> ᠲᠤᠰᠬᠠᠢ ᠮᠡᠳᠡᠭᠡᠯᠡᠯ

2026-11-12 11:32:09

ᠵᠣᠬᠢᠶᠠᠭ᠍ᠴᠢ᠄ ᠠᠷᠠᠳ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ


ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠪᠣᠯ ᠨᠢᠭᠡᠨ ᠰᠢᠰᠲ᠋ᠧᠮᠲᠦ᠍ ᠢᠨᠵᠧᠨᠧᠷᠢᠩ ᠮᠥᠨ᠃ ᠶᠡᠷᠦᠩᠬᠡᠢ ᠱᠦᠵᠢ ᠰᠢ ᠵᠢᠨ ᠫᠢᠩ᠄《ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ᠎ᠳᠤ ᠡᠷᠬᠡᠪᠰᠢ ᠰᠢᠰᠲ᠋ᠧᠮ ᠤ᠋ᠨ ᠰᠡᠳᠬᠢᠬᠦᠢ᠎ᠶᠢ ᠪᠠᠷᠢᠮᠲᠠᠯᠠᠵᠤ᠂ ᠪᠠᠷᠠᠯᠠᠯᠳᠤ ᠴᠢᠨᠠᠷᠲᠠᠢ ᠪᠣᠳᠣᠯᠬᠢᠯᠠᠯ᠎ᠢ ᠴᠢᠩᠭᠠᠳᠬᠠᠵᠤ᠂ ᠪᠦᠬᠦ᠌ ᠲᠠᠯ᠎ᠠ᠎ᠶᠢᠨ ᠴᠢᠨᠠᠷᠲᠠᠢ ᠲᠥᠯᠥᠪᠵᠢᠭᠦᠯᠭᠡ ᠬᠢᠵᠦ᠍᠂ ᠪᠦᠬᠦᠯᠢ ᠴᠣᠭᠴᠠ᠎ᠶᠢᠨ ᠴᠢᠨᠠᠷᠲᠠᠢ᠎ᠪᠠᠷ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠂ ᠦᠵᠡᠯ ᠰᠠᠨᠠᠭᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠂ ᠰᠤᠷᠲᠠᠯ᠎ᠤᠨ ᠪᠠᠶ᠋ᠢᠭᠤᠯᠤᠯᠲᠠ᠂ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ ᠪᠣᠯᠤᠨ ᠲᠦᠷᠢᠮ᠎ᠦᠨ ᠪᠠᠶ᠋ᠢᠭᠤᠯᠤᠯᠲᠠ᠂ ᠢᠯᠵᠢᠷᠡᠯ᠎ᠢ ᠡᠰᠡᠷᠭᠦᠴᠡᠬᠦ᠌ ᠲᠡᠮᠡᠴᠡᠯ ᠵᠡᠷᠭᠡ᠎ᠶᠢ ᠣᠷᠭᠠᠨᠢᠭ ᠪᠦᠬᠦᠯᠢ ᠴᠣᠭᠴᠠ ᠪᠣᠯᠭᠠᠨ ᠤᠬᠠᠭᠠᠯᠠᠨ ᠲᠦᠯᠦᠪᠯᠡᠬᠦ ᠪᠠ ᠠᠬᠢᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠲᠤᠬᠠᠢ ᠰᠢᠰᠲ᠋ᠧᠮ᠎ᠲᠡᠶ ᠪᠠᠶ᠋ᠢᠷᠢᠯᠠᠭᠤᠯᠤᠯᠲᠠ ᠬᠢᠵᠦ᠍᠂《ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠬᠦᠯᠬᠦ᠌》᠂《ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠬᠤ᠂ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠬᠤ》ᠵᠡᠷᠭᠡ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠨᠡ ᠪᠣᠯ ᠰᠢᠨ᠎ᠡ ᠴᠠᠭ ᠦᠶ᠎ᠡ᠎ᠳᠦ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠰᠡᠨ ᠡᠷᠬᠢᠮ ᠨᠠᠨᠳᠢᠨ ᠲᠤᠷᠰᠢᠯᠭ᠎ᠠ᠎ᠶᠢ ᠭᠦᠢᠴᠡᠳ ᠬᠡᠷᠡᠭᠯᠡᠭᠰᠡᠨ ᠶᠠᠪᠤᠳᠠᠯ ᠪᠣᠯᠬᠤ ᠪᠥᠭᠡᠳ ᠪᠠᠰᠠ ᠰᠢᠨ᠎ᠡ ᠠᠶᠠᠨ ᠳ᠋ᠤ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠤᠯᠠᠮ ᠨᠢᠭᠡ ᠠᠯᠬᠤᠮ ᠡᠭᠦᠳᠤᠨ ᠨᠡᠭᠡᠭᠡᠬᠦ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ᠎ᠠ᠃

