2026-11-11 11:19:08
ᠠᠷᠪᠠᠨ ᠰᠠᠷ᠎ᠠ᠎ᠶᠢᠨ ᠬᠢᠩᠭᠠᠨ᠎ᠳᠤ ᠨᠠᠷᠠᠠ ᠲᠤᠶᠠᠭᠠᠷᠠᠵᠦ ᠨᠠᠪᠴᠢᠰ ᠰᠢᠷᠭᠠᠯᠳᠦᠵᠦ ᠨᠠᠮᠤᠷ᠎ᠤᠨ ᠠᠭᠤᠷ ᠠᠮᠢᠰᠬᠤᠯᠦᠳᠭᠡᠨ ᠵᠤᠵᠠᠭᠠᠨ᠃ 10 ᠰᠠᠷ᠎ᠠ᠎ᠶᠢᠨ 19 ᠤ᠋ ᠡᠳᠦᠷ ᠂ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠦᠷᠢᠶᠡᠨ᠎ᠳᠦ ᠠᠨᠢᠪᠴᠢᠭᠤᠷᠤᠨ ᠲᠠᠭᠤᠨ ᠴᠢᠬᠢᠨ ᠳ᠋ᠤ ᠬᠠᠩᠬᠢᠨᠠᠨ᠂ 2025 ᠤᠨ᠎ᠤ ᠲᠣᠭᠠᠴᠢᠯᠠᠭᠰᠠᠨ ᠵᠠᠭᠤᠴᠢᠯᠠᠭᠤᠷ᠎ᠤᠨ ᠲᠤᠰᠬᠠᠢ ᠮᠡᠷᠭᠡᠵᠢᠯ᠎ᠦᠨ 《ᠬᠡᠷᠡᠯ ᠵᠢᠷᠤᠭ ᠪᠠ ᠳᠦᠷᠰᠦ ᠰᠢᠩᠭᠡᠭᠡᠯᠲᠡ》 ᠵᠢᠨ ᠭᠡᠷ᠎ᠦᠨ ᠭᠠᠳᠠᠨᠠᠬᠢ ᠤᠢᠯᠡᠳᠦᠯᠭᠡᠶᠢᠨ ᠬᠢᠴᠢᠶᠡᠯ ᠶᠠᠪᠤᠭᠳᠠᠵᠤ ᠪᠠᠢᠯ᠎ᠠ᠃ ᠰᠤᠷᠭᠠᠭᠤᠯᠢ ᠶ᠋ᠢᠨ ᠨᠠᠮ ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠳᠡᠳ᠋ ᠫᠷᠤᠹᠸᠰᠰᠤᠷ ᠯᠢ ᠲᠢᠶᠠᠨ ᠬᠤᠸᠠ ᠰᠤᠷᠤᠭ᠍ᠴᠢᠳ᠎ᠤᠨ ᠬᠠᠵᠠᠭᠤ᠎ᠳᠤ ᠣᠴᠣᠢᠨ ᠰᠠᠭᠤᠵᠦ᠂ ᠭᠡᠷᠡᠯ ᠵᠢᠷᠤᠭ᠎ᠤᠨ ᠮᠠᠰᠢᠨ᠎ᠤ ᠵᠢᠷᠤᠭ᠎ᠤᠨ ᠪᠦᠲᠦᠴᠡ ᠶ᠋ᠢ ᠨᠠᠷᠢᠨ ᠲᠠᠢᠯᠪᠤᠷᠢᠯᠠᠵᠤ ᠄ 《ᠠᠨᠢᠪᠴᠢᠭᠤᠷ ᠢ᠋ ᠳᠠᠷᠤᠬᠤ ᠶ᠋ᠢ ᠪᠢᠲᠡᠭᠡᠢ ᠶᠠᠭᠠᠷᠠ᠂ ᠢᠯᠡᠭᠦᠦ ᠬᠣᠶᠠᠷ ᠬᠠᠷᠠᠵᠤ ᠪᠠᠢ ᠂ ᠡᠨᠡ ᠬᠦ᠌ ᠵᠢᠷᠤᠭ ᠵᠢᠡᠷ ᠶᠠᠭᠤ ᠶ᠋ᠢ ᠢᠯᠡᠳᠬᠡᠬᠦ ᠶ᠋ᠢ ᠰᠡᠳᠬᠢᠵᠦ ᠦᠵᠡ᠂ ᠰᠡᠳᠬᠢᠯ ᠲᠠᠯᠪᠢᠨ ᠰᠡᠭᠦᠳᠡᠷᠯᠡᠪᠡᠯ ᠰᠠᠶᠢ ᠠᠮᠢᠳᠤᠯᠢᠭ ᠰᠠᠢᠬᠠᠨ ᠪᠦᠳᠦᠭᠡᠯ ᠭᠠᠷᠭᠠᠵᠤ ᠴᠢᠳᠠᠨ᠎ᠠ》 ᠭᠡᠯᠡ᠃
2015 ᠣᠨ᠎ᠳᠤ᠂ 28 ᠨᠠᠰᠤᠲᠠᠢ ᠯᠢ ᠲᠢᠶᠠᠨ ᠬᠤᠸᠠ ᠰᠠᠨᠠᠭᠠᠴᠢᠯᠠᠭ᠎ᠠ᠎ᠠᠴᠠ᠎ᠪᠠᠨ ᠬᠢᠩᠭᠠᠨ ᠠᠢᠮᠠᠭ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠤᠷᠢᠶᠠᠯᠠᠭ᠎ᠠ᠎ᠶᠢ ᠴᠤᠤᠷᠢᠶᠠᠲᠤᠨ᠂ ᠲᠢᠶᠠᠨᠵᠢᠨ᠎ᠤ ᠶᠡᠬᠡ ᠳᠡᠭᠡᠳᠦ ᠰᠤᠷᠭᠠᠭᠤᠯᠢ᠎ᠶᠢᠨ ᠦᠨᠳᠦᠷ ᠴᠠᠯᠢᠨᠭ᠌ ᠲᠠᠢ ᠠᠵᠢᠯ ᠵᠢᠡᠨ ᠲᠡᠪᠴᠢᠵᠦ ᠬᠢᠩᠭᠠᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠦ ᠢᠷᠡᠵᠦ ᠠᠵᠢᠯᠯᠠᠭᠰᠠᠨ ᠪᠠᠢᠨ᠎ᠠ᠃ ᠲᠤᠬᠠᠢ᠎ᠶᠢᠨ ᠦᠶ᠎ᠡ᠎ᠳᠦ᠂ ᠰᠤᠷᠭᠠᠭᠤᠯᠢ᠎ᠶᠢᠨ ᠬᠢᠨᠢ ᠰᠤᠷᠭᠠᠭᠤᠯᠢ ᠡᠷᠬᠢᠯᠡᠬᠦ ᠨᠥᠬᠥᠴᠡᠯ ᠬᠠᠲᠠᠭᠤ ᠪᠡᠷᠬᠡᠰᠢᠶᠡᠯᠲᠡᠢ ᠪᠠᠢᠵᠤ᠂ ᠲᠤᠰᠬᠠᠢ ᠮᠡᠷᠭᠡᠵᠢᠯ᠎ᠦᠨ ᠪᠠᠢᠭᠤᠯᠤᠯᠲᠠ ᠨᠢ ᠬᠠᠷᠠᠬᠠᠨ ᠡᠬᠢᠯᠡᠯᠲᠡ᠎ᠶᠢᠨ ᠱᠠᠲᠤᠨ᠎ᠳᠠᠭᠠᠨ ᠪᠠᠢᠭᠰᠠᠨ ᠪᠣᠯᠪᠠᠴᠤ ᠲᠡᠷᠡ ᠬᠤᠢᠰᠢ ᠤᠬᠤᠷᠢᠭᠰᠠᠨ ᠦᠭᠡᠢ᠃ 《ᠬᠢᠯᠢ ᠬᠢᠵᠠᠭᠠᠷ ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠢᠯᠡᠰ᠎ᠲᠦ ᠴᠢᠳᠠᠪᠤᠷᠢᠲᠠᠨ ᠭᠡᠷᠡᠭᠰᠡᠨ᠎ᠡ᠂ ᠵᠠᠯᠠᠭᠤ ᠨᠠᠮ᠎ᠤᠨ ᠭᠡᠰᠢᠭᠦᠨ ᠬᠠᠮᠢᠭ᠎ᠠ ᠬᠡᠷᠡᠭᠴᠡᠭᠡ᠎ᠲᠠᠢ ᠪᠤᠯ ᠲᠡᠨᠳᠡ ᠤᠴᠢᠬᠤ ᠶᠤᠰᠤᠳᠠᠢ》 ᠬᠡᠵᠦ ᠲᠡᠷᠡ ᠬᠡᠯᠡᠳᠡᠭ ᠪᠠᠢᠯ᠎ᠠ᠃
ᠣᠯᠠᠨ ᠵᠢᠯ᠎ᠦᠨ ᠲᠤᠷᠰᠢ ᠯᠢ ᠲᠢᠶᠠᠨ ᠬᠤᠸᠠ《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠳᠦ ᠮᠡᠷᠭᠡᠵᠢᠯ ᠤᠯᠠᠮᠵᠢᠯᠠᠬᠤ᠎ᠪᠠᠷ ᠪᠠᠷᠠᠬᠤ ᠦᠭᠡᠢ ᠨᠠᠩ ᠴᠤ᠌ ᠰᠦᠭ ᠰᠦᠨᠡᠰᠦ᠎ᠶᠢ ᠱᠤᠭᠤᠬᠤ》ᠬᠥᠮᠥᠨ᠎ᠢ ᠬᠥᠮᠥᠵᠢᠭᠦᠯᠬᠦ ᠣᠢᠯᠠᠭᠠᠭᠳᠠᠬᠤᠨ ᠢ ᠪᠠᠷᠢᠮᠲᠠᠯᠠᠭᠰᠠᠭᠠᠷ ᠢᠷᠡᠵᠡᠶ᠃ ᠲᠡᠷᠡ ᠤᠯᠠᠮᠵᠢᠯᠠᠯᠲᠤ ᠬᠢᠴᠢᠶᠡᠯ᠎ᠦᠨ ᠲᠠᠩᠬᠢᠮ᠎ᠤᠨ ᠬᠡᠪᠰᠢᠮᠡᠯ ᠠᠰᠠᠭᠤᠳᠠᠯ ᠢ ᠰᠢᠢᠳᠪᠦᠷᠢᠯᠡᠬᠦ᠎ᠶᠢᠨ ᠲᠥᠯᠥᠭᠡ᠂ 《ᠲᠠᠯᠠᠪᠠᠢ ᠤᠷᠳᠤᠨ ᠤ᠋ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠢ᠋ ᠨᠡᠭᠡᠭᠡᠵᠦ᠂ ᠰᠤᠷᠤᠭ᠍ᠴᠢᠳ ᠢ ᠳᠠᠭᠠᠭᠤᠯᠤᠨ ᠬᠢᠴᠢᠶᠡᠯ᠎ᠦᠨ ᠭᠡᠷ᠎ᠡᠴᠡ ᠭᠠᠷᠴᠤ᠂ ᠬᠤᠪᠢᠰᠬᠠᠯ᠎ᠤᠨ ᠳᠤᠷᠠᠰᠬᠠᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠣᠨ᠎ᠳᠤ ᠬᠦᠷᠴᠦ᠂ ᠬᠢᠴᠢᠶᠡᠯ᠎ᠦᠨ ᠲᠠᠩᠬᠢᠮ᠎ᠢ ᠦᠢᠯᠡᠳᠦᠯᠭᠡ ᠵᠢᠨ ᠭᠠᠵᠠᠷ ᠲᠸ᠋ ᠰᠢᠯᠵᠢᠬᠦᠯᠵᠦ᠂ ᠲᠤᠰᠬᠠᠢ ᠮᠡᠷᠭᠡᠵᠢᠯ᠎ᠦᠨ ᠰᠤᠷᠤᠯᠴᠠᠯᠭ᠎ᠠ᠎ᠶᠢ ᠠᠮᠢᠳᠤᠷᠠᠯ᠎ᠤᠨ ᠬᠥᠷᠥᠰᠥᠨ᠎ᠳᠦ ᠦᠨᠳᠦᠰᠦᠯᠡᠭᠦᠯᠵᠡᠢ᠃
《ᠯᠢ ᠪᠠᠭ᠍ᠰᠢ ᠪᠢᠳᠡᠨ᠎ᠢ ᠳᠠᠭᠠᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠎ᠲᠤ ᠬᠦᠷᠴᠦ᠂ᠦᠢᠯᠡᠳᠬᠦᠨ ᠰᠡᠭᠦᠳᠡᠷᠯᠡᠬᠦ ᠮᠡᠷᠭᠡᠵᠢᠯ᠎ᠢ ᠡᠵᠡᠮᠰᠢᠬᠦᠯᠦᠭᠰᠡᠨ ᠵᠢᠡᠷ ᠪᠠᠷᠠᠬᠤ ᠦᠭᠡᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠎ᠶᠢᠨ ᠪᠠᠷᠢᠮᠲᠠᠯᠠᠯ᠎ᠢ ᠪᠡᠶᠡᠴᠢᠯᠡᠨ ᠤᠢᠯᠠᠭᠠᠭᠤᠯᠪᠠ; ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠲᠡᠷᠡ ᠪᠢᠳᠡᠨ᠎ᠳᠦ ᠰᠡᠭᠦᠳᠡᠷᠯᠡᠬᠦ ᠮᠠᠰᠢᠨ᠎ᠢᠶᠠᠨ ᠮᠠᠯᠴᠢᠨ ᠲᠠᠷᠢᠶᠠᠴᠢᠨ᠎ᠳᠤ ᠬᠠᠨᠳᠤᠭᠤᠯᠵᠤ᠂ ᠨᠤᠲᠤᠭ᠎ᠤᠨ ᠠᠬ᠎ᠠ ᠳᠡᠭᠦᠦ ᠨᠠᠷ᠎ᠦᠨ ᠵᠣᠯ ᠵᠢᠷᠭᠠᠯ ᠪᠠ ᠬᠦᠰᠡᠯ ᠡᠷᠡᠮᠡᠯᠵᠡᠯ ᠢ ᠬᠡᠷᠬᠢᠨ ᠰᠠᠢᠳᠤᠷ ᠢᠯᠡᠷᠡᠬᠦᠯᠬᠦ ᠵᠢ ᠵᠢᠭᠠᠵᠤ ᠥᠭᠪᠡ》 ᠭᠡᠵᠦ ᠰᠤᠷᠤᠭ᠍ᠴᠢ ᠵᠦ᠍ ᠸᠠᠨ ᠷᠠᠨ ᠬᠡᠯᠡᠭᠰᠡᠨ ᠵᠢᠡᠨ᠂ ᠡᠢᠮᠦᠷᠬᠦᠦ ᠬᠢᠴᠢᠶᠡᠯ᠎ᠦᠨ ᠲᠠᠩᠬᠢᠮ ᠵᠢᠡᠷ ᠲᠠᠮᠵᠢᠨ ᠤᠯᠠᠨ᠎ᠢᠶᠠᠷ᠎ᠢᠶᠠᠨ ᠲᠡᠦᠬᠡ᠎ᠶᠢ ᠣᠢᠯᠠᠭᠠᠵᠤ᠂ ᠤᠯᠠᠮᠵᠢᠯᠠᠨ ᠵᠠᠯᠭᠠᠮᠵᠢᠯᠠᠬᠤ᠎ᠶᠢ ᠮᠡᠳᠡᠵᠦ᠂ ᠬᠥᠭᠵᠢᠯᠲᠡ᠎ᠶᠢ ᠭᠡᠷᠡᠴᠢᠯᠡᠵᠦ᠂ ᠦᠢᠯᠡᠳᠦᠯᠭᠡ᠎ᠶᠢᠨ ᠳᠤᠮᠳᠠ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠡᠬᠦᠷᠭᠡᠯᠡᠯ ᠬᠠᠷᠢᠭᠤᠴᠠᠯᠭ᠎ᠠ᠎ᠪᠠᠨ ᠴᠢᠩᠭᠠᠳᠬᠠᠪᠠ ᠭᠡᠵᠡᠢ᠃
ᠣᠢᠷ᠎ᠠ᠎ᠶᠢᠨ ᠭᠤᠷᠪᠠᠨ ᠵᠢᠯ ᠳᠦ ᠯᠢ ᠲᠢᠶᠠᠨ ᠬᠤᠸᠠ ᠥᠪᠡᠷᠲᠡᠭᠡᠨ ᠵᠠᠰᠠᠬᠤ ᠣᠷᠣᠨ᠎ᠤ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠤᠷᠪᠠᠨᠲᠠ ᠭᠥᠷᠳᠡᠵᠦ᠂ ᠭᠤᠤᠯ ᠵᠢᠭᠠᠵᠤ ᠪᠠᠢᠭ᠎ᠠ ᠬᠢᠴᠢᠶᠡᠯ ᠨᠢ ᠰᠤᠷᠭᠠᠭᠤᠯᠢ᠎ᠶᠢᠨ ᠲᠠᠰ᠎ᠤᠨ ᠠᠩᠬᠠᠨ᠎ᠤ ᠪᠦᠯᠦᠭ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠵᠢᠱ᠌ᠢᠶ᠎ᠡ ᠦᠵᠡᠭᠦᠯᠬᠦ ᠬᠢᠴᠢᠶᠡᠯ᠎ᠢᠶᠡᠷ ᠦᠨᠡᠯᠡᠭᠳᠡᠵᠦ᠂ ᠮᠡᠷᠭᠡᠵᠢᠯ ᠴᠢᠳᠠᠪᠤᠷᠢ᠎ᠶᠢ ᠤᠯᠠᠮᠵᠢᠯᠠᠬᠤ ᠪᠠ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠵᠡᠷᠭᠡ᠎ᠪᠡᠷ ᠠᠬᠢᠭᠤᠯᠵᠠᠢ᠃
ᠬᠢᠴᠢᠶᠡᠯ᠎ᠤᠨ ᠲᠠᠪᠴᠠᠩ᠎ᠠᠴᠠ ᠭᠠᠳᠠᠨ᠎ᠠ ᠯᠢ ᠲᠢᠶᠠᠨ ᠬᠤᠸᠠ ᠬᠢᠩᠭᠠᠨ᠎ᠤ ᠦᠯᠢᠭᠡᠷ᠎ᠢ ᠰᠠᠢᠲᠤᠷ ᠶᠠᠷᠢᠬᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠠᠭᠤᠨ ᠢ ᠤᠯᠠᠮᠵᠢᠯᠠᠬᠤ ᠡᠭᠦᠷᠭᠡ᠎ᠶᠢ ᠤᠬᠠᠮᠰᠠᠷ᠎ᠠᠴᠠ᠎ᠪᠠᠨ ᠡᠭᠦᠷᠭᠡᠯᠡᠪᠡ᠃ 《ᠬᠢᠯᠢ ᠬᠢᠵᠠᠭᠠᠷ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠵᠢᠯᠳᠠᠨ᠎ᠤ ᠵᠢᠳᠬᠦᠯ ᠴᠢᠷᠮᠠᠢᠯᠭ᠎ᠠ᠂ ᠬᠢᠩᠭᠠᠨ᠎ᠤ ᠡᠬᠡ ᠭᠠᠵᠠᠷ᠎ᠤᠨ ᠬᠤᠪᠢᠷᠠᠯᠲᠠ ᠬᠦᠭᠵᠢᠯᠳᠡ᠎ᠶᠢ ᠨᠡᠩ ᠤᠯᠠᠨ ᠬᠥᠮᠥᠨ᠎ᠳᠦ ᠲᠠᠨᠢᠭᠤᠯᠪᠠᠯ ᠵᠤᠬᠢᠨ᠎ᠠ》᠃ ᠤᠬᠠᠭᠤᠯᠭ᠎ᠠ᠎ᠶᠢᠨ ᠹᠷᠣᠨᠲ᠎ᠤᠨ ᠵᠠᠯᠠᠭᠤ ᠭᠣᠣᠯᠯᠠᠭ᠍ᠴᠢ ᠬᠦᠴᠦᠨ ᠪᠣᠯᠤᠭᠰᠠᠨ᠎ᠤ ᠬᠤᠪᠢ᠎ᠳᠤ᠂ ᠲᠡᠷᠡ ᠪᠡᠷ ᠬᠢᠴᠢᠶᠡᠯ ᠵᠢᠭᠠᠳᠠᠭ ᠪᠠᠭᠰᠢ ᠮᠦᠷᠳᠡᠭᠡᠨ ᠵᠠᠯᠠᠭᠤᠴᠤᠳ᠎ᠤᠨ ᠰᠢᠨ᠎ᠡ ᠵᠠᠭᠤᠴᠢᠯᠠᠭᠤᠷ᠎ᠤᠨ ᠪᠦᠯᠬᠦᠮ᠎ᠦᠨ ᠵᠠᠮᠴᠢᠯᠠᠭ᠍ᠴᠢ ᠪᠣᠯᠣᠨ᠎ᠠ᠃ ᠴᠠᠭ ᠨᠡᠮᠡᠵᠦ ᠠᠵᠢᠯᠯᠠᠬᠤ ᠨᠢ ᠲᠡᠭᠦᠨ᠎ᠳᠦ ᠠᠪᠴᠤ ᠬᠡᠯᠡᠪᠡᠯ ᠠᠯᠢ ᠬᠡᠳᠦᠢᠨ ᠬᠡᠪ᠎ᠦᠨ ᠪᠠᠢᠳᠠᠯ ᠪᠣᠯᠤᠭᠰᠠᠨ ᠪᠠᠢᠨ᠎ᠠ᠃
ᠣᠷᠣᠶ ᠪᠣᠯᠭᠠᠨ ᠰᠤᠷᠭᠠᠭᠤᠯᠢ᠎ᠶᠢᠨ 《ᠬᠢᠨᠭᠭᠠᠨ ᠠᠵᠢᠯ ᠮᠡᠷᠭᠡᠵᠢᠯ᠎ᠦᠨ ᠶᠡᠭᠡ ᠰᠤᠷᠭᠠᠭᠤᠯᠢ ᠵᠢᠨ ᠰᠤᠨᠢᠨ ᠮᠡᠳᠡᠭᠡ》 ᠵᠢᠷᠭᠢᠶ᠎ᠠ ᠵᠢᠨ ᠣᠯᠠᠨ ᠨᠡᠶ᠋ᠢᠲᠡ᠎ᠶᠢᠨ ᠲᠠᠪᠴᠠᠩ ᠤ᠋ᠨ ᠬᠠᠮᠤᠭ ᠰᠡᠭᠦᠯ᠎ᠦᠨ ᠨᠢᠭᠡ ᠡᠬᠡ ᠪᠢᠴᠢᠭ᠎ᠢ ᠬᠢᠨᠠᠵᠤ ᠪᠠᠷᠠᠪᠠᠯ ᠲᠡᠷᠡ ᠰᠠᠶᠢ ᠨᠢᠭᠡ ᠡᠳᠤᠷ ᠦᠨ ᠠᠵᠢᠯ᠎ᠢᠶᠡᠨ ᠲᠠᠭᠤᠰᠬᠠᠳᠠᠭ᠃ ᠲᠡᠭᠦᠨ᠎ᠦ ᠳᠠᠭᠠᠭᠤᠯᠭ᠎ᠠ᠎ᠪᠠᠷ ᠰᠤᠷᠭᠠᠭᠤᠯᠢ᠎ᠶᠢᠨ ᠠᠯᠪᠠᠨ᠎ᠤ ᠰᠦᠯᠵᠢᠶ᠎ᠠ ᠨᠢ ᠤᠳᠠᠭ᠎ᠠ ᠳᠠᠷᠠᠭᠠᠯᠠᠨ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ ᠵᠠᠭᠤᠴᠢᠯᠠᠭᠤᠷ᠎ᠤᠨ ᠨᠥᠯᠥᠭᠡᠯᠡᠬᠦ᠌ ᠬᠦᠴᠦᠨ᠎ᠦ ᠨᠡᠷᠡᠰ᠎ᠦᠨ ᠵᠢᠭᠰᠠᠭᠠᠯᠲᠠ᠎ᠶᠢᠨ ᠲᠡᠷᠢᠭᠦᠨ᠎ᠳᠦ ᠣᠷᠣᠵᠤ᠂ 《ᠬᠢᠩᠭᠠᠨ ᠠᠶ᠋ᠢᠮᠠᠭ᠎ᠤᠨ ᠠᠷᠪᠠᠨ ᠶᠡᠬᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ》ᠵᠢᠡᠷ ᠣᠯᠠᠨ ᠤᠳᠠᠭ᠎ᠠ ᠦᠨᠡᠯᠡᠭᠳᠡᠵᠦ᠍᠂ ᠰᠤᠷᠭᠠᠭᠤᠯᠢ᠎ᠶᠢᠨ ᠵᠢᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠯᠪᠠᠰᠤᠨ ᠰᠤᠷᠭᠠᠭᠤᠯᠢ᠎ᠶᠢᠨ ᠬᠦᠷᠢᠶᠡᠪᠠᠶ᠋ᠢᠭᠤᠯᠬᠤᠳᠤ ᠬᠦᠴᠦᠨ ᠨᠡᠮᠡᠷᠢᠯᠡᠵᠦ᠍᠂ ᠬᠢᠩᠭᠠᠨ᠎ᠤ ᠠᠵᠢᠯ ᠮᠡᠷᠭᠡᠵᠢᠯ ᠦᠨ ᠰᠤᠷᠭᠠᠨ ᠬᠥᠮᠦᠵᠢᠯ᠎ᠦᠨ ᠨᠦᠯᠦᠭᠡᠯᠡᠬᠦ ᠬᠦᠴᠦᠨ᠎ᠢ ᠦᠷᠭᠦᠯᠵᠢᠯᠡᠨ ᠨᠡᠮᠡᠭᠳᠡᠭᠦᠯᠪᠡ᠃ ᠬᠡᠷᠡᠯ ᠵᠢᠷᠤᠭ᠎ᠤᠨ ᠮᠠᠰᠢᠨ᠎ᠢᠶᠠᠨ ᠠᠳᠬᠤᠵᠤ᠂ ᠯᠢ ᠲᠢᠶᠠᠨ ᠬᠤᠸᠠ ᠬᠢᠩᠭᠠᠨ᠎ᠤ ᠠᠭᠤᠯᠠ ᠤᠰᠤᠨ᠎ᠤ ᠬᠤᠪᠢᠷᠠᠯᠲᠠ ᠪᠣᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠠᠮᠤᠷ ᠲᠠᠶ᠋ᠢᠪᠤᠩ ᠠᠵᠤ ᠳᠦᠷᠦᠵᠦ᠍ ᠪᠠᠶ᠋ᠢᠭ᠎ᠠ ᠠᠮᠢᠳᠤᠷᠠᠯ᠎ᠤᠨ ᠪᠤᠳᠠᠳᠤ ᠪᠠᠶ᠋ᠢᠳᠠᠯ᠎ᠢ ᠭᠡᠷᠡᠯ ᠵᠢᠷᠤᠭ ᠵᠢᠡᠷ ᠲᠡᠮᠳᠡᠭᠯᠡᠭᠰᠡᠭᠡᠷ ᠢᠷᠡᠵᠡᠢ᠃ ᠲᠡᠷᠡ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠦ ᠰᠢᠨ᠎ᠡ ᠴᠠᠭ ᠦᠶ᠎ᠡ᠎ᠶᠢᠨ ᠬᠠᠮ ᠵᠠᠭᠤᠴᠢᠯᠠᠭᠤᠷ᠎ᠤᠨ ᠬᠡᠷᠡᠯ ᠵᠢᠷᠤᠭ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠲᠥᠷᠥᠯ ᠵᠦᠢᠯ ᠳ᠋ᠤ ᠰᠤᠨᠭᠭᠤᠭᠳᠠᠵᠤ᠂ ᠪᠦᠲᠦᠭᠡᠯ ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ᠎ᠳᠤ ᠳᠡᠯᠭᠡᠭᠳᠡᠭᠰᠡᠨ ᠪᠥᠭᠡᠳ ᠶᠢᠰᠦᠳᠦᠭᠡᠷ ᠬᠤᠭᠤᠴᠠᠭᠠᠨ᠎ᠤ ᠠᠽᠢᠶ᠎ᠠ ᠲᠢᠪ᠎ᠦᠨ ᠡᠪᠦᠯ᠎ᠦᠨ ᠤᠯᠠᠷᠢᠯ᠎ᠤᠨ ᠴᠤᠭᠯᠠᠭᠠᠨ᠎ᠳᠤ ᠤᠷᠤᠯᠴᠠᠵᠤ᠂《ᠬᠢᠩᠭᠠᠨ ᠳᠠᠪᠠᠭ᠎ᠠ ᠳ᠋ᠡᠬᠢ ᠬᠢᠩᠭᠠᠨ ᠠᠶ᠋ᠢᠮᠠᠭ》᠎ᠤ᠋ᠨ ᠰᠣᠶᠣᠯ᠎ᠤᠨ ᠨᠡᠷ᠎ᠡ᠎ᠶᠢᠨ ᠬᠠᠭᠤᠳᠠᠰᠤ᠎ᠶᠢ ᠭᠡᠷᠡᠯᠲᠦᠭᠦᠯᠪᠡ᠃
《ᠬᠢᠴᠢᠶᠡᠯ᠎ᠦᠨ ᠲᠠᠩᠬᠢᠮ ᠵᠦᠪᠬᠡᠨ ᠬᠢᠴᠢᠶᠡᠯ᠎ᠤᠨ ᠬᠡᠷ ᠲᠸ᠋ ᠯᠡ ᠬᠢᠵᠠᠭᠠᠷᠯᠠᠭᠳᠠᠳᠠᠭ ᠪᠢᠰᠢ ᠂ ᠬᠠᠷᠢᠨ ᠨᠡᠩ ᠠᠭᠤᠳᠠᠮ ᠲᠡᠷᠳᠡᠩ ᠭᠠᠵᠠᠷ᠎ᠲᠤ᠌ ᠪᠠᠢᠪᠠᠯ ᠵᠤᠬᠢᠨ᠎ᠠ》 ᠭᠡᠵᠦ᠍ ᠯᠢ ᠲᠢᠶᠠᠨ ᠬᠤᠸᠠ ᠦᠵᠡᠳᠡᠭ᠂ ᠲᠡᠷᠡ ᠲᠤᠰᠬᠠᠢ ᠮᠡᠷᠭᠡᠵᠢᠯ᠎ᠦᠨ ᠰᠤᠷᠭᠠᠨ ᠬᠥᠮᠦᠵᠢᠯ᠎ᠦᠨ ᠣᠷᠣᠨ ᠨᠤᠲᠤᠭ᠎ᠤᠨ ᠬᠥᠭᠵᠢᠯᠲᠡ᠎ᠳᠦ ᠦᠢᠯᠡᠴᠢᠯᠡᠬᠦ᠌᠎ᠶᠢ ᠴᠢᠬᠤᠯᠠᠴᠢᠯᠠᠭᠰᠠᠭᠠᠷ ᠢᠷᠡᠵᠡᠢ᠃ ᠲᠤᠬᠠᠶ᠎ᠶᠢᠨ ᠭᠠᠵᠠᠷ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ ᠵᠢᠨ ᠪᠠᠢᠳᠠᠯ᠎ᠢ ᠦᠨᠳᠦᠰᠦᠯᠡᠨ ᠲᠡᠷᠡ ᠰᠤᠷᠤᠭᠴᠢᠳᠵᠢᠡᠨ ᠳᠠᠭᠠᠭᠤᠯᠤᠨ ᠨᠡᠶ᠋ᠢᠲᠡ᠎ᠶᠢᠨ ᠠᠰᠠᠷᠠᠮᠵᠢ᠎ᠶᠢᠨ ᠰᠢᠭᠤᠳ ᠨᠡᠪᠲᠡᠷᠡᠭᠦᠯᠭᠡ᠎ᠶᠢᠨ ᠪᠦᠯᠬᠦᠮ᠎ᠢ ᠵᠣᠬᠢᠶᠠᠨ ᠪᠠᠶ᠋ᠢᠭᠤᠯᠵᠤ᠂ ᠵᠠᠭᠤ ᠭᠠᠷᠤᠶ ᠲᠠᠯᠠᠪᠠᠶ ᠲᠠᠷᠢᠶᠠᠯᠠᠩ ᠳ᠋ᠤ ᠲᠤᠰᠠᠯᠠᠬᠤ ᠰᠢᠭᠤᠳ ᠨᠡᠪᠲᠡᠷᠡᠭᠦᠯᠭᠡ᠎ᠶᠢ ᠲᠠᠷᠢᠶᠠᠨ ᠭᠠᠵᠠᠷ᠎ᠲᠤ᠌ ᠦᠷᠨᠢᠬᠦᠯᠵᠦ᠍᠂ ᠬᠢᠩᠭᠠᠨ ᠠᠶ᠋ᠢᠮᠠᠭ᠎ᠤᠨ ᠲᠤᠲᠤᠷᠭ᠎ᠠ᠂ ᠦᠬᠡᠷ ᠬᠣᠨᠢᠨ ᠮᠢᠬ᠎ᠠ᠂ ᠠᠭᠠᠯᠢᠭ ᠠᠯᠢᠮ᠎ᠠ ᠵᠢᠨ ᠬᠠᠲᠠᠭᠠᠮᠠᠯ ᠵᠡᠷᠭᠡ ᠣᠨᠴᠠ ᠭᠠᠷᠤᠯᠲᠠ᠎ᠶᠢᠨ ᠪᠣᠷᠣᠯᠠᠭᠤᠯᠭ᠎ᠠ᠎ᠶᠢᠨ ᠵᠠᠮ ᠢ ᠥᠷᠭᠡᠳᠬᠡᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ 70 ᠭᠠᠷᠤᠶ ᠲᠦᠮᠡᠨ ᠲᠥᠭᠥᠷᠢᠭ ᠨᠡᠮᠡᠭᠳᠡᠭᠦᠯᠵᠦ᠍᠂ ᠲᠥᠷᠥᠯ ᠵᠦᠢᠯ᠎ᠨᠢ ᠪᠥᠬᠥ᠌ ᠤᠯᠤᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠡᠶ᠋ᠢᠲᠡ᠎ᠶᠢᠨ ᠠᠰᠠᠷᠠᠮᠵᠢ᠎ᠶᠢᠨ ᠰᠢᠭᠤᠳ ᠨᠡᠪᠲᠡᠷᠡᠭᠦᠯᠭᠡ᠎ᠶᠢᠨ ᠤᠷᠤᠯᠳᠤᠭᠠᠨ᠎ᠤ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠪᠡ᠃《ᠯᠢ ᠪᠠᠭᠰᠢ᠎ᠶᠢ ᠲᠠᠭᠠᠵᠤ ᠰᠢᠭᠤᠳ ᠨᠡᠪᠲᠡᠷᠡᠭᠦᠯᠭᠡ ᠬᠢᠪᠡᠯ ᠵᠢᠩᠬᠢᠨᠢ ᠴᠢᠳᠠᠪᠤᠷᠢ ᠣᠯᠵᠤ ᠰᠤᠷᠬᠤ᠎ᠪᠠᠷ ᠪᠠᠷᠠᠬᠤ ᠦᠭᠡᠢ ᠪᠠᠰᠠ ᠨᠤᠲᠤᠭ᠎ᠤᠨ ᠠᠬ᠎ᠠ ᠳᠡᠭᠦᠦ᠎ᠨᠡᠷ᠎ᠢᠶᠡᠨ ᠦᠨᠡᠨ ᠬᠦ᠌ ᠬᠠᠪᠰᠤᠷᠴᠤ᠌ ᠴᠢᠳᠠᠨ᠎ᠠ》 ᠭᠡᠵᠦ᠍ ᠰᠢᠭᠤᠳ ᠨᠡᠪᠲᠡᠷᠡᠭᠦᠯᠭᠡ᠎ᠳᠦ ᠣᠷᠣᠯᠴᠠᠭᠰᠠᠨ ᠰᠤᠷᠤᠭᠴᠢ ᠰᠢᠤᠢ ᠤᠯᠠᠭᠠᠨ ᠬᠡᠯᠡᠪᠡ᠃
ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠰᠣᠶᠣᠯ ᠢᠷᠭᠡᠨᠰᠢᠯ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠭᠣᠣᠯᠳᠠᠯᠭ᠎ᠠ᠎ᠲᠠᠶ ᠰᠤᠳᠤᠯᠭᠠᠨ᠎ᠤ ᠰᠠᠭᠤᠷᠢᠨ ᠪᠣᠯᠬᠤ《ᠦᠨᠳᠦᠰᠦᠲᠡᠨ᠎ᠦ ᠰᠣᠶᠣᠯ᠎ᠤᠨ ᠰᠤᠳᠤᠯᠭᠠᠨ᠎ᠤ ᠲᠥᠪ》ᠦ᠋ᠨ ᠡᠷᠳᠡᠮ ᠰᠢᠨᠵᠢᠯᠡᠭᠡᠨ ᠦ ᠭᠣᠣᠯᠯᠠᠭᠴᠢ ᠂ ᠰᠤᠷᠭᠠᠭᠤᠯᠢ᠎ᠶᠢᠨ ᠳᠡᠰ᠎ᠤᠨ《ᠬᠠᠷᠠᠭᠠᠨ ᠰᠡᠷᠡᠯ᠎ᠦᠨ ᠳᠦᠷᠰᠦ ᠰᠢᠩᠭᠡᠭᠡᠯᠲᠡ᠎ᠶᠢᠨ ᠨᠡᠷᠡᠳᠦ ᠪᠠᠭᠰᠢ᠎ᠶᠢᠨ ᠠᠵᠢᠯᠯᠠᠬᠤ ᠦᠷᠦᠭᠡ》ᠵᠢᠨ ᠬᠠᠷᠢᠭᠤᠴᠠᠯᠭᠠᠲᠠᠨ ᠪᠣᠯᠤᠭᠰᠠᠨ᠎ᠤ ᠬᠤᠪᠢ ᠳᠤ ᠯᠢ ᠲᠢᠶᠠᠨ ᠬᠤᠸᠠ ᠰᠢᠨᠵᠢᠯᠡᠬᠦ᠌ ᠤᠬᠠᠭᠠᠨ᠎ᠤ ᠰᠤᠳᠤᠯᠭᠠᠨ᠎ᠢ ᠦᠨᠳᠦᠰᠦᠨ ᠱᠠᠲᠤᠨ᠎ᠳᠤ ᠦᠨᠳᠦᠰᠦᠯᠡᠭᠦᠯᠵᠦ᠍᠂ ᠦᠷ᠎ᠡ ᠪᠦᠲᠦᠭᠡᠯ᠎ᠢᠶᠡᠷ ᠦᠨᠳᠦᠰᠦᠨ ᠱᠠᠲᠤᠨ᠎ᠳᠤ ᠦᠢᠯᠡᠴᠢᠯᠡᠭᠦᠯᠬᠦ᠌᠎ᠶᠢ ᠪᠠᠷᠢᠮᠲᠠᠯᠠᠪᠠ᠃ ᠤᠯᠠᠨ ᠵᠢᠯ᠎ᠦᠨ ᠲᠤᠷᠰᠢ᠂ ᠲᠡᠷᠡ 10 ᠵᠦᠢᠯ ᠦᠨ ᠮᠤᠵᠢ ᠶᠠᠮᠤᠨ᠎ᠤ ᠲᠡᠰ᠎ᠠᠴᠠ ᠳᠡᠭᠡᠭᠰᠢᠬᠢ ᠰᠤᠳᠤᠯᠭᠠᠨ᠎ᠤ ᠰᠡᠳᠦᠪ ᠂ 4 ᠵᠢᠭᠠᠬᠤ ᠮᠠᠲ᠋ᠧᠷᠢᠶᠠᠯ᠎ᠢ ᠬᠡᠪᠯᠡᠬᠦ᠌ᠳᠦ ᠣᠷᠣᠯᠴᠠᠵᠤ ᠂ 4 ᠵᠦᠢᠯ᠎ᠦᠨ ᠤᠯᠤᠰ᠎ᠠᠴᠠ ᠡᠷᠬᠡ ᠣᠯᠭᠣᠭᠰᠠᠨ ᠲᠤᠰᠬᠠᠢ ᠠᠰᠢᠭ᠎ᠢ ᠬᠦᠷᠳᠡᠵᠦ᠍ ᠂ ᠤᠷᠢᠳ ᠬᠣᠵᠢᠳ ᠥᠪᠥᠷ ᠮᠣᠩᠭᠣᠯ᠎ᠤᠨ 《ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ》᠂《ᠵᠠᠯᠠᠭᠤᠴᠤᠳ᠎ᠦᠨ ᠰᠢᠨ᠎ᠡ᠎ᠶᠢ ᠡᠭᠦᠳᠬᠦ᠌ ᠴᠢᠳᠠᠪᠤᠷᠢᠲᠠᠨ》 ᠤ᠋ ᠴᠤᠯᠠ ᠵᠢ ᠬᠦᠷᠳᠡᠵᠦ᠍᠂ ᠪᠦᠬᠦ᠌ ᠤᠯᠤᠰ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠤᠤ᠎ᠠ ᠰᠠᠶ᠋ᠢᠬᠠᠨ᠎ᠤ ᠬᠥᠮᠦᠵᠢᠯ᠎ᠦᠨ ᠲᠡᠷᠢᠭᠦᠨ᠎ᠦ ᠠᠵᠢᠯᠳᠠᠨ᠂ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠬᠢᠩᠭᠠᠨ ᠠᠶ᠋ᠢᠮᠠᠭ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶᠡᠴᠢ ᠬᠤᠪᠢ ᠬᠥᠮᠦᠨ ᠵᠡᠷᠭᠡ ᠢᠷᠠᠭᠤ ᠠᠯᠳᠠᠷ᠎ᠢ ᠬᠦᠷᠳᠡᠪᠡ᠃ ᠲᠡᠭᠦᠨ᠎ᠦ ᠭᠣᠣᠯᠯᠠᠨ ᠨᠠᠶ᠋ᠢᠷᠠᠭᠤᠯᠤᠭᠰᠠᠨ 