᠥᠨᠳᠥᠷ ᠪᠦᠲᠦᠮᠵᠢᠲᠡᠶ ᠦᠢᠯᠡᠴᠢᠯᠡᠭᠡ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠎ᠳᠦ ᠬᠦᠴᠦᠨ ᠨᠡᠮᠡᠷᠢᠯᠡᠵᠦ᠍᠂ ᠠᠷᠠᠯᠵᠢᠶ᠎ᠠ᠎ᠶᠢ ᠢᠯᠡ᠎ᠪᠡᠷ ᠵᠢᠷᠤᠮᠵᠢᠭᠤᠯᠤᠨ ᠠᠵᠢᠯᠯᠠᠭᠤᠯᠬᠤ᠂ ᠡᠬᠢ ᠪᠠᠶᠠᠯᠢᠭ᠎ᠢ ᠲᠥᠪ ᠭᠤᠤᠯᠴᠢ᠎ᠪᠠᠷ ᠥᠨᠳᠥᠷ ᠪᠦᠲᠦᠮᠵᠢᠲᠡᠶ᠎ᠪᠡᠷ ᠳᠣᠭᠢᠷᠠᠭᠤᠯᠬᠤ᠎ᠶᠢ ᠠᠬᠢᠭᠤᠯᠵᠤ᠂ ᠯᠠᠪᠳᠠᠭᠤᠨ ᠪᠠᠲᠤᠲᠠᠶ ᠠᠵᠢᠯ᠎ᠤᠨ ᠰᠤᠷᠲᠠᠯ ᠪᠠ ᠲᠥᠪ ᠭᠤᠤᠯᠴᠢ ᠠᠷᠢᠭᠤᠨ ᠴᠢᠬᠡᠴᠢ ᠤᠯᠤᠰ ᠲᠥᠷᠥ᠎ᠶᠢᠨ ᠬᠡᠪ ᠰᠤᠷᠲᠠᠯ᠎ᠢᠶᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠪᠡ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠲᠤᠰᠬᠠᠶ ᠲᠤᠰᠢᠶᠠᠯᠲᠤ᠌ ᠳᠡᠳ᠋ ᠱᠦᠵᠢ ᠳ᠋ᠢᠩ ᠴᠢᠶᠠᠩ᠂ ᠪᠥᠬᠥ᠌ ᠣᠷᠣᠨ᠎ᠤ ᠪᠡᠶ᠎ᠡ᠎ᠶᠢᠨ ᠲᠠᠮᠢᠷ᠎ᠤᠨ ᠰᠢᠰᠲ᠋ᠧᠮ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠡᠨᠡ ᠬᠦ᠌ ᠭᠤᠤᠯ ᠰᠢᠵᠢᠮ᠎ᠲᠡᠶ ᠨᠢᠭᠲᠠ ᠤᠶᠠᠯᠳᠤᠭᠤᠯᠤᠨ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠠᠵᠢᠯ᠎ᠤᠨ ᠪᠣᠳᠠᠲᠤ᠌ ᠪᠠᠶ᠋ᠢᠳᠠᠯ᠎ᠳᠤ ᠰᠠᠭᠤᠷᠢᠯᠠᠵᠤ᠂ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ᠎ᠤ ᠪᠡᠶ᠎ᠡ᠎ᠶᠢᠨ ᠲᠠᠮᠢᠷ᠂ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠬᠠᠮᠵᠢᠯᠴᠠᠨ ᠬᠥᠭᠵᠢᠬᠦ᠌᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠍᠂ ᠥᠪᠥᠷ ᠮᠣᠩᠭᠣᠯ᠎ᠤᠨ ᠣᠨᠴᠠᠯᠢᠭ᠎ᠲᠠᠶ ᠪᠡᠶ᠎ᠡ᠎ᠶᠢᠨ ᠲᠠᠮᠢᠷ᠎ᠤᠨ ᠲᠥᠷᠥᠯ ᠲᠡᠮᠳᠡᠭ᠎ᠢ ᠬᠦᠴᠦᠷᠬᠡᠭᠵᠢᠭᠦᠯᠦᠨ᠎ᠡ᠃ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠡᠵᠡᠮᠳᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠢᠲᠡᠭᠡᠯ ᠵᠣᠷᠢᠭ᠎ᠢᠶᠠᠨ ᠪᠠᠲᠤᠳᠬᠠᠵᠤ᠂ ᠲᠣᠭᠲᠠᠯ ᠬᠦᠴᠦᠨ᠎ᠢᠶᠡᠨ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠪᠠᠷ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠨ᠎ᠠ ᠭᠡᠵᠦ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面