> ᠲᠤᠰᠬᠠᠢ ᠮᠡᠳᠡᠭᠡᠯᠡᠯ

2026-11-05 11:40:36

ᠵᠣᠬᠢᠶᠠᠭ᠍ᠴᠢ᠄ ​ᠱᠤᠸᠠᠢ ᠵᠸᠩ ᠰᠢᠦᠢ ᠵᠢᠩ ᠶᠠᠩ ᠸᠧᠢ ᠵᠣᠣ ᠰᠢ ᠰᠥᠩ ᠠ ᠨᠠᠨ ᠣᠩᠱᠢᠭ᠍ᠰᠠᠨ ᠣᠳᠠᠭ᠎ᠠ᠄ 3

— ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ ᠡᠴᠡ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠤᠭᠰᠠᠨ ᠨᠢ ᠨᠠᠮ᠎ᠤᠨ ᠲᠦᠷᠦ ᠪᠠᠷᠢᠬᠤ ᠪᠠᠢᠷᠢ ᠰᠠᠭᠤᠷᠢ᠎ᠶᠢ ᠪᠡᠬᠢᠵᠢᠭᠦᠯᠬᠦ᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠳᠦ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠦᠬᠦᠳᠠ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠳᠥᠭᠥᠮᠴᠢᠯᠡᠨ᠎ᠡ) ᠨᠢ ᠨᠠᠮ᠎ᠤᠨ ᠳᠣᠲᠣᠭᠠᠳᠤ᠎ᠶᠢᠨ ᠬᠠᠤᠯᠢ ᠳᠦᠷᠢᠮ᠎ᠦᠨ ᠰᠢᠰᠲ᠋ᠸᠮ᠎ᠢ ᠲᠡᠭᠦᠯᠳᠡᠷᠵᠢᠭᠦᠯᠬᠦ᠂ ᠳᠦᠷᠢᠮ᠎ᠢ ᠬᠡᠷᠡᠭᠵᠢᠭᠦᠯᠬᠦ ᠬᠦᠴᠦᠨ᠎ᠢ ᠴᠢᠩᠭᠠᠳᠬᠠᠬᠤ᠂ ᠲᠠᠯᠳᠠ ᠳᠦᠷᠢᠮ ᠭᠤᠷᠢᠮ᠎ᠢ ᠬᠦᠴᠦᠯᠡᠨ ᠠᠷᠢᠯᠭᠠᠬᠤ ᠭᠤᠷᠪᠠᠨ ᠲᠠᠯ᠎ᠠ ᠡᠴᠡ ᠳᠦᠷᠢᠮ᠎ᠢᠶᠡᠷ ᠨᠠᠮ᠎ᠢ ᠵᠠᠰᠠᠬᠤ᠂ ᠲᠤᠭᠳᠠᠭᠠᠯ  ᠵᠢᠡᠷ ᠨᠠᠮ᠎ᠢ ᠵᠠᠰᠠᠬᠤ ᠲᠤᠬᠠᠢ ᠴᠢᠨᠠᠭᠰᠢᠳᠠ ᠪᠠᠢᠷᠢᠯᠠᠭᠤᠯᠤᠯᠲᠠ ᠬᠢᠵᠡᠢ᠃ ᠣᠢᠷ᠎ᠠ᠎ᠶᠢᠨ ᠡᠳᠦᠷ᠎ᠤᠳ᠎ᠲᠦ᠂ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ᠎ᠦᠨ ᠠᠵᠢᠯ᠎ᠤᠨ ᠰᠢᠨ᠎ᠡ ᠰᠢᠯᠢᠳᠡᠭ ᠰᠠᠢᠨ ᠲᠡᠢᠰᠢ ᠬᠥᠭᠵᠢᠬᠦ᠎ᠶᠢ ᠠᠬᠢᠭᠤᠯᠬᠤ ᠲᠤᠬᠠᠢ ᠪᠠᠢᠷᠢᠯᠠᠭᠤᠯᠪᠠ᠃

10 ᠰᠠᠷ᠎ᠠ᠎ᠶᠢᠨ 30 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠶ᠋ᠢᠭᠡᠮ᠎ᠦᠨ ᠠᠵᠢᠯ᠎ᠤᠨ ᠬᠡᠯᠲᠡᠰ ᠨᠢ ᠭᠡᠯᠳᠡᠰ ᠤ᠋ᠨ ᠶᠠᠪᠤᠳᠠᠯ᠎ᠤᠨ (ᠥᠷᠭᠡᠳᠬᠡᠭᠰᠡᠨ)ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠣᠰ ᠪᠡᠶ᠎ᠡ᠎ᠶᠢᠨ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠥᠬᠥ᠌ ᠣᠷᠣᠨ᠎ᠤ ᠨᠡᠶ᠋ᠢᠭᠡᠮ᠎ᠦᠨ ᠠᠵᠢᠯ᠎ᠤᠨ ᠰᠢᠰᠲ᠋ᠧᠮ᠎ᠦᠨ᠎ᠬᠢᠨ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠨᠢᠭᠲᠠ ᠤᠶᠠᠯᠳᠤᠭᠤᠯᠵᠤ᠂《ᠲᠣᠭᠲᠠᠭᠠᠯ》ᠢ᠋ ᠲᠡᠷᠡ ᠬᠡᠪ᠎ᠢᠶᠡᠷ᠎ᠨᠢ ᠰᠤᠳᠤᠯᠤᠨ ᠤᠩᠰᠢᠵᠤ᠂ ᠭᠦᠨᠵᠡᠭᠡᠶ ᠰᠤᠷᠤᠯᠴᠠᠨ ᠨᠡᠪᠳᠡᠷᠡᠳᠡᠯ᠎ᠡ ᠣᠶ᠋ᠢᠯᠠᠭᠠᠬᠤ᠂ ᠮᠥᠨ ᠴᠢᠨᠠᠷ᠎ᠢ᠎ᠨᠢ ᠣᠶ᠋ᠢᠯᠠᠭᠠᠬᠤ ᠳᠡᠭᠡᠷ᠎ᠡ ᠬᠦᠴᠦ᠍ ᠲᠠᠯᠪᠢᠵᠤ᠂ ᠨᠠᠮ ᠢ᠋ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠶ᠋ᠢᠵᠢᠭᠤᠯᠵᠤ᠂ 《ᠬᠣᠶᠠᠷ᠎ᠢ ᠲᠣᠭᠲᠠᠭᠠᠬᠰᠡᠨ》ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠌ ᠬᠡᠷᠡᠭᠲᠡᠶ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠨᠡᠶ᠋ᠢᠭᠡᠮ᠎ᠦᠨ ᠠᠵᠢᠯ᠎ᠤᠨ ᠡᠭᠦᠷᠭᠡ ᠴᠢᠳᠠᠪᠬᠢ᠎ᠳᠤ ᠰᠠᠭᠤᠷᠢᠯᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ ᠳ᠋ᠡᠬᠢ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠰᠠᠶ᠋ᠢᠲᠤᠷ ᠠᠳᠬᠤᠵᠤ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠣᠯᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠶ᠋ᠢᠭᠤᠯᠤᠯᠲᠠ᠎ᠶᠢ ᠬᠦᠳᠦᠯᠦᠨ ᠳᠠᠭᠠᠭᠤᠯᠵᠤ᠂ ᠤᠬᠠᠭᠤᠯᠤᠨ ᠲᠠᠶ᠋ᠢᠯᠪᠤᠷᠢᠯᠠᠬᠤ᠎ᠶᠢ ᠥᠷᠭᠡᠨ᠎ᠢᠶᠡᠷ ᠥᠷᠨᠢᠭᠦᠯᠵᠦ᠍᠂ ᠤᠯᠠᠨ ᠲᠦᠮᠡᠨ ᠳ᠋ᠤ ᠦᠢᠯᠡᠴᠢᠯᠡᠬᠦ᠌ ᠠᠵᠢᠯ᠎ᠢ ᠦᠷᠭᠦᠯᠵᠢᠯᠡᠨ ᠭᠦᠨᠵᠡᠭᠡᠢ ᠪᠣᠳᠠᠲᠠᠢ ᠬᠢᠵᠦ᠍᠂ ᠺᠠᠳ᠋ᠷ᠎ᠤᠨ ᠡᠩᠨᠡᠭᠡᠨ᠎ᠦ ᠪᠠᠶ᠋ᠢᠭᠤᠯᠤᠯᠲᠠ ᠪᠣᠯᠤᠨ ᠰᠤᠷᠲᠠᠯ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠪᠣᠳᠠᠲᠦ ᠠᠮᠵᠢᠯᠲᠠ ᠪᠦᠲᠦᠮᠵᠢ᠎ᠪᠡᠷ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ᠎ᠢ ᠰᠢᠯᠭᠠᠨ ᠪᠠᠶ᠋ᠢᠴᠠᠭᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠨᠡᠶ᠋ᠢᠭᠡᠮ᠎ᠦᠨ ᠠᠵᠢᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠢ ᠭᠡᠵᠦ᠍ ᠱᠠᠭᠠᠷᠳᠠᠪᠠ᠃

11 ᠰᠠᠷ᠎ᠠ᠎ᠶᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠦᠬᠦ᠌ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠰᠢᠰᠲ᠋ᠧᠮ᠎ᠦᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠨ ᠪᠣᠳᠠᠲᠠᠢ ᠠᠳᠬᠤᠨ ᠰᠠᠶ᠋ᠢᠲᠤᠷ ᠠᠳᠬᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠪᠠᠶ᠋ᠢᠭᠠᠯᠢ᠎ᠶᠢᠨ ᠡᠬᠢ ᠪᠠᠶᠠᠯᠢᠭ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠲᠡᠶ ᠤᠶᠠᠯᠳᠤᠭᠤᠯᠤᠨ᠂ ᠠᠭᠤᠰᠤᠯᠴᠠᠭᠤᠯᠤᠨ ᠨᠡᠪᠳᠡᠷᠡᠯᠴᠡᠬᠦᠯᠵᠤ ᠰᠤᠷᠤᠯᠴᠠᠨ ᠣᠶ᠋ᠢᠯᠠᠭᠠᠬᠤ ᠬᠡᠷᠡᠭᠲᠡᠢ᠃

ᠪᠠᠶ᠋ᠢᠭᠠᠯᠢ᠎ᠶᠢᠨ ᠡᠬᠢ ᠪᠠᠶᠠᠯᠢᠭ᠎ᠤᠨ ᠠᠵᠢᠯ᠎ᠤᠨ ᠤᠯᠤᠰ ᠲᠥᠷᠥ᠎ᠶᠢᠨ ᠰᠢᠨᠵᠢ ᠴᠢᠨᠠᠷ᠎ᠢ ᠪᠠᠲᠤ᠌ ᠡᠵᠡᠮᠳᠡᠵᠦ᠍᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ᠎ᠶᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠬᠦᠷᠢᠶᠡᠨ᠎ᠳᠡᠬᠢ ᠡᠯ᠎ᠡ ᠵᠦᠢᠯ᠎ᠦᠨ ᠠᠵᠢᠯ᠎ᠢ ᠢᠮᠠᠭᠲᠠ ᠵᠥᠪ ᠤᠯᠤᠰ ᠲᠥᠷᠥ᠎ᠶᠢᠨ ᠴᠢᠭᠯᠡᠯ᠎ᠢᠶᠡᠷ ᠠᠬᠢᠭᠤᠯᠬᠤ᠎ᠶᠢ ᠪᠠᠲᠤᠯᠠᠬᠤ ᠬᠡᠷᠡᠭᠲᠡᠶ ; ᠨᠠᠮ᠎ᠤᠨ ᠭᠡᠰᠢᠭᠦᠨ ᠺᠠᠳ᠋ᠷ᠎ᠤᠨ ᠨᠠᠮᠴᠢ ᠴᠢᠨᠠᠷ᠎ᠤᠨ ᠰᠠᠭᠤᠷᠢ᠎ᠶᠢ ᠪᠡᠬᠢᠵᠢᠭᠦᠯᠵᠦ᠍᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠠᠷᠠᠳ᠎ᠤᠨ ᠲᠥᠯᠥᠭᠡ ᠭᠡᠬᠦ᠌ ᠬᠠᠶ᠋ᠢᠷ᠎ᠠ ᠰᠡᠳᠬᠢᠯᠭᠡ᠎ᠶᠢ ᠵᠤᠵᠠᠭᠠᠳᠬᠠᠵᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠨ ᠦᠷᠭᠦᠯᠵᠢᠯᠡᠨ ᠬᠦᠴᠦᠯᠡᠵᠦ᠍᠂ ᠰᠤᠷᠲᠠᠯ᠎ᠤᠨ ᠪᠠᠶ᠋ᠢᠭᠤᠯᠤᠯᠲᠠ᠎ᠶᠢ ᠭᠦᠨᠵᠡᠭᠡᠶ᠋ᠢᠷᠡᠭᠦᠯᠵᠦ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠶ᠋ᠢᠵᠢᠭᠤᠯᠵᠤ᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠰᠢᠰᠲ᠋ᠧᠮ᠎ᠦᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠦᠷᠭᠦᠯᠵᠢᠯᠡᠨ ᠪᠡᠬᠢᠵᠢᠭᠦᠯᠬᠦ᠌ ᠬᠡᠷᠡᠭᠲᠡᠢ ; ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠣᠨ᠎ᠤ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠬᠢᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠪᠠᠶ᠋ᠢᠭᠠᠯᠢ᠎ᠶᠢᠨ ᠡᠬᠢ ᠪᠠᠶᠠᠯᠢᠭ᠎ᠤᠨ ᠠᠵᠢᠯ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠪᠣᠳᠠᠲᠤ᠌ ᠦᠷ᠎ᠡ ᠪᠦᠲᠦᠮᠵᠢ ᠳᠡᠭᠡᠷ᠎ᠡ ᠦᠨᠡᠨ ᠬᠦ᠌ ᠢᠯᠡᠷᠡᠭᠦᠯᠬᠦ᠌ ᠬᠡᠷᠡᠭᠲᠡᠶ ᠭᠡᠵᠦ ᠱᠠᠭᠠᠷᠳᠠᠪᠠ᠃

11 ᠰᠠᠷ᠎ᠠ᠎ᠶᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠦᠨ ᠬᠣᠯᠪᠣᠭ᠎ᠠ ᠨᠠᠮ᠎ᠤᠨ ᠤᠳᠤᠷᠢᠳᠬᠤ ᠳᠤᠭᠤᠶ᠋ᠢᠯᠠᠩ(ᠥᠷᠭᠡᠳᠬᠡᠭᠰᠡᠨ)ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠳᠣᠭᠢᠷᠠᠭᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠦᠬᠦ᠌ ᠣᠷᠣᠨ᠎ᠤ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠰᠢᠰᠲ᠋ᠧᠮ᠎ᠦᠨ ᠬᠢᠨ ᠡᠮᠡᠭᠲᠡᠶ᠋ᠢᠴᠦᠳ᠎ᠦᠨ ᠠᠵᠢᠯ ᠦᠢᠯᠡᠰ᠎ᠦᠨ ᠤᠯᠤᠰ ᠲᠦᠷᠦ᠎ᠶᠢᠨ ᠰᠢᠨᠵᠢ ᠴᠢᠨᠠᠷ ᠪᠣᠯᠤᠨ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠪᠠᠶ᠋ᠢᠷᠢ ᠲᠣᠭᠲᠠᠭᠠᠯᠲᠠ᠎ᠶᠢ ᠪᠠᠲᠤ᠌ ᠡᠵᠡᠮᠳᠡᠵᠦ᠍᠂ ᠥᠷᠭᠡᠨ ᠤᠯᠠᠨ ᠡᠮᠡᠭᠲᠡᠶ᠋ᠢᠴᠦᠳ᠎ᠦᠨ ᠳᠤᠮᠳᠠ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠲᠥᠯᠥᠨ ᠳᠠᠭᠠᠭᠤᠯᠵᠤ ᠦᠢᠯᠡᠴᠢᠯᠡᠬᠦ᠌ ᠬᠠᠷᠢᠯᠴᠠᠬᠤ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ ᠲᠠᠯ᠎ᠠ᠎ᠪᠠᠷ᠂ ᠠᠷᠢᠭᠤᠨ ᠴᠢᠬᠡᠴᠢ᠎ᠶᠢᠨ ᠬᠥᠮᠦᠵᠢᠯ᠎ᠢ ᠡᠮᠡᠭᠲᠡᠶ᠋ᠢᠴᠦᠳ᠎ᠦᠨ ᠶᠡᠬᠡ ᠤᠬᠠᠭᠤᠯᠤᠨ ᠲᠠᠢᠯᠪᠤᠷᠢᠯᠠᠯᠳᠠ᠂ ᠡᠮᠡᠭᠲᠡᠶ᠋ᠢᠴᠦᠳ᠎ᠦᠨ ᠰᠡᠳᠬᠢᠯ᠎ᠢᠶᠡᠨ ᠤᠯᠤᠯᠴᠠᠬᠤ ᠶᠠᠷᠢᠯᠴᠠᠭ᠎ᠠ᠂《ᠲᠥᠷᠬᠥᠮ᠎ᠳᠡᠭᠡᠨ ᠬᠠᠷᠢᠬᠰᠠᠨ》 ᠵᠡᠷᠭᠡ ᠠᠴᠢᠶᠠᠯᠠᠪᠤᠷᠢ᠎ᠳᠤ ᠠᠭᠤᠰᠤᠯᠴᠠᠭᠤᠯᠬᠤ ᠬᠡᠷᠡᠭᠲᠡᠶ ; ᠡᠮᠡᠭᠲᠡᠶ᠋ᠢᠴᠦᠳ᠎ᠦᠨ ᠭᠠᠪᠢᠶ᠎ᠠ ᠪᠠᠶ᠋ᠢᠭᠤᠯᠬᠤ ᠲᠠᠯ᠎ᠠ᠎ᠪᠠᠷ ᠴᠢᠩᠭ᠎ᠠ ᠪᠣᠳᠠᠲᠠᠢ ᠰᠤᠷᠲᠠᠯ᠎ᠢᠶᠠᠷ ᠡᠮᠡᠭᠲᠡᠶ᠋ᠢᠴᠦᠳ᠎ᠦᠨ ᠬᠥᠭᠵᠢᠯᠲᠡ᠎ᠶᠢᠨ ᠡᠬᠢ ᠪᠠᠶᠠᠯᠢᠭ᠎ᠤᠨ ᠦᠨᠳᠦᠰᠦᠨ ᠱᠠᠲᠤᠨ᠎ᠳᠤ ᠠᠰᠢᠭ ᠬᠦᠷᠲᠡᠭᠡᠬᠦ᠌᠎ᠶᠢ ᠪᠠᠲᠤᠯᠠᠬᠤ ᠬᠡᠷᠡᠭᠳᠡᠢ; 《ᠰᠠᠢᠨ ᠭᠡᠷ ᠪᠦᠯᠢ᠂ ᠰᠠᠢᠨ ᠭᠡᠷ᠎ᠤᠨ ᠰᠤᠷᠭᠠᠯ᠂ ᠰᠠᠢᠨ ᠭᠡᠷ᠎ᠤᠨ ᠰᠤᠷᠳᠠᠯ》 ᠤ᠋ᠨ ᠪᠠᠶ᠋ᠢᠭᠤᠯᠤᠯᠲᠠ᠎ᠶᠢᠨ ᠲᠠᠯ᠎ᠠ᠎ᠪᠠᠷ᠂ ᠠᠷᠢᠭᠤᠨ ᠴᠢᠬᠡᠴᠢ ᠰᠣᠶᠣᠯ᠎ᠢ ᠬᠡᠷ ᠪᠦᠯᠢ᠎ᠳᠦ ᠣᠷᠣᠭᠤᠯᠬᠤ᠂ 《ᠠᠷᠢᠭᠤᠨ ᠴᠢᠬᠡᠴᠢ ᠬᠡᠷ ᠪᠦᠯᠢ》 ᠵᠢᠨ ᠨᠡᠶ᠋ᠢᠲᠡᠯᠢᠭ ᠵᠢᠱ᠌ᠢᠶ᠎ᠡ᠎ᠶᠢ ᠰᠣᠩᠭᠣᠨ ᠪᠣᠶ ᠪᠣᠯᠭᠠᠬᠤ ᠵᠡᠷᠭᠡ ᠠᠵᠢᠯᠯᠠᠭ᠎ᠠ᠎ᠶᠢ ᠪᠠᠶ᠋ᠢᠩᠭᠤ ᠥᠷᠨᠢᠭᠦᠯᠬᠦ ᠬᠡᠷᠡᠭᠳᠡᠢ ; ᠡᠷᠬᠡ ᠠᠰᠢᠭ᠎ᠢ ᠬᠠᠮᠠᠭᠠᠯᠠᠵᠤ ᠬᠠᠶ᠋ᠢᠷ᠎ᠠ ᠬᠠᠯᠠᠮᠵᠢ ᠬᠦᠷᠬᠡᠬᠦ ᠲᠠᠯ᠎ᠠ᠎ᠪᠠᠷ᠂ 12338 ᠡᠷᠬᠡ ᠠᠰᠢᠭ᠎ᠢ ᠬᠠᠮᠠᠭᠠᠯᠠᠬᠤ ᠦᠢᠯᠡᠴᠢᠯᠡᠭᠡ᠂ ᠤᠷᠤᠭ ᠭᠡᠷ ᠪᠦᠯᠢ᠎ᠶᠢᠨ ᠵᠢᠭᠤᠷᠠᠯᠳᠤᠭᠠᠨ᠎ᠢ ᠰᠢ᠌ᠳᠪᠦᠷᠢᠯᠡᠬᠦ᠌᠂《ᠬᠠᠢᠷ᠎ᠠ ᠬᠠᠯᠠᠮᠵᠢᠳᠤ ᠡᠵᠢ》 ᠵᠢᠨ ᠬᠠᠪᠰᠤᠷᠤᠯᠴᠠᠭ᠎ᠠ ᠪᠠᠢᠭᠤᠯᠵᠤ ᠬᠠᠯᠠᠮᠵᠢᠯᠠᠬᠤ ᠵᠡᠷᠭᠡ᠎ᠪᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠦᠷ᠎ᠡ ᠪᠦᠲᠦᠮᠵᠢ᠎ᠶᠢ ᠰᠢᠯᠭᠠᠨ ᠪᠠᠶ᠋ᠢᠴᠠᠭᠠᠬᠤ ᠬᠡᠷᠡᠭᠳᠡᠢ ; ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢᠨ ᠲᠠᠯ᠎ᠠ᠎ᠪᠠᠷ᠂ ᠨᠠᠮ᠎ᠤᠨ ᠪᠠᠶ᠋ᠢᠭᠤᠯᠤᠯᠲᠠ᠎ᠪᠠᠷ ᠡᠮᠡᠭᠲᠡᠶ᠋ᠢᠴᠦᠳ᠎ᠦᠨ ᠠᠵᠢᠯ ᠦᠢᠯᠡᠰ᠎ᠤᠨ ᠪᠠᠶ᠋ᠢᠭᠤᠯᠤᠯᠲᠠ᠎ᠶᠢ ᠳᠠᠶ᠋ᠢᠴᠢᠯᠠᠬᠤ᠎ᠶᠢ ᠪᠠᠷᠢᠮᠲᠠᠯᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳ᠋ᠡᠬᠢ ᠡᠮᠡᠭᠲᠡᠶ᠋ᠢᠴᠦᠳ᠎ᠦᠨ ᠬᠣᠯᠪᠣᠭ᠎ᠠ ᠵᠢᠨ ᠵᠣᠬᠢᠶᠠᠨ ᠪᠠᠶ᠋ᠢᠭᠤᠯᠤᠯᠲᠠ ᠵᠢ 《ᠬᠡᠯᠪᠡᠷᠢ ᠵᠢᠨ ᠲᠠᠯ᠎ᠠ ᠡᠴᠡ ᠪᠦᠷᠬᠦᠬᠦᠯᠬᠦ》ᠡᠴᠡ 《ᠪᠦᠲᠦᠮᠵᠢᠲᠡᠢ ᠪᠦᠷᠬᠦᠬᠦᠯᠬᠦ》 ᠲᠡᠶ᠋ᠢᠰᠢ ᠭᠦᠨᠵᠡᠭᠡᠶ᠋ᠢᠷᠡᠬᠦ᠌᠎ᠶᠢ ᠠᠬᠢᠭᠤᠯᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 31᠎ᠤ᠋ ᠡᠳᠦᠷ᠂ ᠪᠤᠭᠤᠲᠤ ᠬᠣᠲᠠ᠎ᠶᠢᠨ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ ᠡᠴᠡ᠂ ᠪᠦᠬᠦ ᠬᠤᠳᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭᠠᠨ᠎ᠢᠶᠠᠨ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢᠶᠠᠨ ᠲᠥᠪ ᠪᠣᠯᠭᠠᠬᠤ᠂ ᠰᠤᠷᠤᠯᠴᠠᠯᠭ᠎ᠠ᠎ᠪᠠᠷ ᠠᠵᠢᠯ᠎ᠢᠶᠠᠨ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠨᠰᠢᠭᠦᠯᠵᠦ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠤᠷᠢᠶ᠎ᠠ᠎ᠶᠢᠨ ᠠᠵᠢᠯ᠎ᠤᠨ ᠳᠦᠷᠢᠮ》᠎ᠢ᠋ ᠴᠢᠩᠭ᠎ᠠ ᠨᠠᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ᠎ᠢᠶᠡᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ; ᠰᠢᠨ᠎ᠡ ᠴᠠᠭ ᠦᠶ᠎ᠡ᠎ᠶᠢᠨ ᠰᠢᠯᠢᠳᠡᠭ ᠺᠠᠳ᠋ᠷ᠎ᠤᠨ ᠪᠠᠷᠢᠮᠵᠢᠶ᠎ᠠ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠬᠦᠴᠦᠯᠡᠨ ᠪᠠᠢᠭᠤᠯᠬᠤ ᠬᠡᠷᠡᠭᠳᠡᠢ; ᠢᠯᠵᠢᠷᠠᠯ᠎ᠢ ᠵᠠᠯᠬᠠᠭᠠᠨ ᠰᠢᠢᠳᠬᠡᠬᠦ ᠲᠠᠯ᠎ᠠ᠎ᠪᠠᠷ ᠰᠦᠷ ᠬᠦᠴᠦᠳᠤ ᠪᠠᠢᠳᠠᠯ᠎ᠢ ᠪᠠᠲᠤᠯᠠᠵᠤ᠂ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠳᠡᠢ; ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠳᠦᠷᠢᠮ᠎ᠢ ᠬᠡᠷᠡᠭᠵᠢᠭᠦᠯᠵᠦ ᠪᠠᠢᠭ᠎ᠠ ᠪᠠᠢᠳᠠᠯ ᠳ᠋ᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠬᠠᠵᠤ᠂ ᠡᠯ᠎ᠡ ᠵᠦᠢᠯ᠎ᠦᠨ ᠬᠠᠤᠯᠢ ᠲᠣᠭᠲᠠᠭᠠᠯ ᠳᠦᠷᠢᠮ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ; ᠬᠢᠨᠠᠯᠲᠠ ᠲᠠᠯᠪᠢᠬᠤ ᠰᠢᠰᠲᠧᠮ᠎ᠢ ᠬᠦᠴᠦᠯᠡᠨ ᠲᠡᠭᠦᠯᠳᠡᠷᠵᠢᠭᠦᠯᠵᠦ᠂ ᠨᠠᠮ᠎ᠤᠨ ᠳᠣᠲᠣᠭᠠᠳᠤ᠎ᠶᠢᠨ ᠬᠢᠨᠠᠯᠲᠠ  ᠲᠠᠯᠪᠢᠬᠤ ᠬᠢᠭᠡᠳ ᠡᠯ᠎ᠡ ᠲᠠᠯ᠎ᠠ᠎ᠶᠢᠨ ᠬᠢᠨᠠᠯᠲᠠ ᠲᠠᠯᠪᠢᠬᠤ᠎ᠶᠢ ᠥᠨᠳᠥᠷ ᠪᠦᠲᠦᠮᠵᠢᠲᠡᠢ᠎ᠪᠡᠷ ᠬᠣᠯᠪᠣᠯᠳᠤᠭᠤᠯᠬᠤ᠎ᠶᠢ ᠠᠬᠢᠭᠤᠯᠬᠤ ᠬᠡᠷᠡᠭᠳᠡᠢ; ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠰᠲᠧᠮ᠎ᠢ ᠪᠦᠷᠢᠨᠰᠢᠭᠦᠯᠵᠦ᠂ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ᠎ᠤᠨ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面