2026-11-04 11:03:08
— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠣᠢᠷ᠎ᠠ᠎ᠶᠢᠨ ᠡᠳᠦᠷ᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠪᠣᠳᠠᠲᠠᠢ᠎ᠲᠠᠢ ᠪᠠᠨ ᠨᠢᠭ᠍ᠲᠠ ᠤᠶᠠᠯᠳᠤᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠪᠠ᠃
10 ᠰᠠᠷ᠎ᠠ᠎ᠶᠢᠨ 19᠎ᠤ᠋ ᠡᠳᠦᠷ᠂ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ (ᠥᠷᠭᠡᠳᠬᠡᠭᠰᠡᠨ) ᠬᠤᠷᠠᠯ᠂ ᠪᠥᠬᠥ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠭᠢᠭᠢᠷᠢᠶᠢᠨ ᠨᠠᠭᠤᠷ᠎ᠤᠨ ᠨᠤᠭᠤ ᠭᠠᠵᠠᠷ᠎ᠢ ᠬᠠᠮᠠᠭᠠᠯᠠᠬᠤ ᠪᠠ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠳᠠᠭ᠎ᠠ᠎ᠶᠢᠨ ᠨᠠᠭᠤᠷ᠎ᠤᠨ ᠤᠰᠤᠨ᠎ᠤ ᠠᠮᠢ ᠠᠬᠤᠢ᠎ᠶᠢ ᠶᠡᠷᠦᠩᠬᠡᠢᠯᠡᠨ ᠵᠠᠰᠠᠬᠤ᠂ ᠴᠠᠭᠠᠨᠨᠠᠭᠤᠷ᠎ᠤᠨ ᠠᠮᠢ ᠠᠬᠤᠢ᠎ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠎ᠶᠢ ᠦᠷᠭᠦᠯᠵᠢᠯᠡᠨ ᠰᠠᠢᠲᠤᠷ ᠠᠳᠬᠤᠵᠤ᠂《ᠤᠮᠠᠷᠠᠲᠤ᠎ᠶᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠴᠢᠨᠠᠷ ᠰᠠᠢᠲᠠᠢ ᠰᠠᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠨᠡᠨ ᠬᠦ᠌ ᠪᠡᠬᠢᠵᠢᠭᠦᠯᠬᠦ ᠬᠡᠷᠡᠭᠲᠡᠢ᠃《ᠵᠡᠭᠦᠨᠳᠡᠬᠢ ᠳᠤᠭ᠎ᠠ ᠪᠠᠷᠢᠮᠳᠠ᠎ᠵᠢ ᠪᠠᠷᠠᠭᠤᠨᠳᠡᠬᠢ ᠪᠤᠳᠤᠯᠲᠠ᠎ᠶᠢᠨ ᠬᠦᠴᠦᠨ᠎ᠢᠶᠡᠷ ᠲᠤᠯᠭᠠᠭᠤᠷᠢᠯᠠᠬᠤ》ᠢᠨᠵᠧᠨᠧᠷᠢᠩ᠎ᠢ ᠬᠡᠷᠡᠭᠵᠢᠭᠦᠯᠬᠦ᠂ ᠪᠥᠬᠥ ᠤᠯᠤᠰ᠎ᠤᠨ ᠨᠢᠭᠡ ᠴᠣᠭᠴᠠᠵᠢᠭ᠍ᠰᠠᠨ ᠪᠤᠳᠤᠯᠲᠠ᠎ᠶᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠬᠤ᠎ᠶᠢ ᠭᠦᠨᠵᠡᠭᠡᠢ ᠲᠠᠨᠢᠵᠤ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠮᠤᠷ ᠲᠦᠪᠰᠢᠨ᠎ᠦ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠤᠳᠤᠯᠲᠠ᠎ᠶᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠤᠳᠤᠯᠲᠠ᠎ᠶᠢᠨ ᠬᠦᠴᠦᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠪᠤᠳᠤᠯᠲᠠ᠎ᠶᠢᠨ ᠬᠦᠴᠦᠨ᠎ᠦ ᠲᠥᠪ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢ ᠰᠠᠢᠲᠤᠷ ᠬᠢᠵᠦ᠂ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠢᠳᠡᠪᠬᠢᠲᠡᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠪᠤᠳᠤᠯᠲᠠ᠎ᠶᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠣᠯ ᠡᠷᠬᠡᠪᠰᠢ ᠪᠠᠲᠤ ᠪᠡᠬᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠬᠤ᠎ᠶᠢ ᠭᠦᠨᠵᠡᠭᠡᠢ ᠲᠠᠨᠢᠵᠤ᠂ ᠲᠥᠮᠥᠰᠥ᠂ ᠨᠣᠬᠠᠢ᠎ᠶᠢᠨ ᠬᠣᠰᠢᠭᠤ ᠡᠯᠳᠡᠪ ᠠᠮᠤ᠂ ᠬᠦᠢᠲᠡᠨ ᠰᠡᠷᠢᠭᠦᠨ ᠢᠳᠡᠰᠢᠨ ᠨᠣᠭᠣᠭ᠎ᠠ᠂ ᠮᠢᠬᠠᠨ᠎ᠤ ᠦᠬᠡᠷ ᠬᠣᠨᠢ᠂ ᠴᠠᠭᠠᠨ ᠢᠳᠡᠭᠡᠨ ᠵᠡᠷᠭᠡ ᠣᠨᠴᠠᠯᠢᠭ᠍ᠲᠤ ᠳᠠᠪᠠᠭᠤᠯᠢᠭᠳᠤ ᠠᠵᠤ ᠦᠢᠯᠡᠰ᠎ᠢ ᠦᠷᠭᠦᠯᠵᠢᠯᠡᠨ ᠪᠤᠵᠠᠭᠠᠢᠷᠠᠭᠤᠯᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠎ᠶᠢ ᠶᠡᠬᠡᠪᠡᠷ ᠬᠥᠭᠵᠢᠭᠦᠯᠵᠦ᠂ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠲᠠᠷᠢᠶᠠᠴᠢᠳ ᠲᠠᠢ ᠬᠣᠯᠪᠤᠭᠠᠯᠠᠨ ᠲᠠᠷᠢᠶᠠᠯᠠᠩ᠎ᠢ ᠳᠠᠢᠴᠢᠯᠠᠬᠤ ᠲᠣᠭᠲᠡᠴᠡ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
10 ᠰᠠᠷ᠎ᠠ ᠶᠢᠨ 19 ᠤ᠋ ᠡᠳᠦᠷ ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶ᠋ᠢᠲᠡ ᠶᠢᠨ ᠡᠬᠢ ᠪᠠᠶᠠᠯᠢᠭ᠋ ᠤᠨ ᠠᠷᠠᠯᠵᠢᠶᠠᠨ ᠤ ᠲᠥᠪ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ ᠳᠤᠮᠳᠠ ᠰᠠᠨᠠᠭᠠᠴᠢᠯᠠᠭ᠎ᠠ᠎ᠡᠴᠡ᠎ᠪᠠᠨ ᠣᠷᠣᠨ ᠪᠠᠢᠷᠢ᠎ᠪᠠᠨ ᠣᠨᠣᠪᠴᠢᠲᠠᠶ ᠣᠯᠵᠤ᠂ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶ᠎ᠠ᠎ᠶᠢ ᠠᠮᠢ ᠠᠬᠤᠢ᠎ᠶᠢᠨ ᠬᠠᠮᠠᠭᠠᠯᠠᠯᠲᠠ᠂ ᠠᠵᠤ ᠦᠢᠯᠡᠰ᠎ᠦᠨ ᠲᠠᠰ ᠳᠠᠪᠰᠢᠯᠲᠠ ᠪᠠ ᠠᠵᠤ ᠠᠬᠤᠢᠯᠠᠯ᠎ᠢ ᠲᠤᠰᠠᠯᠠᠵᠤ ᠠᠷᠠᠳ᠎ᠲᠤ ᠠᠰᠢᠭ᠋ ᠬᠦᠷᠲᠡᠭᠡᠬᠦ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠭᠤᠯᠬᠤ ᠬᠡᠷᠡᠭᠲᠡᠢ᠃ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠳᠤ ᠦᠢᠯᠡᠴᠢᠯᠡᠬᠦ᠎ᠳᠦ ᠠᠭᠤᠰᠤᠯᠴᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠣᠷᠣᠨ᠎ᠤ ᠨᠢᠭᠡᠳᠦᠯᠲᠡᠢ ᠵᠢᠷᠤᠮᠵᠢᠭ᠍ᠰᠠᠨ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶᠠᠨ᠎ᠤ ᠰᠢᠰᠲᠧᠮ᠎ᠢ ᠲᠡᠭᠦᠯᠳᠡᠷᠵᠢᠭᠦᠯᠵᠦ᠂ ᠠᠯᠤᠰ᠎ᠡᠴᠡ ᠣᠨᠳᠣᠣ ᠭᠠᠵᠠᠷ᠎ᠲᠤ ᠳᠠᠭᠠᠭᠠᠴᠢᠯᠠᠯᠲᠠ ᠦᠨᠡᠯᠡᠬᠦ᠂ ᠳᠠᠯᠳᠠᠭᠤᠷ ᠳᠠᠭᠠᠭᠠᠴᠢᠯᠠᠯᠲᠠ ᠵᠠᠷᠯᠠᠵᠤ ᠨᠡᠷ᠎ᠡ ᠪᠢᠴᠢᠬᠦ ᠦᠭᠡᠢ᠎ᠪᠠᠷ ᠦᠨᠡᠯᠡᠬᠦ᠎ᠶᠢ ᠭᠦᠨᠵᠡᠭᠡᠢᠷᠡᠭᠦᠯᠵᠦ᠂ ᠳᠠᠯᠳᠠ ᠪᠡᠬᠢᠯᠡᠯᠲᠡ᠎ᠶᠢ ᠪᠠᠢᠩᠭᠤ ᠵᠢᠭ᠍ᠰᠠᠭᠠᠨ ᠪᠠᠢᠴᠠᠭᠠᠵᠤ ᠴᠡᠪᠡᠷᠯᠡᠨ᠂ ᠡᠯ᠎ᠡ ᠲᠥᠷᠥᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠡᠷᠬᠡ ᠲᠡᠭᠰᠢ᠎ᠪᠡᠷ ᠥᠷᠢᠰᠦᠯᠳᠦᠭᠡᠨ᠎ᠳᠦ ᠣᠷᠣᠯᠴᠠᠬᠤ᠎ᠶᠢ ᠪᠠᠲᠤᠯᠠᠬᠤ ᠬᠡᠷᠡᠭᠲᠡᠢ᠃ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠂ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠦᠢᠯᠡᠴᠢᠯᠡᠬᠦ᠎ᠶᠢᠨ ᠲᠣᠭᠣᠷᠢᠨ᠎ᠳᠤ᠂ ᠬᠠᠤᠯᠢ ᠲᠣᠭᠲᠠᠭᠠᠯ ᠶᠣᠰᠣᠭᠠᠷ ᠠᠷᠠᠯᠵᠢᠶᠠᠨ᠎ᠤ ᠲᠠᠪᠴᠠᠩ᠎ᠤᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠵᠢᠷᠤᠮᠵᠢᠯ᠎ᠲᠠᠢ ᠥᠨᠳᠥᠷ ᠪᠦᠲᠦᠮᠵᠢᠲᠡᠶ ᠠᠷᠠᠯᠵᠢᠶ᠎ᠠ᠎ᠪᠠᠷ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃《ᠵᠣᠬᠢᠶᠠᠮᠠᠯ ᠣᠶᠤᠨ ᠴᠢᠳᠠᠪᠤᠷᠢ +》ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶ᠎ᠠ᠎ᠶᠢ ᠲᠦᠷᠭᠡᠳᠬᠡᠨ ᠠᠬᠢᠭᠤᠯᠵᠤ᠂ ᠳᠠᠭᠠᠭᠠᠴᠢᠯᠠᠯᠲᠠ ᠬᠦᠯᠢᠶᠡᠭᠰᠡᠨᠦ ᠳᠠᠷᠠᠭᠠᠬᠢ ᠭᠡᠷ᠎ᠡ᠎ᠪᠡᠨ ᠭᠦᠢᠴᠡᠳᠬᠡᠬᠦ ᠵᠡᠷᠭᠡ ᠦᠵᠡᠭᠳᠡᠯ ᠪᠠᠢᠳᠠᠯ᠎ᠤᠨ ᠬᠡᠷᠡᠭᠯᠡᠯᠲᠡ᠎ᠶᠢ ᠭᠦᠨᠵᠡᠭᠡᠢᠷᠡᠭᠦᠯᠵᠦ᠂ ᠰᠦᠯᠵᠢᠶ᠎ᠡ ᠪᠠ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠳᠦᠷᠢᠮ᠎ᠦᠨ ᠴᠢᠨᠠᠷᠲᠠᠢ ᠠᠷᠠᠯᠵᠢᠶᠠᠨ᠎ᠤ ᠥᠪᠡᠷ᠎ᠦᠨ ᠥᠷᠲᠡᠭ᠎ᠢ ᠦᠷᠭᠦᠯᠵᠢᠯᠡᠨ ᠪᠠᠭᠤᠷᠠᠭᠤᠯᠵᠤ᠂ ᠢᠯᠡ ᠪᠣᠯᠭᠠᠬᠤ᠎ᠪᠠᠷ ᠲᠦᠪ ᠭᠤᠤᠯᠴᠢ᠎ᠶᠢ ᠠᠬᠢᠭᠤᠯᠵᠤ᠂ ᠵᠢᠷᠤᠮᠵᠢᠯ᠎ᠢᠶᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠦᠢᠯᠡᠴᠢᠯᠡᠭᠡ᠎ᠪᠡᠷ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠢᠯᠡ ᠲᠣᠳᠣᠷᠬᠠᠢ ᠠᠷᠠᠯᠵᠢᠶᠠᠨ᠎ᠤ ᠣᠷᠴᠢᠨ ᠨᠦᠭᠦᠴᠡᠯ᠎ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶ᠎ᠠ᠂ ᠪᠥᠬᠥ ᠣᠷᠣᠨ᠎ᠤ ᠤᠳᠤᠷᠢᠳᠬᠤ ᠺᠠᠳ᠋ᠷ᠎ᠤᠨ ᠶᠡᠬᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ᠎ᠶᠢᠨ ᠬᠣᠷᠢᠶᠠᠨ᠎ᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠰᠲᠧᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠭᠦᠨᠵᠡᠭᠡᠢ ᠰᠢᠰᠲᠧᠮ᠎ᠲᠠᠢ ᠰᠤᠷᠤᠯᠴᠠᠵᠦ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠵᠦ᠂ ᠠᠭᠤᠰᠤᠯᠴᠠᠭᠤᠯᠤᠨ ᠲᠤᠭᠤᠰᠢᠲᠠᠢ ᠰᠤᠷᠤᠯᠴᠠᠵᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠠᠷᠢᠬᠢᠨ᠎ᠳᠠᠭᠠᠨ ᠰᠢᠨᠭᠭᠡᠭᠡᠵᠦ ᠰᠡᠳᠬᠢᠯ᠎ᠳᠡᠭᠡᠨ ᠬᠠᠳᠠᠩᠰᠢᠭᠤᠯᠵᠤ᠂ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠬᠤ᠎ᠶᠢ ᠪᠠᠷᠢᠮᠲᠠᠯᠠᠵᠤ᠂ ᠴᠢᠩᠭ᠎ᠠ ᠪᠣᠳᠠᠲᠠᠢ ᠠᠵᠢᠯ᠎ᠤᠨ ᠰᠤᠷᠲᠠᠯ᠎ᠢᠶᠠᠷ ᠡᠯ᠎ᠡ ᠵᠦᠢᠯ᠎ᠦᠨ ᠠᠵᠢᠯ᠎ᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ; ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠬᠤ ᠬᠡᠷᠡᠭᠲᠡᠢ; ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠎ᠤ ᠬᠥᠭᠵᠢᠯᠲᠡ᠎ᠲᠠᠢ ᠨᠢᠭ᠍ᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭᠲᠡᠢ; ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠭᠰᠠᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠬᠠᠢᠷ᠎ᠠ ᠬᠠᠯᠠᠮᠵᠢ᠂ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠠᠵᠢᠯ ᠬᠢᠵᠦ ᠦᠢᠯᠡᠰ ᠪᠣᠰᠬᠠᠬᠤ ᠤᠬᠠᠮᠰᠠᠷᠲᠤ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
10 ᠰᠠᠷ᠎ᠠ᠎ᠶᠢᠨ 24 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ)᠎ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠦᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ᠃ ᠠᠮᠢ ᠠᠬᠤᠢ᠎ᠶᠢᠨ ᠮᠠᠯ ᠠᠵᠤ ᠠᠬᠤᠢ ᠲᠠᠷᠢᠶᠠᠯᠠᠩ᠎ᠢ ᠰᠠᠢᠲᠤᠷ ᠠᠳᠬᠤᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠲᠠᠷᠢᠶᠠᠨ ᠡᠮ ᠬᠢᠮᠢ᠎ᠶᠢᠨ ᠪᠣᠷᠳᠣᠭᠤᠷ᠎ᠢ ᠪᠠᠭᠠᠰᠬᠠᠬᠤ᠂ ᠢᠯᠭᠠᠳᠠᠰᠤ᠎ᠶᠢ ᠡᠬᠢ ᠪᠠᠶᠠᠯᠢᠭ᠍ᠵᠢᠭᠤᠯᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ᠎ᠶᠢ ᠠᠬᠢᠭᠤᠯᠬᠤ ᠬᠡᠷᠡᠭᠲᠡᠢ᠃ ᠣᠶᠤᠨᠲᠦ ᠮᠠᠯ ᠠᠵᠤ ᠠᠬᠤᠢ ᠲᠠᠷᠢᠶᠠᠯᠠᠩ᠎ᠢ ᠰᠠᠢᠲᠤᠷ ᠠᠳᠬᠤᠵᠤ᠂ ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠦ ᠲᠣᠭᠠᠴᠢᠯᠠᠭᠰᠠᠨ ᠬᠡᠷᠡᠭᠯᠡᠭᠡᠨ᠎ᠦ ᠪᠠᠢᠳᠠᠯ᠎ᠢ ᠥᠷᠭᠡᠳᠬᠡᠵᠦ᠂ ᠡᠷᠴᠢᠮᠵᠢᠭᠰᠡᠨ᠂ ᠣᠶᠤᠨᠴᠢᠯᠠᠭᠰᠠᠨ᠂ ᠨᠢᠭᠡ ᠴᠣᠭᠴᠠᠵᠢᠭ᠍ᠰᠠᠨ ᠮᠠᠯ ᠠᠵᠤ ᠠᠬᠤᠢ ᠲᠠᠷᠢᠶᠠᠯᠠᠩ᠎ᠤᠨ ᠲᠣᠮᠣ᠌ ᠳ᠋ᠠᠢᠲ᠋ᠠ᠎ᠶᠢᠨ ᠲᠠᠪᠴᠠᠩ᠎ᠢ ᠪᠠᠶ᠋ᠢᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠬᠡᠯᠬᠢᠶᠡᠵᠢᠭᠰᠡᠨ ᠮᠠᠶᠢᠭ᠋᠎ᠤᠨ ᠮᠠᠯ ᠠᠵᠤ ᠠᠬᠤᠢ ᠲᠠᠷᠢᠶᠠᠯᠠᠩ᠎ᠢ ᠰᠠᠢᠲᠦᠷ ᠠᠳᠬᠤᠵᠤ᠂ ᠦᠢᠯᠡᠳᠪᠦᠷᠢᠯᠡᠯ᠎ᠦᠨ ᠦᠵᠦᠭᠦᠷᠯᠢᠭ᠂ ᠡᠳ᠋ᠰᠢᠭᠦᠯᠬᠦ ᠦᠵᠦᠭᠦᠷᠯᠢᠭ᠂ ᠪᠣᠷᠣᠯᠠᠭᠤᠯᠬᠤ ᠦᠵᠦᠭᠦᠷᠯᠢᠭ᠎ᠢ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠴᠤ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠢ ᠭᠦᠨᠵᠡᠭᠡᠢ ᠠᠭᠤᠰᠤᠯᠴᠠᠭᠤᠯᠵᠤ᠂ 《ᠥᠪᠥᠷ ᠮᠣᠩᠭᠣᠯ》ᠨᠡᠷᠡᠮᠵᠢᠲᠦ ᠲᠦᠷᠦᠯ ᠲᠡᠮᠲᠡᠭ᠎ᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠴᠢᠳ᠎ᠢ ᠪᠠᠶᠠᠵᠢᠭᠤᠯᠬᠤ ᠮᠠᠯ ᠠᠵᠤ ᠠᠬᠤᠢ ᠲᠠᠷᠢᠶᠠᠯᠠᠩ ᠢ᠋ ᠰᠠᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠰᠠᠢᠨ ᠡᠭᠦᠯᠳᠡᠷ᠂ ᠰᠠᠢᠨ ᠠᠷᠭ᠎ᠠ᠂ ᠰᠠᠢᠨ ᠮᠡᠷᠭᠡᠵᠢᠯ᠂ ᠰᠠᠢᠨ ᠠᠵᠠ ᠲᠣᠬᠢᠶᠠᠯ ᠵᠡᠷᠭᠡ ᠴᠢᠬᠤᠯᠠ ᠡᠯᠧᠮᠧᠨ᠋ᠲ᠎ᠢ ᠲᠥᠪᠯᠡᠷᠡᠭᠦᠯᠦᠨ ᠬᠡᠷᠡᠭᠯᠡᠬᠦ᠎ᠶᠢ ᠠᠬᠢᠭᠤᠯᠬᠤ ᠬᠡᠷᠡᠭᠲᠡᠢ᠃ ᠬᠦᠳᠡᠯᠮᠦᠷᠢ᠎ᠪᠠᠷ ᠲᠡᠳᠬᠦᠮᠵᠢ᠎ᠶᠢ ᠣᠷᠣᠯᠠᠭᠤᠯᠬᠤ᠂ 《 ᠨᠤᠲᠤᠭ᠎ᠤᠨ ᠣᠨᠴᠠ ᠭᠠᠷᠤᠯᠲᠠ 》ᠵᠢ ᠰᠠᠢᠲᠤᠷ ᠬᠢᠬᠦ᠂ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠂ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ᠂ ᠲᠠᠷᠢᠶᠠᠴᠢᠨ ᠡᠷᠦᠬᠡ᠎ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ᠂ ᠲᠠᠷᠢᠶᠠᠴᠢᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠪᠣᠳᠠᠲᠠᠢᠵᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠯᠠᠨ ᠲᠠᠯ᠎ᠠ᠎ᠪᠠᠷ ᠬᠦᠴᠦᠯᠡᠵᠦ᠂ ᠠᠵᠤ ᠠᠬᠤᠢᠯᠠᠯ ᠬᠢᠭᠡᠳ ᠮᠠᠯᠴᠢᠨ ᠲᠠᠷᠢᠶᠠᠴᠢᠳ᠎ᠤᠨ ᠠᠰᠢᠭ᠋ ᠲᠤᠰᠠ ᠵᠢᠨ ᠬᠤᠯᠪᠤᠭᠠᠨ᠎ᠤ ᠲᠣᠭᠲᠡᠴᠡ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠳ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ᠂ ᠬᠡᠯᠪᠡᠷᠢᠴᠢᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠬᠦ ᠬᠡᠷᠡᠭᠲᠡᠢ᠃ ᠭᠣᠣᠯᠳᠠᠯᠭ᠎ᠠ᠎ᠲᠠᠢ ᠬᠦᠷᠢᠶ᠎ᠡ᠂ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ ᠠᠶᠤᠯ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠤ ᠬᠠᠮᠲᠤ᠎ᠶᠢᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》᠎ᠤ᠋ᠨ ᠬᠠᠮᠢᠶᠠᠷᠤᠯᠲᠠ᠎ᠶᠢᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠤᠭᠤᠮᠳᠠ ᠰᠢᠪᠲᠤᠯᠬᠤ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠮᠠᠯᠴᠢᠨ ᠲᠠᠷᠢᠶᠠᠴᠢᠨ ᠣᠯᠠᠨ ᠲᠦᠮᠡᠨ᠎ᠦ ᠲᠣᠰ ᠪᠡᠶ᠎ᠡ᠎ᠶᠢᠨ ᠠᠰᠢᠭ᠋ ᠲᠤᠰᠠ᠎ᠶᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