> ᠲᠤᠰᠬᠠᠢ ᠮᠡᠳᠡᠭᠡᠯᠡᠯ

2026-11-06 12:14:25

ᠵᠣᠬᠢᠶᠠᠭ᠍ᠴᠢ᠄ ​ ᠭᠤᠤ ᠬᠤᠢ ᠶᠠᠩ ᠯᠢᠦ ᠢᠦᠢ ᠰᠢᠨ ᠯᠢ ᠰᠢᠤᠸᠠᠢ ᠯᠠᠢ ᠣᠩᠱᠢᠭ᠍ᠰᠠᠨ ᠣᠳᠠᠭ᠎ᠠ᠄ 3

— ᠪᠦᠬᠦ ᠣᠷᠣᠨ᠎ᠤ ᠡᠯ᠎ᠡ ᠭᠠᠵᠠᠷ  ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠠᠶᠠᠯᠠᠯ᠎ᠤᠨ ᠴᠢᠭᠯᠡᠯ᠎ᠢ ᠵᠢᠭᠠᠵᠤ ᠦᠬᠴᠤ᠂  ᠡᠷᠡᠮᠡᠬᠡᠢᠯᠡᠨ ᠲᠡᠮᠡᠴᠡᠵᠤ ᠭᠠᠪᠰᠢᠭᠠᠢᠯᠠᠨ ᠠᠵᠢᠯᠯᠠᠬᠤ ᠡᠷᠴᠢ ᠵᠤᠷᠢᠭ᠎ᠢ ᠬᠦᠪᠴᠢᠯᠡᠨ᠎ᠠ᠃ ᠣᠢᠷ᠎ᠠ᠎ᠶᠢᠨ ᠡᠳᠦᠷ᠎ᠦᠳ᠎ᠲᠦ᠂ ᠪᠦᠬᠦ ᠣᠷᠣᠨ᠎ᠤ ᠡᠯ᠎ᠡ ᠭᠠᠵᠠᠷ  ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠠᠯᠲᠠ ᠡᠭᠦᠷᠭᠡ᠎ᠪᠡᠷ ᠪᠠᠷᠢᠮᠵᠢᠶᠠᠯᠠᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠰᠤᠷᠤᠯᠴᠠᠬᠤ ᠬᠡᠷᠡᠭᠯᠡᠬᠦ᠎ᠶᠢ ᠤᠶᠠᠯᠳᠤᠭᠤᠯᠬᠤ᠂ ᠮᠡᠳᠡᠬᠦᠢ ᠬᠢᠬᠦᠢ᠎ᠶᠢ ᠨᠢᠭᠡᠳᠬᠡᠬᠦ᠎ᠶᠢ ᠪᠠᠷᠢᠮᠲᠠᠯᠠᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ᠎ᠲᠤ ᠠᠰᠢᠭ᠋ ᠬᠦᠷᠲᠡᠭᠡᠬᠦ ᠯᠠᠪᠳᠠᠭᠤᠨ ᠪᠠᠲᠤᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ ᠪᠤᠢ᠃

10 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠲᠣᠪᠴᠢᠶᠠᠨ᠎ᠤ ᠶᠠᠪᠤᠳᠠᠯ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠬᠤᠷᠠᠯ ᠪᠣᠯᠣᠨ ᠪᠥᠬᠥ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠪᠣᠳᠠᠲᠠᠢ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃ ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠪᠥᠬᠥ ᠣᠷᠣᠨ᠎ᠤ ᠠᠬᠠᠮᠠᠳ ᠺᠠᠳ᠋ᠷᠴᠤᠳ᠎ᠤᠨ ᠠᠵᠢᠯ᠎ᠤᠨ ᠠᠵᠢᠯᠲᠠᠨ᠎ᠤ ᠴᠢᠳᠠᠪᠤᠷᠢ ᠬᠡᠪ ᠪᠤᠯᠪᠠᠰᠤᠷᠠᠯ᠎ᠢ ᠳᠡᠭᠡᠭᠰᠢᠯᠡᠭᠦᠯᠬᠦ ᠴᠢᠬᠤᠯᠠ ᠠᠭᠤᠯᠭ᠎ᠠ ᠪᠣᠯᠭᠠᠵᠤ᠂ ᠭᠦᠨᠵᠡᠭᠡᠢ ᠰᠤᠷᠤᠯᠴᠠᠨ ᠰᠤᠳᠤᠯᠵᠤ᠂ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ; ᠠᠬᠠᠮᠠᠳ ᠨᠥᠬᠥᠳ᠎ᠦᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠨᠠᠮ᠎ᠤᠨ ᠡᠭᠦᠷ᠎ᠦᠨ ᠰᠤᠷᠤᠯᠴᠠᠯᠭ᠎ᠠ᠂ ᠭᠣᠣᠯ ᠰᠡᠳᠦᠪᠲᠦ ᠨᠠᠮ᠎ᠤᠨ ᠡᠳᠦᠷ᠂ ᠰᠤᠷᠤᠯᠴᠠᠯᠭ᠎ᠠ ᠵᠢ ᠭᠡᠷ ᠲᠦ᠍ᠨᠢ ᠬᠦᠷᠭᠡᠬᠦ ᠵᠡᠷᠭᠡ ᠣᠯᠠᠨ ᠵᠦᠢᠯ᠎ᠦᠨ ᠬᠡᠯᠪᠡᠷᠢ ᠵᠢ ᠠᠪᠴᠤ᠂ ᠪᠦᠬᠦ ᠣᠷᠣᠨ᠎ᠤ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠳᠤᠮᠳᠠ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ᠎ᠶᠢ ᠦᠳᠲᠡᠷ ᠲᠦᠷᠭᠡᠨ ᠪᠤᠢ ᠪᠤᠯᠭᠠᠬᠤ  ᠬᠡᠷᠡᠭᠲᠡᠢ; 《ᠦᠳᠡᠯᠦᠬᠡ ᠨᠠᠰᠤ ᠪᠠᠨ ᠥᠪᠥᠷ ᠮᠣᠩᠭᠣᠯ ᠳ᠋ᠠᠭᠠᠨ ᠵᠤᠷᠢᠭᠤᠯᠬᠤ》 ᠠᠵᠢᠯᠯᠠᠭ᠎ᠠ᠎ᠶᠢ ᠭᠦᠨᠵᠡᠭᠡᠢᠷᠡᠭᠦᠯᠦᠨ ᠬᠡᠷᠡᠭᠵᠢᠭᠦᠯᠬᠦ᠎ᠪᠡᠷ ᠶᠡᠷᠦᠩᠬᠡᠢ ᠭᠠᠷᠳᠠᠴᠠ ᠪᠣᠯᠭᠠᠵᠤ᠂ ᠡᠯ᠎ᠡ ᠱᠠᠲᠤᠨ᠎ᠤ ᠪᠤᠭᠤᠷᠤᠯ ᠨᠠᠰᠤᠨ᠎ᠤ  ᠴᠢᠳᠠᠪᠤᠷᠢᠲᠠᠨ᠎ᠤ ᠡᠩᠨᠡᠭᠡ᠎ᠶᠢ ᠴᠢᠨᠠᠭᠰᠢᠳᠠ ᠬᠦᠴᠦᠷᠬᠡᠭᠵᠢᠭᠦᠯᠵᠦ ᠰᠠᠢᠲᠤᠷ ᠬᠡᠷᠡᠭᠯᠡᠨ᠂ ᠬᠤᠯᠪᠤᠭᠳᠠᠯ ᠪᠦᠬᠦᠢ ᠬᠦᠷᠢᠶᠡᠨ ᠳ᠋ᠡᠬᠢ ᠲᠤᠰᠬᠠᠢ ᠮᠡᠷᠭᠡᠵᠢᠯ᠎ᠲᠠᠢ ᠠᠵᠢᠯ ᠡᠴᠡ᠎ᠪᠠᠨ ᠳᠠᠷᠬᠠᠯᠠᠭᠳᠠᠭᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷᠴᠤᠳ᠎ᠢ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ  ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠬᠥᠭᠵᠢᠯᠲᠡ᠂ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭᠳᠡᠭᠦᠯᠬᠦ ᠵᠡᠷᠭᠡ ᠲᠠᠯ᠎ᠠ᠎ᠳ᠋ᠤ ᠪᠤᠭᠤᠷᠤᠯᠴᠤᠳ ᠤ᠋ᠨ ᠬᠦᠴᠦᠨ᠎ᠢ ᠨᠡᠮᠡᠷᠢᠯᠡᠬᠦ ᠬᠡᠷᠡᠭᠳᠠᠢ; 《ᠦᠵᠡᠯ ᠰᠠᠨᠠᠭ᠎ᠠ᠎ᠶᠢ ᠰᠤᠷᠤᠯᠴᠠᠨ ᠬᠤᠪᠢᠷᠠᠯᠲᠠ᠎ᠶᠢ ᠦᠵᠡᠵᠦ ᠬᠥᠭᠵᠢᠯᠲᠡ ᠳ᠋ᠤ ᠬᠦᠴᠦᠨ ᠨᠡᠮᠡᠷᠢᠯᠡᠬᠦ》 ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠂ ᠠᠬᠠᠮᠠᠳ ᠨᠥᠬᠥᠳ᠎ᠢ ᠵᠣᠬᠢᠶᠠᠨ ᠪᠠᠢᠭᠤᠯᠤᠨ ᠬᠥᠲᠥᠯᠥᠨ ᠵᠢᠯᠤᠭᠣᠳᠴᠤ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠬᠦ ᠬᠡᠷᠡᠭᠲᠡᠢ; ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠦᠢᠯᠡᠴᠢᠯᠡᠭᠡ ᠪᠠᠲᠤᠯᠠᠭ᠎ᠠ᠎ᠶᠢᠨ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ᠎ᠲᠠᠢ᠎ᠪᠡᠷ ᠬᠦᠴᠦ ᠤᠷᠤᠭᠤᠯᠤᠨ ᠰᠠᠢᠲᠤᠷ ᠬᠢᠵᠦ᠂ ᠠᠬᠠᠮᠠᠳ ᠨᠥᠬᠥᠳ᠎ᠲᠦ ᠬᠥᠭᠵᠢᠯᠲᠡ᠎ᠶᠢᠨ ᠦᠷ᠎ᠡ ᠪᠦᠲᠦᠭᠡᠯ᠎ᠢ ᠡᠳ᠋ᠯᠡᠭᠦᠯᠵᠦ᠂ ᠥᠲᠡᠯᠦᠭᠡ ᠨᠠᠰᠤ᠎ᠶᠢ ᠨᠢ ᠵᠣᠯ ᠵᠢᠷᠭᠠᠯ᠎ᠲᠠᠢ ᠥᠩᠭᠡᠷᠡᠭᠦᠯᠬᠦ ᠬᠡᠷᠡᠭᠲᠡᠢ ᠭᠡᠵᠤ ᠱᠠᠭᠠᠷᠳᠠᠵᠠᠢ᠃

10 ᠰᠠᠷ᠎ᠠ᠎ᠶᠢᠨ 21᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠠᠴᠢ ᠡᠨᠡᠷᠢᠯ᠎ᠳᠦ ᠲᠠᠯᠠᠷᠬᠠᠵᠦ ᠡᠷᠡᠮᠡᠬᠡᠢᠯᠡᠨ ᠤᠷᠤᠭᠰᠢᠯᠠᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ᠃ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠲᠠᠷᠢᠬᠢ ᠲᠣᠯᠣᠭᠠᠢ ᠰᠡᠳᠬᠢᠯ᠎ᠳᠡᠭᠡᠨ ᠬᠠᠳᠠᠩᠰᠢᠭᠤᠯᠤᠨ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠵᠡᠷᠭᠡ ᠴᠢᠬᠤᠯᠠ ᠥᠭᠦᠯᠡᠯᠲᠡ᠎ᠶᠢ ᠣᠨᠣᠪᠴᠢᠲᠠᠶ ᠣᠢᠯᠠᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠣᠨᠳᠣᠣᠰᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠳᠡᠢ᠃ ᠰᠠᠢᠲᠤᠷ ᠤᠬᠠᠭᠤᠯᠤᠨ ᠬᠥᠲᠥᠯᠥᠨ ᠵᠢᠯᠤᠭᠣᠳᠴᠤ᠂ ᠲᠤᠭᠤᠰᠢᠲᠠᠢ ᠨᠠᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠠᠯᠠᠪᠤᠷ ᠦᠷᠳᠡᠬᠡ ᠵᠡᠷᠭᠡ ᠵᠢᠭ᠍ᠰᠠᠭᠠᠯ᠎ᠤᠨ ᠭᠠᠵᠠᠷ᠎ᠢ ᠰᠠᠢᠲᠤᠷ ᠠᠰᠢᠭ᠍ᠯᠠᠵᠤ᠂ 《ᠵᠠᠮ᠎ᠢᠶᠠᠷ ᠡᠯᠡᠰᠦ᠎ᠶᠢ ᠵᠠᠰᠠᠬᠤ》 ᠵᠡᠷᠭᠡ ᠵᠠᠮ ᠬᠠᠷᠢᠯᠴᠠᠭᠠᠨ᠎ᠤ  ᠪᠠᠢᠳᠠᠯ᠎ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠨᠳᠦᠰᠦᠨ ᠱᠠᠲᠤᠨ᠎ᠤ ᠡᠮᠦᠨ᠎ᠡ ᠹᠷᠣᠨᠲ᠂ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ ᠳᠠᠮᠵᠢᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠲᠦ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠵᠦ᠂ ᠪᠤᠳᠤᠯᠳᠠ᠎ᠶᠢᠨ ᠬᠦᠴᠦᠨ᠎ᠦ ᠲᠣᠣᠷ᠂ ᠴᠢᠮᠡᠭᠡ ᠬᠣᠯᠪᠣᠭᠠᠨ᠎ᠤ ᠲᠣᠣᠷ᠎ᠤᠨ ᠲᠥᠯᠦᠪᠵᠢᠭᠦᠯᠭᠡ᠎ᠶᠢ ᠵᠣᠯᠭᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠡᠷᠡᠭᠯᠡᠭᠡᠨ᠎ᠦ ᠪᠠᠢᠳᠠᠯ᠎ᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠣᠨ᠎ᠤ ᠠᠶᠠᠨᠴᠢᠳ ᠪᠠᠷᠠᠭ᠎ᠠ ᠰᠢᠦᠳᠠᠨ᠎ᠤ ᠲᠡᠭᠡᠭᠡᠪᠦᠷᠢ ᠵᠢᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠣᠨᠴᠠᠯᠢᠭ᠍ᠲᠤ ᠲᠠᠷᠢᠶᠠᠯᠠᠩ ᠮᠠᠯ ᠠᠵᠤ ᠠᠬᠤᠢ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠳᠤ ᠦᠢᠯᠡᠴᠢᠯᠡᠵᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ᠎ᠳᠤ ᠬᠦᠴᠦᠨ ᠨᠡᠮᠡᠷᠢᠯᠡᠬᠦ ᠬᠡᠷᠡᠭᠳᠡᠢ ᠬᠡᠵᠦ ᠴᠢᠬᠤᠯᠠᠴᠢᠯᠠᠪᠠ᠃

10 ᠰᠠᠷ᠎ᠠ᠎ᠶᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃   

