2026-11-05 11:26:44
— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠭᠦᠨ ᠵᠤᠵᠠᠭᠠᠨ ᠬᠠᠢᠷ᠎ᠠ ᠰᠡᠳᠬᠢᠯᠭᠡ᠂ ᠴᠢᠩ ᠰᠡᠳᠭᠢᠯ ᠤ᠋ᠨ ᠬᠦᠰᠡᠯ ᠨᠠᠶ᠋ᠢᠳᠠᠯᠭ᠎ᠠ ᠨᠢ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠤᠨ᠎ᠠ᠃ ᠣᠢᠷ᠎ᠠ᠎ᠶᠢᠨ ᠡᠳᠦᠷ᠎ᠦᠳ᠎ᠲᠦ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠨᠠᠷᠢᠨ ᠨᠢᠮᠪᠠᠢ ᠪᠠᠢᠷᠢᠯᠠᠭᠤᠯᠵᠤ᠂ ᠶᠡᠷᠦᠩᠬᠡᠢ ᠱᠦᠵᠢ᠎ᠶᠢᠨ ᠬᠠᠯᠠᠮᠵᠢᠯᠠᠯ ᠵᠣᠷᠢᠭ᠍ᠵᠢᠭᠤᠯᠤᠯ᠎ᠢ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠤᠢ᠃
10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠨᠠᠮ᠎ᠤᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠵᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ᠃ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠎ᠶᠢᠨ ᠲᠣᠭᠣᠷᠢᠨ᠎ᠳᠤ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠤᠨ 《ᠠᠮᠢ ᠠᠬᠤᠢ ᠵᠢ ᠡᠪᠳᠡᠭᠰᠡᠨ ᠶᠠᠯᠠᠳᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭᠬᠦ ᠪᠠ ᠰᠠᠨᠠᠭᠠᠴᠢᠯᠠᠭ᠎ᠠ ᠡᠴᠡ ᠪᠠᠨ ᠰᠡᠷᠭᠡᠢᠯᠡᠵᠤ ᠬᠠᠮᠵᠢᠯᠴᠠᠨ ᠶᠡᠷᠦᠩᠬᠡᠢᠯᠡᠨ ᠵᠠᠰᠠᠬᠤ》 ᠰᠢᠰᠲ᠋ᠸᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ ᠲᠠᠢ ᠨᠢᠬᠳᠠ ᠤᠶᠠᠯᠳᠤᠭᠤᠯᠤᠨ᠂ 《ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠮᠤᠷ ᠲᠦᠪᠰᠢᠨ》 ᠤ᠋ ᠴᠢᠬᠤᠯᠠ ᠱᠠᠭᠠᠷᠳᠠᠯᠭ᠎ᠠ ᠶᠣᠰᠣᠭᠠᠷ ᠰᠦᠯᠵᠢᠶᠡᠨ᠎ᠦ ᠠᠮᠤᠷ ᠲᠦᠪᠰᠢᠨ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠂ ᠰᠠᠭᠤᠷᠢ ᠲᠥᠬᠥᠭᠡᠷᠦᠮᠵᠢ᠎ᠶᠢᠨ ᠠᠮᠤᠷ ᠲᠦᠪᠰᠢᠨ᠎ᠢ ᠬᠠᠮᠠᠭᠠᠯᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠍᠂ ᠪᠤᠳᠤᠯᠳᠠ ᠵᠢᠨ ᠬᠦᠴᠦᠨ᠎ᠦ ᠳᠠᠪᠠᠭᠤᠯᠢᠭ᠎ᠢ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠪᠦᠬᠦ᠌ ᠬᠦᠴᠦᠨ᠎ᠢᠶᠡᠷ᠎ᠢᠶᠡᠨ ᠦᠢᠯᠡᠴᠢᠯᠡᠬᠦ᠌ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠲᠠᠢ ᠨᠢᠬᠳᠠ ᠤᠶᠠᠯᠳᠤᠭᠤᠯᠵᠤ᠂ 《ᠲᠣᠰᠬᠣᠨ᠎ᠤ ᠡᠵᠡᠷᠬᠡᠭᠴᠢ》᠂ 《ᠰᠢᠶᠠᠩ᠎ᠤᠨ ᠡᠵᠡᠷᠬᠡᠭᠴᠢ》 ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠪᠣᠯᠤᠨ ᠲᠠᠷᠢᠶᠠᠨ ᠭᠠᠵᠠᠷ᠎ᠢ ᠡᠪᠳᠡᠬᠦ᠌᠂ ᠴᠢᠨᠡᠷ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ ᠵᠢᠴᠢ ᠮᠢᠬᠠᠨ᠎ᠤ ᠪᠦᠲᠦᠭᠡᠭᠳᠡᠬᠦᠨ ᠦᠢᠯᠡᠳᠪᠤᠷᠢᠯᠡᠵᠤ ᠪᠣᠷᠣᠯᠠᠭᠤᠯᠬᠤ ᠵᠡᠷᠭᠡ ᠬᠠᠤᠯᠢ᠎ᠡᠴᠡ ᠵᠥᠷᠢᠴᠡᠭᠰᠡᠨ ᠶᠠᠯᠠᠲᠤ᠌ ᠠᠵᠢᠯᠯᠠᠭ᠎ᠠ᠎ᠳᠤ ᠴᠣᠬᠢᠯᠲᠠ ᠥᠭᠬᠦ᠌ ᠡᠷᠴᠢᠮ᠎ᠢᠶᠡᠨ ᠴᠢᠩᠭᠠᠷᠠᠭᠤᠯᠵᠤ᠂ ᠪᠦᠬᠦ᠌ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠬᠤ ᠬᠡᠷᠡᠭᠳᠡᠢ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠬᠤ᠎ᠲᠠᠢ ᠨᠢᠬᠳᠠ ᠤᠶᠠᠯᠳᠤᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠬᠠᠮᠢᠶᠠᠷᠴᠤ᠌ ᠴᠠᠭᠳᠠᠭ᠎ᠠ᠎ᠶᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠵᠤ᠂ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠦᠢᠯᠡᠴᠢᠯᠡᠵᠤ ᠪᠠᠲᠤᠯᠠᠬᠤ᠎ᠳᠤ ᠪᠠᠲᠤ᠌ ᠴᠢᠩᠭ᠎ᠠ ᠡᠩᠨᠡᠭᠡᠨ᠎ᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃
10 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠯᠤᠭ᠎ᠠ ᠬᠤᠯᠪᠤᠨ ᠨᠡᠪᠲᠡᠷᠡᠯᠴᠡᠭᠦᠯᠬᠦ᠌ ᠬᠡᠷᠡᠭᠲᠡᠶ᠃ ᠡᠷᠡᠭᠦᠯ ᠮᠡᠨᠳᠦ᠎ᠶᠢ ᠤᠷᠢᠳ᠎ᠢᠶᠠᠷ ᠬᠥᠭᠵᠢᠭᠦᠯᠬᠦ᠌ ᠪᠠᠶ᠋ᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠍᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠶᠢ ᠭᠦᠨᠵᠡᠭᠡᠶ ᠠᠬᠢᠭᠤᠯᠵᠤ᠂ ᠬᠦᠨᠳᠦ ᠶᠡᠬᠡ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠶ᠋ᠢᠯᠡᠬᠦ᠌ ᠠᠵᠢᠯ᠎ᠢ ᠰᠠᠶ᠋ᠢᠲᠤᠷ ᠬᠢᠵᠦ᠍᠂ ᠲᠠᠰ ᠬᠤᠪᠢᠶᠠᠨ ᠣᠨᠣᠰᠢᠯᠠᠨ ᠡᠮᠨᠡᠬᠦ᠌ ᠰᠢᠰᠲ᠋ᠧᠮ᠎ᠢ ᠲᠡᠭᠦᠯᠳᠡᠷᠵᠢᠭᠦᠯᠵᠦ᠍᠂ ᠡᠮᠴᠢᠯᠡᠭᠡᠨ᠎ᠦ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠍᠂ ᠬᠢᠲᠠᠳ(ᠮᠣᠩᠭᠣᠯ) ᠡᠮ ᠡᠮᠨᠡᠯᠭᠡ᠎ᠶᠢᠨ ᠤᠨᠴᠠᠯᠢᠬᠳᠤ ᠬᠥᠭᠵᠢᠯᠲᠡ᠎ᠶᠢ ᠠᠬᠢᠭᠤᠯᠵᠤ᠂《ᠦᠳᠡᠬᠦᠰ ᠨᠢᠯᠬᠠᠰ》 ᠤ᠋ᠨ ᠡᠮ ᠡᠮᠨᠡᠯᠬᠡ ᠵᠢᠨ ᠪᠠᠲᠤᠯᠠᠭ᠎ᠠ᠎ᠶᠢ ᠰᠠᠶ᠋ᠢᠲᠤᠷ ᠠᠳᠬᠤᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ᠌᠎ᠶᠢ ᠰᠠᠶ᠋ᠢᠲᠤᠷ ᠬᠢᠬᠦ᠌ ᠬᠡᠷᠡᠭᠲᠡᠶ᠃ ᠨᠠᠮ᠎ᠤᠨ ᠪᠥᠬᠥ᠌ ᠲᠠᠯ᠎ᠠ᠎ᠶᠢᠨ ᠤᠳᠤᠷᠢᠳᠤᠯᠭ᠎ᠠ᠎ᠶᠢ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠡᠷᠡᠰ ᠭᠤᠶ᠋ᠢᠪᠢᠰᠢ ᠥᠬᠡᠶ ᠲᠤᠭᠤᠰᠢᠯᠠᠭᠤᠯᠵᠤ᠂ ᠨᠠᠮ᠎ᠤᠨ ᠪᠠᠶ᠋ᠢᠭᠤᠯᠤᠯᠲᠠ ᠪᠣᠯᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠶ᠋ᠢᠵᠢᠭᠤᠯᠵᠤ᠂ ᠴᠢᠩᠭ᠎ᠠ ᠪᠠᠢᠬᠤ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠢᠬᠤ ᠠᠭᠤᠷ ᠠᠮᠢᠰᠬᠤᠯ᠎ᠢ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠡᠮ ᠡᠮᠨᠡᠯᠭᠡ ᠡᠷᠡᠭᠦᠯ ᠬᠠᠮᠠᠭᠠᠯᠠᠯ᠎ᠤᠨ ᠠᠵᠢᠯ ᠲᠥᠷᠥᠯ᠎ᠦᠨ ᠤᠯᠤᠰ ᠲᠥᠷᠥ᠎ᠶᠢᠨ ᠠᠮᠢ ᠠᠬᠤᠶ᠎ᠶᠢ ᠦᠷᠭᠦᠯᠵᠢᠯᠡᠨ ᠪᠤᠢ ᠪᠤᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠪᠥᠬᠥ᠌ ᠬᠦᠴᠦᠨ᠎ᠢᠶᠡᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
10 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠪᠥᠬᠥ᠌ ᠣᠷᠣᠨ᠎ᠤ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲ᠋ᠧᠮ᠎ᠦᠨ᠎ᠬᠢᠨ ᠪᠣᠳᠣᠯᠲᠠ᠎ᠶᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠪᠥᠬᠥ᠌ ᠬᠦᠴᠦᠨ᠎ᠢᠶᠡᠷ᠎ᠢᠶᠡᠨ ᠦᠢᠯᠡᠴᠢᠯᠡᠨ ᠪᠠᠲᠤᠯᠠᠵᠤ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠥᠶ ᠠᠶ᠋ᠢᠮᠠᠭ ᠬᠣᠲᠠ ᠪᠣᠯᠤᠨ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠱᠠᠯᠠᠪᠳᠠᠭᠤᠯᠤᠨ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ᠌᠎ᠶᠢ ᠪᠠᠷᠢᠮᠲᠠᠯᠠᠵᠤ᠂ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠪᠣᠳᠣᠯᠲᠠ᠎ᠶᠢᠨ ᠬᠦᠴᠦᠨ᠎ᠦ ᠬᠦᠷᠢᠶᠡᠨ᠎ᠳᠡᠬᠢ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠶ ᠲᠠᠯᠠᠪᠤᠷ ᠭᠠᠵᠠᠷ᠎ᠤᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠪᠣᠳᠠᠲᠠᠶ ᠠᠳᠬᠤᠵᠤ᠂ ᠠᠵᠢᠯ ᠲᠥᠷᠥᠯ᠎ᠦᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠤᠨᠢᠨ ᠲᠡᠬᠡᠷ᠎ᠡ ᠨᠢ ᠰᠡᠷᠭᠡᠶ᠋ᠢᠯᠡᠨ ᠡᠵᠡᠮᠳᠡᠵᠦ᠍᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ᠌ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠍᠂ ᠡᠯ᠎ᠡ ᠲᠥᠷᠥᠯ᠎ᠦᠨ ᠦᠢᠯᠡᠳᠪᠦᠷᠢᠯᠡᠯ᠎ᠦᠨ ᠠᠮᠤᠷ ᠲᠦᠪᠰᠢᠨ᠎ᠦ ᠡᠨᠳᠡᠯ᠎ᠢ ᠡᠷᠡᠰ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃ ᠡᠭᠦᠨ᠎ᠦ ᠬᠠᠮᠲᠤ᠌᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠵᠦ᠍ ᠭᠠᠮᠰᠢᠭ᠎ᠡᠴᠡ ᠠᠪᠤᠷᠠᠬᠤ ᠠᠵᠢᠯ᠎ᠢ ᠰᠠᠶ᠋ᠢᠲᠤᠷ ᠠᠳᠬᠤᠵᠤ᠂ ᠪᠣᠷᠣᠭᠠᠨ᠎ᠤ ᠪᠠᠶ᠋ᠢᠳᠠᠯ᠂ ᠤᠰᠤᠨ᠎ᠤ ᠪᠠᠶ᠋ᠢᠳᠠᠯ᠂ ᠦᠶᠡᠷ᠎ᠦᠨ ᠪᠠᠶ᠋ᠢᠳᠠᠯ᠂ ᠭᠠᠩ᠎ᠤᠨ ᠪᠠᠶ᠋ᠢᠳᠠᠯ᠎ᠢ ᠬᠢᠨᠠᠨ ᠬᠡᠮᠵᠢᠵᠦ᠍ ᠰᠤᠳᠤᠯᠤᠨ ᠮᠠᠭᠠᠳᠯᠠᠬᠤ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠬᠢᠵᠦ᠍᠂ ᠭᠠᠮᠰᠢᠭ᠎ᠢ ᠰᠡᠷᠭᠡᠶ᠋ᠢᠯᠡᠵᠦ᠍ ᠠᠶᠤᠯ᠎ᠡᠴᠡ ᠵᠠᠶ᠋ᠢᠯᠠᠭᠤᠯᠬᠤ᠂ ᠲᠡᠷᠢᠶᠠᠨ ᠴᠢᠬᠢ᠎ᠶᠢ ᠬᠠᠮᠠᠭᠠᠯᠠᠵᠤ ᠮᠠᠯ ᠰᠦᠷᠦᠭ᠎ᠢ ᠬᠠᠮᠠᠭᠠᠯᠠᠬᠤ ᠵᠡᠷᠭᠡ ᠰᠡᠷᠭᠡᠶ᠋ᠢᠯᠡᠬᠦ᠌ ᠠᠷᠭ᠎ᠠ ᠬᠡᠮᠵᠢᠶ᠎ᠡ᠎ᠶᠢ ᠤᠷᠢᠳᠴᠢᠯᠠᠨ ᠨᠠᠶ᠋ᠢᠳᠠᠪᠤᠷᠢᠵᠢᠭᠤᠯᠵᠤ᠂ ᠦᠶᠡᠷ ᠤᠰᠤᠲᠤᠯ᠂ ᠭᠠᠩ ᠬᠠᠭᠰᠠᠷᠠᠭᠠᠨ᠂ ᠬᠦᠢᠲᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯ ᠵᠡᠷᠭᠡ ᠭᠠᠮᠰᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠵᠤ᠂ ᠮᠠᠯ ᠠᠵᠤ ᠠᠬᠤᠶ᠎ᠲᠠᠷᠢᠶᠠᠯᠠᠩ᠎ᠤᠨ ᠦᠢᠯᠡᠳᠪᠦᠷᠢᠯᠡᠯ᠎ᠦᠨ ᠲᠣᠭᠲᠠᠭᠤᠨ ᠪᠠᠢᠳᠠᠯ᠎ᠢ ᠪᠥᠬᠥ᠌ ᠬᠦᠴᠦᠨ᠎ᠢᠶᠡᠷ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃
