2026-11-09 10:31:05
— ᠲᠥᠪ᠎ᠡᠴᠡ ᠬᠠᠮᠢᠶᠠᠷᠴᠤ ᠪᠠᠢᠭ᠎ᠠ ᠠᠵᠤ ᠠᠬᠤᠢᠯᠡᠯ᠂ ᠲᠥᠪ᠎ᠡᠴᠡ ᠬᠠᠮᠢᠶᠠᠷᠴᠤ ᠪᠠᠢᠭ᠎ᠠ ᠮᠥᠩᠭᠥᠨ ᠭᠦᠢᠯᠭᠡᠭᠡᠨ᠎ᠦ ᠠᠵᠤ ᠠᠬᠤᠢᠯᠡᠯ ᠪᠣᠯᠣᠨ ᠲᠥᠪ᠎ᠡᠴᠡ ᠬᠠᠮᠢᠶᠠᠷᠴᠤ ᠪᠠᠢᠭ᠎ᠠ ᠶᠡᠬᠡ ᠳᠡᠭᠡᠳᠦ ᠰᠤᠷᠭᠠᠭᠤᠯᠢ᠎ᠶᠢᠨ ᠺᠠᠳ᠋ᠷ ᠠᠵᠢᠯᠲᠠᠨ ᠨᠠᠮ᠎ᠤᠨ ᠬᠣᠷᠢᠳᠤᠭᠠᠷ ᠬᠤᠭᠤᠴᠠᠭᠠᠨ ᠤ ᠳᠦᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠵᠤ ᠤᠮᠤᠭ ᠪᠠᠳᠠᠷᠠᠨᠭᠭᠤᠢ ᠡᠷᠡᠯᠬᠡᠭᠯᠡᠨ ᠤᠷᠤᠭᠰᠢᠯᠡᠨᠠ ᠭᠡᠵᠦ ᠢᠯᠡᠳᠭᠡᠵᠡᠭᠡᠪᠡ
ᠣᠢᠷ᠎ᠠ᠎ᠶᠢᠨ ᠡᠳᠦᠷ᠎ᠤᠨ ᠳᠤᠷᠰᠢ᠂ ᠲᠥᠪ᠎ᠡᠴᠡ ᠬᠠᠮᠢᠶᠠᠷᠴᠤ ᠪᠠᠢᠭ᠎ᠠ ᠠᠵᠤ ᠠᠬᠤᠢᠯᠡᠯ᠂ ᠲᠥᠪ᠎ᠡᠴᠡ ᠬᠠᠮᠢᠶᠠᠷᠴᠤ ᠪᠠᠢᠭ᠎ᠠ ᠮᠥᠩᠭᠥᠨ ᠭᠦᠢᠯᠭᠡᠭᠡᠨ᠎ᠦ ᠠᠵᠤ ᠠᠬᠤᠢᠯᠡᠯ ᠪᠣᠯᠣᠨ ᠲᠥᠪ᠎ᠡᠴᠡ ᠬᠠᠮᠢᠶᠠᠷᠴᠤ ᠪᠠᠢᠭ᠎ᠠ ᠶᠡᠬᠡ ᠳᠡᠭᠡᠳᠦ ᠰᠤᠷᠭᠠᠭᠤᠯᠢ᠎ᠶᠢᠨ ᠺᠠᠳ᠋ᠷ ᠠᠵᠢᠯᠲᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠳᠦᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠪᠠ᠃
ᠤᠯᠠᠨ᠎ᠢᠶᠠᠷ᠎ᠢᠶᠠᠨ᠂ ᠪᠦᠬᠦᠳᠡ ᠬᠤᠷᠠᠯ᠎ᠡᠴᠡ《ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠪ ᠬᠤᠷᠢᠶ᠎ᠠ ᠵᠢᠨ ᠲᠣᠭᠲᠠᠭᠠᠯ》᠎ᠢ᠋ ᠬᠢᠨᠠᠨ ᠵᠥᠪᠯᠡᠵᠦ ᠪᠠᠲᠤᠯᠠᠵᠤ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠪᠠᠢᠳᠠᠯ᠎ᠢ ᠤᠯᠠᠮ ᠨᠢᠭᠡ ᠠᠯᠬᠤᠮ ᠡᠭᠦᠳᠬᠦ᠎ᠳᠦ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠰᠢᠨ᠎ᠡ ᠠᠶᠠᠨ᠎ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠳᠦᠪ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠢ ᠨᠢᠭᠡᠳᠬᠡᠵᠦ᠂ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠬᠦᠳᠦᠨ᠎ᠡ ᠭᠡᠵᠦ ᠢᠯᠡᠳᠬᠡᠵᠡᠭᠡᠪᠡ᠃
ᠦᠵᠡᠯ ᠰᠠᠨᠠᠭᠠᠨ᠎ᠤ ᠰᠦᠭ ᠰᠦᠨᠡᠰᠦ᠎ᠶᠢ ᠪᠠᠲᠤ ᠴᠣᠭᠴᠠᠯᠠᠵᠤ ᠤᠷᠤᠭᠰᠢᠯᠠᠬᠤ ᠴᠢᠭᠯᠡᠯ᠎ᠢᠶᠡᠨ ᠲᠣᠳᠣᠷᠬᠠᠢᠯᠠᠨ᠎ᠠ
《ᠲᠣᠭᠲᠠᠭᠠᠯ》 ᠳ᠋ᠤ᠌᠂ ᠰᠢᠨ᠎ᠡ ᠴᠠᠭ ᠦᠶ᠎ᠡ᠎ᠳᠦ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠵᠠᠭᠤᠨ ᠵᠢᠯ᠎ᠦᠨ ᠳᠤᠮᠤ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠰᠢᠨ᠎ᠡ ᠠᠬᠤᠢ ᠪᠠᠢᠳᠠᠯ᠎ᠢ ᠨᠡᠭᠡᠭᠡᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠨᠠᠮ ᠪᠣᠯᠣᠨ ᠠᠷᠠᠳ ᠲᠦᠮᠡᠨ ᠨᠠᠮ᠎ᠢᠶᠠᠨ ᠬᠦᠴᠦᠷᠬᠡᠭᠵᠢᠭᠦᠯᠬᠦ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠣᠯᠵᠠᠢ ᠭᠡᠵᠦ ᠵᠢᠭᠠᠵᠤ ᠭᠠᠷᠭᠠᠪᠠ᠃
ᠰᠢᠨᠵᠢᠶᠠᠩ᠎ᠤᠨ ᠬᠠᠮᠤᠭ᠎ᠤᠨ ᠶᠡᠬᠡ ᠢᠯᠴᠢ ᠵᠢᠨ ᠴᠠᠬᠢᠯᠭᠠᠨ᠎ᠤ ᠬᠠᠮᠲᠤᠷᠠᠭᠰᠠᠨ ᠲᠥᠷᠥᠯ ᠵᠦᠢᠯ — ᠺᠠᠱᠭᠠᠷ᠎ᠤᠨ ᠬᠤᠸᠠ ᠳ᠋ᠢᠶᠠᠨ ᠪᠦᠯᠦᠭᠯᠡᠯ᠎ᠤᠨ 2×66 ᠲᠦᠮᠡᠨ ᠺᠢᠯᠦᠸᠠᠲ᠎ᠤᠨ ᠢᠯᠴᠢ ᠵᠢᠨ ᠴᠠᠬᠢᠯᠭᠠᠨ᠎ᠤ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ᠎ᠦᠨ ᠪᠠᠷᠢᠯᠭ᠎ᠠ᠎ᠶᠢᠨ ᠭᠠᠵᠠᠷ᠎ᠤᠨ ᠠᠬᠤᠢ ᠳᠠᠯᠠᠪᠠᠢ᠎ᠳᠤ ᠬᠦᠷᠬᠦ᠎ᠳᠤ᠂ ᠪᠦᠲᠦᠭᠡᠨ ᠪᠠᠢᠭᠤᠯᠤᠭ᠍ᠴᠢᠳ ᠶᠠᠭ ᠴᠠᠭ ᠮᠥᠴᠡ᠎ᠶᠢ ᠠᠮᠵᠢᠨ ᠮᠠᠰᠢᠨ ᠴᠣᠭᠴᠠᠯᠠᠪᠤᠷᠢ ᠲᠤᠷᠰᠢᠨ ᠠᠵᠢᠯᠯᠠᠭᠤᠯᠬᠤ ᠠᠵᠢᠯ᠎ᠢ ᠠᠬᠢᠭᠤᠯᠵᠤ ᠪᠠᠢᠯ᠎ᠠ᠃ ᠲᠥᠷᠥᠯ ᠵᠦᠢᠯ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ᠂ 3200 ᠲᠦᠮᠡᠨ ᠲᠡᠭᠰᠢ ᠳᠥᠷᠪᠡᠯᠵᠢᠨ ᠮᠧᠲᠷ᠎ᠦᠨ ᠢᠯᠴᠢ ᠬᠠᠩᠭᠠᠬᠤ ᠲᠠᠯᠠᠪᠠᠶ᠎ᠶᠢ ᠰᠢᠨ᠎ᠡ᠎ᠪᠡᠷ ᠨᠡᠮᠡᠭᠳᠡᠭᠦᠯᠦᠨ᠎ᠡ᠃
ᠪᠦᠬᠦᠳᠡ ᠬᠤᠷᠠᠯ᠎ᠡᠴᠡ ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ᠎ᠶᠢᠨ ᠲᠤᠬᠠᠢ ᠦᠨᠡᠯᠡᠯᠲᠡ ᠨᠢ ᠬᠤᠸᠠ ᠳ᠋ᠢᠶᠠᠨ ᠪᠦᠯᠦᠭᠯᠡᠯ᠎ᠤᠨ ᠰᠢᠨᠵᠢᠶᠠᠩ᠎ᠤᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠎ᠶᠢᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠸᠠᠩ ᠰᠢᠤ ᠯᠢᠨ᠎ᠳᠦ ᠬᠦᠨ ᠳᠦᠷᠦᠭᠳᠡᠯ ᠦᠯᠡᠳᠡᠬᠡᠵᠦ᠄《ᠡᠳᠡᠭᠡᠷ ᠵᠢᠯ᠎ᠳᠦ᠂ ᠮᠠᠨ᠎ᠤ ᠤᠯᠤᠰ ᠴᠡᠪᠡᠷ ᠡᠨᠧᠷᠭᠢ᠎ᠶᠢᠨ ᠰᠠᠭᠤᠷᠢᠨ᠂ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠵᠡᠷᠭᠡ ᠴᠢᠬᠤᠯᠠ ᠶᠡᠬᠡ ᠢᠨᠵᠧᠨᠧᠷᠢᠩ ᠪᠣᠯᠣᠨ ᠮᠡᠷᠭᠡᠵᠢᠯ᠎ᠦᠨ ᠪᠣᠭᠣᠮᠲᠠ ᠰᠢᠪᠲᠤᠯᠬᠤ ᠲᠠᠯ᠎ᠠ᠎ᠪᠠᠷ ᠴᠢᠬᠤᠯᠠ ᠠᠬᠢᠴᠠ᠎ᠲᠠᠢ ᠪᠣᠯᠤᠭᠰᠠᠨ ᠨᠢ ᠮᠠᠨ᠎ᠤ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠭᠦᠢᠴᠡᠳ ᠭᠡᠷᠡᠴᠢᠯᠡᠵᠦ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠳᠤ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ᠎ᠢ ᠪᠤᠢ ᠪᠣᠯᠭᠠᠵᠤ᠂ ᠪᠢᠳᠡᠨ᠎ᠦ ᠲᠠᠰᠤᠷᠠᠯᠳᠠ ᠦᠭᠡᠢ ᠰᠢᠨ᠎ᠡ ᠠᠮᠵᠢᠯᠲᠠ ᠣᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ》 ᠭᠡᠵᠦ ᠬᠡᠯᠡᠪᠡ᠃
ᠲᠡᠷᠢᠭᠦᠨ᠎ᠦ ᠦᠵᠡᠯ ᠰᠠᠨᠠᠭ᠎ᠠ ᠶᠡᠷᠦ ᠨᠢ ᠶᠡᠷᠦ ᠪᠤᠰᠤ᠎ᠶᠢᠨ ᠦᠢᠯᠡᠰ᠎ᠢ ᠠᠬᠢᠭᠤᠯᠵᠦ ᠪᠠᠢᠳᠠᠭ᠂ ᠦᠵᠡᠯ ᠰᠠᠨᠠᠭᠠᠨ᠎ᠤ ᠰᠦᠭ ᠰᠦᠨᠡᠰᠦ᠎ᠶᠢ ᠪᠠᠲᠤ ᠪᠡᠬᠢ ᠪᠤᠢ ᠪᠣᠯᠭᠠᠪᠠᠯ ᠰᠠᠶᠢ ᠲᠡᠷᠢᠭᠦᠨ᠎ᠦ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠵᠤ ᠴᠢᠳᠠᠨ᠎ᠠ᠃
