2026-11-09 10:25:39
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠬᠤ ᠪᠣᠯ ᠮᠠᠨ᠎ᠤ ᠨᠠᠮ᠎ᠤᠨ ᠴᠢᠬᠤᠯᠠ ᠦᠵᠡᠯ ᠰᠠᠨᠠᠭᠠᠨ᠎ᠤ ᠠᠷᠭ᠎ᠠ ᠪᠠ ᠠᠵᠢᠯ᠎ᠤᠨ ᠠᠷᠭ᠎ᠠ ᠪᠠᠢᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠤᠨ ᠴᠢᠬᠤᠯᠠ ᠢᠯᠡᠷᠡᠯ ᠮᠦᠨ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠡᠴᠡ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠳᠦ ᠲᠤᠯᠭᠠᠷᠠᠵᠤ ᠪᠠᠢᠭ᠎ᠠ ᠪᠠᠢᠳᠠᠯ ᠪᠠ ᠡᠭᠦᠷᠭᠡ᠎ᠶᠢ ᠭᠦᠨᠵᠡᠭᠡᠢ ᠵᠠᠳᠠᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠲᠤᠬᠠᠢ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ 《ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ》 ᠶ᠋ᠢ ᠪᠠᠷᠢᠮᠲᠠᠯᠠᠬᠤ᠎ᠶᠢ ᠡᠷᠬᠡᠪᠰᠢ ᠵᠢᠷᠤᠮᠯᠠᠬᠤ ᠴᠢᠬᠤᠯᠠ ᠶᠡᠬᠡ ᠵᠠᠷᠴᠢᠮ ᠪᠣᠯᠭᠠᠵᠤ᠂ 《ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠰᠠᠢᠲᠤᠷ ᠴᠡᠭᠴᠡᠯᠡᠨ ᠵᠠᠰᠠᠵᠤ᠂ ᠰᠠᠢᠲᠤᠷ ᠰᠢᠢᠳᠪᠦᠷᠢᠯᠡᠬᠦ ᠬᠡᠷᠡᠭᠲᠡᠢ》 ᠭᠡᠵᠦ ᠴᠢᠬᠤᠯᠠᠴᠢᠯᠠᠪᠠ᠃
ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠨᠢ ᠮᠠᠰᠢ ᠤᠯᠠᠨ ᠠᠰᠢᠭ᠍ᠲᠠᠢ ᠨᠥᠬᠥᠴᠡᠯ᠎ᠢ ᠪᠦᠷᠢᠯᠳᠦᠭᠦᠯᠬᠦ᠎ᠶᠢᠨ ᠵᠡᠷᠭᠡ᠎ᠳᠦ ᠮᠠᠰᠢ ᠤᠯᠠᠨ ᠰᠢᠨ᠎ᠡ ᠪᠠᠢᠳᠠᠯ ᠰᠢᠨ᠎ᠡ ᠠᠰᠠᠭᠤᠳᠠᠯ᠎ᠳᠤ ᠲᠤᠯᠭᠠᠷᠠᠵᠤ ᠪᠠᠢᠨ᠎ᠠ᠃ ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠶᠢ ᠳᠠᠭᠠᠯᠳᠤᠨ᠂ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠬᠠᠮᠠᠭᠠᠯᠠᠬᠤ ᠡᠭᠦᠷᠭᠡ ᠨᠡᠩ ᠬᠦᠨᠳᠦ ᠪᠡᠷᠬᠡ ᠪᠣᠯᠵᠤ᠂ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ᠂ ᠨᠡᠢᠭᠡᠮ᠎ᠦᠨ ᠡᠶ᠎ᠡ ᠵᠣᠬᠢᠴᠠᠯ ᠲᠣᠭᠲᠠᠭᠤᠨ᠎ᠢ ᠬᠠᠮᠠᠭᠠᠯᠠᠬᠤ ᠡᠭᠦᠷᠭᠡ ᠨᠡᠩ ᠬᠦᠨᠳᠦ ᠪᠡᠷᠬᠡ ᠪᠣᠯᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ ᠡᠭᠦᠷᠭᠡ ᠬᠦᠨᠳᠦ ᠪᠡᠷᠬᠡ ᠪᠣᠯᠪᠠ᠃ ᠨᠠᠮ᠎ᠳᠤ ᠲᠤᠯᠭᠠᠷᠠᠵᠤ ᠪᠠᠢᠭ᠎ᠠ 《ᠲᠦᠷᠪᠡᠨ ᠶᠡᠬᠡ ᠰᠢᠯᠭᠠᠯᠲᠠ》 ᠪᠠ 《ᠲᠦᠷᠪᠡᠨ ᠵᠦᠢᠯ᠎ᠦᠨ ᠠᠶᠤᠯ ᠲᠦᠭᠰᠢᠭᠦᠷᠢ》 ᠪᠣᠯ ᠤᠷᠳᠤ ᠬᠤᠭᠤᠴᠠᠭᠠᠨ᠎ᠤ᠂ ᠲᠦᠪᠡᠭ ᠪᠤᠳᠤᠯᠢᠶᠠᠨᠲᠠᠢ᠂ ᠬᠠᠲᠠᠭᠤ ᠴᠢᠩᠭ᠎ᠠ ᠪᠠᠢᠵᠤ᠂ ᠲᠤᠮᠤ ᠨᠠᠮ᠎ᠤᠨ ᠥᠪᠡᠷᠮᠢᠴᠡ ᠪᠡᠷᠬᠡ ᠰᠡᠳᠦᠪ᠎ᠢ ᠰᠢᠢᠳᠪᠦᠷᠢᠯᠡᠬᠦ᠎ᠳᠦ ᠨᠡᠩ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ᠃
ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠨᠠᠮ᠎ᠤᠨ ᠳᠣᠲᠣᠭᠠᠳᠤ᠎ᠶᠢᠨ ᠲᠣᠪᠣᠢᠮ᠎ᠠ ᠠᠰᠠᠭᠤᠳᠠᠯ᠎ᠳᠤ ᠴᠢᠭᠯᠡᠭᠦᠯᠦᠨ ᠥᠷᠨᠢᠭᠦᠯᠦᠭᠰᠡᠨ ᠶᠤᠮ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠡᠷᠬᠡᠪᠰᠢ ᠣᠯᠣᠭᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠦᠭᠰᠡᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠢᠨ᠎ᠡ ᠪᠠᠢᠳᠠᠯ᠎ᠢ ᠰᠤᠳᠤᠯᠵᠤ᠂ ᠰᠢᠨ᠎ᠡ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃ ᠪᠥᠬᠥᠳᠡ ᠬᠤᠷᠠᠯ᠎ᠡᠴᠡ ᠬᠢᠨᠠᠨ ᠵᠥᠪᠯᠡᠵᠦ ᠪᠠᠲᠤᠯᠠᠭᠰᠠᠨ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠳ᠋ᠤ ᠠᠰᠠᠭᠤᠳᠠᠯ᠎ᠤᠨ ᠤᠳᠤᠷᠢᠳᠤᠮᠵᠢ᠎ᠶᠢ ᠳᠣᠪᠣᠶ᠋ᠢᠯᠭᠠᠵᠤ᠂ ᠵᠠᠩᠭᠢᠯᠠᠭ᠎ᠠ᠎ᠶᠢᠨ ᠠᠮᠢᠨ ᠭᠠᠵᠠᠷ᠎ᠢ ᠠᠳᠬᠤᠨ᠂ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠤᠬᠠᠭᠠᠯᠠᠨ ᠪᠠᠢᠷᠢᠯᠠᠭᠤᠯᠵᠤ᠂ ᠰᠡᠳᠬᠢᠴᠡ ᠠᠷᠭ᠎ᠠ ᠬᠡᠮᠵᠢᠶ᠎ᠡ᠎ᠶᠢ ᠤᠬᠠᠭᠠᠯᠠᠨ ᠲᠦᠯᠦᠪᠯᠡᠵᠤ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠣᠢᠮ᠎ᠠ ᠪᠠᠢᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠬᠦ᠎ᠶᠢ ᠪᠠᠷᠢᠮᠲᠠᠯᠠᠵᠤ᠂ ᠠᠰᠠᠭᠤᠳᠠᠯ᠎ᠤᠨ ᠵᠠᠩᠭᠢᠯᠠᠭ᠎ᠠ᠎ᠶᠢ ᠣᠨᠣᠪᠴᠢᠲᠠᠢ ᠡᠷᠢᠵᠦ᠂ ᠭᠦᠨᠵᠡᠭᠡᠢ ᠰᠤᠳᠤᠯᠤᠨ ᠨᠤᠲᠠᠯᠠᠵᠤ᠂ ᠬᠠᠨᠳᠤᠯᠭᠠᠲᠤ ᠴᠢᠨᠠᠷᠲᠠᠢ ᠠᠷᠭᠠᠴᠠᠭᠠᠬᠤ ᠪᠣᠳᠣᠯᠭ᠎ᠠ᠎ᠶᠢ ᠳᠤᠷᠠᠳᠪᠠ᠂ ᠡᠨᠡ ᠨᠢ ᠮᠠᠨ᠎ᠤ ᠨᠠᠮ᠎ᠤᠨ ᠵᠥᠷᠢᠴᠡᠯ᠎ᠡᠴᠡ ᠵᠠᠢᠯᠠᠬᠤ ᠦᠭᠡᠢ᠂ ᠡᠪᠡᠳᠴᠢᠨ᠎ᠢᠶᠡᠨ ᠨᠢᠭᠤᠵᠤ ᠳᠠᠯᠳᠠᠯᠠᠬᠤ ᠦᠭᠡᠢ᠎ᠪᠡᠷ ᠬᠤᠷᠴᠠ ᠰᠡᠷᠭᠡᠭ ᠡᠷᠡᠰ ᠪᠠᠲᠤ᠂ ᠠᠰᠠᠭᠤᠳᠠᠯ᠎ᠢ ᠲᠠᠰᠤᠷᠠᠯᠳᠡ ᠦᠭᠡᠢ ᠰᠢᠢᠳᠪᠦᠷᠢᠯᠡᠵᠦ᠂ ᠬᠦᠴᠢᠷ ᠠᠰᠠᠭᠤᠳᠠᠯ᠎ᠢ ᠰᠢᠢᠳᠪᠦᠷᠢᠯᠡᠬᠦ ᠦᠢᠯᠡᠳᠦᠯᠭᠡ᠎ᠶᠢᠨ ᠬᠡᠪ ᠰᠤᠷᠲᠠᠯ᠎ᠢ ᠭᠦᠢᠴᠡᠳ ᠬᠠᠷᠠᠭᠤᠯᠵᠠᠢ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠲᠡᠦᠬᠡᠲᠦ ᠴᠢᠨᠠᠷᠲᠠᠢ᠂ ᠡᠭᠦᠳᠦᠯᠲᠡ᠎ᠶᠢᠨ ᠴᠢᠨᠠᠷᠲᠠᠢ ᠠᠮᠵᠢᠯᠲᠠ ᠣᠯᠪᠡ᠂ ᠡᠭᠦᠨ᠎ᠦ ᠳᠣᠲᠣᠷᠠᠬᠢ ᠨᠢᠭᠡᠨ ᠮᠠᠰᠢ ᠴᠢᠬᠤᠯᠠ ᠲᠤᠷᠰᠢᠯᠭ᠎ᠠ ᠪᠣᠯ ᠳᠠᠷᠤᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ᠎ᠢ ᠰᠢᠢᠳᠪᠦᠷᠢᠯᠡᠬᠦ᠎ᠪᠡᠷ ᠠᠵᠢᠯ᠎ᠤᠨ ᠪᠠᠢᠳᠠᠯ᠎ᠢ ᠨᠡᠭᠡᠭᠡᠬᠦ ᠰᠢᠪᠲᠤᠯᠤᠯᠲᠠ᠎ᠶᠢᠨ ᠴᠡᠭ ᠪᠣᠯᠭᠠᠭᠰᠠᠨ ᠶᠠᠪᠤᠳᠠᠯ ᠪᠣᠯᠣᠨ᠎ᠠ᠃
ᠨᠢᠭᠡ ᠦᠶ᠎ᠡ ᠨᠠᠮ᠎ᠤᠨ ᠤᠳᠤᠷᠢᠳᠤᠯᠭ᠎ᠠ ᠰᠤᠯᠠᠷᠠᠭᠰᠠᠨ᠂ ᠪᠠᠭᠤᠷᠠᠭᠰᠠᠨ᠂ ᠰᠠᠭᠠᠷᠠᠭᠰᠠᠨ ᠠᠰᠠᠭᠤᠳᠠᠯ ᠢᠯᠡᠷᠡᠭᠰᠡᠨ ᠪᠠᠢᠳᠠᠯ᠎ᠳᠤ ᠴᠢᠭᠯᠡᠭᠦᠯᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠬᠤ᠎ᠶᠢ ᠪᠦᠬᠦ ᠨᠠᠮ᠎ᠤᠨ ᠬᠠᠮᠲᠤ᠎ᠶᠢᠨ ᠤᠯᠤᠰ ᠲᠦᠷᠦ᠎ᠶᠢᠨ ᠬᠠᠷᠢᠭᠤᠴᠠᠯᠭ᠎ᠠ ᠪᠣᠯᠭᠠᠵᠤ᠂ ᠨᠠᠮ᠎ᠤᠨ ᠤᠳᠤᠷᠢᠳᠬᠤ ᠳᠦᠷᠢᠮ᠎ᠦᠨ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ;
《ᠳᠥᠷᠪᠡᠨ ᠰᠤᠷᠲᠠᠯ》 ᠤ᠋ᠨ ᠲᠠᠯ᠎ᠠ᠎ᠪᠠᠷ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠥᠪ᠎ᠤᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠢᠳᠠᠪᠤᠷᠢᠵᠢᠭᠤᠯᠬᠤ᠎ᠪᠠᠷ ᠠᠵᠢᠯ ᠵᠢᠡᠨ ᠡᠬᠢᠯᠡᠭᠦᠯᠵᠦ᠂ 《ᠢᠳᠡᠵᠤ ᠤᠤᠭᠤᠵᠤ ᠪᠦᠷᠢᠯᠭᠡᠬᠦ》 ᠂ 《ᠲᠡᠷᠭᠡ ᠬᠦᠰᠭᠡ ᠵᠢᠨ ᠢᠯᠵᠢᠷᠠᠯ》 ᠂ 《ᠵᠤᠴᠢᠯᠠᠬᠤ ᠭᠠᠵᠠᠷ ᠲᠡᠬᠢ ᠭᠠᠵᠢᠭᠤ ᠰᠤᠷᠲᠠᠯ》 ᠢ᠋ ᠬᠣᠷᠢᠭ᠍ᠯᠠᠬᠤ᠎ᠡᠴᠡ ᠡᠬᠢᠯᠡᠨ ᠠᠳᠬᠤᠵᠤ᠂ ᠨᠢᠭᠡ ᠨᠢᠭᠡ ᠠᠰᠠᠭᠤᠳᠠᠯ ᠵᠢᠡᠷ ᠰᠢᠢᠳᠪᠦᠷᠢᠯᠡᠵᠦ᠂ ᠨᠢᠭᠡ ᠨᠢᠭᠡ ᠵᠠᠩᠭᠢᠯᠠᠭ᠎ᠠ ᠪᠡᠷ ᠪᠠᠲᠤ ᠰᠠᠬᠢᠪᠠ ᠁
ᠬᠢᠲᠤᠭ᠎ᠠ᠎ᠶᠢᠨ ᠢᠷ᠎ᠢ ᠳᠣᠲᠣᠭ᠍ᠰᠢ ᠬᠠᠨᠳᠤᠭᠤᠯᠬᠤ᠂ ᠬᠦᠨᠳᠦ ᠡᠷᠡᠭᠦᠦ᠎ᠪᠡᠷ ᠰᠠᠮᠠᠭᠤᠷᠠᠯ᠎ᠢ ᠵᠠᠰᠠᠬᠤ ᠵᠢ ᠪᠠᠷᠢᠮᠲᠠᠯᠠᠵᠤ᠂ ᠲᠣᠪᠣᠢᠮ᠎ᠠ ᠠᠰᠠᠭᠤᠳᠠᠯ᠎ᠢ ᠦᠷᠭᠦᠯᠵᠢᠯᠡᠨ ᠰᠢᠢᠳᠪᠦᠷᠢᠯᠡᠭᠰᠡᠨ ᠡᠴᠡ ᠨᠠᠮ᠎ᠢ ᠬᠠᠮᠢᠶᠠᠷᠴᠤ ᠨᠠᠮ᠎ᠢ ᠵᠠᠰᠠᠬᠤ᠎ᠳᠤ ᠠᠭᠤᠵᠢᠭᠤ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠳᠤ ᠬᠤᠭᠤᠴᠠᠭ᠎ᠠ᠎ᠪᠠᠷ ᠬᠤᠷᠢᠭᠯᠠᠵᠤ ᠳᠡᠢᠯᠦᠭᠡ ᠦᠭᠡᠢ ᠵᠠᠷᠢᠮ ᠭᠠᠵᠢᠭᠤ ᠰᠤᠷᠲᠠᠯ᠎ᠢ ᠬᠤᠷᠢᠭᠯᠠᠵᠤ᠂ ᠤᠯᠠᠨ ᠵᠢᠯ᠎ᠦᠨ ᠲᠤᠷᠰᠢ ᠠᠷᠢᠯᠭᠠᠭᠠ ᠦᠭᠡᠢ ᠵᠠᠷᠢᠮ ᠭᠡᠮ ᠠᠷᠬᠠᠭ᠎ᠢ ᠵᠠᠯᠠᠷᠠᠭᠤᠯᠵᠤ᠂ ᠨᠠᠮ᠂ ᠤᠯᠤᠰ᠂ ᠴᠡᠷᠢᠭ ᠠᠩᠭᠢ᠎ᠶᠢᠨ ᠳᠣᠲᠣᠭᠠᠳᠤ᠎ᠳᠤ ᠣᠷᠣᠰᠢᠵᠤ ᠪᠠᠢᠭ᠎ᠠ ᠬᠦᠨᠳᠦ ᠨᠣᠴᠢᠲᠠᠢ ᠬᠡᠮ ᠰᠣᠭᠣᠭ᠎ᠢ ᠠᠷᠢᠯᠭᠠᠵᠤ᠂ ᠮᠠᠨ᠎ᠤ ᠨᠠᠮ ᠬᠤᠪᠢᠰᠬᠠᠯᠲᠦ ᠴᠢᠨᠠᠷᠲᠠᠢ ᠳᠠᠪᠲᠠᠯᠲᠠ ᠳᠤᠮᠳᠠ ᠨᠡᠩ ᠪᠠᠲᠤ ᠴᠢᠩᠭ᠎ᠠ ᠬᠦᠴᠦᠨ᠎ᠲᠠᠢ ᠪᠣᠯᠵᠤ᠂ ᠨᠠᠮ᠎ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠳᠠᠯ ᠬᠤᠪᠢᠷᠠᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠲᠡᠦᠬᠡ᠎ᠶᠢᠨ ᠰᠠᠨᠠᠭᠠᠴᠢᠯᠠᠭ᠎ᠠ᠎ᠶᠢ ᠲᠡᠮᠡᠴᠡᠨ ᠤᠯᠵᠠᠢ᠃
ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠪᠣᠯ ᠪᠦᠬᠦ ᠨᠠᠮ᠎ᠤᠨ ᠬᠠᠮᠲᠤ᠎ᠶᠢᠨ ᠤᠯᠤᠰ ᠲᠦᠷᠦ᠎ᠶᠢᠨ ᠬᠠᠷᠢᠭᠤᠴᠠᠯᠭ᠎ᠠ ᠮᠥᠨ᠃《ᠲᠣᠭᠲᠠᠭᠠᠯ》 ᠳ᠋ᠤ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠬᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ ᠪᠠᠢᠷᠢᠯᠠᠭᠤᠯᠤᠯᠲᠠ ᠬᠢᠪᠡ᠃ ᠡᠭᠦᠨ᠎ᠦ ᠳᠣᠲᠣᠷ᠎ᠠ᠎ᠡᠴᠡ ᠪᠢᠳᠡ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠴᠢᠬᠤᠯᠠ ᠶᠡᠬᠡ ᠵᠠᠷᠴᠢᠮ᠎ᠢ ᠪᠠᠷᠢᠮᠲᠠᠯᠠᠬᠤ ᠪᠠ ᠨᠠᠮ᠎ᠤᠨ ᠳᠣᠲᠣᠭᠠᠳᠤ᠎ᠶᠢᠨ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ᠎ᠪᠡᠷ ᠬᠦᠴᠦᠯᠡᠴᠡ ᠪᠣᠯᠭᠠᠬᠤ ᠦᠢᠯᠡᠳᠦᠯᠭᠡ᠎ᠶᠢᠨ ᠱᠠᠭᠠᠷᠳᠠᠯᠭ᠎ᠠ᠎ᠶᠢ ᠨᠡᠩ ᠭᠦᠨᠵᠡᠭᠡᠢ ᠡᠵᠡᠮᠳᠡᠵᠦ ᠴᠢᠳᠠᠬᠤ ᠶᠤᠮ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠳᠦᠷᠢᠮ》 ᠢ᠋ ᠲᠣᠭᠲᠠᠭᠠᠨ ᠨᠡᠢᠲᠡᠯᠡᠵᠦ᠂ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ》 ᠶ᠋ᠢ ᠨᠠᠮ᠎ᠤᠨ ᠳᠣᠲᠣᠭᠠᠳᠤ᠎ᠶᠢᠨ ᠬᠢᠨᠠᠯᠲᠠ᠎ᠶᠢᠨ ᠭᠣᠣᠯ ᠠᠭᠤᠯᠭ᠎ᠠ᠎ᠳᠤ ᠣᠷᠣᠭᠤᠯᠪᠠ; ᠰᠠᠬᠢᠯᠭ᠎ᠠ ᠪᠠᠲᠤ᠎ᠶᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ 《ᠲᠦᠷᠪᠡᠨ ᠵᠦᠢᠯ᠎ᠦᠨ ᠬᠡᠯᠪᠡᠷᠢ ᠪᠠᠢᠳᠠᠯ》 ᠢ᠋ ᠰᠠᠢᠲᠤᠷ ᠠᠰᠢᠭ᠍ᠯᠠᠵᠤ᠂《ᠸᠢᠷᠦ᠋ᠰ》 ᠪᠠ 《ᠬᠣᠷᠣᠬᠠᠢ᠎ᠶᠢᠨ ᠬᠥᠨᠥᠭᠡᠯ》 ᠢ᠋ ᠴᠤᠬᠤᠶ᠋ᠢᠵᠤ ᠪᠠᠢᠭ᠎ᠠ ᠳ᠋ᠤᠨᠢ ᠤᠰᠠᠳᠬᠠᠨ᠎ᠠ ᠁
