> ᠲᠤᠰᠬᠠᠢ ᠮᠡᠳᠡᠭᠡᠯᠡᠯ

2026-11-07 16:42:13

ᠵᠣᠬᠢᠶᠠᠭ᠍ᠴᠢ᠄ ᠠᠷᠠᠳ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠵᠠᠩᠭᠢᠯᠠᠭ᠎ᠠ ᠨᠢ ᠴᠢᠩᠭ᠎ᠠ ᠪᠠᠢᠬᠤ᠎ᠳᠤ ᠪᠤᠢ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠡᠷᠬᠡᠪᠰᠢ ᠢᠮᠠᠭᠲᠠ ᠲᠤᠭᠤᠰᠢᠯᠠᠭᠤᠯᠵᠤ᠂ ᠡᠴᠦᠰ ᠲᠦ᠍ᠨᠢ ᠲᠤᠯᠲᠠᠯ᠎ᠠ ᠴᠢᠩᠳᠠᠯᠠᠬᠤ ᠬᠡᠷᠡᠭᠲᠡᠢ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂《ᠪᠦᠬᠦ ᠲᠠᠯ᠎ᠠ᠎ᠪᠠᠷ ᠴᠢᠩᠭ᠎ᠠ ᠪᠠᠢᠬᠤ᠎ᠶᠢ ᠪᠠᠷᠢᠮᠲᠠᠯᠠᠬᠤ》ᠶ᠋ᠢ ᠡᠷᠬᠡᠪᠰᠢ ᠵᠢᠷᠤᠮᠯᠠᠬᠤ ᠴᠢᠬᠤᠯᠠ ᠶᠡᠬᠡ ᠵᠠᠷᠴᠢᠮ᠎ᠤᠨ ᠨᠢᠭᠡ ᠪᠣᠯᠭᠠᠵᠤ᠂《ᠴᠢᠩᠭ᠎ᠠ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠬᠤ》᠂《ᠪᠦᠬᠦ ᠨᠠᠮ ᠎ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠨ᠎ᠠ》 ᠭᠡᠵᠦ ᠴᠢᠬᠤᠯᠠᠴᠢᠯᠠᠪᠠ᠃ ᠡᠨᠡ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠳᠣᠲᠣᠭᠠᠳᠤ᠎ᠶᠢᠨ ᠵᠢᠮ᠎ᠡ ᠶᠣᠰᠣ᠌᠎ᠶᠢ ᠭᠦᠨᠵᠡᠭᠡᠢ ᠡᠵᠡᠮᠳᠡᠵᠦ ᠪᠠᠢᠬᠤ᠎ᠶᠢ ᠢᠯᠡᠷᠡᠭᠦᠯᠵᠦ᠂ ᠮᠠᠨ᠎ᠤ ᠨᠠᠮ᠎ᠤᠨ ᠴᠥᠬᠥᠷᠡᠰᠢ ᠦᠭᠡᠢ ᠪᠠᠷᠢᠮᠲᠠᠯᠠᠵᠤ ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠦᠨ ᠠᠬᠢᠭᠤᠯᠬᠤ ᠬᠤᠷᠴᠠ ᠰᠡᠷᠭᠡᠭ ᠡᠷᠡᠰ ᠪᠠᠲᠤ ᠪᠠᠢᠬᠤ᠎ᠶᠢ ᠢᠯᠡᠷᠡᠭᠦᠯᠪᠡ᠃

ᠪᠦᠬᠦᠳᠡ ᠬᠤᠷᠠᠯ᠎ᠡᠴᠡ ᠬᠢᠨᠠᠨ ᠵᠥᠪᠯᠡᠵᠦ ᠪᠠᠲᠤᠯᠠᠭᠰᠠᠨ《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》ᠨᠢ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ ᠎ᠦᠨ ᠠᠵᠢᠯ᠎ᠤᠨ ᠪᠠᠷᠢᠮᠵᠢᠶ᠎ᠠ᠎ᠶᠢ ᠴᠢᠩᠭ᠎ᠠ ᠡᠵᠡᠮᠳᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠂ ᠺᠠᠳ᠋ᠷ᠎ᠤᠨ ᠬᠥᠮᠦᠵᠢᠯ ᠬᠠᠮᠢᠶᠠᠷᠤᠯᠲᠠ᠎ᠳᠤ ᠴᠢᠩᠭ᠎ᠠ ᠬᠢᠨᠠᠯᠲᠠ ᠲᠠᠯᠪᠢᠵᠤ᠂ ᠨᠠᠵᠠᠭᠠᠢ ᠰᠤᠷᠳᠠᠯ ᠪᠣᠯᠣᠨ ᠢᠯᠵᠢᠷᠠᠮᠠᠯ ᠦᠵᠡᠭᠳᠡᠯ᠎ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠎ᠶᠢ ᠴᠢᠩᠭ᠎ᠠ ᠪᠠᠢᠯᠭᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ  ᠴᠢᠩᠭ᠎ᠠ ᠪᠠᠢᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ ᠲᠡᠭᠦᠯᠳᠡᠷᠵᠢᠭᠦᠯᠵᠦ᠂ ᠶᠠᠪᠤᠬᠤ ᠲᠤᠳᠤᠮ ᠴᠢᠩᠭᠠᠷᠠᠬᠤ ᠬᠦᠴᠦᠳᠡᠢ ᠪᠠᠢᠯᠭᠠᠬᠤ ᠳᠣᠬᠢᠶ᠎ᠠ᠎ᠶᠢ ᠢᠯᠡ ᠲᠣᠳᠣ᠌᠎ᠪᠠᠷ ᠳᠠᠮᠵᠢᠭᠤᠯᠪᠠ᠃ ᠡᠭᠦᠨ᠎ᠦ ᠬᠠᠮᠲᠤ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠳᠤᠭᠤᠰᠢᠳᠠᠢ ᠴᠢᠨᠭᠳᠠᠯᠠᠨ᠂ ᠳᠤᠭᠤᠰᠢᠳᠠᠢ ᠬᠢᠵᠠᠭᠠᠷᠯᠠᠬᠤ ᠪᠡᠷ ᠪᠠᠷᠠᠬᠤ ᠦᠬᠡᠢ ᠪᠠᠰᠠ ᠪᠦᠬᠦ ᠨᠠᠮ᠎ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠬᠥᠭᠵᠢᠬᠡᠬᠦ ᠵᠢ ᠪᠡᠶᠡᠯᠡᠬᠦᠯᠪᠡ᠃ ᠪᠢᠳᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠭᠦᠨᠵᠡᠭᠡᠢ ᠣᠢᠯᠠᠭᠠᠵᠤ᠂ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠺᠠᠳ᠋ᠷᠴᠤᠳ᠎ᠤᠨ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠭ᠍ᠰᠠᠨ ᠤᠷᠢᠲᠠᠯ ᠳᠣᠣᠷ᠎ᠠ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ᠎ᠪᠠᠷ ᠠᠵᠢᠯ ᠬᠢᠬᠦ᠎ᠶᠢ ᠠᠬᠢᠭᠤᠯᠵᠤ᠂ ᠯᠠᠪᠳᠠᠭᠤᠨ ᠪᠠᠲᠤᠲᠠᠢ ᠲᠡᠮᠡᠴᠡᠯ᠎ᠢᠶᠡᠷ ᠦᠢᠯᠡᠳᠦᠯᠭᠡ ᠪᠠ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠠᠵᠢᠯ᠎ᠤᠨ ᠠᠮᠵᠢᠯᠲᠠ ᠪᠦᠲᠦᠮᠵᠢ᠎ᠶᠢ ᠡᠭᠦᠳᠬᠦ ᠬᠡᠷᠡᠭᠲᠡᠢ᠃

ᠨᠠᠮ᠎ᠤᠨ ᠳᠣᠲᠣᠭᠠᠳᠤ᠎ᠶᠢᠨ ᠤᠯᠤᠰ ᠲᠥᠷᠥ᠎ᠶᠢᠨ ᠠᠮᠢᠳᠤᠷᠠᠯ᠎ᠢ ᠴᠢᠩᠳᠠᠯᠠᠨ ᠳᠦᠷᠢᠮᠵᠢᠭᠦᠯᠵᠦ᠂ ᠨᠠᠮ᠎ᠤᠨ ᠤᠯᠤᠰ ᠲᠥᠷᠥ᠎ᠶᠢᠨ ᠰᠠᠬᠢᠯᠭ᠎ᠠ ᠪᠠᠲᠤ ᠪᠣᠯᠣᠨ ᠤᠯᠤᠰ ᠲᠥᠷᠥ᠎ᠶᠢᠨ ᠶᠣᠰᠣ᠌ ᠳᠦᠷᠢᠮ᠎ᠢ ᠴᠢᠩᠭᠠᠳᠬᠠᠬᠤ ᠡᠴᠡ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠂ ᠰᠠᠬᠢᠯᠭ᠎ᠠ ᠪᠠᠲᠤ᠎ᠵᠢ ᠴᠢᠨᠭᠳᠠᠯᠠᠵᠦ ᠰᠤᠷᠳᠠᠯ᠎ᠢ ᠴᠡᠭᠴᠡᠯᠡᠬᠦ ᠵᠢ ᠡᠷᠡᠰ ᠪᠠᠳᠤ ᠨᠠᠢᠳᠠᠪᠤᠷᠢᠵᠢᠭᠤᠯᠬᠤ ᠬᠦᠷᠳᠡᠯ᠎ᠠ᠂ ᠳᠠᠬᠢᠨ ᠨᠠᠮ᠎ᠢ ᠬᠠᠮᠢᠶᠠᠷᠴᠤ᠂ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ ᠵᠢ ᠴᠢᠨᠭᠭ᠎ᠠ ᠨᠠᠢᠳᠠᠪᠤᠷᠢᠵᠢᠭᠤᠯᠬᠤ᠂ ᠬᠠᠳᠠᠭᠤ ᠲᠠᠢ ᠨᠢ ᠬᠠᠯᠳᠠᠵᠤ ᠳᠤᠪᠤᠢᠮ᠎ᠠ ᠠᠰᠠᠭᠤᠳᠠᠯ᠎ᠢ ᠰᠢᠢᠳᠪᠤᠷᠢᠯᠡᠬᠦ ᠬᠦᠷᠳᠡᠯ᠎ᠠ ᠁ ᠰᠢᠨ᠎ᠡ ᠴᠠᠭ ᠦᠶ᠎ᠡ᠎ᠳᠦ ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠠᠭᠤᠤ ᠶᠡᠬᠡ ᠠᠮᠵᠢᠯᠲᠠ ᠣᠯᠣᠭᠰᠠᠨ᠎ᠤ ᠴᠢᠬᠤᠯᠠ ᠨᠢᠭᠡ ᠲᠤᠷᠰᠢᠯᠭ᠎ᠠ ᠨᠢ ᠳᠠᠷᠤᠢ ᠪᠦᠬᠦ ᠲᠠᠯ᠎ᠠ᠎ᠪᠠᠷ ᠴᠢᠩᠭ᠎ᠠ ᠪᠠᠢᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠨᠠᠮ᠎ᠤᠨ ᠪᠠᠢᠭᠤᠯᠤᠯᠲᠠ᠎ᠶᠢᠨ ᠪᠦᠬᠦ ᠶᠠᠪᠤᠴᠠ ᠡᠯ᠎ᠡ ᠲᠠᠯ᠎ᠠ᠎ᠳᠤ ᠢᠯᠡᠷᠡᠭᠦᠯᠬᠦ᠎ᠳᠦ ᠪᠤᠢ᠃

ᠨᠠᠮ᠎ᠢ ᠪᠦᠬᠦ ᠲᠠᠯ᠎ᠠ᠎ᠪᠠᠷ  ᠴᠢᠩᠭ᠎ᠠ ᠵᠠᠰᠠᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠬᠤ ᠪᠣᠯ ᠳᠣᠲᠣᠭᠠᠳᠤ ᠨᠢᠭᠡᠳᠦᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ᠂《ᠴᠢᠩᠭ᠎ᠠ ᠪᠠᠢᠬᠤ ᠭᠡᠳᠡᠭ ᠨᠢ ᠤᠯᠠᠨ᠎ᠢ ᠴᠢᠩᠭ᠎ᠠ ᠬᠠᠮᠢᠶᠠᠷᠴᠤ᠂ ᠬᠥᠮᠥᠰ᠎ᠤᠨ ᠡᠨᠡ ᠲᠡᠷᠡ᠎ᠳᠦ ᠰᠠᠨᠠᠭᠠᠰᠢᠷᠠᠨ᠂ ᠡᠭᠦᠨ᠎ᠡᠴᠡ ᠠᠶᠤᠵᠤ ᠲᠡᠭᠦᠨ᠎ᠡᠴᠡ ᠡᠮᠢᠶᠡᠨ᠂ ᠰᠦᠷ ᠰᠦᠯᠳᠡ ᠦᠭᠡᠢ᠂ ᠶᠠᠭᠤ ᠴᠤ᠌ ᠬᠢᠬᠦ ᠦᠭᠡᠢ ᠦᠬᠦᠮᠡᠯ ᠤᠰᠤ ᠪᠣᠯᠭᠠᠬᠤ ᠭᠡᠰᠡᠨ ᠶᠠᠪᠤᠳᠠᠯ ᠪᠢᠰᠢ》ᠭᠡᠵᠦ ᠴᠢᠬᠤᠯᠠᠴᠢᠯᠠᠪᠠ᠃