ᠣᠢᠷ᠎ᠠ᠎ᠵᠢᠨ ᠡᠳᠦᠷ᠎ᠤᠨ ᠳᠤᠷᠰᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠪᠠ᠃ ᠳᠡᠭᠡᠳᠦ ᠰᠤᠷᠭᠠᠭᠤᠯᠢ᠎ᠶᠢᠨ ᠵᠠᠬᠢᠷᠤᠯ ᠹᠸᠩ ᠰᠢᠤ ᠵᠢᠶᠦ᠋ᠨ᠂ ᠦᠷᠭᠦᠯᠵᠢᠯᠡᠨ ᠨᠠᠮ᠎ᠤᠨ ᠰᠢᠨ᠎ᠡ᠎ᠡᠬᠦᠳᠦᠯᠳᠡ ᠵᠢᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭᠯᠡᠪᠡᠯ ᠰᠠᠶᠢ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠰᠠᠨᠠᠭᠠᠴᠢᠯᠠᠭᠠᠲᠤ ᠡᠷᠬᠡ᠎ᠶᠢ ᠣᠯᠵᠤ ᠴᠢᠳᠠᠨ᠎ᠠ᠃ ᠪᠦᠬᠦᠳᠡ ᠬᠤᠷᠠᠯ᠎ᠡᠴᠡ ᠪᠠᠲᠤᠯᠠᠭᠰᠠᠨ《ᠲᠣᠭᠲᠠᠭᠠᠯ》᠎ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠠᠶᠠᠨᠳᠠᠭᠠᠨ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠢᠯᠡᠳᠬᠡᠪᠡ᠃
ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠂ ᠰᠢᠯᠭᠠᠯᠲᠠ᠎ᠳᠤ ᠣᠷᠣᠯᠴᠠᠬᠤ ᠰᠢᠨ᠎ᠡ ᠵᠠᠮ ᠳᠡᠭᠡᠷ᠎ᠡ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠠᠵᠢᠯ ᠨᠡᠩ ᠤᠷᠳᠤ ᠬᠤᠭᠤᠴᠠᠭᠠᠨ᠎ᠤ᠂ ᠨᠠᠷᠢᠨ ᠪᠤᠳᠤᠯᠢᠶᠠᠨᠲᠠᠢ᠂ ᠬᠠᠲᠠᠭᠤ ᠴᠢᠩᠭ᠎ᠠ ᠥᠷᠢᠰᠦᠯᠳᠦᠭᠡᠨ᠎ᠳᠦ ᠲᠤᠯᠭᠠᠷᠠᠪᠠ᠃
《ᠶᠡᠷᠦᠩᠬᠡᠢ ᠱᠦᠵᠢ ᠰᠢ ᠵᠢᠨ ᠫᠢᠩ ᠪᠦᠬᠦᠳᠡ ᠬᠤᠷᠠᠯ᠎ᠤᠨ ᠵᠥᠪᠯᠡᠬᠦ ᠰᠡᠳᠦᠪ᠎ᠦᠨ ᠲᠤᠬᠠᠢ ᠪᠣᠳᠣᠯᠬᠢᠯᠠᠯ᠎ᠢ ᠭᠦᠨᠵᠡᠭᠡᠢ ᠲᠠᠢᠯᠪᠤᠷᠢᠯᠠᠪᠠ᠃ ᠪᠢᠳᠡ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ᠎ᠢ ᠭᠦᠨᠵᠡᠭᠡᠢ ᠣᠢᠯᠠᠭᠠᠬᠤ ᠬᠡᠷᠡᠭᠲᠡᠢ》᠃ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭᠯᠡᠯ᠎ᠦᠨ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠠᠵᠢᠯ᠎ᠤᠨ ᠬᠡᠯᠲᠡᠰ᠎ᠦᠨ ᠳᠠᠷᠤᠭ᠎ᠠ᠂ ᠶᠡᠷᠦᠩᠬᠡᠢ ᠭᠠᠵᠠᠷ᠎ᠤᠨ ᠨᠠᠮ᠎ᠤᠨ ᠬᠤᠷᠢᠶ᠎ᠠ ᠵᠢᠨ ᠱᠦᠵᠢ ᠶᠠᠩ ᠰᠦᠩ᠂《ᠠᠭᠠᠷ᠎ᠤᠨ ᠠᠶᠠᠯᠠᠯ᠎ᠤᠨ ᠬᠥᠳᠡᠯᠭᠡᠭᠦᠷ ᠪᠣᠯ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠶᠢ ᠲᠤᠯᠭᠠᠭᠤᠷᠢᠯᠠᠬᠤ ᠤᠯᠤᠰ᠎ᠤᠨ ᠰᠤᠳᠤᠨ ᠲᠤᠨᠤᠬᠯᠠᠯ ᠮᠥᠨ᠂ ᠰᠤᠳᠤᠯᠤᠨ ᠦᠢᠯᠡᠳᠬᠦ ᠬᠡᠯᠬᠢᠶ᠎ᠡ ᠤᠷᠳᠤ᠂ ᠮᠡᠷᠭᠡᠵᠢᠯ᠎ᠦᠨ ᠬᠦᠴᠢᠷᠳᠡᠯ ᠶᠡᠬᠡ ᠪᠠᠢᠳᠠᠭ᠃ ᠪᠢᠳᠡ ᠴᠢᠩᠭ᠎ᠠ ᠪᠠᠢᠯᠭᠠᠬᠤ ᠬᠦᠭ ᠠᠶᠠᠰ᠎ᠢ ᠨᠠᠮ᠎ᠢ ᠬᠠᠮᠢᠶᠠᠷᠴᠤ ᠨᠠᠮ᠎ᠢ ᠵᠠᠰᠠᠬᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠴᠢᠩᠭ᠎ᠠ ᠱᠠᠭᠠᠷᠳᠠᠯᠭ᠎ᠠ᠎ᠶᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠯ᠎ᠡ ᠭᠣᠭᠴᠣᠭ᠎ᠠ᠎ᠳᠤ ᠰᠢᠭᠢᠳᠬᠡᠵᠦ᠂ ᠶᠡᠬᠡ ᠤᠯᠤᠰ᠎ᠤᠨ ᠰᠤᠳᠤᠨ ᠲᠤᠨᠤᠬᠯᠠᠯ᠎ᠢ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠬᠦ᠎ᠳᠦ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ》 ᠭᠡᠵᠦ ᠬᠡᠯᠡᠪᠡ᠃
《ᠰᠢᠨ᠎ᠡ ᠪᠠᠢᠳᠠᠯ ᠳᠣᠣᠷ᠎ᠠ᠂ ᠪᠢᠳᠡ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠪᠣᠯ ᠪᠥᠬᠥ ᠨᠠᠮ᠎ᠤᠨ ᠬᠠᠮᠲᠤ᠎ᠶᠢᠨ ᠤᠯᠤᠰ ᠲᠥᠷᠥ᠎ᠶᠢᠨ ᠬᠠᠷᠢᠭᠤᠴᠠᠯᠭ᠎ᠠ ᠮᠥᠨ ᠭᠡᠳᠡᠭ᠎ᠢ ᠢᠮᠠᠭᠲᠠ ᠪᠠᠲᠤ ᠴᠡᠭᠡᠵᠢᠯᠡᠵᠦ᠂ ᠢᠲᠡᠭᠡᠯ᠎ᠢᠶᠡᠨ ᠪᠠᠲᠤᠳᠬᠠᠵᠤ᠂ ᠲᠣᠭᠲᠠᠯ ᠬᠦᠴᠦᠨ᠎ᠢᠶᠡᠨ ᠪᠠᠲᠤᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠨᠠᠮ᠎ᠤᠨ ᠪᠠᠢᠭᠤᠯᠤᠯᠲᠠ᠎ᠶᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢ ᠴᠢᠩᠭᠠᠳᠬᠠᠬᠤ ᠬᠡᠷᠡᠭᠲᠡᠢ》᠃ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶᠢᠨ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠲᠤᠬᠠᠢᠯᠠᠭᠰᠠᠨ ᠠᠵᠢᠯ᠎ᠤᠨ ᠶᠡᠷᠦᠩᠬᠡᠢ ᠬᠢᠨᠠᠭ᠍ᠴᠢ ᠸᠠᠩ ᠵᠣᠣ ᠶᠠᠩ᠂ ᠲᠠᠷᠢᠶᠠᠯᠠᠩ᠎ᠤᠨ ᠪᠠᠩᠬᠢ ᠨᠢ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠳ᠋ᠤ ᠦᠢᠯᠡᠴᠢᠯᠡᠬᠦ ᠤᠯᠤᠰ᠎ᠤᠨ ᠠᠩᠭᠢ᠂ ᠭᠣᠣᠯ ᠬᠦᠴᠦᠨ ᠪᠣᠯᠤᠭᠰᠠᠨ᠎ᠤ ᠬᠤᠪᠢ᠎ᠳᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠦᠷᠭᠦᠯᠵᠢᠯᠡᠨ ᠴᠢᠩᠭ᠎ᠠ ᠪᠣᠳᠠᠲᠠᠢᠵᠢᠭᠤᠯᠵᠤ᠂ ᠠᠮᠤ ᠪᠤᠳᠠᠭᠠᠨ᠎ᠤ ᠠᠮᠤᠷ ᠲᠦᠪᠰᠢᠨ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ᠂ ᠰᠢᠶᠠᠨ᠎ᠤ ᠬᠡᠪᠴᠢᠶᠡᠨ᠎ᠦ ᠬᠥᠳᠡᠭᠡ ᠲᠣᠰᠬᠣᠨ᠎ᠤ ᠮᠥᠩᠭᠥᠨ ᠭᠦᠢᠯᠭᠡᠭᠡᠨ᠎ᠦ ᠡᠬᠢ ᠪᠠᠶᠠᠯᠢᠭ᠋᠎ᠤᠨ ᠬᠠᠩᠭᠠᠯᠭ᠎ᠠ᠎ᠶᠢ ᠨᠡᠮᠡᠭᠳᠡᠭᠦᠯᠵᠦ᠂ ᠨᠠᠮ᠎ᠢ ᠬᠠᠮᠢᠶᠠᠷᠴᠤ ᠨᠠᠮ᠎ᠢ ᠵᠠᠰᠠᠭᠰᠠᠨ ᠦᠷ᠎ᠡ ᠪᠦᠲᠦᠮᠵᠢ᠎ᠶᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠬᠤ ᠬᠡᠷᠡᠭᠲᠡᠢ ᠭᠡᠵᠦ ᠬᠡᠯᠡᠪᠡ᠃
ᠵᠠᠷᠴᠢᠮ᠎ᠤᠨ ᠪᠠᠢᠷᠢᠯᠠᠭᠤᠯᠤᠯᠲᠠ᠎ᠶᠢ ᠡᠵᠡᠮᠰᠢᠵᠦ ᠪᠣᠳᠠᠲᠠᠢ ᠠᠵᠢᠯᠯᠠᠬᠤ ᠬᠦᠴᠦᠨ᠎ᠢ ᠨᠢᠭ᠍ᠲᠠᠷᠠᠭᠤᠯᠤᠨ᠎ᠠ
ᠭᠤᠤᠯᠳᠠᠯᠭ᠎ᠠ ᠵᠢ ᠠᠳᠬᠤᠵᠦ ᠴᠢᠳᠠᠪᠠᠯ ᠠᠵᠢᠯ ᠡᠮᠬᠢ ᠴᠡᠭᠴᠡ ᠳᠠᠢ ᠦᠷᠨᠢᠨᠠ᠃ ᠪᠦᠬᠦᠳᠡ ᠬᠤᠷᠠᠯ᠎ᠡᠴᠡ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠵᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠲᠤᠯᠤᠭᠠᠨ ᠵᠠᠷᠴᠢᠮ᠎ᠢ ᠲᠣᠳᠣᠷᠬᠠᠢᠯᠠᠨ ᠥᠭᠦᠯᠡᠭᠰᠡᠨ ᠪᠥᠭᠡᠳ ᠰᠢᠰᠲᠧᠮ᠎ᠲᠠᠢ ᠪᠠᠢᠷᠢᠯᠠᠭᠤᠯᠤᠯᠲᠠ ᠬᠢᠵᠡᠢ᠃
《〈ᠲᠤᠯᠤᠭᠠᠨ ᠪᠠᠷᠢᠮᠲᠠᠯᠠᠯ〉ᠪᠣᠯ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠭᠰᠠᠨ ᠦᠢᠯᠡᠳᠦᠯᠭᠡ᠎ᠶᠢᠨ ᠲᠤᠷᠰᠢᠯᠭ᠎ᠠ᠎ᠶᠢᠨ ᠭᠦᠨᠵᠡᠭᠡᠢ ᠳ᠋ᠦᠩᠨᠡᠯᠲᠡ ᠪᠠ ᠰᠢᠨ᠎ᠡ᠎ᠶᠢ ᠡᠭᠦᠳᠬᠦ ᠬᠥᠭᠵᠢᠯᠲᠡ ᠮᠥᠨ᠂ ᠲᠠᠨᠢᠯᠲᠠ᠎ᠶᠢᠨ ᠣᠨᠣᠯ ᠪᠣᠯᠬᠤ ᠪᠥᠭᠡᠳ ᠠᠷᠭ᠎ᠠ᠎ᠶᠢᠨ ᠣᠨᠣᠯ᠎ᠤᠨ ᠦᠷ᠎ᠡ ᠳ᠋ᠦᠩ ᠮᠥᠨ》᠃ ᠳᠤᠮᠳᠠᠳᠤ ᠤᠯᠤᠰ᠎ᠤᠨ ᠰᠢᠯᠵᠢᠭᠡ ᠬᠤᠯᠪᠤᠭ᠎ᠠ ᠵᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠡᠯᠲᠡᠰ᠎ᠦᠨ ᠡᠷᠬᠢᠯᠡᠭᠴᠢ ᠵᠠᠩ ᠯᠢ᠂《ᠡᠭᠦᠨ᠎ᠳᠦ〈ᠡᠭᠦᠷᠭᠡ ᠬᠠᠷᠢᠭᠤᠴᠠᠯᠭ᠎ᠠ ᠳ᠋ᠦ ᠦᠢᠯᠡᠴᠢᠯᠡᠬᠦ᠎ᠶᠢ ᠪᠠᠷᠢᠮᠲᠠᠯᠠᠬᠤ〉᠎ᠨᠢ ᠨᠢᠭᠡᠨ ᠲᠣᠳᠣᠷᠬᠠᠢ ᠳᠣᠬᠢᠶ᠎ᠠ᠎ᠶᠢ ᠳᠠᠮᠵᠢᠭᠤᠯᠪᠠ᠄ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠨᠢ ᠴᠢᠩᠭ᠎ᠠ ᠪᠠᠢᠬᠤ ᠵᠢᠨ ᠳᠦᠯᠦᠬᠡ ᠴᠢᠩᠭᠠᠯᠠᠬᠤ ᠪᠢᠰᠢ᠂ ᠬᠠᠷᠢᠨ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠦᠢᠯᠡᠴᠢᠯᠡᠬᠦ ᠵᠢᠨ ᠲᠦᠯᠦᠭᠡ ᠶᠤᠮ᠃ ᠡᠨᠡ ᠨᠢ ᠤᠯᠤᠰ᠎ᠤᠨ ᠥᠮᠴᠢᠯᠡᠯ᠎ᠦᠨ ᠠᠵᠤ ᠠᠬᠤᠢᠯᠡᠯ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠪᠠ ᠠᠵᠤ ᠠᠬᠤᠢᠯᠡᠯ᠎ᠢ ᠵᠠᠰᠠᠵᠤ ᠠᠵᠤ ᠠᠬᠤᠢᠯᠡᠯ᠎ᠢᠶᠠᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠠᠩ ᠰᠠᠢᠲᠤᠷ ᠦᠢᠯᠡᠴᠢᠯᠡᠵᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠦᠢᠯᠡᠴᠢᠯᠡᠬᠦ ᠳ᠋ᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠪᠢᠳᠡ ᠲᠥᠪ᠎ᠦᠨ ᠠᠵᠤ ᠠᠬᠤᠢᠯᠡᠯ ᠨᠠᠮ᠎ᠤᠨ ᠬᠢ ᠭᠡᠳᠡᠭ᠎ᠢ ᠪᠠᠲᠤ ᠴᠡᠭᠡᠵᠢᠯᠡᠵᠦ᠂ ᠭᠣᠣᠯ ᠬᠠᠷᠢᠭᠤᠴᠠᠯᠭ᠎ᠠ ᠭᠣᠣᠯ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠶᠢᠨ ᠠᠵᠢᠯ᠎ᠢᠶᠠᠷ ᠰᠦᠯᠵᠢᠶᠡᠨ᠎ᠦ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠬᠥᠲᠥᠯᠥᠨ ᠳᠠᠭᠠᠭᠤᠯᠤᠨ᠎ᠠ》 ᠭᠡᠵᠦ ᠬᠡᠯᠡᠪᠡ᠃
《ᠲᠣᠭᠲᠠᠭᠠᠯ》᠎ᠳ᠋ᠤ《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ》᠎ᠶ᠋ᠢ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢᠨ ᠲᠡᠷᠢᠭᠦᠨ᠎ᠳᠦ ᠲᠠᠯᠪᠢᠵᠤ᠂ ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ ᠭᠡᠵᠦ ᠲᠣᠳᠣᠷᠬᠠᠢᠯᠠᠭᠰᠠᠨ ᠪᠥᠭᠡᠳ ᠡᠭᠦᠨ᠎ᠦ ᠲᠤᠬᠠᠢ ᠲᠤᠰᠬᠠᠢ ᠪᠦᠯᠦᠭ᠎ᠢᠶᠡᠷ ᠪᠠᠢᠷᠢᠯᠠᠭᠤᠯᠪᠠ᠃
《ᠨᠠᠮᠴᠢ ᠴᠢᠨᠠᠷ᠎ᠢ ᠴᠢᠩᠭᠠᠳᠬᠠᠬᠤ ᠳ᠋ᠦ᠂ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠳᠤ ᠠᠪᠴᠤ ᠬᠡᠯᠡᠪᠡᠯ᠂ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢᠶᠠᠷ ᠰᠦᠭ ᠰᠦᠨᠡᠰᠦ᠎ᠶᠢ ᠱᠤᠭᠤᠬᠤ᠎ᠶᠢ ᠬᠡᠷᠬᠢᠨ ᠨᠡᠩ ᠰᠠᠢᠲᠤᠷ ᠪᠠᠷᠢᠮᠲᠠᠯᠠᠬᠤ᠎ᠶᠢ ᠪᠣᠳᠣᠯᠬᠢᠯᠠᠬᠤ ᠬᠡᠷᠡᠭᠲᠡᠢ》᠃《ᠲᠣᠭᠲᠠᠭᠠᠯ》᠎ᠢ᠋ ᠨᠠᠷᠢᠨ ᠤᠩᠰᠢᠭᠠᠳ᠂ ᠱᠠᠨᠳᠦ᠋ᠩ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠤᠷᠢᠶ᠎ᠠ ᠵᠢᠨ ᠱᠦᠵᠢ ᠸᠧᠢ ᠴᠢᠶᠠᠨ 《ᠨᠠᠮ᠎ᠤᠨ ᠰᠢᠯᠢᠳᠡᠭ ᠤᠯᠠᠮᠵᠢᠯᠠᠯ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠨᠠᠮᠴᠢ ᠴᠢᠨᠠᠷ᠎ᠢ ᠬᠠᠳᠠᠭᠠᠯᠠᠬᠤ ᠬᠡᠷᠡᠭᠲᠡᠢ》ᠭᠡᠬᠦ ᠡᠨᠡ ᠬᠦ᠌ ᠱᠠᠭᠠᠷᠳᠠᠯᠭ᠎ᠠ ᠠᠷᠭ᠎ᠠ ᠬᠡᠮᠵᠢᠶ᠎ᠡ᠎ᠶᠢ ᠠᠩᠬᠠᠷᠤᠨ ᠤᠯᠵᠦ᠂ ᠬᠣᠢᠰᠢᠳᠠ᠎ᠶᠢᠨ ᠵᠢᠭᠠᠨ ᠰᠤᠷᠭᠠᠯᠲᠠ ᠳᠤᠮᠳᠠ ᠨᠠᠮᠴᠢ ᠴᠢᠨᠠᠷ᠎ᠤᠨ ᠬᠥᠮᠦᠵᠢᠯ᠎ᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ ᠪᠣᠯᠣᠨ ᠤᠨᠤᠯ᠎ᠤᠨ ᠤᠬᠠᠭᠤᠯᠭ᠎ᠠ᠎ᠳᠤ ᠣᠷᠭᠠᠨᠢᠭ᠋᠎ᠢᠶᠠᠷ ᠠᠭᠤᠰᠤᠯᠴᠠᠭᠤᠯᠵᠤ᠂ ᠬᠤᠪᠢᠰᠬᠠᠯ᠎ᠤᠨ ᠡᠬᠢ ᠪᠠᠶᠠᠯᠢᠭ᠋ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠥᠮᠥᠨ ᠬᠥᠮᠥᠵᠢᠭᠦᠯᠬᠦ ᠡᠯᠧᠮᠧᠨ᠋ᠲ᠎ᠢ ᠭᠦᠨᠵᠡᠭᠡᠢ ᠠᠭᠤᠳᠠᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠨᠡᠩ ᠰᠠᠢᠲᠤᠷ ᠠᠬᠢᠭᠤᠯᠤᠨ᠎ᠠ ᠭᠡᠵᠦ ᠢᠯᠡᠳᠬᠡᠪᠡ᠃
ᠠᠷᠠᠳᠴᠢᠯᠠᠯ ᠲᠥᠪᠯᠡᠷᠡᠯ᠎ᠦᠨ ᠶᠣᠰᠣ᠌ ᠪᠣᠯ ᠨᠠᠮ᠎ᠤᠨ ᠦᠨᠳᠦᠰᠦᠨ ᠵᠣᠬᠢᠶᠠᠨ ᠪᠠᠢᠭᠤᠯᠤᠯᠲᠠ᠎ᠶᠢᠨ ᠵᠠᠷᠴᠢᠮ ᠪᠠ ᠤᠳᠤᠷᠢᠳᠬᠤ ᠳᠦᠷᠢᠮ ᠮᠥᠨ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠬᠦ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠳᠣᠲᠣᠭᠠᠳᠤ ᠱᠠᠭᠠᠷᠳᠠᠯᠭ᠎ᠠ ᠮᠥᠨ᠃
ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠳᠤᠮᠳᠠᠳᠤ ᠤᠯᠤᠰ᠎ᠤᠨ ᠪᠠᠩᠬᠢ᠎ᠶᠢᠨ ᠨᠠᠮ᠎ᠤᠨ ᠬᠤᠷᠢᠶ᠎ᠠ ᠵᠢᠨ ᠠᠯᠪᠠᠨ ᠭᠡᠷ᠎ᠦᠨ ᠬᠠᠷᠢᠭᠤᠴᠠᠯᠭᠠᠲᠠᠨ ᠸᠠᠩ ᠸᠧᠢ ᠳ᠋ᠦᠩ《ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ》ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠣᠯᠪᠠ᠃ 《ᠳᠡᠯᠡᠬᠡᠢᠵᠢᠯᠲᠡ᠎ᠶᠢᠨ ᠲᠦᠪᠰᠢᠨ᠎ᠢᠶᠡᠷ ᠬᠠᠮᠤᠭ᠎ᠤᠨ ᠥᠨᠳᠥᠷ ᠤᠯᠤᠰ᠎ᠤᠨ ᠥᠮᠴᠢᠯᠡᠯ᠎ᠦᠨ ᠲᠣᠮᠣ᠌ ᠬᠤᠳᠠᠯᠳᠤᠭᠠᠨ᠎ᠤ ᠪᠠᠩᠬᠢ ᠪᠤᠯᠤᠭᠰᠠᠨ ᠤ ᠬᠤᠪᠢ ᠳ᠋ᠦ ᠳᠤᠮᠳᠠᠳᠤ ᠤᠯᠤᠰ᠎ᠤᠨ ᠪᠠᠩᠬᠢ᠎ᠶᠢᠨ ᠬᠢᠯᠢ᠎ᠶᠢᠨ ᠳᠣᠲᠣᠨ᠎ᠠ ᠭᠠᠳᠠᠨᠠᠬᠢ ᠬᠠᠮᠵᠢᠯᠴᠠᠭ᠎ᠠ᠂ ᠲᠡᠪᠢᠰᠭᠡᠷᠳᠦ ᠵᠤᠭᠤᠰ ᠪᠠ ᠭᠠᠳᠠᠭᠠᠳᠤ᠎ᠶᠢᠨ ᠵᠣᠭᠣᠰ᠎ᠢ ᠨᠢᠭᠡ ᠴᠣᠭᠴᠠᠵᠢᠭᠤᠯᠤᠭᠰᠠᠨ ᠲᠤᠬᠠᠢᠯᠠᠭᠰᠠᠨ ᠠᠵᠢᠯ᠎ᠤᠨ ᠪᠠᠢᠷᠢᠰᠢᠯ ᠨᠢ ᠰᠢᠨᠵᠢᠯᠡᠬᠦ ᠤᠬᠠᠭᠠᠨᠴᠢ᠎ᠪᠠᠷ ᠬᠢᠨᠠᠭᠤᠷ ᠪᠣᠯᠭᠣᠮᠵᠢᠲᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ》᠃ ᠲᠡᠷᠡ᠂ ᠳᠤᠮᠳᠠᠳᠤ ᠤᠯᠤᠰ᠎ᠤᠨ ᠪᠠᠩᠬᠢ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠳᠦᠷᠢᠮ᠂ ᠨᠠᠮ᠎ᠤᠨ ᠬᠤᠷᠢᠶ᠎ᠠ ᠵᠢᠨ ᠠᠵᠢᠯ᠎ᠤᠨ ᠳᠦᠷᠢᠮ ᠪᠣᠯᠣᠨ《ᠭᠤᠷᠪᠠᠨ ᠴᠢᠬᠤᠯᠠ ᠨᠢᠭᠡ ᠶᠡᠬᠡ》ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ᠎ᠢᠶᠡᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠪᠥᠮᠪᠥᠷᠴᠡᠭ᠎ᠦᠨ ᠪᠠᠢᠷᠢᠰᠢᠭᠤᠯᠤᠯᠲᠠ᠎ᠶᠢᠨ ᠴᠢᠳᠠᠪᠤᠷᠢ ᠪᠣᠯᠣᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯ ᠲᠦᠭᠰᠢᠭᠦᠷᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠮᠥᠩᠭᠥᠨ ᠭᠦᠢᠯᠭᠡᠭᠡᠨ᠎ᠦ ᠲᠤᠯᠭᠠᠭᠤᠷᠢᠯᠠᠯ᠎ᠢ ᠪᠡᠬᠢᠵᠢᠭᠦᠯᠦᠨ᠎ᠡ ᠭᠡᠵᠦ ᠬᠡᠯᠡᠪᠡ᠃
