> ᠲᠤᠰᠬᠠᠢ ᠮᠡᠳᠡᠭᠡᠯᠡᠯ

2026-11-14 13:37:27

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 11 ᠤ᠋ ᠦᠳᠡ᠎ᠶᠢᠨ ᠡᠮᠦᠨ᠎ᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠠᠩᠬᠠᠳᠤᠭᠠᠷ ᠲᠠᠯᠠᠪᠤᠷ ᠮᠡᠳᠡᠭᠦᠯᠦᠯᠲᠡ᠎ᠶᠢᠨ ᠬᠤᠷᠠᠯ ᠬᠥᠬᠡᠬᠣᠲᠠ᠎ᠳᠤ ᠶᠠᠪᠤᠬᠳᠠᠪᠠ᠃ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠳᠡᠳ᠋ ᠱᠦᠵᠢ᠂ ᠬᠢᠨᠠᠨ ᠪᠠᠶ᠋ᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠸᠠᠩ ᠶᠠᠨ ᠴᠦᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠪᠡ᠃

ᠸᠠᠩ ᠶᠠᠨ ᠴᠦᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠲᠣᠭᠲᠠᠭᠠᠯ》 ᠢ᠋ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠢ ᠨᠢᠬᠳᠠ ᠤᠶᠠᠯᠳᠤᠭᠤᠯᠵᠤ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠤᠢ᠌ᠯᠠᠭᠠᠨ ᠡᠵᠡᠮᠰᠢᠬᠦ᠌᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠦᠬᠦ᠌ ᠲᠠᠯ᠎ᠠ᠎ᠪᠠᠷ ᠣᠨᠣᠪᠴᠢᠲᠠᠢ ᠣᠶ᠋ᠢᠯᠠᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠮᠠᠨ᠎ᠤ ᠣᠷᠣᠨ ᠳ᠋ᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠣᠶ᠋ᠢᠯᠠᠭᠠᠮᠵᠢᠲᠠᠢ᠂ ᠪᠦᠬᠦ᠌ ᠲᠠᠯ᠎ᠠ᠎ᠪᠠᠷ ᠰᠢᠰᠲ᠋ᠧᠮ᠎ᠲᠡᠶ ᠲᠠᠶ᠋ᠢᠯᠤᠮᠵᠢ ᠬᠢᠪᠠ᠃

