2026-11-18 11:58:10
11 ᠰᠠᠷ᠎ᠠ᠎ᠶᠢᠨ 16 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠲᠦ ᠬᠦᠷᠴᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ ᠡᠴᠡ ᠵᠣᠬᠢᠶᠠᠨ ᠪᠠᠢᠭᠤᠯᠤᠭᠰᠠᠨ ᠲᠤᠰᠬᠠᠢ ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠶᠢᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠱᠦᠵᠢ ᠯᠢ ᠬᠣᠩ ᠼᠠᠢ ᠪᠥᠬᠥᠳᠡ ᠬᠤᠷᠠᠯ ᠡᠴᠡ ᠪᠠᠲᠤᠯᠠᠭᠰᠠᠨ 《ᠲᠣᠭᠲᠠᠭᠠᠯ》 ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠡᠯ᠎ᠡ ᠨᠢᠭᠡᠴᠢ᠎ᠶᠢᠨ ᠨᠠᠮ᠎ᠤᠨ ᠬᠤᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ (ᠨᠠᠮ᠎ᠤᠨ ᠬᠡᠰᠢᠬᠦᠨ ᠪᠠ ᠣᠯᠠᠨ ᠲᠦᠮᠡᠨ᠎ᠦ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ) ᠂ ᠬᠡᠰᠡᠭ ᠨᠠᠮ᠎ᠤᠨ ᠠᠵᠢᠯ᠎ᠤᠨ ᠺᠠᠳ᠋ᠷ ᠵᠢᠴᠢ ᠠᠵᠢᠯ᠎ᠤᠨ ᠬᠤᠷᠢᠶ᠎ᠠ ᠵᠢᠨ ᠪᠦᠬᠦ ᠨᠠᠮ᠎ᠤᠨ ᠭᠡᠰᠢᠭᠦᠨ ᠺᠠᠳ᠋ᠷ ᠲᠤ᠌ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠢᠰᠲᠧᠮ᠎ᠲᠠᠢ ᠲᠠᠢᠯᠪᠤᠷᠢᠯᠠᠪᠠ᠃
ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠭᠦᠸᠧ ᠯᠠᠨ ᠶᠢᠩ᠄ 《ᠤᠬᠠᠭᠤᠯᠤᠨ ᠲᠠᠢᠯᠪᠤᠷᠢᠯᠠᠯᠳᠠ᠎ᠶᠢᠨ ᠭᠣᠣᠯ ᠰᠡᠳᠦᠪ ᠢᠯᠡ ᠲᠣᠳᠣ᠌᠂ ᠭᠣᠣᠯᠳᠠᠯᠭ᠎ᠠ ᠲᠣᠪᠣᠢᠮ᠎ᠠ ᠪᠠᠢᠵᠦ᠂ ᠰᠤᠨᠤᠰᠤᠬᠰᠠᠨ᠎ᠤ ᠳᠠᠷᠠᠭ᠎ᠠ ᠮᠠᠰᠢ ᠰᠠᠢᠨ ᠰᠡᠩᠭᠡᠷᠡᠭᠦᠯᠦᠯ ᠬᠦᠷᠳᠡᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭᠠᠨ᠎ᠤ ᠲᠤᠬᠠᠢ ᠣᠢᠯᠠᠭᠠᠯᠲᠠ ᠨᠡᠩ ᠭᠦᠨᠵᠡᠬᠡᠢᠷᠡᠵᠠᠢ᠃ ᠪᠢ ᠴᠢᠩᠭ᠎ᠠ ᠪᠤᠳᠠᠳᠠᠢ ᠰᠤᠷᠳᠠᠯ ᠵᠢᠡᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠦᠷᠭᠦᠯᠵᠢᠯᠡᠨ ᠠᠬᠢᠭᠤᠯᠵᠤ᠂ ᠰᠤᠷᠤᠯᠴᠠᠨ ᠲᠤᠭᠤᠰᠢᠯᠠᠭᠤᠯᠬᠤ ᠲᠠᠯ᠎ᠠ᠎ᠪᠠᠷ ᠡᠮᠦᠨ᠎ᠡ ᠨᠢ ᠬᠣᠰᠢᠭᠤᠷᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠲᠠᠯ᠎ᠠ᠎ᠪᠠᠷ ᠦᠯᠢᠭᠡᠷ ᠳᠠᠭᠤᠷᠢᠶᠠᠯ ᠦᠵᠡᠭᠦᠯᠦᠨ᠎ᠡ》 ᠬᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠳᠡᠰ ᠲᠤ᠌᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠭᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠬᠤᠷᠢᠶ᠎ᠠ ᠵᠢᠨ ᠱᠦᠵᠢ ᠵᠠᠩ᠎ᠶᠢᠨ ᠫᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭᠳᠠᠯ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠨᠠᠮ᠎ᠢ ᠪᠦᠬᠦ ᠳᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ ᠲᠠᠯ᠎ᠠ ᠪᠡᠷ ᠵᠦᠪ ᠤᠨᠤᠪᠴᠢᠳᠠᠢ ᠤᠢᠯᠠᠭᠠᠬᠤ ᠵᠡᠷᠭᠡ ᠲᠠᠯ᠎ᠠ ᠡᠴᠡ᠂ ᠪᠦᠭᠦ ᠣᠷᠣᠨ᠎ᠤ ᠨᠡᠢᠭᠡᠮ᠎ᠦᠨ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠭᠰᠡᠨ ᠪᠠ ᠭᠦᠨᠵᠡᠭᠡᠢ ᠲᠠᠢᠯᠪᠤᠷᠢᠯᠠᠵᠠᠢ᠃ ᠤᠬᠠᠭᠤᠯᠤᠨ ᠲᠠᠢᠯᠪᠤᠷᠢᠯᠠᠬᠰᠠᠨ ᠠᠭᠤᠯᠭ᠎ᠠ᠎ᠶᠢᠨ ᠭᠣᠣᠯ ᠰᠡᠳᠦᠪ ᠨᠢ ᠲᠣᠳᠣᠷᠬᠠᠢ᠂ ᠭᠣᠣᠯ ᠱᠤᠭᠤᠮ ᠨᠢ ᠲᠣᠳᠣᠷᠬᠠᠢ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠰᠤᠳᠤᠯᠬᠤ ᠲᠠᠰᠤᠭ (ᠬᠠᠤᠯᠢ ᠲᠣᠭᠲᠠᠭᠠᠯ ᠬᠢᠭᠡᠳ ᠥᠭᠡᠷᠡᠴᠢᠯᠡᠯᠲᠡ᠎ᠶᠢ ᠵᠣᠬᠢᠴᠠᠭᠤᠯᠬᠤ ᠭᠠᠵᠠᠷ) ᠤ᠋ᠨ ᠺᠠᠳ᠋ᠷ ᠰᠦᠨ ᠪᠠᠢ ᠹᠠᠩ᠄《ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠪᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠵᠤ ᠰᠠᠢᠲᠤᠷ ᠤᠬᠠᠭᠤᠯᠵᠤ ᠰᠠᠢᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠪᠦᠭᠦ ᠨᠠᠮ᠎ᠤᠨ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠤᠯᠬᠤ᠎ᠶᠢ ᠭᠦᠨᠵᠡᠭᠡᠢ ᠲᠠᠨᠢᠪᠠ᠃ ᠪᠢᠳᠡ ᠨᠡᠢᠭᠡᠮ ᠦᠨ ᠠᠵᠢᠯ᠎ᠤᠨ ᠪᠠᠢᠭᠤᠯᠤᠮᠵᠢ ᠲᠣᠭᠲᠠᠴᠠ᠎ᠶᠢ ᠪᠦᠷᠢᠨᠰᠢᠭᠦᠯᠬᠦ᠂ ᠰᠢᠨ᠎ᠡ᠎ᠪᠡᠷ ᠮᠠᠨᠳᠤᠵᠦ ᠪᠠᠢᠭ᠎ᠠ ᠬᠦᠷᠢᠶᠡᠨ᠎ᠦ ᠨᠠᠮ᠎ᠤᠨ ᠪᠠᠢᠭᠤᠯᠤᠯᠲᠠ᠂ ᠨᠠᠮ᠎ᠤᠨ ᠪᠠᠢᠭᠤᠯᠤᠯᠲᠠ ᠪᠠᠷ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ᠂ ᠤᠯᠠᠨ ᠲᠦᠮᠡᠨ ᠢ᠋ ᠨᠢᠭᠳᠠᠷᠠᠭᠤᠯᠵᠤ ᠤᠯᠠᠨ ᠲᠦᠮᠡᠨ᠎ᠳᠦ ᠦᠢᠯᠡᠴᠢᠯᠡᠬᠦ ᠵᠡᠷᠭᠡ ᠲᠠᠯ᠎ᠠ᠎ᠪᠠᠷ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠭᠦᠳᠡ ᠬᠤᠷᠠᠯ ᠡᠴᠡ ᠵᠢᠷᠤᠭᠯᠠᠭᠰᠠᠨ ᠠᠤᠭ᠎ᠠ ᠵᠢᠷᠤᠭ ᠲᠥᠰᠥᠪ᠎ᠢ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢᠨ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠤᠨ᠎ᠠ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