ᠰᠢᠨ᠎ᠡ ᠴᠠᠭ ᠦᠶ᠎ᠡ᠎ᠳᠦ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠠᠵᠢᠯ ᠠᠭᠤᠤ ᠶᠡᠬᠡ ᠠᠮᠵᠢᠯᠲᠠ ᠪᠦᠳᠤᠮᠵᠢ ᠣᠯᠤᠭᠰᠠᠨ᠎ᠤ ᠴᠢᠬᠤᠯᠠ ᠨᠢᠭᠡ ᠲᠠᠯ᠎ᠠ ᠨᠢ ᠰᠢᠰᠲ᠋ᠧᠮ᠎ᠦᠨ ᠦᠵᠡᠯᠲᠡ᠎ᠶᠢ ᠪᠠᠷᠢᠮᠲᠠᠯᠠᠵᠤ᠂ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠨᠠᠮ᠎ᠤᠨ ᠪᠠᠶ᠋ᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠶᠡᠷᠦᠩᠬᠡᠶ᠋ᠢᠯᠡᠨ ᠵᠢᠯᠤᠭᠤᠳᠤᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠶ᠋ᠢᠷᠡᠭᠦᠯᠦᠨ ᠬᠥᠭᠵᠢᠭᠦᠯᠦᠭᠰᠡᠨ᠎ᠳᠦ ᠪᠠᠶ᠋ᠢᠨ᠎ᠠ᠃

ᠪᠦᠬᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ《ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠶᠡᠷᠦᠩᠬᠡᠶ ᠱᠠᠭᠠᠷᠳᠠᠯᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠵᠤ᠂ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠬᠠᠮᠵᠢᠯᠴᠠᠭᠤᠯᠤᠨ ᠬᠦᠴᠦᠯᠡᠬᠦ᠌᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠵᠣᠯᠭᠠᠭᠤᠯᠤᠨ ᠲᠥᠬᠥᠷᠵᠢᠭᠦᠯᠬᠦ ᠵᠢ ᠴᠢᠬᠤᠯᠠᠴᠢᠯᠠᠵᠤ᠂ ᠳᠡᠭᠡᠷ᠎ᠠ ᠱᠠᠳᠤ ᠨᠢ ᠳᠤᠤᠷ᠎ᠠ ᠱᠠᠳᠤ᠎ᠪᠠᠨ ᠳᠠᠭᠠᠭᠤᠯᠬᠤ᠂ ᠴᠡᠭ ᠨᠡᠶ᠋ᠢᠳᠡᠮ᠎ᠢ ᠤᠶᠠᠯᠳᠤᠭᠤᠯᠬᠤ᠂ ᠦᠨᠭᠭᠡᠨ ᠲᠠᠯ᠎ᠠ ᠪᠡ ᠦᠨᠳᠦᠰᠦᠨ᠎ᠡᠴᠡ ᠨᠢ ᠵᠠᠰᠠᠬᠤ ᠵᠢ ᠴᠢᠬᠤᠯᠠᠴᠢᠯᠠᠵᠤ᠂ ᠳᠡᠭᠡᠷ᠎ᠡ ᠳᠤᠤᠷ᠎ᠠ ᠱᠠᠲᠤ᠌ ᠨᠡᠪᠲᠡᠷᠡᠯᠴᠡᠬᠦ᠂ ᠰᠢᠰᠲ᠋ᠧᠮ ᠪᠠ ᠬᠡᠰᠡᠭ᠎ᠢ ᠤᠶᠠᠯᠳᠤᠭᠤᠯᠬᠤ᠂ ᠵᠡᠷᠭᠡ᠎ᠪᠡᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠶ᠋ᠢᠷᠢᠰᠢᠯ ᠢ᠋ ᠪᠦᠷᠢᠯᠳᠤᠬᠦᠯᠬᠦ ᠵᠢ ᠴᠢᠬᠤᠯᠠᠴᠢᠯᠠᠵᠠᠢ᠂ ᠡᠨᠡ ᠨᠢ ᠮᠠᠨ᠎ᠤ ᠨᠠᠮ᠎ᠤᠨ ᠰᠢᠰᠲ᠋ᠧᠮ ᠤ᠋ᠨ ᠰᠡᠳᠬᠢᠬᠦᠶ᠎ᠪᠡᠷ᠂ ᠰᠢᠨᠵᠢᠯᠡᠬᠦ᠌ ᠤᠬᠠᠭᠠᠨᠴᠢ ᠠᠷᠭ᠎ᠠ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠬᠤ ᠵᠢ ᠠᠬᠢᠭᠤᠯᠤᠬᠰᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢᠨ ᠤᠬᠠᠮᠰᠠᠷ ᠢ᠋ ᠬᠦᠢᠴᠡᠳ ᠢᠯᠡᠷᠡᠬᠦᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦᠯᠢ ᠴᠣᠭᠴᠠ᠎ᠶᠢᠨ ᠦᠷ᠎ᠠ ᠪᠦᠳᠤᠮᠵᠢ ᠦᠢᠯᠡᠳᠤᠯ ᠢ᠋ ᠬᠦᠴᠦᠲᠡᠢ ᠴᠢᠩᠭᠠᠳᠬᠠᠬᠤ ᠨᠢ ᠯᠠᠪᠲᠠᠢ ᠶᠤᠮ᠃

《ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠪᠠᠶ᠋ᠢᠭᠤᠯᠬᠤ ᠪᠣᠯ ᠪᠦᠬᠦ᠌ ᠲᠠᠯ᠎ᠠ᠎ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ ᠠᠵᠢᠯ ᠮᠥᠨ》᠃ ᠶᠡᠷᠦᠩᠬᠡᠢ ᠱᠦᠵᠢ ᠰᠢ ᠵᠢᠨ ᠫᠢᠩ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ ᠨᠢ ᠠᠭᠤᠯᠤᠭᠳᠠᠬᠤᠨ ᠡᠯᠪᠡᠭ ᠪᠠᠶᠠᠯᠢᠭ᠂ ᠴᠢᠳᠠᠮᠵᠢ ᠪᠦᠷᠢᠨ ᠲᠡᠭᠦᠯᠳᠡᠷ᠂ ᠰᠢᠨᠵᠢᠯᠡᠬᠦ᠌ ᠤᠬᠠᠭᠠᠨᠴᠢ ᠵᠢᠷᠤᠮᠵᠢᠯ᠎ᠲᠠᠶ᠂ ᠠᠵᠢᠯᠯᠠᠭᠠᠨ ᠥᠨᠳᠥᠷ ᠪᠦᠲᠦᠮᠵᠢᠲᠡᠢ ᠬᠥᠳᠡᠯᠦᠩᠭᠦᠢ ᠰᠢᠰᠲ᠋ᠧᠮ ᠪᠠᠶ᠋ᠢᠬᠤ ᠬᠡᠷᠡᠭᠲᠡᠢ ᠭᠡᠵᠦ᠍ ᠴᠢᠬᠤᠯᠠᠴᠢᠯᠠᠪᠠ᠃ ᠡᠨᠡ ᠤᠳᠠᠭ᠎ᠠ᠎ᠶᠢᠨ ᠪᠥᠬᠥᠳᠡ ᠬᠤᠷᠠᠯ᠎ᠡᠴᠡ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠬᠦ᠌᠎ᠲᠡᠶ ᠤᠶᠠᠯᠳᠤᠭᠤᠯᠤᠨ ᠠᠯᠢ ᠣᠯᠠᠨ ᠪᠠᠶ᠋ᠢᠷᠢᠯᠠᠭᠤᠯᠤᠯᠲᠠ ᠬᠢᠵᠦ᠍᠂ ᠵᠠᠰᠠᠯᠲᠠ᠎ᠶᠢᠨ ᠣᠶ᠋ᠢᠯᠠᠭᠠᠭᠳᠠᠬᠤᠨ᠂ ᠰᠢᠰᠲ᠋ᠧᠮ᠎ᠦᠨ ᠣᠶ᠋ᠢᠯᠠᠭᠠᠭᠳᠠᠬᠤᠨ᠂ ᠬᠤᠪᠢᠰᠤᠩᠭᠤᠶ ᠰᠡᠳᠬᠢᠬᠦᠶ᠎ᠶᠢ ᠬᠡᠷᠡᠭᠯᠡᠨ ᠨᠠᠮ᠎ᠢ ᠬᠠᠮᠢᠶᠠᠷᠴᠤ᠌ ᠨᠠᠮ᠎ᠢ ᠵᠠᠰᠠᠵᠤ ᠨᠠᠮ᠎ᠢ ᠪᠠᠶ᠋ᠢᠭᠤᠯᠬᠤ᠎ᠶᠢ ᠨᠠᠩ ᠳᠣᠪᠣᠶ᠋ᠢᠯᠭᠠᠪᠠ᠃

ᠵᠢᠱ᠌ᠢᠶᠡᠯᠡᠪᠡᠯ᠂《ᠲᠣᠭᠲᠠᠭᠠᠯ》 ᠳ᠋ᠤ 《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ》ᠵᠢ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ ᠭᠡᠵᠦ᠍ ᠳᠤᠷᠠᠳᠤᠭᠰᠠᠨ ᠨᠢ ᠮᠠᠷᠺᠰ᠎ᠤᠨ ᠦᠵᠡᠯ᠎ᠦᠨ ᠲᠦᠷᠦ᠍ ᠪᠠᠷᠢᠭᠴᠢ ᠨᠠᠮ᠎ᠤᠨ ᠪᠠᠶ᠋ᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠭᠦᠨᠵᠡᠭᠡᠢ ᠲᠠᠨᠢᠯᠲᠠ ᠪᠠ ᠡᠵᠡᠮᠳᠡᠯ᠎ᠢ ᠬᠠᠷᠠᠭᠤᠯᠵᠤ᠂ ᠰᠢᠰᠲ᠋ᠧᠮ᠎ᠦᠨ ᠦᠵᠡᠯᠲᠡ᠎ᠶᠢ ᠭᠦᠨᠵᠡᠭᠡᠢ ᠬᠡᠷᠡᠭᠯᠡᠭᠰᠡᠨ ᠶᠠᠪᠤᠳᠠᠯ ᠪᠣᠯᠤᠨ᠎ᠠ᠃

ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠴᠢᠬᠤᠯᠠ ᠠᠭᠤᠯᠭ᠎ᠠ ᠪᠣᠯᠭᠠᠭᠰᠠᠨ᠎ᠡᠴᠡ᠂ ᠨᠠᠮ᠎ᠤᠨ ᠰᠢᠨ᠎ᠡ ᠡᠬᠦᠳᠤᠯᠳᠠ ᠵᠢᠨ ᠤᠨᠤᠯ᠎ᠢᠶᠠᠷ ᠰᠡᠳᠬᠢᠯ ᠢ᠋ ᠨᠢᠬᠳᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ᠎ᠶᠢ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠦᠨᠳᠦᠰᠦᠨ ᠡᠭᠦᠷᠭᠡ ᠪᠣᠯᠭᠠᠭᠰᠠᠨ ᠬᠦᠷᠲᠡᠯ᠎ᠡ᠂ ᠲᠠᠬᠢᠭᠠᠳ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠪᠠᠷᠢᠮᠲᠠᠯᠠᠬᠤ᠎ᠶᠢ ᠵᠡᠷᠭᠡ ᠪᠡᠷ ᠠᠳᠬᠤᠵᠤ᠂ ᠦᠵᠡᠯ ᠰᠠᠨᠠᠭᠠᠨ᠎ᠤ ᠲᠠᠯ᠎ᠠ᠎ᠪᠠᠷ ᠦᠨᠳᠦᠰᠦ ᠰᠠᠭᠤᠷᠢ᠎ᠪᠠᠨ ᠪᠡᠬᠢᠵᠢᠭᠦᠯᠵᠦ᠍᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭᠰᠢᠯᠡᠭᠦᠯᠪᠠ ᠁

ᠰᠢᠰᠲ᠋ᠧᠮ᠎ᠦᠨ ᠦᠵᠡᠯᠲᠡ᠎ᠶᠢ ᠪᠠᠷᠢᠮᠲᠠᠯᠠᠨ᠂ ᠨᠠᠮᠴᠢ ᠴᠢᠨᠠᠷ᠎ᠤᠨ ᠪᠣᠯᠪᠠᠰᠤᠷᠠᠯ᠎ᠤᠨ ᠳᠣᠲᠣᠭᠠᠳᠤ ᠵᠢᠮ᠎ᠡ ᠶᠣᠰᠣ ᠪᠠ ᠨᠠᠮ᠎ᠤᠨ ᠭᠡᠰᠢᠭᠦᠨ᠂ ᠺᠠᠳ᠋ᠷ᠎ᠤᠨ ᠦᠰᠦᠨ ᠪᠣᠶ᠋ᠢᠵᠢᠬᠤ ᠵᠢᠮ᠎ᠡ ᠶᠣᠰᠣ᠎ᠶᠢ ᠣᠨᠣᠪᠴᠢᠲᠠᠢ ᠡᠵᠡᠮᠳᠡᠵᠦ᠍᠂ ᠨᠠᠮᠴᠢ ᠴᠢᠨᠠᠷ᠎ᠤᠨ ᠬᠥᠮᠦᠵᠢᠯ ᠪᠠ ᠨᠠᠮᠴᠢ ᠴᠢᠨᠠᠷ᠎ᠤᠨ ᠪᠣᠯᠪᠠᠰᠤᠷᠠᠯ᠎ᠢ ᠲᠤᠪᠤᠢ᠌ᠯᠭᠠᠨ ᠰᠠᠶ᠋ᠢᠲᠤᠷ ᠠᠳᠬᠤᠵᠤ᠂ ᠮᠠᠨ᠎ᠤ ᠨᠠᠮ ᠪᠦᠬᠦ᠌ ᠲᠠᠯ᠎ᠠ᠎ᠶᠢᠨ᠂ ᠤᠯᠠᠨ ᠲᠡᠰ ᠳᠠᠪᠬᠤᠷᠭ᠎ᠠ᠎ᠶᠢᠨ ᠂ ᠪᠠᠶ᠋ᠢᠩᠭᠤᠵᠢᠭᠰᠠᠨ ᠨᠠᠮᠴᠢ ᠴᠢᠨᠠᠷ᠎ᠤᠨ ᠪᠣᠯᠪᠠᠰᠤᠷᠠᠯ᠎ᠤᠨ ᠰᠢᠰᠲ᠋ᠧᠮ᠎ᠢ ᠪᠠᠶ᠋ᠢᠭᠤᠯᠪᠠ᠃

《ᠲᠣᠭᠲᠠᠭᠠᠯ》ᠳ᠋ᠦ᠍ 5 ᠲᠠᠯ᠎ᠠ᠎ᠡᠴᠡ ᠬᠢᠭᠰᠡᠨ ᠪᠣᠳᠠᠲᠠᠢ ᠪᠠᠶ᠋ᠢᠷᠢᠯᠠᠭᠤᠯᠤᠯᠲᠠ ᠵᠢᠨ ᠪᠦᠳᠦᠴᠡ ᠨᠢ ᠨᠢᠭᠲᠠ ᠬᠣᠯᠪᠣᠭ᠎ᠠ᠎ᠲᠠᠶ᠂ ᠬᠠᠷᠢᠯᠴᠠᠨ ᠨᠡᠪᠲᠡᠷᠡᠯᠴᠡᠭᠰᠡᠨ ᠨᠢᠭᠲᠠ ᠴᠢᠩᠭ᠎ᠠ ᠰᠢᠰᠲ᠋ᠧᠮ᠎ᠢ ᠪᠦᠷᠢᠯᠳᠦᠭᠦᠯᠵᠦ᠍᠂ ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ᠎ᠳᠤ ᠠᠵᠢᠯ᠎ᠤᠨ ᠭᠣᠣᠯᠳᠠᠯᠭ᠎ᠠ ᠪᠠ ᠠᠷᠭ᠎ᠠ ᠵᠠᠮ᠎ᠢ ᠲᠣᠳᠣᠷᠬᠠᠢ ᠵᠢᠭᠠᠨ ᠥᠭᠴᠡᠢ᠃ ᠨᠠᠮ᠎ᠳᠤ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠴᠢᠩᠭᠠᠳᠬᠠᠬᠤ ᠪᠣᠯ ᠲᠡᠷᠢᠭᠦᠨ ᠴᠢᠬᠤᠯᠠ ᠡᠭᠦᠷᠭᠡ ᠮᠥᠨ᠂ ᠨᠠᠮ᠎ᠤᠨ ᠰᠢᠨ᠎ᠡ᠎ᠡᠭᠦᠳᠦᠯᠲᠡ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ ᠪᠣᠯ ᠦᠨᠳᠦᠰᠦᠨ ᠠᠷᠭ᠎ᠠ ᠵᠠᠮ ᠮᠥᠨ᠂ ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢᠶᠠᠷ ᠨᠠᠮᠴᠢ ᠴᠢᠨᠠᠷ᠎ᠢ ᠲᠠᠪᠳᠠᠨ ᠪᠤᠯᠪᠠᠰᠤᠷᠠᠭᠤᠯᠬᠤ ᠪᠣᠯ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠦᠢᠯᠡᠳᠦᠯᠭᠡ᠎ᠶᠢᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠣᠯ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠂ ᠨᠠᠮᠴᠢ ᠴᠢᠨᠠᠷ᠎ᠢ ᠢᠯᠭᠠᠨ ᠲᠠᠨᠢᠬᠤ᠎ᠶᠢ ᠴᠢᠩᠭᠠᠳᠬᠠᠬᠤ ᠪᠣᠯ ᠴᠢᠬᠤᠯᠠ ᠪᠠᠲᠤᠯᠠᠭ᠎ᠠ ᠮᠥᠨ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶ᠋ᠢᠯᠠᠭᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢ ᠨᠠᠰᠤᠨ ᠲᠤᠷᠰᠢᠳᠠ᠎ᠶᠢᠨ ᠰᠡᠳᠦᠪ ᠪᠣᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠶᠢ ᠪᠡᠶᠡᠯᠡᠭᠦᠯᠵᠦ᠍᠂ ᠡᠪ ᠬᠠᠮᠲᠤᠴᠤᠳ᠎ᠤᠨ ᠤᠯᠤᠰ ᠲᠦᠷᠦ᠎ᠶᠢᠨ ᠤᠤᠷ ᠴᠢᠨᠠᠷ᠎ᠢᠶᠠᠨ ᠢᠮᠠᠭᠲᠠ ᠪᠠᠲᠤᠯᠠᠬᠤ ᠬᠡᠷᠡᠭᠲᠡᠢ᠃

ᠪᠠᠰᠠ ᠵᠢᠱ᠌ᠢᠶᠡᠯᠡᠪᠡᠯ᠂ ᠢᠯᠵᠢᠷᠠᠬᠦ ᠡᠴᠡ ᠵᠢᠷᠤᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ ᠵᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢᠨ ᠴᠢᠬᠤᠯᠠ ᠠᠷᠭ᠎ᠠ ᠪᠤᠳᠤᠯᠭ᠎ᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠮᠥᠨ᠃ ᠪᠥᠬᠥᠳᠡ ᠬᠤᠷᠠᠯ ᠨᠢ ᠰᠢᠰᠲ᠋ᠧᠮᠲᠦ᠍ ᠰᠡᠳᠬᠢᠬᠦᠶ᠎ᠶᠢ ᠬᠡᠷᠡᠭᠯᠡᠨ᠂《ᠢᠯᠵᠢᠷᠠᠬᠦ ᠡᠴᠡ ᠵᠢᠷᠤᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠠᠬᠦ ᠵᠢ ᠪᠤᠳᠤᠬᠤ ᠦᠭᠡᠢ》ᠵᠢ ᠡᠷᠡᠰ ᠭᠤᠶ᠋ᠢᠪᠢᠰᠢ ᠦᠭᠡᠢ ᠨᠢᠭᠡ ᠴᠤᠭᠴᠠᠵᠢᠭᠤᠯᠤᠨ ᠠᠬᠢᠭᠤᠯᠬᠤ᠎ᠲᠠᠶ ᠤᠶᠠᠯᠳᠤᠭᠤᠯᠤᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠦ᠍᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠵᠢᠮ᠎ᠡ ᠶᠣᠰᠣᠴᠢ ᠴᠢᠨᠠᠷ᠎ᠤᠨ ᠲᠤᠬᠠᠶ ᠮᠠᠨ᠎ᠤ ᠨᠠᠮ᠎ᠤᠨ ᠲᠠᠨᠢᠯᠲᠠ᠎ᠶᠢᠨ ᠭᠦᠨᠵᠡᠭᠡᠶ᠋ᠢᠷᠡᠯ᠎ᠢ ᠢᠯᠡᠷᠡᠭᠦᠯᠪᠡ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠢ᠎ᠠ ᠢᠯᠵᠢᠷᠠᠯ᠎ᠢ ᠡᠷᠡᠰ ᠭᠤᠶ᠋ᠢᠪᠢᠰᠢ ᠦᠭᠡᠢ᠎ᠪᠡᠷ ᠡᠰᠡᠷᠭᠦᠴᠡᠵᠦ᠍᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠭᠭᠡᠨ ᠲᠠᠯ᠎ᠠ ᠪᠠ ᠦᠨᠳᠦᠰᠦᠨ ᠡᠴᠡ ᠨᠢ ᠵᠠᠰᠠᠵᠤ᠂ ᠢᠯᠵᠢᠷᠡᠬᠦ ᠡᠴᠡ ᠵᠢᠷᠤᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ ᠵᠢ ᠪᠤᠳᠤᠬᠤ ᠦᠭᠡᠢ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠠᠮᠵᠢᠯᠲᠠ᠎ᠲᠠᠶ ᠵᠠᠮᠨᠠᠪᠠ᠃ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠡᠷᠴᠢᠮ ᠤᠷᠢᠳ ᠡᠮᠦᠨ᠎ᠡ ᠪᠠᠶ᠋ᠢᠭ᠎ᠠ ᠦᠭᠡᠢ ᠴᠢᠩᠭᠠᠷᠠᠵᠤ᠂ ᠤᠯᠠᠨ᠎ᠤ ᠠᠩᠬᠠᠷᠤᠯ᠎ᠢ ᠲᠠᠲᠠᠭᠰᠠᠨ ᠦᠷ᠎ᠡ ᠪᠦᠲᠦᠮᠵᠢ ᠤᠯᠪᠠ᠃