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠳᠦᠷᠢᠮ᠎ᠦᠨ ᠵᠠᠩᠭᠢᠯᠠᠭ᠎ᠠ᠎ᠶ᠋ᠢ ᠴᠢᠩᠭ᠎ᠠ ᠠᠳᠬᠤᠵᠤ᠂《ᠨᠠᠮ᠎ᠤᠨ ᠪᠠᠢᠭᠤᠯᠤᠯᠲᠠ᠎ᠶᠢ ᠰᠠᠢᠲᠤᠷ ᠠᠳᠬᠤᠬᠤ ᠪᠣᠯ ᠲᠤᠬᠠᠢᠯᠠᠭᠰᠠᠨ ᠠᠵᠢᠯ ᠮᠥᠨ᠂ ᠨᠠᠮ᠎ᠤᠨ ᠪᠠᠢᠭᠤᠯᠤᠯᠲᠠ᠎ᠶᠢ ᠠᠳᠬᠤᠬᠤ ᠦᠭᠡᠢ ᠪᠣᠯ ᠬᠠᠷᠢᠭᠤᠴᠠᠯᠭ᠎ᠠ᠎ᠪᠠᠨ ᠠᠯᠳᠠᠭᠰᠠᠨ ᠶᠠᠪᠤᠳᠠᠯ ᠮᠦᠨ᠂ ᠨᠠᠮ᠎ᠤᠨ ᠪᠠᠢᠭᠤᠯᠤᠯᠲᠠ᠎ᠶᠢ ᠰᠠᠢᠲᠤᠷ ᠠᠳᠬᠤᠬᠤ ᠦᠭᠡᠢ ᠪᠣᠯ ᠲᠤᠰᠢᠶᠠᠯ᠎ᠳᠠᠭᠠᠨ ᠬᠢᠷᠢ ᠲᠡᠩᠴᠡᠬᠦ ᠦᠭᠡᠢ ᠶᠠᠪᠤᠳᠠᠯ ᠮᠦᠨ》ᠭᠡᠬᠦ ᠦᠵᠡᠯᠲᠡ᠎ᠶᠢ ᠪᠠᠲᠤ ᠪᠤᠢ ᠪᠣᠯᠭᠠᠵᠤ᠂ ᠱᠠᠲᠤ ᠱᠠᠲᠤ᠎ᠪᠠᠷ ᠳᠠᠷᠤᠯᠲᠠ ᠥᠭᠴᠦ᠂ ᠭᠤᠤᠯ ᠴᠣᠭᠴᠠ᠎ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠲᠤᠭᠤᠰᠢᠲᠠᠢ ᠪᠠᠷᠢᠮᠲᠠᠯᠠᠵᠤ᠂ ᠨᠠᠮ᠎ᠤᠨ ᠬᠣᠷᠢᠶ᠎ᠠ ᠠᠳᠬᠤᠬᠤ᠂ ᠱᠦᠵᠢ ᠠᠳᠬᠤᠬᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠠᠳᠬᠤᠬᠤ᠂ ᠨᠢᠭᠡ ᠱᠠᠲᠤ ᠨᠢ ᠨᠦᠬᠦᠭᠡ ᠱᠠᠲᠤ᠎ᠪᠠᠨ ᠠᠳᠬᠤᠬᠤ᠂ ᠱᠠᠲᠤ ᠱᠠᠲᠤ᠎ᠪᠠᠷ ᠨᠠᠢᠳᠠᠪᠤᠷᠢᠵᠢᠭᠤᠯᠤᠯᠳᠠ᠎ᠶᠢ ᠠᠳᠬᠤᠬᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠪᠠᠢᠷᠢᠰᠢᠯ᠎ᠢ ᠪᠤᠢ ᠪᠣᠯᠭᠠᠪᠠ᠃
ᠮᠠᠨ᠎ᠤ ᠡᠢᠮᠦ ᠲᠤᠮᠤ ᠨᠠᠮ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠳᠤ ᠬᠡᠨ᠎ᠳᠦ ᠲᠦᠰᠢᠭᠯᠡᠵᠦ ᠵᠠᠰᠠᠬᠤ ᠪᠤᠢ? ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠪᠦᠬᠦ ᠨᠠᠮ᠎ᠤᠨ ᠭᠡᠰᠢᠭᠦᠨ᠂ ᠺᠠᠳ᠋ᠷᠴᠤᠳ ᠬᠥᠳᠡᠯᠦᠯᠴᠡᠨ ᠬᠠᠮᠲᠤ᠎ᠪᠠᠷ ᠠᠳᠬᠤᠬᠤ᠎ᠳᠤ ᠲᠦᠰᠢᠭᠯᠡᠬᠦ ᠬᠡᠷᠡᠭᠲᠡᠢ᠃ ᠡᠢᠮᠦ᠎ᠡᠴᠡ᠂ ᠬᠠᠷᠢᠭᠤᠴᠠᠯᠭ᠎ᠠ᠎ᠶᠢ ᠲᠣᠳᠣᠷᠬᠠᠢᠯᠠᠬᠤ ᠦᠭᠡᠢ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠦᠭᠡᠢ᠂ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠪᠡᠶᠡᠯᠡᠭᠦᠯᠵᠦ ᠳᠡᠶ᠋ᠢᠯᠬᠦ ᠦᠭᠡᠢ ᠶᠤᠮ᠃
