2026-11-03 10:36:59
— ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠣᠨ᠎ᠠ᠃ ᠪᠦᠬᠦᠳᠠ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠨᠢ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ ᠪᠣᠯᠣᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠪᠠᠢᠳᠠᠯ ᠪᠣᠯᠣᠨ ᠡᠭᠦᠷᠭᠡ᠎ᠶᠢ ᠭᠦᠨᠵᠡᠭᠡᠢ ᠵᠠᠳᠠᠯᠵᠤ᠂ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠵᠢᠡᠨ ᠮᠠᠨᠳᠤᠭᠤᠯᠵᠤ ᠨᠠᠮ ᠵᠢᠡᠨ ᠬᠦᠴᠦᠷᠬᠡᠭᠵᠢᠭᠦᠯᠬᠦ ᠳ᠋ᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ᠃ ᠣᠢᠷ᠎ᠠ᠎ᠶᠢᠨ ᠡᠳᠦᠷ᠎ᠦᠳ᠎ᠲᠦ᠂ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠢᠳᠠᠯ ᠳ᠋ᠠᠭᠠᠨ ᠰᠠᠭᠤᠷᠢᠯᠠᠨ ᠬᠣᠢᠰᠢᠳᠠ᠎ᠶᠢᠨ ᠠᠵᠢᠯ᠎ᠢᠶᠠᠨ ᠤᠬᠠᠭᠠᠯᠠᠨ ᠲᠥᠯᠥᠪᠯᠡᠪᠡ᠃
11 ᠰᠠᠷ᠎ᠠ᠎ᠶᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠨᠠᠮ᠎ᠤᠨ ᠠᠵᠢᠯ᠎ᠤᠨ ᠬᠣᠷᠢᠶ᠎ᠠ ᠬᠣᠷᠢᠶᠠᠨ᠎ᠤ ᠠᠵᠢᠯ᠎ᠤᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ᠎ᠲᠠᠶ ᠪᠠᠷᠢᠮᠵᠢᠶᠠᠯᠠᠨ ᠨᠠᠶ᠋ᠢᠳᠠᠪᠤᠷᠢᠵᠢᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠬᠤᠷᠠᠯ᠎ᠡᠴᠡ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠲᠣᠭᠲᠠᠭᠠᠯ》᠎ᠢ᠋ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠬᠡᠬᠦ᠌ ᠬᠡᠷᠡᠭᠲᠡᠢ᠃ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠬᠥᠮᠦᠵᠢᠯ ᠪᠣᠯᠪᠠᠰᠤᠷᠠᠯ᠂ ᠤᠬᠠᠭᠤᠯᠭ᠎ᠠ ᠲᠠᠶ᠋ᠢᠯᠪᠤᠷᠢᠯᠠᠯᠲᠠ ᠵᠡᠷᠭᠡ ᠡᠯ᠎ᠡ ᠵᠦᠢᠯ ᠤ᠋ᠨ ᠠᠵᠢᠯ᠎ᠢ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠪᠣᠳᠠᠲᠤ᠌ ᠦᠷ᠎ᠡ ᠪᠦᠲᠦᠮᠵᠢ ᠤᠯᠬᠤ᠎ᠶᠢ ᠠᠬᠢᠭᠤᠯᠬᠤ ᠬᠡᠷᠡᠭᠲᠡᠶ᠃ ᠤᠬᠠᠮᠰᠠᠷ᠎ᠡᠴᠡ᠎ᠪᠠᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ 《ᠲᠣᠭᠲᠠᠭᠠᠯ》 ᠤ᠋ᠨ ᠱᠠᠭᠠᠷᠳᠠᠯᠭ᠎ᠠ᠎ᠪᠠᠷ ᠪᠠᠷᠢᠮᠵᠢᠶᠠᠯᠠᠵᠤ᠂ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠪᠣᠳᠠᠲᠠᠢ᠎ᠲᠠᠶ ᠤᠶᠠᠯᠳᠤᠭᠤᠯᠤᠨ ᠨᠠᠶ᠋ᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠳᠤᠮᠳᠠ ᠵᠢᠱ᠌ᠢᠢ᠎ᠡ ᠦᠵᠡᠭᠦᠯᠵᠦ᠍ ᠦᠯᠢᠭᠡᠷ ᠳᠠᠭᠤᠷᠢᠶᠠᠯ ᠪᠣᠯᠬᠤ ᠦᠢᠯᠡᠳᠦᠯ᠎ᠢᠶᠡᠨ ᠰᠠᠶ᠋ᠢᠲᠤᠷ ᠪᠠᠳᠠᠷᠠᠭᠤᠯᠬᠤ᠎ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃
11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠲᠤᠰᠬᠠᠶ ᠰᠡᠳᠦᠪ᠎ᠢᠶᠡᠷ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠪᠠᠶ᠋ᠢᠷᠢᠯᠠᠭᠤᠯᠤᠯᠲᠠ ᠲᠠᠶ ᠪᠠᠷᠢᠮᠵᠢᠶᠠᠯᠠᠨ ᠨᠠᠶ᠋ᠢᠳᠠᠪᠤᠷᠢᠵᠢᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠤᠨ ᠪᠠᠶ᠋ᠢᠷᠢᠯᠠᠭᠤᠯᠪᠠ᠃ ᠬᠤᠷᠠᠯ ᠡᠴᠡ᠂ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭᠠᠨ᠎ᠤ ᠭᠣᠣᠯ ᠠᠭᠤᠯᠭ᠎ᠠ᠎ᠶᠢ ᠭᠦᠨᠵᠡᠭᠡᠢ ᠡᠵᠡᠮᠳᠡᠵᠦ᠂ ᠦᠵᠡᠯ ᠰᠠᠨᠠᠭ᠎ᠠ ᠪᠣᠯᠣᠨ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠶ᠋ᠢᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ᠃ ᠲᠡᠰ ᠳᠠᠪᠬᠤᠷᠭ᠎ᠠ ᠲᠦᠷᠦᠯ ᠬᠤᠪᠢᠶᠠᠨ ᠰᠤᠷᠤᠯᠴᠠᠯᠭ᠎ᠠ ᠬᠥᠮᠦᠵᠢᠯ᠎ᠢ ᠪᠣᠳᠠᠲᠠᠢ ᠠᠳᠬᠤᠵᠤ᠂ 《ᠨᠢᠭᠡᠳᠦᠭᠡᠷ ᠵᠥᠪᠯᠡᠬᠦ ᠵᠦᠢᠯ》 ᠤ᠋ᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠡᠴᠡ᠎ᠶᠢ ᠪᠦᠷᠢᠨᠰᠢᠭᠦᠯᠬᠦ ᠬᠡᠷᠡᠭᠲᠡᠢ᠃ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ ᠪᠠ ᠰᠠᠬᠢᠯᠭ᠎ᠠ ᠪᠠᠲᠤ ᠰᠤᠷᠲᠠᠯ᠎ᠤᠨ ᠪᠠᠢᠭᠤᠯᠤᠯᠲᠠ᠎ᠶᠢ ᠴᠢᠩᠭ᠎ᠠ ᠪᠣᠳᠠᠲᠠᠢ ᠠᠳᠬᠤᠵᠤ᠂ ᠲᠥᠷᠥᠯ ᠵᠦᠢᠯ᠎ᠦᠨ ᠪᠡᠯᠡ ᠣᠷᠣᠭᠤᠯᠤᠯᠲᠠ᠂ ᠲᠥᠷᠥ᠎ᠶᠢᠨ ᠪᠣᠳᠣᠯᠭ᠎ᠠ ᠲᠣᠭᠲᠠᠭᠠᠬᠤ᠂ ᠪᠡᠯᠡ ᠮᠥᠩᠭᠥ ᠬᠡᠷᠡᠭᠯᠡᠬᠦ ᠵᠡᠷᠭᠡ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠶᠢ ᠴᠢᠩᠭ᠎ᠠ ᠠᠩᠬᠠᠷᠴᠤ᠂ ᠴᠢᠬᠡᠴᠢ ᠵᠠᠰᠠᠭ᠎ᠤᠨ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ ᠪᠦᠷᠢᠨᠰᠢᠭᠦᠯᠦᠨ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶᠢᠨ ᠠᠮᠢ ᠠᠬᠤᠢ᠎ᠶᠢ ᠪᠤᠢ ᠪᠤᠯᠭᠠᠬᠤ ᠬᠡᠷᠡᠭᠳᠡᠢ᠃ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠤᠬᠠᠭᠠᠯᠠᠨ ᠲᠥᠯᠥᠪᠯᠡᠬᠦ᠂ ᠴᠢᠬᠤᠯᠠ ᠶᠡᠬᠡ ᠲᠥᠷᠥᠯ ᠵᠦᠢᠯ᠎ᠦᠨ ᠪᠣᠭᠣᠮᠲᠠ ᠰᠢᠪᠲᠤᠯᠬᠤ᠂ ᠪᠡᠯᠡ ᠣᠷᠣᠭᠤᠯᠤᠯᠲᠠ᠎ᠶᠢ ᠲᠣᠭᠲᠠᠪᠤᠷᠢᠵᠢᠭᠤᠯᠵᠤ ᠨᠡᠮᠡᠭᠳᠡᠯ᠎ᠢ ᠲᠣᠭᠲᠠᠪᠤᠷᠢᠵᠢᠭᠤᠯᠬᠤ᠂ ᠡᠨᠧᠷᠭᠢ ᠠᠮᠤ ᠪᠤᠳᠠᠭᠠᠨ᠎ᠤ ᠠᠮᠤᠷ ᠲᠦᠪᠰᠢᠨ ᠵᠡᠷᠭᠡ ᠭᠣᠣᠯᠳᠠᠯᠭ᠎ᠠ᠎ᠲᠠᠢ ᠠᠵᠢᠯᠲᠤᠮᠳᠠ ᠲᠤᠭᠤᠰᠢᠯᠠᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃
11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠬᠡ ᠵᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠶ᠋ᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠰᠬᠠᠢ ᠰᠡᠳᠦᠪ᠎ᠢᠶᠡᠷ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ᠎ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠬᠡ ᠵᠢᠨ ᠪᠠᠲᠤᠯᠠᠭ᠎ᠠ᠎ᠶᠢᠨ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠡ᠃ ᠬᠤᠷᠠᠯ᠎ᠡᠴᠡ᠂ ᠪᠦᠬᠦ ᠣᠷᠣᠨ᠎ᠤ ᠡᠮᠨᠡᠯᠬᠡ ᠵᠢᠨ ᠲᠠᠭᠠᠳᠬᠠᠯ᠎ᠤᠨ ᠰᠢᠰᠲᠧᠮ᠎ᠦᠨ ᠬᠢᠨ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠨᠢᠭ᠍ᠲᠠ ᠤᠶᠠᠯᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《 ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ᠎ᠢᠶᠡᠷ ᠭᠤᠤᠯ ᠪᠣᠯᠭᠠᠬᠤ᠎ᠶᠢ ᠪᠠᠷᠢᠮᠲᠠᠯᠠᠵᠤ᠂ ᠡᠮᠨᠡᠯᠬᠡ ᠵᠢᠨ ᠳᠠᠭᠠᠳᠬᠠᠯ᠎ᠤᠨ ᠠᠷᠠᠳ᠎ᠤᠨ ᠠᠮᠢᠳᠤᠷᠠᠯ᠎ᠤᠨ ᠡᠭᠦᠷᠭᠡ ᠴᠢᠳᠠᠪᠬᠢᠳᠤ ᠰᠠᠭᠤᠷᠢᠯᠠᠨ᠂ ᠣᠯᠠᠨ ᠲᠠᠰ ᠳᠠᠪᠬᠤᠷᠭ᠎ᠠ᠎ᠶᠢᠨ ᠡᠮᠨᠡᠯᠬᠡ ᠵᠢᠨ ᠪᠠᠲᠤᠯᠠᠭ᠎ᠠ᠎ᠶᠢᠨ ᠰᠢᠰᠲ᠋ᠧᠮ᠎ᠢ ᠪᠦᠷᠢᠨᠰᠢᠬᠦᠯᠵᠦ᠍᠂ ᠳᠠᠭᠠᠳᠬᠠᠯ᠎ᠳᠤ ᠣᠷᠣᠯᠴᠠᠬᠤ ᠰᠠᠭᠤᠷᠢ᠎ᠶᠢ ᠪᠡᠬᠢᠵᠢᠭᠦᠯᠦᠨ᠂ ᠡᠮᠨᠡᠯᠬᠡ ᠵᠢᠨ ᠳᠠᠭᠠᠳᠬᠠᠯ᠎ᠤᠨ ᠬᠥᠰᠢᠭᠦᠷᠭᠡ᠎ᠶᠢᠨ ᠵᠢᠯᠣᠭᠣᠳᠤᠮᠵᠢ᠎ᠶᠢ ᠴᠢᠩᠭᠠᠳᠬᠠᠵᠤ᠂ 《ᠡᠮᠴᠢᠯᠡᠭᠡ᠂ ᠡᠮᠨᠡᠯᠭᠡ ᠵᠢᠨ ᠲᠠᠭᠠᠳᠬᠠᠯ᠂ ᠡᠮ ᠡᠮᠨᠡᠯᠭᠡ》 ᠵᠢᠨ ᠬᠠᠮᠵᠢᠯᠴᠠᠨ ᠬᠥᠭᠵᠢᠬᠦ᠌᠎ᠶᠢ ᠠᠬᠢᠭᠤᠯᠤᠨ᠂ ᠡᠮᠨᠡᠯᠭᠡ ᠵᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠠᠮᠢᠶᠠᠷᠤᠯᠲᠠᠳ᠋ᠡᠬᠢ ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ᠎ᠶᠢ ᠭᠦᠨᠵᠡᠭᠡᠶ᠋ᠢᠷᠡᠭᠦᠯᠵᠦ᠍᠂ ᠲᠣᠭᠠᠴᠢᠯᠠᠯᠲᠠ ᠤᠶᠤᠨᠴᠢᠯᠠᠯᠲᠠ ᠪᠡᠷ ᠬᠦᠴᠦᠨ ᠤᠯᠭᠤᠬᠤ᠎ᠶᠢ ᠴᠢᠩᠭᠠᠳᠬᠠᠨ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠯᠠᠨ ᠡᠰᠢᠵᠢᠭᠰᠡᠨ ᠡᠮᠨᠡᠯᠭᠡ ᠵᠢᠨ ᠳᠠᠭᠠᠳᠬᠠᠯ᠎ᠤᠨ ᠦᠢᠯᠡᠴᠢᠯᠡᠭᠡᠨ᠎ᠦ ᠬᠡᠷᠡᠭᠴᠡᠭᠡ᠎ᠶᠢ ᠨᠠᠩ ᠰᠠᠶ᠋ᠢᠲᠤᠷ ᠬᠠᠩᠭᠠᠵᠤ᠂ ᠪᠣᠳᠠᠲᠤ᠌ ᠠᠮᠵᠢᠯᠲᠠ ᠪᠦᠲᠦᠮᠵᠢ᠎ᠪᠡᠷ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ᠎ᠢ ᠰᠢᠯᠭᠠᠨ ᠪᠠᠶ᠋ᠢᠴᠠᠭᠠᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠳᠤ ᠡᠮᠨᠡᠯᠭᠡ ᠵᠢᠨ ᠳᠠᠭᠠᠳᠬᠠᠯ᠎ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃
11 ᠰᠠᠷ᠎ᠠ᠎ᠶᠢᠨ 2 ᠤ᠋ᠨ ᠡᠳᠦᠷ᠂ ᠬᠥᠬᠡᠬᠣᠲᠠ ᠬᠣᠲᠠ᠎ᠶᠢᠨ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃ ᠬᠤᠷᠠᠯ᠎ᠡᠴᠡ᠂ ᠪᠦᠬᠦ᠌ ᠬᠤᠳᠠ ᠳᠠᠶᠠᠭᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠍᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ᠎ᠡᠴᠡ᠂ ᠨᠠᠮᠴᠢ ᠴᠢᠨᠠᠷ᠎ᠢ ᠴᠢᠩᠭ᠎ᠠ ᠳᠠᠪᠲᠠᠨ ᠪᠣᠯᠪᠠᠰᠤᠷᠠᠭᠤᠯᠵᠤ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠶ᠋ᠢᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠍᠂ ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠶᠢ ᠪᠠᠷᠢᠮᠲᠠᠯᠠᠨ᠂ ᠡᠯ᠎ᠡ ᠬᠦᠷᠢᠢ᠎ᠡ ᠴᠠᠷᠠᠭ᠎ᠠ ᠡᠯ᠎ᠡ ᠱᠠᠳᠤ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠢᠯᠵᠢᠷᠠᠬᠦ᠎ᠡᠴᠡ ᠵᠢᠷᠦᠬᠡᠰᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠴᠦᠰ᠎ᠲᠦᠨᠢ ᠲᠤᠯᠲᠠᠯ᠎ᠠ ᠡᠷᠡᠰ ᠰᠠᠢᠳᠤᠷ ᠬᠢᠬᠦ᠌ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠰᠢᠰᠲ᠋ᠧᠮ᠎ᠦᠨ ᠪᠠᠶ᠋ᠢᠭᠤᠯᠤᠯᠲᠠ᠎ᠶᠢ ᠲᠡᠭᠦᠯᠳᠡᠷᠵᠢᠭᠦᠯᠵᠦ᠍᠂ ᠬᠢᠨᠠᠯᠲᠠ ᠲᠠᠯᠪᠢᠬᠤ ᠪᠣᠳᠠᠲᠤ᠌ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠬᠤ ᠬᠡᠷᠡᠭᠲᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠬᠤ᠎ᠶᠢ ᠣᠳᠣᠬᠠᠨ᠎ᠤ ᠠᠵᠢᠯ᠎ᠢᠶᠠᠨ ᠰᠠᠶ᠋ᠢᠲᠤᠷ ᠬᠢᠬᠦ᠌᠎ᠲᠡᠶ ᠤᠶᠠᠯᠳᠤᠭᠤᠯᠵᠤ᠂ ᠵᠢᠯ᠎ᠦᠨ ᠡᠴᠦᠰ ᠪᠠ ᠡᠤᠨᠦ ᠡᠬᠢᠨ᠎ᠦ ᠡᠯ᠎ᠡ ᠵᠦᠢᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠵᠦ᠍᠂ ᠣᠷᠣᠨ᠎ᠤ ᠲᠥᠪ᠎ᠦᠨ ᠡᠯ᠎ᠡ ᠵᠦᠢᠯ᠎ᠦᠨ ᠠᠵᠢᠯ ᠦᠢᠯᠡᠰ᠎ᠦᠨ ᠨᠠᠩ ᠶᠡᠬᠡ ᠠᠬᠢᠴᠠ᠎ᠲᠠᠶ ᠪᠣᠯᠬᠤ᠎ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