ᠢᠯᠵᠢᠷᠠᠬᠦ ᠡᠴᠡ ᠵᠢᠷᠤᠬᠡᠰᠢᠶᠡᠬᠦ ᠰᠦᠷᠳᠡᠭᠦᠯᠦᠯ᠎ᠢ ᠴᠢᠩᠭᠠᠳᠬᠠᠵᠤ᠂ ᠢᠯᠵᠢᠷᠠᠵᠤ ᠪᠤᠯᠬᠤ ᠦᠭᠡᠢ  ᠰᠢᠩᠭᠡᠯᠢᠭ᠎ᠢ ᠪᠠᠲᠤ᠌ ᠰᠦᠯᠵᠢᠵᠦ᠍᠂ ᠢᠯᠵᠢᠷᠡᠬᠦ᠎ᠶᠢ ᠪᠤᠳᠤᠬᠤ ᠦᠭᠡᠢ ᠪᠠᠶ᠋ᠢᠬᠤ ᠤᠬᠠᠮᠰᠠᠷ᠎ᠢ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠢᠯᠵᠢᠷᠠᠯ᠎ᠢ ᠡᠰᠡᠷᠭᠦᠴᠡᠬᠦ᠌ ᠲᠡᠮᠡᠴᠡᠯ ᠢᠮᠠᠭᠲᠠ ᠦᠨᠭᠭᠡᠨ ᠲᠠᠯ᠎ᠠ ᠪᠠ ᠦᠨᠳᠦᠰᠦᠨ ᠡᠴᠡ ᠨᠢ ᠵᠠᠰᠠᠬᠤ᠂ ᠰᠢᠰᠲ᠋ᠧᠮ᠎ᠲᠡᠶ᠎ᠪᠡᠷ ᠵᠠᠰᠠᠬᠤ ᠵᠢ ᠪᠠᠷᠢᠮᠳᠠᠯᠠᠵᠤ᠂ ᠦᠨᠭᠭᠡᠨ ᠲᠠᠯ᠎ᠠ᠎ᠪᠠ ᠦᠨᠳᠦᠰᠦᠨ ᠡᠴᠡ ᠨᠢ ᠵᠠᠰᠠᠬᠤ᠎ᠶᠢ ᠵᠡᠷᠭᠡ᠎ᠪᠡᠷ ᠬᠦᠴᠦᠯᠡᠵᠤ᠂ ᠣᠷᠭᠠᠨᠢᠭ᠎ᠢᠶᠠᠷ ᠨᠢᠭᠡᠳᠬᠡᠵᠤ᠂ ᠬᠠᠷᠢᠯᠴᠠᠨ ᠨᠥᠬᠥᠪᠥᠷᠢᠯᠡᠵᠤ ᠦᠷ᠎ᠠ ᠪᠦᠳᠦᠮᠵᠢ ᠤᠯᠪᠠ᠃

《ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶᠢ ᠬᠠᠷᠢᠯᠴᠠᠨ ᠤᠶᠠᠯᠳᠤᠭᠤᠯᠬᠤ ᠬᠡᠷᠡᠭᠳᠡᠢ》᠂《ᠰᠤᠷᠲᠠᠯ ᠢᠯᠵᠢᠷᠡᠯ᠎ᠢ ᠬᠠᠮᠲᠤ᠎ᠪᠠᠷ ᠪᠠᠶ᠋ᠢᠴᠠᠭᠠᠵᠤ ᠬᠠᠮᠲᠤ᠎ᠪᠠᠷ ᠵᠠᠰᠠᠬᠤ ᠵᠢ ᠭᠦᠨᠵᠡᠭᠡᠶ᠋ᠢᠷᠡᠭᠦᠯᠬᠦ᠌ ᠬᠡᠷᠡᠭᠳᠡᠢ》᠂《ᠢᠯᠵᠢᠷᠠᠬᠦ ᠡᠴᠡ ᠵᠢᠷᠤᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ ᠵᠢ ᠪᠤᠳᠤᠬᠤ ᠦᠭᠡᠢ ᠪᠠᠢᠬᠤ  ᠲᠠᠯ᠎ᠠ ᠪᠡᠷ  ᠵᠡᠷᠭᠡ᠎ᠪᠡᠷ ᠬᠦᠴᠦᠯᠡᠬᠦ᠌᠂ ᠢᠵᠢᠯ ᠴᠢᠭᠯᠡᠯ ᠵᠢᠡᠷ ᠬᠦᠴᠦᠯᠡᠬᠦ᠂ ᠶᠡᠷᠦᠩᠬᠡᠶ᠋ᠢᠯᠡᠨ ᠬᠦᠴᠦᠯᠡᠬᠦ᠌᠎ᠶᠢ ᠪᠠᠷᠢᠮᠲᠠᠯᠠᠵᠤ᠂ ᠢᠯᠵᠢᠷᠡᠯ ᠤ᠋ᠨ ᠡᠭᠦᠰᠬᠦ᠌ ᠬᠥᠷᠥᠰᠥ᠍ ᠰᠢᠷᠣᠢ ᠪᠠ ᠨᠥᠬᠥᠴᠡᠯ᠎ᠢ ᠬᠦᠴᠦᠯᠡᠨ ᠠᠷᠢᠯᠭᠠᠬᠤ ᠬᠡᠷᠡᠭᠲᠡᠢ》᠂《ᠨᠠᠮ᠎ᠤᠨ ᠬᠤᠷᠢᠶ᠎ᠠ ᠵᠢᠨ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠮᠵᠢᠯᠴᠠᠬᠤ ᠲᠣᠭᠲᠠᠴᠠ᠎ᠶᠢ ᠪᠦᠷᠢᠨᠰᠢᠬᠦᠯᠵᠤ᠂ ᠪᠦᠬᠦ᠌ ᠬᠡᠯᠬᠢᠶ᠎ᠡ᠎ᠪᠡᠷ ᠬᠠᠮᠵᠢᠯᠴᠠᠨ ᠨᠢᠭᠡ ᠴᠤᠬᠴᠠᠵᠢᠬᠰᠠᠨ ᠵᠠᠰᠠᠯᠲᠠ᠎ᠶᠢ ᠠᠬᠢᠭᠤᠯᠬᠤ ᠬᠡᠷᠡᠭᠲᠡᠢ》 ᠁

