ᠲᠤᠰᠬᠠᠢ ᠮᠡᠳᠡᠭᠡᠯᠡᠯ > ᠠᠮᠤᠭᠤᠯᠠᠩᠲᠤ ᠤᠮᠠᠷᠠᠲᠤ ᠬᠢᠯᠢ

2026-04-04 12:13:05

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠣᠷᠳᠣᠰ ᠬᠣᠲᠠ᠎ᠶᠢᠨ ᠬᠠᠩᠭᠢᠨ ᠬᠣᠰᠢᠭᠤᠨ᠎ᠤ ᠶᠡᠬᠡ ᠤᠰᠤ ᠰᠤᠮᠤ᠎ᠶᠢᠨ 2 ᠮᠠᠯᠴᠢᠨ ᠪᠡᠯᠴᠢᠭᠡᠷ᠎ᠦᠨ ᠵᠠᠭᠠᠭ ᠱᠤᠭᠤᠮ᠎ᠤᠨ ᠬᠤᠪᠢᠶᠠᠷᠢᠯᠠᠯ ᠡᠴᠡ ᠪᠣᠯᠵᠤ ᠮᠠᠷᠭᠤᠯᠳᠤᠭᠠᠨ ᠡᠭᠦᠰᠴᠡᠢ᠃ ᠲᠤᠤᠷᠵᠢᠯ᠎ᠤᠨ ᠠᠵᠢᠯᠲᠠᠨ ᠪᠠᠢᠳᠠᠯ᠎ᠢ ᠣᠢᠯᠠᠭᠠᠭᠰᠠᠨ᠎ᠤ ᠳᠠᠷᠠᠭ᠎ᠠ ᠲᠡᠷᠡ ᠳᠠᠷᠤᠢ ᠳ᠋ᠤᠨᠢ ᠳᠡᠭᠡᠭᠰᠢ ᠮᠡᠳᠡᠭᠦᠯᠵᠦ᠂ ᠶᠡᠬᠡ ᠤᠰᠤ ᠰᠤᠮᠤᠨ᠎ᠤ ᠶᠡᠷᠦᠩᠬᠡᠢᠯᠡᠨ ᠵᠠᠰᠠᠬᠤ ᠲᠥᠪ᠎ᠡᠴᠡ ᠦᠳᠲᠡᠷ ᠲᠦᠷᠭᠡᠨ᠎ᠢᠶᠡᠷ ᠬᠠᠤᠯᠢ ᠴᠠᠭᠠᠵᠠ᠎ᠶᠢᠨ ᠭᠠᠵᠠᠷ᠂ ᠶᠡᠷᠦᠩᠬᠡᠢᠯᠡᠨ ᠵᠠᠰᠠᠬᠤ ᠪᠠᠲᠤᠯᠠᠭ᠎ᠠ᠎ᠶᠢᠨ ᠲᠥᠪ᠎ᠦᠨ ᠮᠡᠷᠭᠡᠵᠢᠯᠲᠡᠨ᠎ᠢ ᠲᠣᠮᠢᠯᠠᠵᠤ ᠬᠠᠮᠲᠤᠷᠠᠨ ᠡᠶᠡᠳᠡᠭᠦᠯᠬᠦ᠎ᠶᠢᠨ ᠬᠠᠮᠲᠤ ᠳᠠᠭᠠᠭᠤᠯᠢ ᠤᠳᠤᠨ᠎ᠤ ᠭᠠᠵᠠᠷ᠎ᠤᠨ ᠵᠢᠷᠤᠭ᠎ᠢ ᠠᠰᠢᠭ᠍ᠯᠠᠨ ᠤᠨᠤᠪᠴᠢᠳᠠᠢ ᠵᠠᠭᠠᠭ ᠬᠠᠢᠬᠤ᠎ᠶᠢᠨ ᠬᠠᠮᠲᠤ᠂ ᠲᠤᠬᠠᠢ᠎ᠶᠢᠨ ᠭᠠᠵᠠᠷ᠎ᠤᠨ ᠪᠠᠢᠳᠠᠯ᠎ᠢ ᠰᠠᠢᠨ ᠮᠡᠳᠡᠳᠡᠭ ᠮᠠᠯᠴᠢᠳ᠎ᠢ ᠤᠷᠢᠵᠤ ᠲᠤᠬᠠᠢ᠎ᠶᠢᠨ ᠭᠠᠵᠠᠷ ᠲᠤᠨᠢ ᠭᠡᠷᠡᠴᠢᠯᠡᠭᠦᠯᠵᠦ᠂ ᠲᠠᠪᠤᠬᠠᠨ ᠡᠳᠦᠷ᠎ᠦᠨ ᠳᠣᠲᠣᠷ᠎ᠠ ᠬᠣᠶᠠᠷ ᠲᠠᠯ᠎ᠠ᠎ᠪᠠᠷ᠎ᠢᠶᠠᠨ ᠡᠶᠡᠳᠡᠭᠦᠯᠭᠡ᠎ᠶᠢᠨ ᠬᠡᠯᠡᠯᠴᠡᠭᠡᠷ ᠲᠣᠭᠲᠠᠬᠤ᠎ᠶᠢ ᠠᠬᠢᠭᠤᠯᠵᠤ᠂ ᠡᠨᠡ ᠤᠳᠠᠭ᠎ᠠ᠎ᠶᠢᠨ ᠤᠯᠠᠨ ᠡᠳᠦᠷ ᠦᠷᠭᠦᠯᠵᠢᠯᠡᠭᠰᠡᠨ ᠵᠠᠭᠤᠷᠠᠯᠳᠤᠭᠠᠨ᠎ᠢ ᠲᠤᠢᠯᠪᠤᠷᠢᠲᠠᠢ ᠰᠢᠢᠳᠪᠦᠷᠢᠯᠡᠪᠡ᠃

ᠵᠠᠭᠤᠷᠠᠯᠳᠤᠭᠠᠨ᠎ᠢ ᠰᠢᠢᠳᠪᠦᠷᠢᠯᠡᠬᠦ ᠡᠬᠢ ᠪᠠᠶᠠᠯᠢᠭ᠋᠂ ᠵᠠᠰᠠᠯᠲᠠ᠎ᠶᠢᠨ ᠠᠬᠤᠢ ᠪᠠᠢᠳᠠᠯ᠎ᠢ ᠤᠨᠢᠨ ᠳᠡᠭᠡᠷ᠎ᠡ ᠨᠢ ᠵᠣᠯᠭᠠᠭᠤᠯᠵᠤ᠂ ᠵᠠᠭᠤᠷᠠᠯᠳᠤᠭᠠᠨ᠎ᠢ ᠰᠢᠢᠳᠪᠦᠷᠢᠯᠡᠬᠦ ᠡᠯ᠎ᠡ ᠲᠦᠷᠦᠯ᠎ᠦᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠮᠢᠳᠤᠯᠢᠭ᠋ ᠪᠣᠯᠭᠠᠵᠤ᠂ ᠶᠡᠷᠦᠩᠬᠡᠢᠯᠡᠨ ᠵᠠᠰᠠᠬᠤ ᠲᠥᠪ᠎ᠦᠨ ᠠᠵᠢᠯᠯᠠᠭᠠᠨ᠎ᠢ ᠨᠡᠩ ᠥᠨᠳᠥᠷ ᠪᠦᠲᠦᠮᠵᠢᠲᠡᠢ ᠪᠣᠯᠭᠠᠪᠠ᠃ ᠣᠢᠷ᠎ᠠ᠎ᠶᠢᠨ ᠵᠢᠯ᠎ᠡᠴᠡ᠂ ᠬᠠᠩᠭᠢᠨ ᠬᠣᠰᠢᠭᠤᠨ᠎ᠤ ᠬᠢᠨ ᠵᠢᠷᠤᠮᠵᠢᠭ᠍ᠰᠠᠨ ᠪᠦᠲᠦᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢᠯᠡᠨ ᠵᠠᠰᠠᠬᠤ ᠲᠥᠪ᠎ᠦᠨ ᠵᠢᠭ᠍ᠰᠠᠭᠠᠯ᠎ᠤᠨ ᠭᠠᠵᠠᠷ᠎ᠢ ᠪᠠᠶ᠋ᠢᠭᠤᠯᠬᠤ᠂ ᠡᠬᠢ ᠪᠠᠶᠠᠯᠢᠭ᠋᠎ᠢ ᠨᠡᠢᠳᠬᠡᠬᠦ᠂ ᠳᠦᠷᠢᠮ᠎ᠢ ᠲᠡᠭᠦᠯᠳᠡᠷᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠡᠷᠦᠩᠬᠡᠢᠯᠡᠨ ᠵᠠᠰᠠᠬᠤ ᠲᠥᠪ᠎ᠢ 《ᠬᠡᠯᠪᠡᠷᠢ᠎ᠲᠠᠢ᠎ᠪᠡᠷ ᠪᠦᠷᠬᠦᠬᠦᠯᠬᠦ》 ᠡᠴᠡ 《ᠪᠦᠲᠦᠮᠵᠢᠲᠡᠢ ᠠᠵᠢᠯᠯᠠᠭᠤᠯᠬᠤ》 ᠲᠡᠢᠰᠢ ᠬᠤᠪᠢᠷᠠᠭᠤᠯᠬᠤ᠎ᠶᠢ ᠠᠬᠢᠭᠤᠯᠵᠤ᠂ 《ᠨᠢᠭᠡ ᠦᠷᠳᠡᠭᠡᠴᠢᠯᠡᠭᠰᠡᠨ ᠮᠠᠶᠢᠭ ᠢ᠋ᠢᠡᠷ ᠬᠦᠯᠢᠶᠡᠨ ᠠᠪᠴᠤ ᠰᠢᠢᠳᠪᠦᠷᠢᠯᠡᠬᠦ᠂ ᠪᠦᠬᠦᠨ᠎ᠢ ᠵᠣᠬᠢᠴᠠᠭᠤᠯᠤᠨ ᠰᠢᠢᠳᠪᠦᠷᠢᠯᠡᠬᠦ᠂ ᠪᠦᠬᠦ ᠬᠡᠯᠬᠢᠶ᠎ᠡ᠎ᠪᠡᠷ ᠰᠢᠢᠳᠪᠦᠷᠢᠯᠡᠬᠦ》 ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ ᠪᠠᠢᠷᠢᠰᠢᠯ᠎ᠢ ᠪᠠᠢᠭᠤᠯᠵᠠᠢ᠃

ᠬᠠᠩᠭᠢᠨ ᠬᠣᠰᠢᠭᠤᠨ᠎ᠤ ᠬᠢᠨ 《ᠲᠠᠪᠤ᠎ᠶᠢ ᠪᠦᠷᠢᠳᠦᠭᠦᠯᠵᠦ ᠲᠠᠪᠤ᠎ᠶᠢ ᠵᠢᠷᠤᠮᠵᠢᠭᠤᠯᠬᠤ》 ᠪᠠᠷᠢᠮᠵᠢᠶ᠎ᠠ᠎ᠶᠢ ᠴᠢᠩᠭ᠎ᠠ ᠵᠢᠷᠤᠮᠯᠠᠨ᠂ ᠬᠣᠰᠢᠭᠤ ᠪᠠᠯᠭᠠᠰᠤ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠪᠣᠳᠠᠲᠤ ᠴᠣᠭᠴᠠ᠎ᠶᠢᠨ ᠵᠢᠭ᠍ᠰᠠᠭᠠᠯ᠎ᠤᠨ ᠭᠠᠵᠠᠷ᠎ᠢ ᠪᠥᠬᠥ ᠲᠠᠯ᠎ᠠ᠎ᠪᠠᠷ ᠲᠠᠰ ᠳᠡᠪᠰᠢᠭᠦᠯᠵᠦ᠂ ᠬᠥᠲᠥᠯᠥᠨ ᠵᠢᠯᠤᠭᠣᠳᠴᠤ ᠭᠥᠯᠢᠶᠡᠨ ᠠᠪᠬᠤ᠂ ᠣᠯᠠᠨ ᠡᠰᠢᠵᠢᠭᠦᠯᠦᠨ ᠰᠢᠢᠳᠪᠦᠷᠢᠯᠡᠬᠦ᠂ ᠵᠢᠯᠣᠭᠣᠳᠤᠨ ᠲᠣᠬᠢᠷᠠᠭᠤᠯᠬᠤ ᠵᠡᠷᠭᠡ ᠴᠢᠳᠠᠮᠵᠢᠲᠤ ᠣᠷᠣᠨ᠎ᠢ ᠰᠢᠨᠵᠢᠯᠡᠬᠦ ᠤᠬᠠᠭᠠᠨᠴᠢ᠎ᠪᠠᠷ ᠬᠤᠪᠢᠶᠠᠷᠢᠯᠠᠪᠠ᠃ ᠶᠡᠷᠦᠩᠬᠡᠢᠯᠡᠨ ᠵᠠᠰᠠᠬᠤ ᠲᠥᠪ᠎ᠦᠨ ᠠᠵᠢᠯ᠎ᠤᠨ ᠳᠦᠷᠢᠮ᠂ ᠠᠩᠬ᠎ᠠ ᠭᠥᠯᠢᠶᠡᠨ ᠠᠪᠴᠤ ᠠᠩᠬ᠎ᠠ ᠰᠢᠢᠳᠪᠦᠷᠢᠯᠡᠬᠦ᠂ ᠬᠠᠮᠵᠢᠯᠴᠠᠨ ᠲᠣᠬᠢᠷᠠᠭᠤᠯᠬᠤ ᠵᠡᠷᠭᠡ ᠳᠦᠷᠢᠮ᠎ᠢ ᠲᠣᠭᠲᠠᠭᠠᠨ ᠲᠡᠭᠦᠯᠳᠡᠷᠵᠢᠭᠦᠯᠵᠦ᠂ 《ᠭᠥᠯᠢᠶᠡᠨ ᠠᠪᠴᠤ ᠰᠢᠢᠳᠪᠦᠷᠢᠯᠡᠬᠦ — ᠬᠤᠪᠢᠶᠠᠷᠢᠯᠠᠬᠤ — ᠭᠦᠢᠴᠡᠳᠬᠡᠬᠦ — ᠱᠠᠯᠠᠪᠲᠠᠭᠤᠯᠤᠨ ᠭᠦᠢᠴᠡᠳᠬᠡᠬᠦ — ᠬᠠᠷᠢᠭᠤ ᠲᠤᠰᠬᠠᠬᠤ》 ᠪᠢᠲᠡᠭᠦᠦ ᠴᠠᠭᠠᠷᠢᠭ᠋᠎ᠤᠨ ᠲᠣᠭᠲᠠᠴᠠ᠎ᠶᠢ ᠪᠠᠢᠭᠤᠯᠪᠠ᠃ ᠳᠣᠲᠣᠭᠠᠳᠤ᠎ᠶᠢ ᠬᠠᠮᠠᠭᠠᠯᠠᠬᠤ ᠲᠤᠪᠴᠢᠶ᠎ᠠ᠂ ᠪᠠᠢᠴᠠᠭᠠᠬᠤ ᠬᠤᠷᠢᠶ᠎ᠠ᠂ ᠰᠢᠭᠦᠭᠦ ᠬᠤᠷᠢᠶ᠎ᠠ᠂ ᠬᠠᠤᠯᠢ ᠴᠠᠭᠠᠵᠠ ᠢ᠋ᠢᠨ ᠲᠤᠪᠴᠢᠶ᠎ᠠ᠂ ᠵᠠᠬᠢᠳᠠᠯ ᠰᠣᠷᠪᠤᠯᠵᠢᠯᠠᠯ᠎ᠤᠨ ᠲᠤᠪᠴᠢᠶ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠢ᠋ᠢᠨ ᠲᠤᠪᠴᠢᠶ᠎ᠠ ᠵᠡᠷᠭᠡ ᠰᠠᠯᠠᠭ᠎ᠠ ᠮᠥᠴᠢᠷ᠎ᠦᠨ 《ᠪᠠᠢᠩᠭᠤ ᠰᠠᠭᠤᠬᠤ + ᠡᠭᠡᠯᠵᠢᠯᠡᠨ ᠰᠠᠭᠤᠬᠤ》 ᠵᠢ ᠠᠬᠢᠭᠤᠯᠵᠤ᠂ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠬᠦ᠂ ᠬᠦᠴᠦᠨ ᠴᠢᠳᠠᠯ᠎ᠢ ᠲᠥᠪᠯᠡᠷᠡᠭᠦᠯᠬᠦ᠎ᠶᠢ ᠪᠡᠶᠡᠯᠡᠭᠦᠯᠪᠡ᠃ ᠵᠥᠷᠢᠴᠡᠯ ᠵᠠᠭᠤᠷᠠᠯᠳᠤᠭᠠᠨ᠎ᠢ 《ᠨᠢᠭᠡ ᠥᠷᠲᠡᠭᠡᠴᠢᠯᠡᠭᠰᠡᠨ ᠮᠠᠶᠢᠭ᠋》 ᠤ᠋ᠨ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ᠎ᠢ ᠬᠡᠷᠡᠭᠵᠢᠭᠦᠯᠵᠦ᠂ ᠲᠤᠤᠷᠵᠢᠯ ᠡᠴᠡ ᠲᠡᠭᠡᠭᠰᠢ ᠮᠡᠳᠡᠭᠦᠯᠬᠦ᠂ ᠰᠠᠯᠠᠭ᠎ᠠ ᠮᠥᠴᠢᠷ᠎ᠡᠴᠡ ᠰᠢᠯᠵᠢᠭᠦᠯᠦᠨ ᠭᠦᠢᠴᠡᠳᠬᠡᠬᠦ᠂ ᠬᠠᠯᠠᠮᠰᠢᠯ ᠤᠲᠠᠰᠤ᠎ᠪᠠᠷ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠵᠦᠢᠯ᠎ᠦᠨ ᠭᠣᠮᠣᠳᠠᠯ ᠲᠣᠭᠠᠴᠢᠬᠤ ᠠᠷᠭ᠎ᠠ ᠵᠠᠮ᠎ᠢ ᠡᠮᠬᠢᠯᠡᠨ ᠨᠡᠢᠯᠡᠭᠦᠯᠵᠦ᠂ 《ᠨᠢᠭᠡ ᠯᠡ ᠴᠤᠩᠬᠤᠪᠴᠢ ᠪᠡᠷ ᠳᠠᠩᠰᠠᠯᠠᠬᠤ᠂ ᠨᠢᠭᠡᠳᠦᠯᠲᠡᠢ ᠳ᠋ᠤᠭᠠᠷᠯᠠᠬᠤ᠂ ᠪᠦᠬᠦ ᠶᠠᠪᠤᠴᠠ᠎ᠳᠤ ᠮᠥᠷᠳᠡᠬᠦ》 ᠵᠢ ᠬᠡᠷᠡᠭᠵᠢᠭᠦᠯᠵᠦ᠂ ᠤᠯᠠᠨ ᠲᠦᠮᠡᠨ᠎ᠦ ᠭᠣᠮᠣᠳᠠᠯ ᠱᠠᠭᠠᠷᠳᠠᠯᠭ᠎ᠠ᠎ᠶᠢ 《ᠨᠢᠭᠡᠳ ᠨᠢᠭᠡ᠎ᠪᠡᠷ ᠳᠠᠩᠰᠠᠯᠠᠬᠤ᠂ ᠶᠠᠪᠤᠳᠠᠯ ᠪᠦᠬᠦᠨ᠎ᠢ ᠨᠠᠢᠳᠠᠪᠤᠷᠢᠵᠢᠭᠤᠯᠬᠤ》 ᠵᠢ ᠦᠨᠡᠨ ᠬᠦ᠌ ᠪᠠᠲᠤᠯᠠᠵᠠᠢ᠃

ᠡᠭᠦᠨ᠎ᠦ ᠬᠠᠮᠲᠤ᠂ ᠬᠠᠩᠭᠢᠨ ᠬᠣᠰᠢᠭᠤᠨ᠎ᠤ ᠬᠢᠨ ᠪᠠᠰᠠ 《ᠲᠤᠰᠬᠠᠢ ᠲᠤᠰᠢᠶᠠᠯᠳᠦ + ᠲᠤᠰᠢᠶᠠᠯ ᠬᠠᠪᠰᠤᠷᠭᠠᠭᠰᠠᠨ》 ᠡᠶᠡᠳᠡᠭᠦᠯᠦᠭᠴᠢ᠎ᠶᠢᠨ ᠡᠩᠨᠡᠭᠡ᠎ᠶᠢ ᠦᠷᠭᠦᠯᠵᠢᠯᠡᠨ ᠪᠦᠷᠢᠨᠰᠢᠭᠦᠯᠵᠦ᠂ ᠰᠢᠭᠦᠬᠦ ᠲᠤᠰᠢᠶᠠᠯᠲᠠᠨ᠂ ᠪᠠᠢᠴᠠᠭᠠᠬᠤ ᠲᠤᠰᠢᠶᠠᠯᠲᠠᠨ᠂ ᠬᠠᠤᠯᠢᠴᠢ᠎ᠶᠢᠨ ᠬᠦᠴᠦᠨ᠎ᠢ ᠰᠢᠩᠭᠡᠬᠡᠨ ᠠᠪᠴᠤ᠂ ᠲᠤᠰᠬᠠᠢ ᠮᠡᠷᠭᠡᠵᠢᠯ᠎ᠦᠨ ᠡᠶᠡᠳᠡᠭᠦᠯᠬᠦ ᠪᠦᠯᠬᠦᠮ᠎ᠢ ᠵᠣᠬᠢᠶᠠᠨ ᠪᠠᠢᠭᠤᠯᠵᠤ᠂ ᠡᠶᠡᠳᠡᠭᠦᠯᠬᠦ ᠤᠷ᠎ᠠ ᠴᠢᠳᠠᠪᠤᠷᠢ᠂ ᠬᠠᠤᠯᠢ ᠴᠠᠭᠠᠵᠠ ᠲᠦᠷᠢᠮ ᠲᠣᠭᠲᠠᠭᠠᠯ ᠵᠡᠷᠭᠡ᠎ᠶᠢᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ 《ᠮᠠ ᠭᠤᠸᠠᠢ ᠢ᠋ᠢᠨ ᠡᠶᠡᠳᠡᠭᠦᠯᠬᠦ ᠲᠠᠰᠤᠭ》᠂ 《ᠲᠥᠪ ᠭᠣᠥᠯᠴᠢ ᠡᠶᠡᠳᠡᠭᠦᠯᠬᠦ ᠲᠠᠰᠤᠭ》 ᠵᠡᠷᠭᠡ ᠥᠪᠡᠷᠮᠢᠴᠡ ᠣᠨᠴᠠᠯᠢᠭ᠋᠎ᠲᠠᠢ ᠡᠶᠡᠳᠡᠭᠦᠯᠬᠦ ᠲᠦᠷᠦᠯ ᠲᠡᠮᠲᠡᠭ ᠢ᠋ ᠪᠣᠢᠵᠢᠭᠤᠯᠪᠠ᠃ 《ᠲᠥᠬᠥᠮ ᠵᠠᠭᠤᠷᠠᠯᠳᠤᠭᠠᠨ᠎ᠢ ᠲᠤᠤᠷᠵᠢᠯ᠎ᠤᠨ ᠠᠵᠢᠯ ᠵᠢᠡᠷ ᠵᠤᠬᠢᠴᠠᠭᠤᠯᠬᠤ᠂ ᠡᠩ᠎ᠦᠨ ᠠᠰᠠᠭᠤᠳᠠᠯ᠎ᠢ ᠬᠣᠯᠪᠤᠭᠠᠯᠠᠨ ᠵᠤᠬᠢᠴᠠᠭᠤᠯᠬᠤ᠂ ᠬᠦᠴᠢᠷ ᠲᠦᠪᠡᠭᠲᠡᠢ ᠬᠡᠷᠡᠭ᠎ᠢ ᠲᠤᠰᠬᠠᠢ ᠮᠡᠷᠬᠡᠵᠢᠯ᠎ᠤᠨ ᠠᠵᠢᠯ ᠵᠢᠡᠷ ᠵᠤᠬᠢᠴᠠᠭᠤᠯᠬᠤ》 ᠭᠤᠷᠪᠠᠨ ᠱᠠᠲᠤᠨ᠎ᠤ ᠡᠶᠡᠳᠡᠭᠦᠯᠦᠨ ᠰᠢᠢᠳᠪᠦᠷᠢᠯᠡᠬᠦ ᠵᠠᠭᠪᠤᠷ᠎ᠢ ᠪᠠᠢᠭᠤᠯᠵᠤ᠂ ᠵᠠᠭᠤᠷᠠᠯᠳᠤᠭᠠᠨ᠎ᠤ ᠲᠥᠷᠥᠯ ᠬᠡᠯᠪᠡᠷᠢ᠂ ᠪᠤᠳᠤᠯᠢᠶᠠᠨ᠎ᠤ ᠬᠡᠮᠵᠢᠶ᠎ᠡ᠂ ᠬᠣᠯᠪᠣᠭᠳᠠᠬᠤ ᠬᠦᠷᠢᠶ᠎ᠡ ᠴᠠᠷᠠᠭ᠎ᠠ᠎ᠶᠢ ᠦᠨᠳᠦᠰᠦᠯᠡᠨ᠂ ᠳᠤᠤᠷᠵᠢᠯ᠎ᠤᠨ ᠠᠵᠢᠯᠳᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠲᠤᠰᠬᠠᠢ ᠡᠶᠡᠳᠡᠭᠦᠯᠬᠡ ᠵᠢᠨ ᠵᠣᠬᠢᠶᠠᠨ ᠪᠠᠢᠭᠤᠯᠤᠯᠲᠠ᠎ᠳᠤ ᠨᠠᠷᠢᠯᠢᠭ᠋ ᠣᠨᠣᠴᠠᠲᠠᠢ᠎ᠪᠠᠷ ᠬᠤᠪᠢᠶᠠᠷᠢᠯᠠᠵᠦ᠂ ᠰᠢᠢᠳᠪᠦᠷᠢᠯᠡᠬᠦ ᠴᠠᠭ᠎ᠤᠨ ᠬᠢᠵᠠᠭᠠᠷ ᠪᠠ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠲᠣᠳᠣᠷᠬᠠᠢᠯᠠᠵᠤ᠂ 《ᠱᠠᠲᠤ ᠬᠤᠪᠢᠶᠠᠨ ᠬᠠᠷᠢᠭᠤᠴᠠᠬᠤ᠂ ᠲᠥᠷᠥᠯ ᠬᠤᠪᠢᠶᠠᠨ ᠰᠢᠢᠳᠪᠦᠷᠢᠯᠡᠬᠦ》 ᠵᠢ ᠬᠡᠷᠡᠭᠵᠢᠭᠦᠯᠪᠡ᠃ 《ᠵᠠᠬᠢᠳᠠᠯ ᠰᠤᠷᠪᠤᠯᠵᠢᠯᠠᠯ + ᠡᠶᠡᠳᠡᠭᠦᠯᠬᠡ᠂ ᠵᠠᠭᠠᠯᠳᠤᠯᠭ᠎ᠠ + ᠡᠶᠡᠳᠡᠭᠦᠯᠬᠡ᠂ ᠴᠠᠭᠳᠠᠭᠠᠨ᠎ᠤ ᠶᠠᠪᠤᠳᠠᠯ+ ᠡᠶᠡᠳᠡᠬᠦᠯᠬᠡ᠂ ᠬᠠᠤᠯᠢ ᠵᠢᠨ ᠳᠡᠮᠵᠢᠯᠬᠡ + ᠡᠶᠡᠳᠡᠬᠦᠯᠬᠡ》 ᠵᠡᠷᠬᠡ ᠲᠦᠷᠪᠡᠨ ᠡᠶᠡᠳᠡᠭᠦᠯᠭᠡ᠎ᠶᠢ ᠵᠣᠯᠭᠠᠭᠤᠯᠬᠤ᠎ᠶᠢ ᠭᠦᠨᠵᠡᠭᠡᠢᠷᠡᠭᠦᠯᠵᠦ᠂ ᠠᠵᠢᠯ ᠲᠦᠷᠦᠯ᠎ᠦᠨ ᠡᠶᠡᠳᠡᠭᠦᠯᠬᠦ ᠵᠣᠬᠢᠶᠠᠨ ᠪᠠᠢᠭᠤᠯᠤᠯᠲᠠ᠂ ᠲᠤᠰᠬᠠᠢ ᠮᠡᠷᠭᠡᠵᠢᠯᠲᠡᠨ᠎ᠦ ᠡᠬᠢ ᠪᠠᠶᠠᠯᠢᠭ᠋᠂ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯᠲᠠᠨ ᠵᠡᠷᠭᠡ ᠬᠦᠴᠦᠨ᠎ᠢ ᠨᠡᠢᠳᠬᠡᠵᠦ᠂ ᠠᠳᠠᠯᠢ ᠪᠤᠰᠤ ᠲᠦᠷᠦᠯ ᠬᠡᠯᠪᠡᠷᠢ᠎ᠶᠢᠨ ᠵᠥᠷᠢᠴᠡᠯ ᠵᠠᠭᠤᠷᠠᠯᠳᠤᠭᠠᠨ᠎ᠳᠤ ᠴᠢᠭᠯᠡᠭᠦᠯᠦᠨ᠂ 《ᠡᠶᠡᠳᠡᠭᠦᠯᠬᠡ + ᠬᠠᠤᠯᠢ ᠲᠦᠭᠡᠮᠡᠯᠵᠢᠭᠦᠯᠬᠦ 》᠂ 《ᠡᠶᠡᠳᠡᠭᠦᠯᠬᠡ + ᠬᠠᠪᠰᠤᠷᠤᠨ ᠲᠡᠳᠬᠦᠬᠦ》 ᠵᠡᠷᠭᠡ ᠵᠠᠭᠪᠤᠷ᠎ᠢ ᠠᠪᠴᠤ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠪᠡ᠃

《ᠤᠶᠤᠨᠴᠢ》 ᠪᠡᠷ 《ᠵᠠᠰᠠᠯᠳᠠ》 ᠵᠢ ᠲᠤᠰᠠᠯᠠᠬᠤ ᠮᠡᠳᠡᠭᠡ ᠵᠠᠩᠭᠢᠴᠢᠯᠠᠯᠲᠠ ᠪᠣᠯ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠨᠠᠮᠳᠠᠭᠤᠯᠬᠤ ᠬᠠᠤᠯᠢᠵᠢᠯᠳᠠ᠂ ᠣᠳᠣᠬᠢᠴᠢᠯᠠᠯᠳᠠ᠎ᠶᠢ ᠪᠡᠶᠡᠯᠡᠭᠦᠯᠬᠦ ᠴᠢᠬᠤᠯᠠ ᠪᠠᠲᠤᠯᠠᠭ᠎ᠠ ᠮᠥᠨ᠃ ᠬᠠᠩᠭᠢᠨ ᠬᠣᠰᠢᠭᠤ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠣᠣᠷᠵᠢᠭᠤᠯᠤᠭᠰᠠᠨ ᠮᠡᠳᠡᠭᠡ ᠵᠠᠩᠭᠢ᠎ᠶᠢᠨ ᠲᠠᠪᠴᠠᠩ᠎ᠢᠶᠠᠷ ᠭᠣᠣᠯ ᠠᠴᠢᠶᠠᠯᠠᠪᠤᠷᠢ ᠪᠣᠯᠭᠠᠵᠤ᠂ ᠬᠣᠰᠢᠭᠤ᠂ ᠪᠠᠯᠭᠠᠰᠤ᠂ ᠭᠠᠴᠠᠭ᠎ᠠ ᠲᠣᠰᠬᠣᠨ (ᠨᠡᠢᠭᠡᠮ ᠲᠣᠭᠣᠷᠢᠭ᠋)᠂ ᠲᠣᠣᠷᠵᠢᠯ᠎ᠤᠨ ᠳᠥᠷᠪᠡᠨ ᠱᠠᠲᠤᠨ᠎ᠤ ᠣᠶᠤᠨᠴᠢ ᠵᠢᠯᠤᠭᠣᠳᠬᠤ ᠲᠠᠪᠴᠠᠩ᠎ᠢ ᠪᠠᠢᠭᠤᠯᠵᠤ᠂ ᠲᠣᠣᠷᠵᠢᠯ᠎ᠤᠨ ᠬᠥᠳᠡᠯᠦᠩᠭᠦᠢ ᠪᠠᠢᠳᠠᠯ᠂ ᠬᠡᠷᠡᠭ ᠶᠠᠪᠤᠳᠠᠯ᠎ᠤᠨ ᠲᠠᠷᠬᠠᠯᠲᠠ᠂ ᠠᠵᠢᠯᠲᠠᠨ᠎ᠤ ᠬᠦᠴᠦᠨ᠂ ᠵᠥᠷᠢᠴᠡᠯ ᠵᠠᠭᠤᠷᠠᠯᠳᠤᠭᠠᠨ ᠵᠡᠷᠭᠡ ᠵᠢᠨ ᠮᠡᠳᠡᠭᠡ ᠵᠠᠩᠭᠢ᠎ᠶᠢ 《ᠨᠢᠭᠡ ᠰᠦᠯᠵᠢᠶ᠎ᠡ᠎ᠪᠡᠷ ᠨᠢᠭᠡᠳᠦᠯᠲᠡᠢ ᠦᠵᠡᠬᠦ》 ᠵᠢ ᠪᠡᠶᠡᠯᠡᠭᠦᠯᠬᠦ᠎ᠶᠢᠨ ᠬᠠᠮᠲᠤ᠂ ᠲᠠᠪᠴᠠᠩ᠎ᠢᠶᠠᠷ ᠳᠡᠮᠵᠢᠨ ᠨᠢᠭᠡᠳᠦᠯᠳᠡᠢ ᠵᠢᠯᠤᠭᠣᠳᠬᠤ᠂ ᠴᠡᠭ᠎ᠡᠴᠡ ᠴᠡᠭ᠎ᠲᠦ ᠲᠣᠬᠢᠷᠠᠭᠤᠯᠤᠯᠲᠠ ᠬᠢᠬᠦ᠎ᠶᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ᠂ ᠲᠠᠰ ᠳᠠᠪᠬᠤᠷᠭ᠎ᠠ ᠠᠯᠤᠰᠯᠠᠨ ᠬᠣᠯᠪᠤᠭᠠᠯᠠᠨ ᠬᠥᠳᠡᠯᠦᠯᠴᠡᠵᠦ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ᠃

ᠦᠨᠳᠦᠰᠦᠨ ᠱᠠᠲᠤᠨ᠎ᠤ ᠵᠠᠰᠠᠯᠲᠠ ᠲᠦᠪᠡᠭ ᠪᠤᠳᠤᠯᠢᠶᠠᠨᠳᠠᠢ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠴᠤ᠌ ᠠᠳᠠᠯᠢ ᠦᠬᠡᠢ ᠪᠠᠢᠳᠠᠭ᠃ ᠬᠠᠩᠭᠢᠨ ᠬᠣᠰᠢᠭᠤᠨ᠎ᠤ ᠬᠢᠨ ᠵᠠᠰᠠᠯᠲᠠ᠎ᠶᠢ ᠨᠠᠷᠢᠯᠢᠭ᠍ᠵᠢᠭᠤᠯᠬᠤ ᠬᠡᠷᠡᠭᠴᠡᠭᠡ ᠱᠠᠭᠠᠷᠳᠠᠯᠭ᠎ᠠ᠎ᠳᠤ ᠢᠳᠡᠪᠬᠢᠲᠡᠢ ᠵᠣᠬᠢᠴᠠᠵᠤ᠂ 《ᠲᠣᠣᠷᠵᠢᠯ᠎ᠤᠨ ᠨᠠᠮ᠎ᠤᠨ ᠳᠤᠭᠤᠢᠯᠠᠩ + ᠲᠣᠣᠷᠵᠢᠯ᠎ᠤᠨ ᠠᠵᠢᠯᠲᠠᠨ + ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ》 ᠵᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶᠢᠨ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠯᠲᠠ᠎ᠶᠢᠨ ᠰᠢᠨ᠎ᠡ ᠬᠥᠳᠡᠯᠭᠡᠬᠦ ᠬᠦᠴᠦᠨ᠎ᠢ ᠤᠯᠠᠮ ᠴᠢᠨᠠᠭᠰᠢᠳᠠ ᠬᠥᠭᠵᠢᠭᠡᠪᠡ᠃ ᠪᠥᠬᠥ ᠬᠣᠰᠢᠭᠤᠨ᠎ᠳᠤ ᠨᠡᠶ᠋ᠢᠲᠡ 372 ᠳᠤᠤᠷᠵᠢᠯ᠎ᠤᠨ ᠨᠠᠮ᠎ᠤᠨ ᠳᠤᠭᠤᠢᠯᠠᠩ᠎ᠢ ᠪᠠᠢᠭᠤᠯᠵᠤ᠂ 891 ᠲᠤᠰᠬᠠᠢ ᠲᠤᠰᠢᠶᠠᠯᠲᠤ ᠳᠤᠤᠷᠵᠢᠯ᠎ᠤᠨ ᠠᠵᠢᠯᠲᠠᠨ᠂ 4135 ᠲᠤᠰᠢᠶᠠᠯ ᠬᠠᠪᠰᠤᠷᠭᠠᠭᠰᠠᠨ ᠳᠤᠤᠷᠵᠢᠯ᠎ᠤᠨ ᠠᠵᠢᠯᠲᠠᠨ ᠵᠢᠴᠢ 