《ᠪᠣᠳᠠᠲᠤ᠌ ᠬᠡᠷᠡᠭᠯᠡᠭᠡᠨ᠎ᠦ ᠮᠠᠶᠢᠭ᠎ᠤᠨ ᠭᠡᠷᠡᠯ ᠵᠢᠷᠤᠭ᠎ᠤᠨ ᠲᠦᠷᠦᠯ ᠵᠦᠢᠯ᠎ᠦᠨ ᠰᠤᠷᠬᠤ ᠪᠢᠴᠢᠭ》᠎ᠨᠢ ᠥᠪᠥᠷ ᠮᠣᠩᠭᠣᠯ᠎ᠤᠨ ᠨᠤᠲᠤᠭ ᠤᠰᠤᠨ᠎ᠤ ᠵᠠᠩ ᠦᠢᠯᠡ᠎ᠶᠢ ᠶᠡᠬᠡ ᠬᠡᠮᠵᠢᠶ᠎ᠡ᠎ᠪᠡᠷ ᠰᠣᠩᠭᠣᠨ ᠬᠡᠷᠡᠭᠯᠡᠭᠰᠡᠨ ᠬᠡᠷᠡᠭ᠎ᠦᠨ ᠵᠢᠱ᠌ᠢᠢ᠎ᠡ ᠪᠣᠯᠵᠠᠢ᠃ ᠴᠥᠭᠡᠨ ᠪᠤᠰᠤ ᠲᠡᠭᠦᠰᠬᠦ᠌ ᠰᠤᠷᠤᠭᠴᠢᠳ ᠲᠡᠭᠦᠨ᠎ᠦ ᠤᠷᠢᠶᠠᠯᠠᠭ᠎ᠠ᠎ᠪᠠᠷ ᠬᠢᠩᠭᠠᠨ᠎ᠳᠤ ᠦᠯᠡᠳᠡᠵᠦ᠍᠂ ᠦᠨᠳᠦᠰᠦᠨ ᠱᠠᠲᠤᠨ ᠤ ᠨᠢᠭᠡᠳᠦᠭᠡᠷ ᠹᠷᠣᠨᠲ᠎ᠲᠤ᠌ ᠦᠨᠳᠦᠰᠦᠯᠡᠵᠦ᠍᠂ ᠵᠢᠳᠬᠦᠯ ᠴᠢᠷᠮᠠᠢᠯᠭ᠎ᠠ ᠭᠠᠷᠭᠠᠵᠤ ᠪᠤᠢ᠃ 《ᠲᠦᠷᠦᠵᠤ ᠦᠰᠦᠭᠰᠡᠨ ᠨᠤᠲᠤᠭ ᠤᠰᠤ ᠮᠠᠨᠢ ᠠᠵᠢᠯ ᠬᠢᠵᠦ᠍ ᠦᠢᠯᠡᠰ ᠪᠤᠰᠬᠠᠬᠤ ᠥᠷᠭᠡᠨ ᠠᠭᠤᠳᠠᠮ ᠲᠠᠪᠴᠠᠩ ᠮᠥᠨ ᠭᠡᠳᠡᠭ ᠢ ᠯᠢ ᠪᠠᠭᠰᠢ ᠪᠢᠳᠡᠨ᠎ᠳᠦ ᠪᠠᠲᠤ᠌ ᠢᠲᠡᠭᠡᠭᠦᠯᠪᠡ》 ᠬᠡᠵᠤ 2020 ᠣᠨ᠎ᠳ᠋ᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠡᠴᠡ ᠲᠡᠬᠦᠰᠴᠦ ᠤᠳᠤ ᠵᠠᠷᠤᠳ ᠬᠣᠰᠢᠭᠤᠨ ᠤ ᠪᠠᠳᠠᠷᠠᠬᠤ ᠭᠣᠣᠯ ᠰᠤᠷᠭᠠᠭᠤᠯᠢ᠎ᠳᠤ ᠠᠵᠢᠯᠯᠠᠵᠤ ᠪᠠᠶ᠋ᠢᠭ᠎ᠠ ᠸᠠᠩ ᠫᠸᠩ ᠤᠯᠵᠠᠷᠬᠠᠨ ᠬᠡᠯᠡᠪᠡ᠃
《ᠰᠢᠨ᠎ᠡ ᠴᠠᠭ ᠦᠶ᠎ᠡ ᠰᠢᠨ᠎ᠡ ᠠᠶᠠᠨ ᠵᠠᠮ᠃ ᠪᠢ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠢᠴᠢᠭ ᠵᠢᠭᠠᠵᠤ ᠬᠥᠮᠦᠨ ᠢ ᠬᠥᠮᠦᠵᠢᠭᠦᠯᠬᠦ᠌ ᠪᠣᠳᠠᠲᠤ᠌ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠠᠯᠠᠭᠤ ᠨᠠᠰᠤᠨ᠎ᠤ ᠬᠠᠷᠢᠭᠤᠯᠲᠠ᠎ᠶᠢᠨ ᠬᠠᠭᠤᠳᠠᠰᠤ᠎ᠶᠢ ᠬᠢᠩᠭᠠᠨ᠎ᠤ ᠡᠭᠡ ᠭᠠᠵᠠᠷ᠎ᠲᠤ᠌ ᠪᠢᠴᠢᠭᠯᠡᠵᠦ᠍᠂ ᠬᠢᠯᠢ ᠬᠢᠵᠠᠭᠠᠷ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠢ ᠬᠥᠭᠵᠢᠯᠲᠡ᠎ᠳᠦ ᠪᠦᠬᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠯᠢ ᠲᠢᠶᠠᠨ ᠬᠤᠸᠠ ᠬᠡᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