> ᠲᠤᠰᠬᠠᠢ ᠮᠡᠳᠡᠭᠡᠯᠡᠯ

2026-11-10 10:07:10

ᠵᠣᠬᠢᠶᠠᠭ᠍ᠴᠢ᠄ ᠯᠢᠦ ᡁᠢ ᠰᠢᠶᠠᠨ ᠬᠤᠤ ᠵᠢᠶᠠ ᠯᠢ ᠶᠠᠩ ᠸᠧᠢ ᠯᠢ ᠺᠧ ᠰᠢᠨ ᠣᠩᠱᠢᠭ᠍ᠰᠠᠨ ᠣᠳᠠᠭ᠎ᠠ᠄ 3

︱ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠭᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ  ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠪᠤᠢ


ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠤᠯᠤᠭᠰᠠᠨ ᠨᠢᠭᠡᠨ ᠤᠳᠠᠭᠠᠨ᠎ᠤ ᠲᠤᠢᠯ᠎ᠤᠨ ᠴᠢᠬᠤᠯᠠ ᠬᠤᠷᠠᠯ ᠪᠠᠢᠵᠤ᠂ 《ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠠᠳ᠂ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠳᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ ᠬᠥᠰᠢᠶ᠎ᠡ ᠳᠤᠷᠠᠰᠬᠠᠯ᠎ᠤᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠣᠢᠷ᠎ᠠ᠎ᠶᠢᠨ ᠡᠳᠦᠷ᠎ᠦᠳ᠎ᠲᠦ  ᠪᠦᠭᠦ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠭᠢᠨ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠪᠣᠯᠪᠠᠰᠤᠷᠠᠯ᠎ᠢ ᠰᠠᠢᠲᠤᠷ ᠠᠳᠬᠤᠵᠤ᠂ ᠤᠬᠠᠭᠤᠯᠭ᠎ᠠ ᠤᠬᠠᠭᠤᠯᠤᠨ ᠲᠠᠢᠯᠪᠤᠷᠢᠯᠠᠬᠤ᠎ᠶᠢ ᠥᠷᠭᠡᠨ᠎ᠢᠶᠡᠷ ᠥᠷᠨᠢᠭᠦᠯᠵᠦ᠂ ᠲᠤᠬᠠᠢᠯᠠᠭᠰᠠᠨ ᠠᠵᠢᠯ᠎ᠢᠶᠠᠨ ᠭᠦᠨᠵᠡᠭᠡᠢ ᠪᠣᠳᠠᠲᠠᠢ ᠨᠠᠷᠢᠯᠢᠭ᠋ ᠬᠢᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠣᠯᠭᠠᠪᠠ᠃

11 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ  ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠬᠢᠨᠠᠯᠲᠠ ᠲᠠᠯᠪᠢᠵᠤ ᠬᠢᠵᠠᠭᠠᠷᠯᠠᠬᠤ᠎ᠶᠢ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠢᠴᠠᠭᠠᠬᠤ᠂ ᠲᠣᠭᠲᠠᠭᠠᠬᠤ ᠡᠯ᠎ᠡ ᠭᠣᠭᠴᠣᠭ᠎ᠠ᠎ᠳᠤ ᠰᠢᠭᠢᠳᠬᠡᠵᠦ᠂ ᠬᠠᠤᠯᠢ ᠴᠠᠭᠠᠵᠠ᠎ᠪᠠᠷ ᠬᠡᠷᠡᠭ ᠰᠢᠢᠳᠪᠦᠷᠢᠯᠡᠬᠦ ᠪᠦᠭᠦ ᠶᠠᠪᠤᠴᠠ᠎ᠳᠤ ᠰᠠᠬᠢᠯᠭ᠎ᠠ ᠪᠠᠲᠤ᠎ᠶᠢᠨ ᠰᠡᠷᠭᠡᠢᠯᠡᠯᠲᠡ᠎ᠶᠢᠨ ᠱᠤᠭᠤᠮ᠎ᠢ ᠴᠢᠩᠳᠠᠯᠠᠵᠦ᠂ ᠬᠠᠤᠯᠢ ᠴᠠᠭᠠᠵᠠ᠎ᠳᠤ ᠭᠠᠷ ᠲᠦᠷᠦᠭᠦ᠎ᠶᠢ ᠰᠡᠷᠭᠡᠢᠯᠡᠬᠦ 《ᠭᠤᠷᠪᠠᠨ ᠲᠣᠭᠲᠠᠭᠠᠯ》 ᠢ᠋ ᠴᠢᠩᠭ᠎ᠠ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ᠎ᠤᠨ ᠪᠠᠢᠷᠢ᠂ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠂ 《ᠨᠠᠢᠷ ᠲᠠᠯ᠎ᠠ᠎ᠲᠠᠢ ᠬᠡᠷᠡᠭ》᠂ 《ᠬᠠᠷᠢᠴᠠᠭ᠎ᠠ᠎ᠬᠤᠯᠪᠤᠭ᠎ᠠ ᠲᠠᠢ ᠬᠡᠷᠡᠭ》᠂ 《ᠵᠣᠭᠣᠰ ᠮᠥᠩᠭᠥᠨ᠎ᠳᠤ ᠬᠤᠯᠪᠤᠭᠳᠠᠭᠰᠠᠨ ᠬᠡᠷᠡᠭ》 ᠢ᠋ ᠡᠷᠡᠰ ᠰᠡᠷᠭᠡᠢᠯᠡᠵᠦ᠂ ᠠᠷᠢᠭᠤᠨ ᠴᠢᠬᠡᠴᠢ᠎ᠪᠡᠷ ᠬᠠᠤᠯᠢ ᠪᠠᠷᠢᠬᠤ᠎ᠪᠠᠷ ᠡᠭᠦᠷᠭᠡ ᠲᠤᠰᠢᠶᠠᠯ᠎ᠢᠶᠠᠨ ᠲᠥᠪ ᠭᠣᠣᠯᠴᠢ᠎ᠪᠠᠷ ᠭᠦᠢᠴᠡᠳᠬᠡᠬᠦ᠎ᠶᠢ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠭᠡᠬᠦ ᠡᠨᠡ ᠬᠦ᠌ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠠᠳᠬᠤᠵᠤ᠂ ᠠᠷᠠᠳᠴᠢᠯᠠᠯ ᠲᠥᠪᠯᠡᠷᠡᠯ᠎ᠦᠨ ᠶᠣᠰᠣ᠌ ᠪᠠ ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠡᠷᠬᠡ᠎ᠪᠡᠨ ᠬᠡᠷᠡᠭᠯᠡᠬᠦ᠎ᠶᠢ ᠵᠢᠷᠤᠮᠵᠢᠭᠤᠯᠵᠤ᠂ ᠪᠠᠢᠴᠠᠭᠠᠬᠤ ᠡᠷᠬᠡ᠎ᠶᠢ ᠢᠮᠠᠭᠲᠠ ᠬᠢᠨᠠᠯᠲᠠ ᠳᠣᠣᠷ᠎ᠠ ᠵᠢᠷᠤᠮᠵᠢᠭᠤᠯᠤᠨ ᠬᠡᠷᠡᠭᠵᠢᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠪᠣᠭᠣᠮᠲᠠ ᠰᠢᠪᠲᠤᠯᠬᠤ᠎ᠶᠢ ᠨᠠᠢᠳᠠᠪᠤᠷᠢᠵᠢᠭᠤᠯᠬᠤ ᠶᠠᠪᠤᠴᠠ᠎ᠳᠤ ᠴᠢᠩᠭ᠎ᠠ ᠪᠣᠳᠠᠲᠠᠢ ᠰᠤᠷᠲᠠᠯ᠎ᠢ ᠳᠠᠪᠲᠠᠨ ᠪᠤᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠭᠰᠠᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ ᠵᠢᠨᠨ ᠦᠯᠦ ᠬᠢᠬᠦ᠂ ᠠᠵᠢᠯ ᠬᠢᠬᠦ᠎ᠳᠦ ᠬᠤᠢᠷᠭᠤᠰᠢᠬᠤ᠂ ᠮᠸᠬᠠᠨᠢᠬ ᠵᠢᠡᠷ ᠬᠡᠷᠡᠭ ᠰᠢᠢᠳᠪᠦᠷᠢᠯᠡᠬᠦ ᠵᠡᠷᠭᠡ ᠲᠣᠪᠣᠢᠮ᠎ᠠ ᠠᠰᠠᠭᠤᠳᠠᠯ᠎ᠢ ᠵᠠᠯᠠᠷᠠᠭᠤᠯᠤᠨ ᠵᠠᠰᠠᠵᠤ᠂ ᠪᠠᠢᠴᠠᠭᠠᠬᠤ ᠠᠵᠢᠯᠲᠠᠳ᠎ᠤᠨ ᠵᠤᠷᠢᠬᠳᠠᠢ ᠪᠡᠷ ᠬᠠᠷᠢᠭᠤᠴᠠᠯᠭ᠎ᠠ ᠡᠬᠦᠷᠭᠡᠯᠡᠵᠦ᠂ ᠴᠢᠳᠠᠮᠠᠭᠠᠢ᠎ᠪᠠᠷ ᠠᠵᠢᠯ ᠬᠢᠬᠦ᠎ᠶᠢ ᠵᠣᠷᠢᠭ᠍ᠵᠢᠭᠤᠯᠵᠤ᠂ ᠴᠢᠩᠭ᠎ᠠ ᠬᠠᠮᠢᠶᠠᠷᠤᠭᠰᠠᠨ ᠦᠷ᠎ᠡ ᠪᠦᠲᠦᠮᠵᠢ᠎ᠶᠢ ᠵᠠᠰᠠᠯᠲᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠬᠠᠤᠯᠢ ᠪᠠᠷᠢᠬᠤ ᠰᠤᠷᠲᠠᠯ᠎ᠤᠨ ᠠᠷᠬᠠᠭ ᠭᠡᠮ᠎ᠢ ᠦᠷᠭᠦᠯᠵᠢᠯᠡᠨ ᠵᠠᠯᠠᠷᠠᠭᠤᠯᠵᠤ᠂ ᠬᠡᠷᠡᠭ᠎ᠢ ᠬᠠᠷᠢᠭᠤ ᠰᠤᠷᠪᠤᠯᠵᠢᠯᠠᠬᠤ᠂ ᠤᠯᠠᠨ ᠲᠦᠮᠡᠨ᠎ᠦ ᠰᠠᠨᠠᠯ᠎ᠢ ᠬᠠᠷᠢᠭᠤ ᠲᠤᠰᠬᠠᠬᠤ ᠲᠣᠭᠲᠠᠴᠠ᠎ᠶᠢ ᠪᠦᠷᠢᠨᠰᠢᠭᠦᠯᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠦᠯᠦ ᠬᠠᠢᠬᠤᠷᠬᠤ᠂ ᠬᠠᠤᠯᠢ ᠪᠠᠷᠢᠬᠤ ᠨᠢ ᠵᠢᠷᠤᠮᠵᠢᠯ ᠦᠭᠡᠢ ᠵᠡᠷᠭᠡ ᠠᠰᠠᠭᠤᠳᠠᠯ᠎ᠢ ᠴᠠᠭ ᠲᠤᠬᠠᠢ ᠳ᠋ᠤᠨᠢ ᠱᠠᠯᠠᠪᠳᠠᠭᠤᠯᠤᠨ ᠪᠠᠢᠴᠠᠭᠠᠵᠤ ᠬᠠᠷᠢᠭᠤᠴᠠᠯᠭ᠎ᠠ ᠨᠡᠬᠡᠮᠵᠢᠯᠡᠵᠦ᠂ ᠰᠤᠷᠲᠠᠯ᠎ᠤᠨ ᠦᠷᠭᠦᠯᠵᠢᠯᠡᠨ ᠰᠠᠢᠵᠢᠷᠠᠬᠤ᠎ᠶᠢ ᠲᠦᠯᠬᠢᠨ ᠠᠬᠢᠭᠤᠯᠵᠤ᠂ ᠠᠷᠠᠳ ᠤᠯᠠᠨ᠎ᠳᠤ ᠬᠠᠤᠯᠢ ᠴᠠᠭᠠᠵᠠ ᠵᠢᠨ ᠬᠡᠷᠡᠭ ᠪᠦᠬᠦᠨ ᠲᠥᠪ ᠭᠣᠣᠯᠴᠢ ᠪᠠᠢᠬᠤ ᠬᠡᠰᠡᠨ᠎ᠢ ᠮᠡᠳᠡᠬᠦᠯᠬᠦ ᠬᠡᠷᠡᠭᠲᠡᠢ ᠭᠡᠵᠦ ᠱᠠᠭᠠᠷᠳᠠᠵᠠᠢ᠃

11 ᠰᠠᠷ᠎ᠠ᠎ᠶᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠣᠢᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ 《ᠭᠤᠷᠪᠠᠨ ᠬᠤᠷᠠᠯ ᠨᠢᠭᠡ ᠬᠢᠴᠢᠶᠡᠯ》᠂ ᠰᠤᠷᠤᠯᠴᠠᠬᠤ ᠠᠩᠭᠢ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢ ᠵᠣᠬᠢᠶᠠᠨ ᠪᠠᠶ᠋ᠢᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ  ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠮ᠎ᠤᠨ ᠵᠣᠬᠢᠶᠠᠨ ᠪᠠᠢᠭᠤᠯᠤᠯᠲᠠ ᠨᠢᠭᠡᠪᠦᠷᠢ᠂ ᠨᠠᠮ᠎ᠤᠨ ᠭᠡᠰᠢᠭᠦᠨ ᠺᠠᠳ᠋ᠷ ᠨᠢᠭᠡᠪᠦᠷᠢ᠎ᠳᠦ ᠤᠯᠠᠮᠵᠢᠯᠠᠬᠤ ᠬᠡᠷᠡᠭᠲᠡᠢ᠃ ᠨᠠᠮ᠎ᠤᠨ ᠰᠢᠨ᠎ᠡ᠎ᠡᠬᠦᠳᠦᠯᠳᠡ ᠵᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠪᠣᠯᠣᠨ ᠬᠢᠴᠢᠶᠡᠯ ᠳᠦᠷᠦᠯ ᠳᠤᠳᠤᠷᠡᠬᠢ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ᠎ᠳᠦ ᠴᠠᠭ ᠲᠤᠬᠠᠢ ᠳ᠋ᠤᠨᠢ ᠠᠭᠤᠰᠤᠯᠴᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠳᠤ ᠰᠠᠭᠤᠭᠳᠠᠭᠤᠯᠬᠤ᠎ᠶᠢ ᠠᠬᠢᠭᠤᠯᠬᠤ ᠵᠢ ᠪᠠᠷᠢᠮᠳᠠᠯᠠᠬᠤ ᠬᠡᠷᠡᠭᠲᠡᠢ᠃ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠢ ᠠᠭᠤᠰᠤᠯᠴᠠᠭᠤᠯᠤᠨ ᠬᠥᠭᠵᠢᠭᠦᠯᠬᠦ᠎ᠶᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠠᠵᠢᠯ᠎ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃ ᠠᠷᠠᠳ ᠲᠦᠮᠡᠨ᠎ᠳᠦ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠬᠦᠴᠦᠯᠡᠨ ᠰᠠᠢᠲᠤᠷ ᠡᠷᠬᠢᠯᠡᠵᠦ᠂ ᠰᠤᠷᠭᠠᠨ ᠬᠥᠮᠦᠵᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠎ᠦᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠵᠡᠭᠦᠯᠬᠦ ᠬᠤᠪᠢ ᠨᠡᠮᠡᠷᠢ ᠪᠣᠯᠣᠨ ᠲᠤᠯᠭᠠᠭᠤᠷᠢᠯᠠᠬᠤ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠡᠢᠭᠡᠮ ᠵᠢᠷᠤᠮ᠎ᠤᠨ ᠰᠤᠷᠭᠠᠭᠤᠯᠢ ᠡᠷᠬᠢᠯᠡᠬᠦ ᠴᠢᠭᠯᠡᠯ᠎ᠢ ᠪᠠᠲᠤ ᠡᠵᠡᠮᠳᠡᠵᠦ᠂ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ᠎ᠶᠢᠨ ᠵᠠᠬᠢᠷᠤᠯ ᠬᠠᠷᠢᠭᠤᠴᠠᠬᠤ ᠳᠦᠷᠢᠮ ᠪᠣᠯᠣᠨ ᠳᠤᠮᠳᠠᠳᠤ ᠪᠠᠭ᠎ᠠ ᠰᠤᠷᠭᠠᠭᠤᠯᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠭᠰᠠᠨ ᠰᠤᠷᠭᠠᠭᠤᠯᠢ᠎ᠶᠢᠨ ᠵᠠᠬᠢᠷᠤᠯ ᠬᠠᠷᠢᠭᠤᠴᠠᠬᠤ ᠳᠦᠷᠢᠮ᠎ᠢ ᠪᠦᠷᠢᠨᠰᠢᠭᠦᠯᠵᠦ᠂ ᠠᠷᠠᠳ᠎ᠡᠴᠡ ᠡᠷᠬᠢᠯᠡᠭᠰᠡᠨ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠦᠷᠭᠦᠯᠵᠢᠯᠡᠨ ᠴᠢᠩᠭᠠᠳᠬᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

11 ᠰᠠᠷ᠎ᠠ᠎ᠶᠢᠨ 9 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠲᠤᠰᠬᠠᠢ ᠰᠡᠳᠦᠪ᠎ᠢᠶᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠤᠯᠤᠰ ᠲᠦᠷᠦ᠎ᠶᠢᠨ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠲᠡᠰ ᠬᠤᠪᠢᠶᠠᠨ ᠲᠦᠷᠦᠯ ᠬᠤᠪᠢᠶᠠᠨ ᠰᠤᠷᠤᠯᠴᠠᠵᠥ ᠬᠥᠮᠥᠵᠢᠭᠦᠯᠬᠦ᠎ᠶᠢ ᠪᠣᠳᠠᠲᠠᠢ ᠠᠳᠬᠤᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠣᠷᠣᠨ᠎ᠤ ᠲᠣᠭ᠎ᠠ ᠪᠦᠷᠢᠳᠬᠡᠯ᠎ᠦᠨ ᠰᠢᠰᠲᠧᠮ᠎ᠳᠦ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ᠎ᠡᠴᠡ᠂ ᠨᠠᠮᠴᠢ ᠴᠢᠨᠠᠷ᠎ᠢ ᠴᠢᠩᠭᠠᠳᠬᠠᠬᠤ᠎ᠶᠢ ᠴᠢᠬᠤᠯᠠ ᠡᠭᠦᠷᠭᠡ ᠪᠣᠯᠭᠠᠵᠤ᠂ ᠲᠣᠭ᠎ᠠ ᠪᠦᠷᠢᠳᠬᠡᠯ᠎ᠦᠨ ᠪᠠᠢᠴᠠᠭᠠᠯᠲᠠ᠂ ᠲᠣᠭ᠎ᠠ ᠪᠦᠷᠢᠳᠬᠡᠯ᠎ᠦᠨ ᠬᠠᠤᠯᠢ ᠬᠡᠷᠡᠭᠵᠢᠭᠦᠯᠦᠯᠲᠡ᠂ ᠲᠣᠭ᠎ᠠ ᠪᠦᠷᠢᠳᠬᠡᠯ᠎ᠦᠨ ᠦᠢᠯᠡᠴᠢᠯᠡᠭᠡ ᠵᠡᠷᠭᠡ ᠦᠢᠯᠡᠳᠦᠯᠭᠡ᠎ᠶᠢᠨ ᠠᠵᠢᠯ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠬᠡᠷᠡᠭᠲᠡᠢ; ᠨᠠᠮ᠎ᠤᠨ ᠤᠳᠤᠷᠢᠳᠬᠤ ᠳᠤᠭᠤᠢᠯᠠᠩ᠎ᠤᠨ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠵᠢᠷᠤᠮᠵᠢᠭᠤᠯᠵᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠡᠢ; ᠬᠥᠮᠥᠨ ᠰᠣᠩᠭᠣᠨ ᠬᠡᠷᠡᠭᠯᠡᠬᠦ ᠵᠥᠪ ᠤᠳᠤᠷᠢᠳᠤᠮᠵᠢ᠎ᠶᠢ ᠴᠢᠨᠠᠭᠰᠢᠳᠠ ᠪᠤᠢ ᠪᠣᠯᠭᠠᠵᠤ᠂ ᠺᠠᠳ᠋ᠷ᠎ᠢ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ᠎ᠪᠠᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠵᠦ᠂ ᠲᠣᠭ᠎ᠠ ᠪᠦᠷᠢᠳᠬᠡᠯ᠎ᠦᠨ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠵᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ; ᠡᠯ᠎ᠡ ᠨᠠᠮ᠎ᠤᠨ ᠡᠭᠦᠷ᠎ᠦᠨ ᠤᠯᠤᠰ ᠲᠥᠷᠥ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠦᠷᠭᠦᠯᠵᠢᠯᠡᠨ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠶᠢᠨ ᠤᠯᠤᠰ ᠲᠥᠷᠥ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠷᠠᠭᠤᠯᠵᠤ᠂ ᠵᠢᠯ᠎ᠦᠨ ᠳᠣᠲᠣᠷᠠᠬᠢ ᠡᠯ᠎ᠡ ᠵᠦᠢᠯ᠎ᠦᠨ ᠡᠭᠦᠷᠭᠡ᠎ᠶᠢ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠵᠦ᠂ ᠢᠷᠡᠬᠦ ᠵᠢᠯ᠎ᠦᠨ ᠠᠵᠢᠯ᠎ᠤᠨ ᠰᠡᠳᠬᠢᠮᠵᠢ᠎ᠶᠢ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠥᠯᠥᠪᠯᠡᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠮᠵᠢ᠎ᠶᠢ ᠦᠨᠡᠨ ᠬᠦ᠌ ᠲᠣᠭ᠎ᠠ ᠪᠦᠷᠢᠳᠬᠡᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠬᠡᠷᠡᠭᠲᠡᠢ ᠭᠡᠵᠤ ᠱᠠᠭᠠᠷᠳᠠᠪᠠ᠃

10 ᠰᠠᠷ᠎ᠠ᠎ᠶᠢᠨ 31᠎ᠤ᠋ ᠡᠳᠦᠷ᠂ ᠬᠥᠯᠥᠨ ᠪᠣᠶ᠋ᠢᠷ ᠬᠣᠲᠠ᠎ᠶᠢᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠬᠤᠷᠠᠯ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠬᠣᠲᠠ᠎ᠪᠠᠷ᠎ᠢᠶᠠᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠭᠣᠣᠯᠯᠠᠬᠤ ᠴᠢᠬᠤᠯᠠ ᠠᠭᠤᠯᠭ᠎ᠠ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠣᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠥᠬᠥᠳᠡ ᠬᠤᠷᠠᠯ᠎ᠤᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠦᠨᠡᠨ ᠬᠦ᠌ ᠲᠤᠭᠤᠰᠢᠲᠠᠢ ᠨᠠᠢᠳᠠᠪᠤᠷᠢᠵᠢᠭᠤᠯᠬᠤ ᠬᠡᠷᠡᠭᠳᠡᠢ᠃ ᠨᠠᠮ᠎ᠳᠤ ᠦᠨᠡᠨᠴᠢ ᠰᠢᠳᠤᠷᠭᠤ ᠪᠠᠢᠬᠤ ᠬᠥᠮᠦᠵᠢᠯ᠎ᠢ ᠴᠢᠩᠭᠠᠳᠬᠠᠵᠤ᠂ ᠤᠨᠤᠯ᠎ᠢᠶᠠᠷ ᠵᠡᠪᠰᠡᠭᠯᠡᠬᠦ᠎ᠶᠢ ᠭᠦᠨᠵᠡᠭᠡᠢᠷᠡᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠡᠭᠡᠭᠰᠢᠯᠡᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠨᠠᠮ᠎ᠤᠨ ᠭᠡᠰᠢᠭᠦᠨ ᠺᠠᠳ᠋ᠷ᠎ᠤᠨ 《ᠵᠢᠷᠭᠤᠭᠠᠨ ᠬᠦᠴᠦᠷᠬᠡᠭ ᠬᠤᠳᠠ》 ᠵᠢᠨ ᠪᠠᠢᠭᠤᠯᠤᠯᠲᠠ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠵᠣᠷᠢᠭ᠍ᠵᠢᠭᠤᠯᠬᠤ ᠬᠡᠷᠡᠭᠲᠡᠢ᠃ ᠡᠯ᠎ᠡ ᠬᠦᠷᠢᠶ᠎ᠡ ᠴᠠᠷᠠᠭ᠎ᠠ ᠡᠯ᠎ᠡ ᠲᠡᠰ ᠳᠠᠪᠬᠤᠷᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢ ᠪᠠᠢᠭᠤᠯᠤᠨ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠨᠭᠳᠠᠯᠠᠵᠤ᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠪᠠᠢᠭᠤᠯᠤᠯ᠎ᠤᠨ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠬᠤ ᠬᠡᠷᠡᠭᠲᠡᠢ᠃ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠯᠭᠠᠬᠤ᠎ᠶᠢ ᠠᠬᠢᠭᠤᠯᠵᠤ᠂ ᠢᠯᠵᠢᠷᠡᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠠᠯ᠎ᠢ ᠡᠰᠡᠷᠭᠦᠴᠡᠬᠦ ᠰᠦᠷ ᠬᠦᠴᠦᠲᠦ ᠪᠠᠢᠳᠠᠯ᠎ᠢ ᠢᠮᠠᠭᠲᠠ ᠪᠠᠲᠤᠯᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠨᠭᠭᠠᠳᠬᠠᠨ ᠪᠣᠳᠠᠲᠠᠢᠵᠢᠭᠤᠯᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠎ᠪᠠᠷ ᠠᠵᠢᠯ᠎ᠢ ᠪᠣᠳᠠᠲᠠᠢᠵᠢᠭᠤᠯᠬᠤ᠎ᠶᠢ ᠠᠬᠢᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠪᠡᠷ ᠣᠳᠣᠬᠢᠴᠢᠯᠠᠯᠲᠠ ᠵᠢᠨ ᠬᠥᠯᠥᠨ ᠪᠤᠢ᠍ᠢᠷ᠎ᠤᠨ ᠪᠦᠲᠦᠭᠡᠨ ᠪᠠᠢᠭᠤᠯᠤᠯᠲᠠ᠎ᠶᠢ ᠲᠤᠯᠭᠠᠭᠤᠷᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面