1619 ᠠᠰᠠᠷ᠎ᠤᠨ ᠳᠠᠷᠤᠭ᠎ᠠ ᠲᠣᠬᠢᠷᠠᠭᠤᠯᠵᠤ᠂ ᠵᠠᠰᠠᠯᠲᠠ᠎ᠶᠢ ᠮᠠᠯᠵᠢᠬᠤ ᠣᠷᠣᠨ᠂ ᠨᠡᠢᠭᠡᠮ ᠲᠣᠭᠣᠷᠢᠭ᠋᠎ᠤᠨ ᠥᠨᠴᠥᠭ ᠪᠤᠯᠤᠩ ᠪᠣᠯᠭᠠᠨ᠎ᠳᠤ ᠬᠦᠷᠲᠡᠯ᠎ᠡ ᠦᠷᠭᠦᠯᠵᠢᠯᠡᠭᠦᠯᠵᠦ᠂ 《ᠬᠥᠮᠥᠨ᠎ᠢ ᠳᠤᠤᠷᠵᠢᠯ᠎ᠤᠨ ᠬᠠᠮᠢᠶᠠᠷᠤᠯᠳᠠ ᠳ᠋ᠤ ᠤᠷᠤᠭᠤᠯᠵᠤ᠂ ᠬᠡᠷᠡᠭ ᠶᠠᠪᠤᠳᠠᠯ᠎ᠢ ᠳᠤᠤᠷᠵᠢᠯ ᠵᠢᠡᠷ ᠰᠢᠢᠳᠪᠦᠷᠢᠯᠡᠵᠦ᠂ ᠬᠦᠴᠢᠷ ᠠᠰᠠᠭᠤᠳᠠᠯ᠎ᠢ ᠴᠤ᠌ ᠳᠤᠤᠷᠵᠢᠯ᠎ᠳᠦ ᠰᠢᠢᠳᠪᠦᠷᠢᠯᠡᠵᠦ》 ᠪᠠᠢᠭ᠎ᠠ ᠶᠤᠮ᠃

ᠡᠨᠡ ᠵᠢᠯ᠎ᠡᠴᠡ ᠨᠠᠭᠠᠰᠢ᠂ ᠬᠠᠩᠭᠢᠨ ᠬᠣᠰᠢᠭᠤᠨ᠎ᠤ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠶ᠋ᠢᠲᠡ 116 ᠭᠥᠯᠢᠶᠡᠨ ᠠᠪᠴᠤ ᠰᠢᠢᠳᠪᠦᠷᠢᠯᠡᠵᠦ᠂ 111 ᠬᠡᠷᠡᠭ᠎ᠢ ᠠᠮᠵᠢᠯᠲᠠ᠎ᠲᠠᠢ ᠡᠶᠡᠳᠡᠭᠦᠯᠵᠦ᠂ ᠰᠢᠢᠳᠪᠦᠷᠢᠯᠡᠭᠰᠡᠨ ᠨᠣᠷᠮ᠎ᠠ ᠨᠢ 95%᠎ᠡᠴᠡ ᠳᠡᠭᠡᠭᠰᠢ᠎ᠳᠦ ᠬᠦᠷᠴᠡᠢ᠃

《ᠨᠢᠭᠡ ᠡᠭᠦᠳᠡ》 ᠪᠡᠷ ᠤᠷᠤᠵᠦ ᠤᠯᠠᠨ ᠶᠠᠪᠤᠳᠠᠯ᠎ᠢ ᠰᠢᠢᠳᠪᠦᠷᠢᠯᠡᠨ᠎ᠡ᠃ ᠬᠠᠩᠭᠢᠨ ᠬᠣᠰᠢᠭᠤᠨ᠎ᠤ ᠬᠢᠨ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠤᠨ ᠪᠠᠶ᠋ᠢᠭᠤᠯᠬᠤ᠂ ᠪᠣᠳᠠᠲᠤ ᠪᠠᠢ᠍ᠢᠯᠳᠤᠭᠠᠨᠴᠢᠯᠠᠭᠰᠠᠨ ᠬᠡᠯᠪᠡᠷᠢ ᠪᠡᠷ ᠠᠵᠢᠯᠯᠠᠭᠤᠯᠵᠤ᠂ ᠨᠡᠢᠭᠡᠮ᠎ᠦᠨ ᠵᠠᠰᠠᠯᠲᠠ᠎ᠶᠢᠨ ᠨᠠᠷᠢᠯᠢᠭ᠋᠎ᠤᠨ ᠬᠡᠮᠵᠢᠶ᠎ᠡ ᠪᠣᠯᠣᠨ ᠳᠤᠯᠠᠭᠠᠴᠠ ᠵᠢᠨ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠦ ᠬᠠᠩᠬᠢᠨ᠂ ᠬᠠᠤᠯᠢ ᠪᠡᠷ ᠵᠠᠰᠠᠬᠤ ᠬᠠᠩᠬᠢᠨ᠎ᠤ ᠪᠠᠢᠭᠤᠯᠤᠯᠳᠠ ᠳ᠋ᠤ ᠠᠮᠢᠳᠤᠯᠢᠭ᠋ ᠲᠠᠢᠯᠪᠤᠷᠢ ᠬᠢᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面