ᠰᠠᠯᠬᠢ ᠪᠣᠷᠣᠭᠠᠨ᠎ᠢ ᠳᠤᠭᠤᠯᠬᠤ ᠳᠤᠰᠤᠮ ᠤᠭ ᠰᠠᠨᠠᠭ᠎ᠠ ᠤᠯᠠᠮ ᠪᠠᠳᠤᠵᠢᠨ᠎ᠠ᠃ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠮᠡᠭᠴᠡ ᠲᠣᠭᠲᠠᠭᠠᠭᠰᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠃
ᠣᠢᠷ᠎ᠠ᠎ᠶᠢᠨ ᠡᠳᠦᠷ᠎ᠤᠨ ᠳᠤᠷᠰᠢ᠂《ᠴᠠᠭ ᠦᠶ᠎ᠡ᠎ᠶᠢᠨ ᠵᠢᠱ᠌ᠢᠶᠡᠴᠢ》᠂ ᠤᠯᠤᠰ᠎ᠤᠨ ᠴᠠᠬᠢᠯᠭᠠᠨ ᠲᠣᠣᠷ᠎ᠤᠨ ᠵᠧᠵᠢᠶᠠᠩ᠎ᠤᠨ ᠼᠢᠰᠢ ᠬᠤᠳᠠ᠎ᠶᠢᠨ ᠴᠠᠬᠢᠯᠭᠠᠨ ᠬᠠᠩᠭᠠᠬᠤ ᠺᠣᠮᠫᠠᠨᠢ᠎ᠶᠢᠨ ᠵᠣᠴᠢᠳ᠎ᠲᠤ ᠦᠢᠯᠡᠴᠢᠯᠡᠬᠦ ᠲᠥᠪ᠎ᠦᠨ ᠨᠡᠢᠭᠡᠮ ᠲᠣᠭᠣᠷᠢᠭ᠋᠎ᠤᠨ ᠳᠠᠭᠠᠭᠠᠮᠠᠯ ᠴᠢᠶᠠᠨ ᠬᠠᠢ ᠵᠢᠶᠦ᠋ᠨ ᠪᠦᠬᠦᠳᠡ ᠬᠤᠷᠠᠯ᠎ᠤᠨ《ᠲᠣᠭᠲᠠᠭᠠᠯ》᠎ᠤ᠋ᠨ ᠠᠭᠤᠯᠭ᠎ᠠ᠎ᠶᠢ ᠲᠠᠬᠢᠨ ᠳᠠᠪᠲᠠᠨ ᠰᠤᠳᠤᠯᠤᠨ ᠤᠩᠰᠢᠪᠠ᠃ 《ᠨᠠᠮᠴᠢ ᠴᠢᠨᠠᠷ ᠪᠣᠯᠣᠨ ᠠᠷᠠᠳᠴᠢ ᠴᠢᠨᠠᠷ ᠪᠣᠯ ᠶᠡᠷᠦ᠎ᠡᠴᠡ ᠨᠢᠭᠡᠳᠦᠯ ᠲᠡᠢ ᠪᠠᠢᠳᠠᠭ᠂ ᠦᠨᠳᠦᠰᠦᠨ ᠱᠠᠲᠤᠨ᠎ᠤ ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠠᠷᠠᠳ᠎ᠤᠨ ᠲᠥᠯᠥᠭᠡ ᠵᠢᠳᠬᠦᠬᠦ ᠤᠭ ᠰᠠᠨᠠᠭ᠎ᠠ᠎ᠪᠠᠨ ᠪᠠᠲᠤ ᠰᠠᠬᠢᠨ᠎ᠠ》 ᠭᠡᠵᠦ ᠴᠢᠶᠠᠨ ᠬᠠᠢ ᠵᠢᠶᠦ᠋ᠨ ᠬᠡᠯᠡᠪᠡ᠃
ᠵᠣᠷᠢᠭ᠍ᠲᠠᠢ ᠪᠡᠷ ᠬᠠᠷᠢᠭᠤᠴᠠᠯᠭ᠎ᠠ ᠡᠭᠦᠷᠭᠡᠯᠡᠬᠦ᠎ᠶᠢ ᠴᠢᠩᠭᠠᠳᠬᠠᠵᠤ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠨ᠎ᠡ
ᠰᠢᠯᠭᠠᠯᠲᠠ᠎ᠳᠤ ᠣᠷᠣᠯᠴᠠᠬᠤ ᠰᠢᠨ᠎ᠡ ᠵᠠᠮ ᠳᠡᠭᠡᠷ᠎ᠡ᠂ ᠰᠢᠨ᠎ᠡ ᠬᠠᠷᠢᠭᠤᠴᠠᠯᠭ᠎ᠠ ᠡᠭᠦᠷᠭᠡᠯᠡᠯ᠎ᠢ ᠤᠷᠢᠶᠠᠯᠠᠨ ᠳᠠᠭᠤᠳᠠᠵᠤ ᠪᠠᠢᠨ᠎ᠠ᠃
ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ ᠥᠪᠥᠷ ᠮᠣᠩᠭᠣᠯ᠎ᠤᠨ ᠬᠥᠯᠥᠨ ᠪᠤᠢ᠍ᠢᠷ᠎ᠤᠨ ᠾᠧ ᠳ᠋ᠦᠩ ᠰᠠᠯᠪᠤᠷᠢ ᠪᠠᠩᠬᠢ᠎ᠶᠢᠨ ᠵᠣᠬᠢᠶᠠᠨ ᠪᠠᠢᠭᠤᠯᠤᠭᠰᠠᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ 《ᠤᠯᠠᠭᠠᠨᠮᠥ᠋ᠴᠢᠷ》 ᠪᠠᠭ᠎ᠠ ᠰᠠᠯᠪᠤᠷᠢ ᠠᠩᠭᠢ᠎ᠶᠢᠨ ᠬᠢᠨ ᠲᠤᠨᠤᠭ ᠲᠥᠬᠦᠭᠡᠷᠦᠮᠵᠢ᠎ᠪᠡᠨ ᠠᠪᠴᠤ ᠲᠠᠯ᠎ᠠ ᠨᠤᠲᠤᠭ᠂ ᠮᠠᠯᠵᠢᠬᠤ ᠣᠷᠣᠨ᠎ᠳᠤ ᠬᠦᠷᠴᠦ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠮᠠᠯᠴᠢᠨ ᠲᠠᠷᠢᠶᠠᠴᠢᠨ᠎ᠤ ᠭᠡᠷ᠎ᠦᠨ ᠡᠭᠦᠳᠡᠨ᠎ᠳᠦ ᠬᠦᠷᠭᠡᠪᠡ᠃
ᠡᡁᠸ ᠳ᠋ᠦᠩ ᠰᠠᠯᠪᠤᠷᠢ ᠪᠠᠩᠬᠢ᠎ᠶᠢᠨ ᠨᠠᠮ᠎ᠤᠨ ᠡᠭᠦᠷ᠎ᠦᠨ ᠱᠦᠵᠢ ᠸᠠᠩ ᠶᠠ ᠷᠦᠩ᠄《ᠪᠢᠳᠡ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠮᠥᠩᠭᠥᠨ ᠭᠦᠢᠯᠭᠡᠭᠡ ᠪᠡᠷ ᠠᠷᠠᠳ ᠲᠦ᠍ ᠦᠢᠯᠡᠴᠢᠯᠡᠬᠦ ᠤᠬ ᠰᠠᠨᠠᠭ᠎ᠠ ᠪᠡᠨ ᠪᠠᠲᠤ ᠴᠡᠭᠡᠵᠢᠯᠡᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠨ ᠲᠦᠮᠡᠨ᠎ᠳᠦ ᠦᠢᠯᠡᠴᠢᠯᠡᠬᠦ ᠵᠢᠵᠢᠭ ᠰᠠᠵᠢᠭ᠋ ᠵᠦᠢᠯ᠎ᠳᠦ ᠨᠠᠢᠳᠠᠪᠤᠷᠢᠵᠢᠭᠤᠯᠤᠨᠡ》ᠭᠡᠵᠦ ᠬᠡᠯᠡᠪᠡ᠃