ᠣᠳᠣᠬᠠᠨ᠎ᠳᠤ᠂ ᠨᠠᠮ᠎ᠤᠨ ᠡᠩᠨᠡᠭᠡᠨ᠎ᠦ ᠭᠣᠣᠯ ᠤᠷᠤᠰᠬᠠᠯ ᠰᠠᠢᠨ ᠪᠠᠢᠨ᠎ᠠ᠂ ᠭᠡᠪᠡᠴᠦ ᠨᠠᠮ᠎ᠤᠨ ᠲᠡᠷᠢᠭᠦᠨ᠎ᠦ ᠴᠢᠨᠠᠷ᠎ᠢ ᠰᠤᠯᠠᠷᠠᠭᠤᠯᠵᠤ᠂ ᠨᠠᠮ᠎ᠤᠨ ᠴᠡᠪᠡᠷ ᠴᠢᠨᠠᠷ᠎ᠢ ᠬᠣᠬᠢᠷᠠᠭᠤᠯᠵᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠎ᠶᠢ ᠨᠥᠯᠥᠭᠡᠯᠡᠵᠤ ᠪᠤᠢ ᠠᠰᠠᠭᠤᠳᠠᠯ ᠪᠠ ᠭᠡᠮ ᠰᠤᠭᠤᠭ ᠪᠠᠰᠠ ᠴᠥᠭᠡᠨ ᠪᠤᠰᠤ ᠪᠠᠢᠨ᠎ᠠ᠃ ᠵᠠᠷᠢᠮ ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠬᠤ ᠺᠠᠳ᠋ᠷ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠬᠢ ᠲᠠᠨᠢᠯᠲᠠ ᠨᠢ ᠭᠦᠢᠴᠡᠳ ᠪᠤᠰᠤ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠦᠭᠡᠢ᠂ ᠠᠵᠢᠯ᠎ᠢ ᠬᠦᠴᠦᠲᠡᠢ ᠬᠢᠬᠦ ᠦᠭᠡᠢ᠂ ᠳᠦᠷᠢᠮ᠎ᠢ ᠴᠢᠩᠭ᠎ᠠ ᠬᠡᠷᠡᠭᠵᠢᠭᠦᠯᠬᠦ ᠦᠭᠡᠢ᠂ ᠲᠣᠪᠣᠢᠮ᠎ᠠ ᠠᠰᠠᠭᠤᠳᠠᠯ᠎ᠢ ᠴᠠᠭ ᠲᠤᠬᠠᠢ ᠳ᠋ᠤᠨᠢ ᠣᠯᠵᠤ ᠮᠡᠳᠡᠬᠦ ᠦᠭᠡᠢ ᠪᠠ ᠪᠦᠲᠦᠮᠵᠢᠲᠡᠶ ᠰᠢᠢᠳᠪᠦᠷᠢᠯᠡᠵᠦ ᠴᠢᠳᠠᠬᠤ ᠦᠭᠡᠢ ᠪᠠᠢᠵᠤ᠂ ᠴᠢᠨᠠᠭᠰᠢᠯᠠᠭᠠᠳ ᠭᠠᠵᠢᠭᠤ ᠰᠤᠷᠲᠠᠯ᠎ᠤᠨ ᠡᠭᠦᠰᠦᠨ ᠳᠡᠯᠭᠡᠷᠡᠬᠦ᠎ᠶᠢ ᠳᠤᠷ᠎ᠠ᠎ᠪᠠᠷ ᠨᠢ ᠲᠠᠯᠪᠢᠵᠤ ᠪᠠᠢᠨ᠎ᠠ᠃ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂《ᠬᠠᠷᠢᠭᠤᠴᠠᠯᠭ᠎ᠠ》 ᠭᠡᠬᠦ ᠦᠭᠡ ᠵᠢ ᠴᠢᠩᠭ᠎ᠠ ᠠᠳᠬᠤᠵᠤ᠂《ᠬᠠᠷᠢᠭᠤᠴᠠᠯᠭ᠎ᠠ ᠲᠤᠯᠭᠠᠬᠤ》 ᠡᠨᠡ ᠬᠦ᠌ ᠠᠮᠢᠨ ᠭᠠᠵᠠᠷ᠎ᠢ ᠠᠳᠬᠤᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠪᠠᠢᠷᠢᠰᠢᠯ᠎ᠢ ᠪᠦᠷᠢᠨᠰᠢᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠦᠨᠡᠨ ᠬᠦ᠌ ᠪᠣᠳᠠᠲᠠᠢ ᠠᠳᠬᠤᠵᠤ᠂ ᠨᠠᠷᠢᠯᠢᠭ᠋ ᠠᠳᠬᠤᠨ᠂ ᠰᠠᠢᠲᠤᠷ ᠠᠳᠬᠤᠬᠤ ᠬᠡᠷᠡᠭᠲᠡᠢ᠃