ᠮᠡᠳᠡᠭᠦᠯᠦᠯᠲᠡ᠎ᠶᠢᠨ ᠭᠣᠣᠯ ᠰᠡᠳᠦᠪ ᠢᠯᠡ ᠲᠣᠳᠣ᠂ ᠠᠭᠤᠯᠭ᠎ᠠ ᠨᠠᠷᠢᠯᠢᠭ ᠪᠣᠳᠠᠲᠠᠢ᠂  ᠡᠬᠢ ᠠᠳᠠᠭ ᠨᠢ ᠲᠣᠳᠣᠷᠬᠠᠢ᠂ ᠠᠭᠤᠯᠤᠭᠳᠠᠬᠤᠨ ᠨᠢ ᠭᠦᠨᠵᠡᠭᠡᠢ ᠪᠤᠯᠵᠠᠢ᠃ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢᠯᠭᠡᠭᠡᠨ᠎ᠦ ᠠᠵᠢᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠣᠶᠠᠳᠤᠭᠠᠷ ᠭᠠᠵᠠᠷ᠎ᠤᠨ ᠳᠠᠷᠤᠭ᠎ᠠ ᠯᠢ ᠵᠢᠶᠠᠨ ᠭᠠᠩ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠮᠥᠩᠭᠥᠨ ᠭᠦᠢᠯᠭᠡᠭᠡᠨ᠎ᠦ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠲᠡᠶ ᠨᠢᠭᠤᠷᠳᠠᠨ ᠶᠠᠷᠢᠯᠴᠠᠬᠤ ᠪᠠ ᠬᠤᠷᠰᠢᠯᠴᠠᠬᠤ ᠬᠡᠯᠪᠡᠷᠢ᠎ᠶᠢᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠨᠢᠭᠡᠳᠦᠭᠡᠷ ᠹᠷᠣᠨᠲ᠎ᠲᠤ᠌ ᠰᠢᠭᠤᠳ ᠬᠦᠷᠭᠡᠬᠦ᠌᠂ ᠲᠠᠷᠢᠬᠢᠨ ᠳ᠋ᠦ ᠰᠢᠨᠭᠭᠡᠭᠡᠵᠤ ᠰᠡᠳᠬᠢᠯ ᠳ᠋ᠦ ᠬᠠᠳᠠᠩᠰᠢᠭᠤᠯᠬᠤ᠎ᠶᠢ ᠠᠬᠢᠭᠤᠯᠵᠤ᠂ ᠮᠥᠩᠭᠥᠨ ᠭᠦᠢᠯᠭᠡᠭᠡᠨ᠎ᠦ ᠴᠢᠨᠠᠷ ᠰᠠᠶ᠋ᠢᠲᠠᠶ ᠬᠥᠭᠵᠢᠯᠲᠡ᠎ᠳᠦ ᠦᠢᠯᠡᠴᠢᠯᠡᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠤᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠨᠢᠭᠡᠳᠦᠭᠡᠷ ᠭᠠᠵᠠᠷ᠎ᠤᠨ ᠳᠡᠳ᠋ ᠳᠠᠷᠤᠭ᠎ᠠ ᠭᠤᠤ ᠰᠢᠶᠦ᠋ᠨ᠄《ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠰᠢᠰᠲ᠋ᠧᠮ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠤᠷᠢᠳ᠎ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠬᠤ᠎ᠶᠢ ᠪᠠᠷᠢᠮᠲᠠᠯᠠᠵᠤ᠂ ᠲᠦᠷᠦᠭᠦᠯᠡᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠤᠬᠠᠭᠤᠯᠵᠤ᠂ ᠰᠠᠶ᠋ᠢᠲᠤᠷ ᠲᠤᠭᠤᠰᠢᠯᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠱᠠᠭᠠᠷᠳᠠᠯᠭ᠎ᠠ᠎ᠶᠢ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ ᠪᠠᠷ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠬᠥᠲᠥᠯᠥᠨ ᠳᠠᠭᠠᠭᠤᠯᠵᠤ ᠪᠠᠲᠤᠯᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠢᠯᠡᠳᠬᠡᠪᠡ᠃

ᠣᠶ᠋ᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠣᠶ᠋ᠢᠷ᠎ᠠ᠎ᠵᠢᠨ ᠬᠤᠭᠤᠴᠠᠭᠠᠨ ᠳ᠋ᠤ ᠪᠥᠬᠥ᠌ ᠣᠷᠣᠨ᠎ᠤ ᠡᠯ᠎ᠡ ᠠᠶ᠋ᠢᠮᠠᠭ ᠬᠣᠲᠠ ᠪᠣᠯᠤᠨ ᠦᠪᠡᠷᠳᠡᠬᠡᠨ ᠵᠠᠰᠠᠬᠤ ᠣᠷᠣᠨ᠎ᠤ ᠬᠡᠰᠡᠭ ᠰᠢᠭᠤᠳ ᠬᠠᠷᠢᠶ᠎ᠠ ᠨᠢᠭᠡᠴᠢ᠂ ᠠᠵᠤ ᠠᠬᠤᠶ᠋ᠢᠯᠠᠯ᠂ ᠶᠡᠬᠡ ᠳᠡᠭᠡᠳᠦ ᠰᠤᠷᠭᠠᠭᠤᠯᠢ᠎ᠳᠤ ᠬᠦᠷᠴᠦ᠍ ᠲᠥᠪᠯᠡᠷᠡᠭᠦᠯᠦᠨ ᠤᠬᠠᠭᠤᠯᠤᠨ ᠲᠠᠶ᠋ᠢᠯᠪᠤᠷᠢᠯᠠᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面