ᠰᠢᠨ᠎ᠡ ᠴᠠᠭ ᠦᠶ᠎ᠡ᠎ᠡᠴᠡ ᠨᠠᠭᠠᠰᠢ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠴᠢᠭᠯᠡᠯ᠎ᠢ ᠲᠣᠳᠣᠷᠬᠠᠢᠯᠠᠵᠤ᠂ ᠶᠣᠰᠣ᠌ ᠳᠦᠷᠢᠮ ᠲᠣᠭᠲᠠᠭᠠᠵᠤ᠂ ᠰᠤᠷᠲᠠᠯ᠎ᠢ ᠲᠥᠪ ᠪᠣᠯᠭᠠᠵᠤ᠂ ᠡᠭᠡᠯᠢᠯᠡᠭᠡ᠎ᠶᠢ ᠴᠢᠩᠭᠠᠳᠬᠠᠬᠤ᠎ᠪᠠᠷ ᠲᠠᠮᠵᠢᠨ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠲᠠᠯᠠᠪᠤᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠪᠦᠬᠦ ᠬᠦᠴᠦᠨ᠎ᠢᠶᠡᠷ᠎ᠢᠶᠡᠨ ᠬᠤᠪᠢ ᠨᠡᠮᠡᠷᠢ ᠦᠵᠡᠭᠦᠯᠵᠦ᠂ ᠰᠢᠷᠭᠠᠭᠤ ᠠᠵᠢᠯᠯᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ᠂ ᠬᠦᠴᠢᠷ᠎ᠢ ᠲᠤᠭᠤᠯᠤᠨ ᠡᠷᠡᠯᠬᠡᠭᠯᠡᠨ ᠤᠷᠤᠭᠰᠢᠯᠠᠵᠤ᠂ ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ᠎ᠢ ᠰᠢᠢᠳᠪᠦᠷᠢᠯᠡᠬᠦ ᠳᠤᠮᠳᠠ ᠵᠣᠷᠢᠯᠲᠠ᠎ᠪᠠᠨ ᠦᠢᠯᠡᠳᠦᠯᠭᠡᠵᠢᠭᠦᠯᠵᠦ᠂ ᠠᠵᠢᠯ᠎ᠤᠨ ᠠᠮᠵᠢᠯᠲᠠ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠠᠰᠤᠷᠠᠯᠳᠠ ᠦᠭᠡᠢ ᠠᠬᠢᠭᠤᠯᠪᠠ᠃

ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠪᠣᠯ  ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠬᠦᠴᠦᠲᠡᠢ ᠠᠷᠭ᠎ᠠ ᠬᠡᠮᠵᠢᠶ᠎ᠡ ᠮᠥᠨ᠃ ᠪᠦᠬᠦᠳᠡ ᠬᠤᠷᠠᠯ᠎ᠡᠴᠡ ᠴᠥᠬᠥᠷᠡᠰᠢ ᠦᠭᠡᠢ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢᠨ ᠲᠣᠭᠣᠷᠢᠨ᠎ᠳᠤ《ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ᠎ᠶᠢ ᠴᠢᠩᠭᠠᠳᠬᠠᠬᠤ》᠂《ᠰᠠᠬᠢᠯᠭ᠎ᠠ ᠪᠠᠲᠤ᠎ᠶᠢᠨ ᠬᠥᠮᠦᠵᠢᠯ᠎ᠢᠶᠡᠷ ᠬᠢᠵᠠᠭᠠᠷᠯᠠᠬᠤ᠂ ᠪᠠᠲᠤᠯᠠᠵᠤ ᠤᠷᠮᠠᠰᠢᠭᠤᠯᠬᠤ ᠦᠢᠯᠡᠳᠦᠯ᠎ᠢ ᠶᠡᠷᠦᠩᠬᠡᠢᠯᠡᠨ ᠪᠠᠳᠠᠷᠠᠭᠤᠯᠬᠤ》ᠵᠡᠷᠭᠡ ᠲᠠᠪᠤᠨ ᠲᠠᠯ᠎ᠠ᠎ᠶᠢᠨ ᠪᠣᠳᠠᠲᠠᠢ ᠪᠠᠢᠷᠢᠯᠠᠭᠤᠯᠤᠯᠲᠠ ᠬᠢᠵᠡᠢ᠂ ᠡᠭᠦᠨ ᠎ᠦ ᠵᠣᠷᠢᠯᠭ᠎ᠠ ᠨᠢ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠵᠤ᠂ ᠰᠠᠢᠨ ᠰᠠᠢᠬᠠᠨ ᠳᠦᠷᠢ ᠲᠥᠷᠬᠦ᠎ᠪᠡᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ᠎ᠶᠢᠨ ᠲᠥᠯᠥᠭᠡ ᠶᠤᠮ᠃ ᠡᠭᠦᠨ᠎ᠦ ᠳᠤᠮᠳᠠ᠎ᠡᠴᠡ᠂ ᠪᠢᠳᠡ ᠪᠦᠬᠦ ᠲᠠᠯ᠎ᠠ᠎ᠪᠠᠷ ᠴᠢᠩᠭ᠎ᠠ ᠪᠠᠢᠬᠤ᠎ᠶᠢ ᠪᠠᠷᠢᠮᠲᠠᠯᠠᠬᠤ ᠴᠢᠬᠤᠯᠠ ᠶᠡᠬᠡ ᠵᠠᠷᠴᠢᠮ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠨᠡᠩ ᠰᠠᠢᠲᠤᠷ ᠣᠢᠯᠠᠭᠠᠨ ᠡᠵᠡᠮᠰᠢᠵᠦ ᠴᠢᠳᠠᠨ᠎ᠠ᠃

ᠡᠨᠡ ᠵᠢᠯ᠎ᠦᠨ 10 ᠰᠠᠷ᠎ᠠ᠎ᠶᠢᠨ 27 ᠎ᠤ᠋ ᠡᠳᠦᠷ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ 2026 ᠣᠨ᠎ᠤ 9 ᠰᠠᠷ᠎ᠠ᠎ᠳᠤ ᠪᠥᠬᠥ ᠤᠯᠤᠰ᠎ᠲᠤ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠵᠥᠷᠢᠴᠡᠭᠰᠡᠨ ᠠᠰᠠᠭᠤᠳᠠᠯ᠎ᠢ ᠪᠠᠢᠴᠠᠭᠠᠨ ᠰᠢᠢᠳᠪᠦᠷᠢᠯᠡᠭᠰᠡᠨ ᠪᠠᠢᠳᠠᠯ᠎ᠢ ᠨᠡᠢᠲᠡᠯᠡᠪᠡ᠃ ᠡᠨᠡ ᠪᠣᠯ 157 ᠰᠠᠷ᠎ᠠ ᠳᠠᠷᠠᠭᠠᠯᠠᠨ ᠰᠠᠷ᠎ᠠ᠎ᠶᠢᠨ ᠮᠡᠳᠡᠭᠦᠯᠦᠯᠲᠡ᠎ᠶᠢᠨ ᠲᠣᠭ᠎ᠠ ᠪᠠᠷᠢᠮᠲᠠ᠎ᠶᠢ ᠨᠡᠢᠲᠡᠯᠡᠵᠦ ᠪᠠᠢᠭ᠎ᠠ ᠶᠤᠮ᠃ ᠨᠡᠢᠲᠡᠯᠢᠭ ᠬᠡᠷᠡᠭ᠎ᠦᠨ ᠵᠢᠱ᠌ᠢᠶ᠎ᠡ᠂ ᠠᠰᠠᠭᠤᠳᠠᠯ᠎ᠢ ᠴᠢᠩᠭ᠎ᠠ ᠪᠠᠢᠴᠠᠭᠠᠨ ᠰᠢᠢᠳᠪᠦᠷᠢᠯᠡᠭᠰᠡᠨ᠎ᠢ ᠵᠠᠷᠯᠠᠨ ᠮᠡᠳᠡᠭᠳᠡᠵᠦ᠂ ᠰᠤᠷᠲᠠᠯ᠎ᠤᠨ ᠪᠠᠢᠭᠤᠯᠤᠯᠲᠠ᠎ᠶᠢᠨ 《ᠰᠢᠵᠢᠷ ᠠᠯᠳᠠᠨ ᠨᠡᠷ᠎ᠡ᠎ᠶᠢᠨ ᠬᠠᠭᠤᠳᠠᠰᠤ》 ᠤᠯᠠᠮ  ᠬᠢᠯᠠᠯᠵᠠᠪᠠ᠃

ᠰᠢᠨ᠎ᠡ ᠴᠠᠭ ᠦᠶ᠎ᠡ᠎ᠳᠦ ᠨᠠᠮ᠎ᠢ ᠪᠦᠬᠦ ᠲᠠᠯ᠎ᠠ᠎ᠪᠠᠷ  ᠴᠢᠩᠭ᠎ᠠ ᠵᠠᠰᠠᠬᠤ ᠠᠵᠢᠯ ᠨᠢ ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠢᠳᠠᠪᠤᠷᠢᠵᠢᠭᠤᠯᠬᠤ᠎ᠪᠠᠷ ᠠᠵᠢᠯ᠎ᠢᠶᠠᠨ ᠡᠬᠢᠯᠡᠭᠦᠯᠵᠦ᠂《ᠪᠠᠷᠰ ᠬᠠᠮᠢᠭ᠎ᠠ᠎ᠡᠴᠡ ᠦᠭᠶᠦᠬᠡ ᠪᠠᠷᠢᠬᠤ ᠪᠡᠨ ᠮᠡᠳᠡᠬᠦ ᠦᠬᠡᠢ》ᠪᠠᠢᠬᠤ ᠠᠰᠠᠭᠤᠳᠠᠯ᠎ᠢ ᠰᠢᠢᠳᠪᠦᠷᠢᠯᠡᠵᠦ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠰᠢᠨᠡᠳᠦᠨ ᠬᠤᠪᠢᠷᠠᠵᠦ᠂᠎ᠨᠡᠢᠭᠡᠮ᠎ᠦᠨ ᠰᠤᠷᠲᠠᠯ ᠠᠷᠠᠳ᠎ᠤᠨ ᠰᠤᠷᠲᠠᠯ ᠦᠷᠭᠦᠯᠵᠢᠯᠡᠨ ᠰᠠᠢᠵᠢᠷᠠᠬᠤ᠎ᠶᠢ ᠠᠬᠢᠭᠤᠯᠪᠠ᠃ ᠰᠤᠷᠲᠠᠯ ᠎ᠤᠨ ᠠᠰᠠᠭᠤᠳᠠᠯ ᠪᠣᠯ ᠪᠤᠷᠤᠩᠬᠤᠢ ᠴᠢᠨᠠᠷ ᠪᠠ ᠳᠠᠬᠢᠨ ᠳᠠᠪᠲᠠᠬᠤ ᠴᠢᠨᠠᠷ᠎ᠲᠠᠢ ᠪᠠᠢᠳᠠᠭ᠎ᠢ ᠴᠤ᠌ ᠰᠡᠷᠭᠡᠭ᠎ᠢᠶᠡᠷ ᠲᠠᠨᠢᠵᠤ ᠣᠯᠬᠤ ᠬᠡᠷᠡᠭᠲᠡᠢ᠃ ᠰᠤᠷᠲᠠᠯ᠎ᠤᠨ ᠪᠠᠢᠭᠤᠯᠤᠯᠲᠠ᠎ᠶᠢ ᠵᠤᠬᠰᠤᠰᠢ ᠦᠭᠡᠢ ᠠᠳᠬᠤᠬᠤ ᠭᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠬᠡᠪ ᠵᠠᠩᠰᠢᠯ ᠪᠣᠯᠭᠠᠨ ᠬᠤᠪᠢᠷᠠᠭᠤᠯᠬᠤ᠎ᠶᠢ ᠠᠬᠢᠭᠤᠯᠬᠤ᠎ᠳᠤ᠂ ᠡᠷᠬᠡᠪᠰᠢ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ《ᠳᠦᠷᠪᠡᠨ ᠰᠤᠷᠲᠠᠯ》 ᠢ᠋ ᠵᠠᠯᠠᠷᠠᠭᠤᠯᠤᠨ ᠵᠠᠰᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠰᠤᠷᠲᠠᠯ ᠎ᠤᠨ ᠪᠠᠢᠭᠤᠯᠤᠯᠲᠠ᠎ᠶᠢᠨ ᠪᠣᠭᠣᠮᠲᠠ ᠰᠢᠪᠲᠤᠯᠬᠤ ᠳᠠᠢᠯᠠᠯᠳᠤᠭᠠᠨ ᠤᠳᠠᠭᠠᠨ ᠳᠠᠭᠠᠭᠠᠮᠠᠭᠠᠢ ᠳᠠᠢᠯᠠᠯᠳᠤᠭᠠᠨ ᠎ᠤ ᠢᠯᠠᠯᠲᠠ᠎ᠶᠢ ᠡᠷᠡᠰ ᠲᠡᠮᠡᠴᠡᠨ ᠣᠯᠬᠤ ᠬᠡᠷᠡᠭᠲᠡᠢ᠃

ᠮᠠᠨ᠎ᠤ ᠨᠠᠮ ᠪᠣᠯ ᠬᠤᠪᠢᠰᠬᠠᠯ᠎ᠤᠨ ᠬᠦᠰᠡᠯᠡᠩ ᠪᠠ ᠲᠡᠮᠦᠷ ᠮᠡᠲᠦ ᠰᠠᠬᠢᠯᠭ᠎ᠠ ᠪᠠᠲᠤ᠎ᠳᠤ ᠲᠦᠰᠢᠭᠯᠡᠨ ᠵᠣᠬᠢᠶᠠᠨ ᠪᠠᠢᠭᠤᠯᠤᠭᠳᠠᠭᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠮᠥᠨ᠂ ᠰᠠᠬᠢᠯᠭ᠎ᠠ ᠪᠠᠲᠤ ᠴᠢᠩᠭ᠎ᠠ ᠪᠠᠢᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ᠋ ᠮᠥᠨ᠃ ᠶᠡᠷᠦᠩᠬᠡᠢ ᠱᠦᠵᠢ    ᠰᠢ ᠵᠢᠨ ᠫᠢᠩ᠂ 《ᠨᠠᠮ᠎ᠤᠨ ᠰᠠᠬᠢᠯᠭ᠎ᠠ ᠪᠠᠲᠤ᠎ᠳᠤ  ᠬᠥᠮᠥᠵᠢᠭᠦᠯᠵᠦ ᠬᠢᠵᠠᠭᠠᠷᠯᠠᠬᠤ ᠴᠢᠳᠠᠪᠬᠢ ᠪᠠᠢᠬᠤ ᠪᠥᠭᠡᠳ ᠪᠠᠰᠠ ᠪᠠᠲᠤᠯᠠᠵᠤ ᠵᠣᠷᠢᠭ᠍ᠵᠢᠭᠤᠯᠬᠤ ᠦᠢᠯᠡᠳᠦᠯ᠎ᠲᠠᠢ ᠶᠤᠮ᠃ ᠨᠠᠮ᠎ᠤᠨ ᠰᠠᠬᠢᠯᠭ᠎ᠠ ᠪᠠᠲᠤ ᠪᠣᠯᠣᠨ ᠠᠵᠢᠯ ᠬᠢᠵᠦ ᠦᠢᠯᠡᠰ ᠪᠣᠰᠬᠠᠬᠤ ᠪᠣᠯ ᠳᠣᠲᠣᠭᠠᠳᠤ ᠨᠢᠭᠡᠳᠦᠯ᠎ᠳᠠᠢ ᠶᠤᠮ》 ᠭᠡᠵᠦ ᠴᠢᠬᠤᠯᠠᠴᠢᠯᠠᠪᠠ᠃

ᠣᠢᠷ᠎ᠠ᠎ᠶᠢᠨ ᠵᠢᠯ᠎ᠡᠴᠡ᠂ ᠴᠢᠩᠭ᠎ᠠ ᠬᠦᠭ ᠠᠶᠠᠰ᠎ᠢᠶᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢ ᠠᠬᠤᠢ᠎ᠶᠢ ᠪᠦᠷᠢᠯᠳᠦᠭᠦᠯᠵᠦ᠂ ᠨᠠᠮ᠎ᠤᠨ ᠭᠡᠰᠢᠭᠦᠨ᠂ ᠺᠠᠳ᠋ᠷ ᠨᠢᠭᠡ ᠰᠡᠳᠬᠢᠯ ᠨᠢᠭᠡ ᠵᠣᠷᠢᠭ᠋᠎ᠢᠶᠠᠷ ᠠᠵᠢᠯ ᠬᠢᠵᠦ᠂ ᠨᠠᠢᠳᠠᠪᠤᠷᠢᠵᠢᠭᠤᠯᠤᠯᠳᠠ ᠵᠢ ᠳᠡᠷᠡ ᠬᠡᠪ ᠵᠢᠡᠷ ᠨᠢ ᠠᠳᠬᠤᠪᠠ; ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠵᠦ᠂ ᠪᠢᠴᠢᠭ ᠮᠠᠲᠧᠷᠢᠶᠠᠯ ᠬᠤᠷᠠᠯ ᠴᠤᠭᠯᠠᠭ᠎ᠠ ᠪᠠᠭᠠᠰᠴᠦ᠂ ᠤᠭᠳᠤᠯᠭ᠎ᠠ ᠮᠤᠷᠳᠠᠭᠤᠯᠭ᠎ᠠ ᠴᠥᠭᠡᠷᠡᠵᠦ᠂ ᠦᠨᠳᠦᠰᠦᠨ ᠱᠠᠲᠤᠨ᠎ᠤ ᠺᠠᠳ᠋ᠷ ᠨᠡᠩ ᠤᠯᠠᠨ ᠨᠠᠢᠳᠠᠪᠤᠷᠢᠵᠢᠭᠤᠯᠤᠯᠲᠠ᠎ᠶᠢ ᠠᠳᠬᠤᠵᠤ᠂ ᠬᠥᠭᠵᠢᠯᠲᠡ᠎ᠶᠢ ᠡᠷᠢᠯᠬᠢᠯᠡᠬᠦ ᠴᠠᠭ ᠨᠡᠩ ᠤᠯᠠᠨ ᠪᠣᠯᠪᠠ; ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠤᠭᠤᠷᠤᠨᠳᠤᠬᠢ ᠳᠤᠳᠤᠨᠤ ᠴᠢᠬᠡᠴᠢ ᠬᠠᠷᠢᠴᠠᠭ᠎ᠠ᠎ᠶᠢ ᠪᠤᠢᠵᠢᠭᠤᠯᠵᠦ᠂ ᠡᠯ᠎ᠠ ᠱᠠᠳᠤᠨ᠎ᠤ ᠤᠳᠤᠷᠢᠳᠬᠤ ᠺᠠᠳ᠋ᠷ ᠤᠭᠳᠤ ᠡᠷᠡᠬᠡᠯᠵᠡᠯ ᠦᠬᠡᠢ ᠪᠡᠷ ᠠᠷᠢᠭᠤᠨ ᠴᠢᠬᠡᠴᠢ ᠪᠡᠷ ᠠᠵᠢᠯ ᠵᠢᠡᠨ ᠬᠢᠪᠡ  ᠁ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠪᠠᠯ ᠳᠠᠷᠤᠢ ᠠᠵᠢᠯ ᠬᠢᠵᠦ ᠦᠢᠯᠡᠰ ᠪᠣᠰᠬᠠᠬᠤ ᠭᠦᠢᠴᠡᠳ ᠡᠷᠬᠡ ᠴᠢᠯᠦᠭᠡ ᠪᠠ ᠥᠷᠭᠡᠨ ᠠᠭᠤᠳᠠᠮ ᠣᠷᠣᠨ ᠵᠠᠢ᠎ᠲᠠᠢ ᠪᠣᠯᠣᠨ᠎ᠠ ᠭᠡᠳᠡᠭ᠎ᠢ ᠦᠢᠯᠡᠳᠦᠯᠭᠡ ᠭᠡᠷᠡᠴᠢᠯᠡᠵᠡᠢ᠃

ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠤᠮ᠃ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠬᠤ᠎ᠶᠢ ᠳᠡᠭᠡᠳᠦ ᠬᠡᠮᠵᠢᠶ᠎ᠡ᠎ᠪᠡᠷ ᠨᠢᠭᠡᠳᠬᠡᠵᠦ᠂ ᠦᠨᠡᠨ᠎ᠬᠦ ᠬᠠᠮᠢᠶᠠᠷᠴᠤ ᠦᠨᠡᠨ᠎ᠬᠦ ᠴᠢᠩᠭ᠎ᠠ ᠪᠠᠢᠬᠤ᠂ ᠵᠣᠷᠢᠭ᠍ᠲᠠᠢ ᠬᠠᠮᠢᠶᠠᠷᠴᠤ ᠵᠣᠷᠢᠭ᠍ᠲᠠᠢ ᠴᠢᠨᠭᠭ᠎ᠠ ᠪᠠᠢᠬᠤ᠂ ᠣᠷᠳᠣ᠌ ᠬᠤᠭᠤᠴᠠᠭ᠎ᠠ᠎ᠪᠠᠷ ᠬᠠᠮᠢᠶᠠᠷᠴᠤ ᠣᠷᠳᠣ᠌ ᠬᠤᠭᠤᠴᠠᠭ᠎ᠠ᠎ᠪᠠᠷ ᠴᠢᠩᠭ᠎ᠠ ᠪᠠᠢᠬᠤ ᠵᠢ ᠪᠡᠶᠡᠯᠡᠬᠦᠯᠪᠡᠯ᠂ ᠯᠠᠪᠲᠠᠢ ᠨᠠᠩ ᠪᠠᠲᠤ ᠴᠢᠩᠭ᠎ᠠ ᠤᠳᠤᠷᠢᠳᠬᠤ ᠬᠦᠴᠦᠨ᠎ᠢ ᠳᠠᠪᠲᠠᠨ ᠪᠣᠯᠪᠠᠰᠤᠷᠠᠭᠤᠯᠵᠤ᠂ ᠨᠠᠩ ᠥᠷᠭᠡᠨ ᠳᠡᠯᠭᠡᠷ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃

ᠮᠠᠨ᠎ᠤ ᠨᠠᠮ ᠪᠣᠯ ᠳᠡᠯᠡᠬᠡᠢ ᠳᠡᠭᠡᠷᠡᠬᠢ ᠬᠠᠮᠤᠭ᠎ᠤᠨ ᠶᠡᠬᠡ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ ᠮᠥᠨ᠃ ᠭᠠᠭᠴᠠ ᠬᠦ᠌ ᠴᠢᠩᠭ᠎ᠠ ᠬᠠᠮᠢᠶᠠᠷᠴᠤ ᠴᠢᠩᠭ᠎ᠠ ᠵᠠᠰᠠᠪᠠᠯ ᠰᠠᠶᠢ ᠶᠡᠬᠡ ᠨᠠᠮ᠎ᠤᠨ ᠪᠠᠢᠪᠠᠰᠤ ᠵᠣᠬᠢᠬᠤ ᠬᠡᠪ ᠨᠠᠮᠪᠠ᠎ᠶᠢ ᠪᠠᠲᠤᠯᠠᠵᠤ᠂ ᠮᠠᠨ᠎ᠤ ᠨᠠᠮ᠎ᠢᠶᠠᠨ ᠨᠡᠩ ᠡᠷᠡᠰ ᠴᠢᠩᠭ᠎ᠠ ᠬᠦᠴᠦᠨ᠎ᠲᠠᠢ ᠪᠣᠯᠭᠠᠨ ᠪᠠᠢᠭᠤᠯᠵᠤ ᠴᠢᠳᠠᠨ᠎ᠠ᠃ ᠪᠦᠬᠦ ᠨᠠᠮ᠎ᠢᠶᠠᠷ᠎ᠢᠶᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠢ ᠪᠦᠬᠦ ᠲᠠᠯ᠎ᠠ᠎ᠪᠠᠷ  ᠴᠢᠩᠭ᠎ᠠ ᠵᠠᠰᠠᠬᠤ ᠰᠢᠰᠲᠧᠮ᠎ᠢ ᠪᠦᠷᠢᠨᠰᠢᠭᠦᠯᠵᠦ᠂ ᠨᠠᠮ᠎ᠤᠨ ᠥᠪᠡᠷ᠎ᠢ᠎ᠪᠡᠨ ᠴᠡᠪᠡᠷᠰᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠦᠪᠡᠷ᠎ᠢ ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ᠎ᠶᠢ ᠲᠠᠰᠤᠷᠠᠯᠳᠠ ᠦᠭᠡᠢ ᠪᠡᠶᠡᠯᠡᠭᠦᠯᠵᠦ᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠰᠠᠢᠲᠤᠷ ᠪᠡᠶᠡᠯᠡᠭᠦᠯᠬᠦ᠎ᠪᠡᠷ ᠴᠢᠷᠮᠠᠢᠬᠤ ᠬᠡᠷᠡᠭᠲᠡᠢ᠃

           (ᠰᠢᠨᠬᠤᠸᠠ ᠬᠤᠷᠢᠶ᠎ᠠ ᠵᠢᠨ ᠪᠡᠬᠡᠵᠢᠩ᠎ᠤᠨ ᠴᠠᠬᠢᠯᠭᠠᠨ ᠮᠡᠳᠡᠬᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面