ᠪᠦᠬᠦᠳᠠ ᠬᠤᠷᠠᠯ᠎ᠡᠴᠡ ᠪᠠᠶ᠋ᠢᠷᠢᠯᠠᠭᠤᠯᠤᠭᠰᠠᠨ ᠴᠢᠬᠤᠯᠠ ᠶᠡᠬᠡ ᠠᠷᠭ᠎ᠠ ᠬᠡᠮᠵᠢᠢ᠎ᠡ ᠨᠢ 《ᠦᠩᠬᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠎ᠶᠢ ᠨᠡᠩ ᠴᠢᠬᠤᠯᠠᠴᠢᠯᠠᠵᠤ᠂ ᠰᠢᠰᠲ᠋ᠧᠮ᠎ᠲᠡᠶ ᠵᠠᠰᠠᠬᠤ》 ᠵᠢᠨ ᠢᠯᠡ ᠲᠣᠳᠣ ᠣᠨᠴᠠᠯᠢᠭ᠎ᠢ ᠢᠯᠡᠷᠡᠭᠦᠯᠵᠦ᠍᠂《ᠴᠢᠩᠭ᠎ᠠ ᠰᠢ᠌ᠳᠬᠡᠬᠦ᠌᠂ ᠤᠨᠢᠨ ᠳᠡᠭᠡᠷ᠎ᠡ ᠨᠢ ᠵᠠᠰᠠᠬᠤ᠂ ᠪᠦᠲᠦᠮᠵᠢᠲᠡᠢ ᠰᠡᠷᠭᠡᠶ᠋ᠢᠯᠡᠬᠦ᠌  ᠨᠢᠭᠡ ᠴᠤᠬᠴᠠᠵᠢᠭᠤᠯᠤᠨ ᠠᠳᠬᠤᠬᠤ᠎ᠶᠢ ᠪᠠᠷᠢᠮᠲᠠᠯᠠᠬᠤ》ᠳᠣᠲᠣᠭᠠᠳᠤ ᠱᠠᠭᠠᠷᠳᠠᠯᠭ᠎ᠠ᠎ᠶᠢ ᠢᠯᠡᠷᠡᠭᠦᠯᠵᠦ᠍᠂ ᠢᠯᠵᠢᠷᠡᠯ᠎ᠢ ᠵᠠᠰᠠᠬᠤ ᠶᠡᠷᠦᠩᠬᠡᠶ᠋ᠢᠯᠡᠭᠰᠡᠨ ᠦᠷ᠎ᠡ ᠪᠦᠲᠦᠮᠵᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ᠌᠎ᠶᠢ ᠬᠦᠴᠦᠲᠡᠢ ᠠᠬᠢᠭᠤᠯᠬᠤ ᠨᠢ ᠯᠠᠪᠲᠠᠢ ᠶᠤᠮ᠃

ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠶᠤᠮ᠃ ᠪᠢᠳᠡ       ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠡᠨ ᠠᠬᠢᠭᠤᠯᠵᠤ᠂ ᠰᠢᠰᠲ᠋ᠧᠮ᠎ᠦᠨ ᠣᠶ᠋ᠢᠯᠠᠭᠠᠭᠳᠠᠬᠤᠨ᠎ᠢ ᠴᠢᠩᠭᠠᠳᠬᠠᠵᠤ᠂ ᠡᠯ᠎ᠡ ᠵᠦᠢᠯ᠎ᠦᠨ ᠠᠵᠢᠯ᠎ᠤᠨ ᠴᠠᠭ ᠦᠶᠡᠴᠢ ᠴᠢᠨᠠᠷ᠎ᠢ ᠨᠡᠩ ᠰᠠᠢ᠌ᠨ ᠢᠯᠡᠷᠡᠭᠦᠯᠵᠦ᠍᠂ ᠵᠢᠮ᠎ᠡ ᠶᠣᠰᠣᠴᠢ ᠴᠢᠨᠠᠷ᠎ᠢ ᠡᠵᠡᠮᠳᠡᠵᠦ᠍᠂ ᠪᠦᠲᠦᠭᠡᠯᠴᠢ ᠴᠢᠨᠠᠷᠲᠠᠢ ᠪᠣᠯᠭᠠᠵᠤ᠂ ᠶᠡᠬᠡ ᠨᠠᠮ᠎ᠤᠨ ᠵᠠᠰᠠᠯᠲᠠ᠂ ᠳᠤᠮᠳᠠᠳᠤ ᠤᠯᠤᠰ᠎ᠤᠨ ᠵᠠᠰᠠᠯᠲᠠ᠎ᠶᠢᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠨᠡᠭᠡᠭᠡᠬᠦ᠌ ᠬᠡᠷᠡᠭᠲᠡᠢ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面