105 ᠵᠢᠯ᠎ᠦᠨ ᠲᠤᠷᠰᠢ᠂ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭ᠍ᠲᠠᠢ᠎ᠪᠠᠷ ᠦᠨᠡᠨ ᠶᠣᠰᠣ᠌᠎ᠶᠢ ᠪᠠᠷᠢᠮᠲᠠᠯᠠᠨ᠂ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠲᠤᠰ ᠪᠡᠶ᠎ᠡ᠎ᠶᠢᠨ ᠬᠦᠴᠦᠨ ᠴᠢᠳᠠᠯ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠶᠢᠨ ᠠᠰᠠᠭᠤᠳᠠᠯ᠎ᠢᠶᠠᠨ ᠰᠢᠢᠳᠪᠦᠷᠢᠯᠡᠬᠦ ᠳᠤᠮᠳᠠ ᠲᠠᠰᠤᠷᠠᠯᠲᠠ ᠦᠭᠡᠢ ᠬᠦᠴᠦᠷᠬᠡᠭᠵᠢᠭᠰᠡᠨ ᠨᠢ ᠨᠠᠮ᠎ᠤᠨ ᠢᠯᠠᠯᠲᠠ᠎ᠡᠴᠡ ᠢᠯᠠᠯᠲᠠ ᠲᠡᠢᠰᠢ ᠤᠷᠤᠭᠰᠢᠯᠠᠭᠰᠠᠨᠤ ᠴᠢᠬᠤᠯᠠ ᠰᠢᠯᠲᠠᠭᠠᠨ ᠮᠦᠨ᠃
ᠰᠢᠨ᠎ᠡ ᠠᠶᠠᠨ᠎ᠳᠦ᠂ ᠪᠢᠳᠡ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠪᠠᠲᠤᠯᠠᠵᠤ᠂ 《ᠲᠣᠭᠲᠠᠭᠠᠯ》 ᠤ᠋ᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠬᠡᠯᠪᠡᠷᠢᠯ᠎ᠢ ᠵᠠᠯᠠᠷᠠᠭᠤᠯᠵᠤ ᠰᠠᠮᠠᠭᠤᠷᠠᠯ᠎ᠢ ᠵᠠᠰᠠᠬᠤ᠂ ᠮᠠᠭᠤ᠎ᠶᠢ ᠠᠷᠢᠯᠭᠠᠵᠤ ᠰᠠᠢᠨ᠎ᠢ ᠪᠠᠳᠠᠷᠠᠭᠤᠯᠬᠤ ᠳᠤᠮᠳᠠ ᠠᠵᠢᠯ᠎ᠤᠨ ᠲᠦᠪᠰᠢᠨ᠎ᠢᠶᠡᠨ ᠳᠡᠭᠡᠭᠰᠢᠯᠡᠭᠦᠯᠵᠦ᠂ ᠪᠣᠳᠠᠲᠠᠢ ᠠᠰᠠᠭᠤᠳᠠᠯ᠎ᠤᠳ᠎ᠤᠨ ᠰᠢᠪᠲᠤᠯᠤᠯᠲᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠲᠦᠪᠰᠢᠨ᠎ᠦ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠲᠠᠢ᠍ᠢᠴᠢᠯᠠᠵᠤ ᠂ ᠮᠠᠨ᠎ᠤ ᠨᠠᠮ᠎ᠢᠶᠠᠨ ᠨᠡᠩ ᠰᠠᠢᠨ᠂ ᠨᠡᠩ ᠬᠦᠴᠦᠷᠬᠡᠭ ᠪᠣᠯᠭᠠᠨ ᠪᠠᠢᠭᠤᠯᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