ᠬᠤᠷᠠᠯ᠎ᠡᠴᠡ᠂ ᠪᠥᠬᠥ᠌ ᠣᠷᠣᠨ᠎ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠰᠢᠰᠲ᠋ᠧᠮ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠶ ᠣᠶ᠋ᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠬᠤ ᠬᠡᠷᠡᠭᠲᠡᠶ᠃ ᠥᠪᠥᠷ ᠮᠣᠩᠭᠣᠯ᠎ᠤᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠳᠤᠭ᠎ᠠ ᠤᠯᠠᠨ᠂ ᠲᠠᠷᠬᠠᠯᠲᠠ ᠥᠷᠭᠡᠨ ᠪᠠᠶ᠋ᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ ᠳᠤᠮᠳᠠ ᠶᠡᠬᠡ ᠵᠢᠳᠬᠦᠯ ᠴᠢᠷᠮᠠᠶ᠋ᠢᠯᠭ᠎ᠠ ᠭᠠᠷᠭᠠᠵᠤ ᠪᠣᠯᠤᠨ᠎ᠠ᠃ ᠡᠭᠦᠨ᠎ᠦ ᠬᠠᠮᠲᠤ᠌᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠂ ᠰᠢᠨ᠎ᠡ ᠡᠨᠧᠷᠭᠢ ᠵᠡᠷᠭᠡ ᠠᠵᠤ ᠦᠢᠯᠡᠰ᠎ᠦᠨ ᠪᠠᠶ᠋ᠢᠷᠢᠰᠢᠭᠤᠯᠤᠯᠲᠠ᠎ᠨᠢ ᠴᠡᠷᠢᠭ᠎ᠤᠨ᠎ᠠᠯᠪᠠ ᠡᠴᠡ ᠬᠠᠯᠠᠭᠳᠠᠭᠰᠠᠳ᠎ᠤᠨ ᠪᠣᠬᠢᠷᠲᠤᠯ ᠥᠬᠡᠶ ᠬᠥᠭᠵᠢᠯᠲᠡ᠎ᠳᠦ ᠣᠷᠣᠯᠴᠠᠬᠤ᠎ᠳᠤ ᠰᠢᠨ᠎ᠡ ᠣᠷᠣᠨ ᠵᠠᠶ᠎ᠶᠢ ᠨᠡᠭᠡᠭᠡᠵᠦ᠍ ᠥᠭᠴᠡᠶ᠃ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢ ᠪᠣᠬᠢᠷᠲᠤᠯ ᠦᠭᠡᠢ ᠠᠵᠤ ᠦᠢᠯᠡᠰ᠎ᠤᠨ ᠠᠵᠢᠯ ᠣᠯᠭᠣᠯᠲᠠ᠎ᠲᠠᠶ ᠵᠣᠯᠭᠠᠭᠤᠯᠵᠤ᠂ ᠨᠣᠭᠣᠭᠠᠷᠠᠭᠤᠯᠤᠯᠲᠠ᠎ᠶᠢ ᠬᠠᠮᠠᠭᠠᠯᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌ ᠠᠵᠢᠯ᠎ᠳᠦ ᠠᠬᠠᠮᠠᠳ ᠴᠡᠷᠢᠭ᠎ᠢ ᠢᠳᠡᠪᠬᠢᠳᠡᠢ ᠤᠷᠤᠯᠴᠠᠭᠤᠯᠤᠨ᠂ ᠭᠠᠷᠬᠤ ᠵᠠᠮ᠎ᠲᠠᠶ ᠪᠣᠯᠭᠠᠪᠠᠯ᠂ ᠨᠤᠮᠢᠨ ᠤᠰᠤ ᠬᠦᠬᠡᠮᠳᠦᠭ ᠠᠭᠤᠯᠠ ᠨᠡᠩ ᠰᠠᠢ᠌ᠨ᠎ᠢᠶᠠᠷ ᠠᠯᠲᠠ ᠠᠭᠤᠯᠠ ᠮᠥᠩᠭᠥᠨ ᠬᠠᠢᠷᠬᠠᠨ ᠪᠣᠯᠤᠨ ᠬᠤᠪᠢᠷᠠᠵᠤ ᠴᠢᠳᠠᠨ᠎ᠠ᠃ ᠪᠥᠬᠥ᠌ ᠣᠷᠣᠨ᠎ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠰᠢᠰᠲ᠋ᠧᠮ᠎ᠨᠢ ᠥᠷᠭᠡᠨ ᠣᠯᠠᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠢ ᠦᠷᠭᠦᠯᠵᠢᠯᠡᠨ ᠬᠥᠲᠥᠯᠥᠨ ᠵᠢᠯᠣᠭᠣᠳᠴᠤ᠌ ᠪᠠᠶ᠋ᠢᠭᠠᠳ ᠪᠣᠬᠢᠷᠲᠤᠯ ᠥᠬᠡᠶ ᠬᠥᠭᠵᠢᠯᠲᠡ᠎ᠶᠢᠨ ᠦᠢᠯᠡᠳᠦᠯᠭᠡ᠎ᠳᠦ ᠣᠷᠣᠯᠴᠠᠭᠤᠯᠵᠤ᠂ ᠠᠮᠢ ᠠᠬᠤᠶ᠎ᠶᠢᠨ ᠬᠠᠮᠠᠭᠠᠯᠠᠯᠲᠠ ᠵᠠᠰᠠᠯᠲᠠ᠎ᠶᠢᠨ ᠰᠢᠨ᠎ᠡ ᠠᠮᠢᠳᠤᠯᠢᠭ ᠥᠯᠢᠭᠡᠷ᠎ᠢ ᠲᠠᠰᠤᠷᠠᠯᠲᠠ ᠥᠬᠡᠶ ᠠᠭᠤᠳᠠᠯᠤᠨ ᠤᠬᠠᠭᠤᠯᠵᠤ᠂ ᠪᠣᠬᠢᠷᠲᠤᠯ ᠥᠬᠡᠶ᠎ᠶᠢ ᠡᠷᠬᠢᠮᠯᠡᠬᠦ᠌᠂ ᠲᠡᠷᠢᠭᠦᠨ᠎ᠦ ᠪᠣᠯᠬᠤ᠎ᠪᠠᠷ ᠴᠢᠷᠮᠠᠶ᠋ᠢᠬᠤ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 26 ᠎ᠤ᠋ ᠡᠳᠦᠷ᠂ ᠪᠠᠶᠠᠨᠨᠠᠭᠤᠷ ᠬᠣᠲᠠ᠎ᠶᠢᠨ ᠨᠠᠮ᠎ᠤᠨ ᠬᠣᠷᠢᠶ᠎ᠠ ᠵᠢᠷᠭᠤᠳᠤᠭᠠᠷ ᠬᠤᠭᠤᠴᠠᠭᠠᠨ᠎ᠤ ᠬᠣᠲᠠ᠎ᠶᠢᠨ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠠᠩᠬᠠᠳᠤᠭᠠᠷ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠪᠠᠶᠠᠨᠨᠠᠭᠤᠷ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠲᠠᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠶ᠋ᠢᠷᠢᠯᠠᠭᠤᠯᠤᠯᠲᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠤᠯᠠᠭᠠᠨᠰᠤᠬᠠᠢ ᠵᠢᠨ ᠵᠠᠰᠠᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠨᠠᠭᠤᠷ ᠴᠥᠭᠥᠷᠥᠮ ᠨᠤᠭᠤ ᠭᠠᠵᠠᠷ᠎ᠢ ᠰᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠨ ᠰᠡᠷᠭᠦᠭᠡᠵᠦ᠂ ᠬᠠᠲᠤᠨ ᠭᠤᠤᠯ᠎ᠤᠨ 《ᠶᠡᠬᠡ ᠲᠤᠬᠤᠢ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠴᠢᠨᠠᠷ ᠰᠠᠶ᠋ᠢᠲᠠᠶ ᠬᠢᠵᠦ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠲᠠᠯ᠎ᠠ ᠪᠡᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠳᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面