10 ᠰᠠᠷ᠎ᠠ᠎ᠶᠢᠨ 19 ᠤ᠋ ᠡᠳᠦᠷ᠂ ᠣᠷᠳᠣᠰ ᠬᠣᠲᠠ᠎ᠶᠢᠨ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠤᠷᠢᠶ᠎ᠠ᠎ᠶᠢᠨ (ᠥᠷᠭᠡᠳᠬᠡᠭᠰᠡᠨ ) ᠬᠤᠷᠠᠯ᠂ ᠪᠥᠬᠥ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠲᠣᠰ ᠤᠳᠠᠭ᠎ᠠ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠯᠤᠭ᠎ᠠ ᠬᠤᠯᠪᠤᠨ ᠨᠡᠪᠳᠡᠷᠡᠯᠴᠡᠬᠦᠯᠵᠤ ᠨᠢᠬᠡ ᠴᠤᠬᠴᠠ ᠪᠤᠯᠭᠠᠨ ᠰᠤᠷᠤᠯᠴᠠᠨ ᠤᠢᠯᠠᠭᠠᠵᠤ᠂ ᠨᠢᠭᠡ ᠴᠣᠭᠴᠠᠪᠤᠯᠭᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭᠰᠢᠯᠠᠬᠤ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠶ᠋ᠯᠡ ᠠᠵᠢᠯᠯᠠᠭ᠎ᠠ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠡᠴᠡ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠢ ᠢᠳᠡᠪᠬᠢᠲᠡᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ ᠤ᠋ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠭᠦᠨᠵᠡᠭᠡᠢ ᠨᠠᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ ᠤᠨᠠᠯᠳᠠ ᠭᠠᠷᠤᠯᠲᠠ᠎ᠶᠢ ᠨᠡᠮᠡᠭᠳᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ ᠪᠠᠲᠤᠯᠠᠬᠤ ᠬᠡᠷᠡᠭᠲᠡᠢ᠃ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠦᠷᠭᠦᠯᠵᠢᠯᠡᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ᠎ᠶᠢ ᠪᠤᠢ ᠪᠤᠯᠭᠠᠵᠤ᠂ ᠪᠤᠳᠠᠳᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠡᠳᠬᠢᠮᠵᠢ ᠠᠷᠭ᠎ᠠ ᠬᠡᠮᠵᠢᠶ᠎ᠡ᠎ᠶᠢ ᠤᠬᠠᠭᠠᠯᠠᠨ ᠲᠥᠯᠦᠪᠯᠡᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ ᠬᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