《ᠪᠦᠬᠦᠳᠡ ᠬᠤᠷᠠᠯ᠎ᠡᠴᠡ ᠳᠤᠷᠠᠳᠤᠭᠰᠠᠨ〈ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠵᠠᠩᠭᠢᠯᠠᠭ᠎ᠠ ᠨᠢ ᠠᠯᠪᠠᠨ ᠲᠤᠰᠢᠶᠠᠯᠲᠠᠨ᠎ᠢ ᠴᠢᠩᠭ᠎ᠠ ᠵᠠᠰᠠᠬᠤ᠎ᠳᠤ ᠪᠤᠢ〉᠎ᠨᠢ ᠮᠠᠨ᠎ᠤ ᠢᠷᠡᠭᠡᠳᠦᠢ᠎ᠶᠢᠨ ᠠᠵᠢᠯ᠎ᠤᠨ ᠴᠢᠭᠯᠡᠯ ᠪᠣᠯᠣᠨ ᠱᠠᠭᠠᠷᠳᠠᠯᠭ᠎ᠠ᠎ᠶᠢ ᠲᠣᠳᠣᠷᠬᠠᠢ ᠪᠣᠯᠭᠠᠵᠠᠢ》᠃ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠨᠠᠮ᠎ᠤᠨ ᠬᠣᠷᠢᠶ᠎ᠡ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠬᠦ ᠲᠢᠶᠠᠨ ᠢ᠂ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠪᠡᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠴᠢᠬᠤᠯᠠ ᠶᠡᠬᠡ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ᠎ᠶᠢᠨ ᠲᠦᠷᠦᠯ ᠵᠦᠢᠯ᠎ᠢ ᠠᠬᠢᠭᠤᠯᠤᠨ᠎ᠠ᠃ ᠡᠭᠦᠨ᠎ᠦ ᠬᠠᠮᠲᠤ᠂ ᠠᠯᠪᠠᠨ ᠲᠤᠰᠢᠶᠠᠯᠲᠠᠨ᠎ᠢ ᠴᠢᠩᠭ᠎ᠠ ᠵᠠᠰᠠᠬᠤ᠎ᠶᠢ ᠺᠠᠳ᠋ᠷ᠎ᠢ ᠰᠣᠩᠭᠣᠨ ᠪᠣᠢᠵᠢᠭᠤᠯᠬᠤ ᠪᠦᠬᠦ ᠶᠠᠪᠤᠴᠠ᠎ᠳᠤ ᠠᠭᠤᠰᠤᠯᠴᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠭᠰᠠᠨ ᠲᠤᠰᠬᠠᠢ ᠮᠡᠷᠭᠡᠵᠢᠯ᠎ᠦᠨ ᠭᠣᠣᠯᠯᠠᠭ᠍ᠴᠢ ᠬᠦᠴᠦᠨ᠎ᠢ ᠬᠦᠴᠦᠯᠡᠨ ᠪᠣᠢᠵᠢᠭᠤᠯᠤᠨ᠎ᠠ ᠭᠡᠵᠤ ᠢᠯᠡᠳᠬᠡᠪᠡ᠃
ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠠᠯᠤᠰ ᠬᠡᠳᠦ᠎ᠶᠢᠨ ᠪᠣᠳᠣᠯᠭ᠎ᠠ᠂ ᠦᠨᠳᠦᠰᠦᠨ ᠪᠣᠳᠣᠯᠭ᠎ᠠ ᠮᠥᠨ᠃
《ᠳᠦᠷᠢᠮ᠎ᠢᠶᠡᠷ ᠨᠠᠮ᠎ᠢ ᠵᠠᠰᠠᠬᠤ᠂ ᠲᠣᠭᠲᠠᠭᠠᠯ᠎ᠢᠶᠠᠷ ᠨᠠᠮ᠎ᠢ ᠵᠠᠰᠠᠬᠤ᠎ᠶᠢ ᠪᠠᠷᠢᠮᠲᠠᠯᠠᠵᠤ᠂ ᠰᠢᠨ᠎ᠡ ᠠᠶᠠᠨ᠎ᠳᠦ ᠨᠠᠮ᠎ᠢ ᠴᠢᠩᠭ᠎ᠠ ᠬᠠᠮᠢᠶᠠᠷᠴᠦ ᠨᠠᠮ᠎ᠢ ᠴᠢᠩᠭ᠎ᠠ ᠵᠠᠰᠠᠬᠤ ᠳᠦᠷᠢᠮ᠎ᠦᠨ ᠰᠠᠭᠤᠷᠢ᠎ᠶᠢ ᠲᠠᠰᠤᠷᠠᠯᠳᠡ ᠦᠭᠡᠢ ᠪᠠᠲᠤᠳᠬᠠᠨ᠎ᠠ》᠃ ᠰᠧᠴᠦᠸᠠᠨ ᠶᠡᠬᠡ ᠰᠤᠷᠭᠠᠭᠤᠯᠢ᠎ᠶᠢᠨ ᠬᠠᠤᠯᠢ᠎ᠶᠢᠨ ᠤᠬᠠᠭᠠᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠡ ᠵᠢᠨ ᠱᠦᠵᠢ ᠪᠢ ᠢᠦᠢ᠂ ᠳᠡᠭᠡᠳᠦ ᠰᠤᠷᠭᠠᠭᠤᠯᠢ ᠤᠬᠠᠮᠰᠠᠷ᠎ᠡᠴᠡ᠎ᠪᠠᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠰᠤᠳᠤᠯᠤᠨ ᠲᠠᠢᠯᠪᠤᠷᠢᠯᠠᠬᠤ᠎ᠶᠢ ᠬᠠᠤᠯᠢ ᠪᠡᠷ ᠵᠠᠰᠠᠬᠤ ᠳᠤᠮᠳᠠᠳᠤ ᠤᠯᠤᠰ᠎ᠤᠨ ᠪᠠᠢᠭᠤᠯᠤᠯᠲᠠ᠎ᠶᠢᠨ ᠶᠡᠬᠡ ᠲᠠᠯ᠎ᠠ᠎ᠳᠤ ᠠᠭᠤᠰᠬᠠᠵᠤ᠂ ᠶᠣᠰᠣ᠌ ᠰᠤᠷᠲᠠᠬᠤᠨ ᠬᠠᠤᠯᠢ ᠴᠠᠭᠠᠵᠠ᠎ᠶᠢ ᠬᠣᠣᠰᠯᠠᠭᠤᠯᠤᠭᠰᠠᠨ ᠬᠠᠤᠯᠢ ᠪᠡᠷ ᠵᠠᠰᠠᠬᠤ ᠴᠢᠳᠠᠪᠤᠷᠢᠲᠠᠨ᠎ᠢ ᠬᠥᠮᠥᠵᠢᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠰᠢᠰᠲ᠋ᠸᠮ᠎ᠢ ᠪᠠᠶ᠋ᠢᠭᠤᠯᠬᠤ᠎ᠳᠤ ᠬᠠᠤᠯᠢ᠎ᠶᠢᠨ ᠤᠬᠠᠭᠠᠨ᠎ᠤ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